ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠨᠡᠢ᠌ᠲᠡᠯᠡᠭᠰᠡᠨ᠎ᠨᠢ ᠮᠠᠯᠵᠢᠬᠤ ᠲᠠᠷᠢᠶᠠᠯᠠᠬᠤ ᠣᠷᠣᠨ ᠴᠢᠨᠡᠭᠡᠯᠢᠭ ᠨᠡᠶ᠋ᠢᠭᠡᠮ᠎ᠢ ᠵᠡᠷᠭᠡᠪᠡᠷ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠪᠣᠯᠣᠨ᠎ᠠ
ᠨᠡᠶ᠋ᠢᠲᠡᠯᠡᠭᠰᠡᠨ ᠴᠠᠭ᠄ 2020-05-07



      ᠰᠤᠷᠪᠤᠯᠵᠢᠯᠠᠭᠰᠠᠨ ᠵᠣᠴᠢᠨ᠄ ᠬᠤᠤ ᠶᠢᠩ
      ᠰᠤᠷᠪᠤᠯᠵᠢᠯᠠᠭᠰᠠᠨ ᠴᠠᠭ᠄ 2020 — 04 — 17
      ᠠᠭᠤᠯᠭ᠎ᠠ ᠵᠢᠨ ᠲᠣᠪᠴᠢ ᠲᠠᠨᠢᠯᠴᠠᠭᠤᠯᠭ᠎ᠠ᠄ ᠡᠨᠡ ᠵᠢᠯ ᠪᠣᠯ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠦᠨ ᠴᠤ᠌ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠰᠢᠢ᠍ᠳᠪᠦᠷᠢᠲᠦ ᠢᠯᠠᠯᠲᠠ ᠵᠢ ᠤᠯᠬᠤ ᠵᠢᠯ ᠪᠣᠯᠤᠨ᠎ᠠ᠃ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ᠎ᠨᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠲᠣᠪᠣᠶ᠋ᠢᠮ᠎ᠠ ᠳᠤᠲᠠᠭᠤᠳᠠᠯ᠎ᠢ ᠨᠥᠬᠥᠪᠥᠷᠢᠯᠡᠬᠦ᠂ ᠮᠠᠯ ᠠᠵᠤ ᠠᠬᠤᠶ ᠪᠠ ᠲᠠᠷᠢᠶᠠᠯᠠᠩ᠎ᠤᠨ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠬᠤ᠂ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠪᠠ ᠨᠡᠶ᠋ᠢᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠪᠠᠲᠤᠯᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ 2 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《〈ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ〉᠎ᠤ ᠬᠦᠷᠢᠶᠡᠨ᠎ᠳᠠᠬᠢ ᠭᠤᠤᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠵᠤ ᠬᠤᠭᠤᠴᠠᠭ᠎ᠠ ᠶᠤᠰᠤᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠲᠤᠬᠠᠶ ᠬᠡᠷᠡᠭᠵᠢᠭᠦᠯᠬᠦ ᠰᠠᠨᠠᠯ》᠂ ᠳᠠᠷᠤᠢ 2020 ᠣᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠢ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠪᠠ᠃
      ᠥᠰᠥᠭ ᠪᠢᠴᠢᠭ᠎ᠤᠨ ᠪᠣᠳᠠᠲᠤ ᠲᠡᠮᠳᠡᠭᠯᠡᠯ
      ᠬᠥᠲᠥᠯᠥᠭᠴᠢ᠄ ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠣᠰ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ᠂ ᠪᠢᠳᠡ ᠠᠵᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠠᠷᠢᠶᠠᠯᠠᠩ ᠮᠠᠯᠵᠢᠬᠤ ᠤᠷᠤᠨ᠎ᠤ ᠠᠵᠢᠯ᠎ᠤᠨ ᠠᠯᠪᠠᠨ ᠬᠡᠷ᠎ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠶᠢᠩ᠎ᠢ ᠤᠷᠢᠵᠤ᠂ ᠰᠦᠯᠵᠢᠶᠡᠨ᠎ᠤ ᠰᠤᠷᠪᠤᠯᠵᠢᠯᠠᠭ᠎ᠠ ᠵᠢᠨ ᠬᠡᠯᠪᠡᠷᠢ᠎ᠪᠠᠷ ᠳᠠᠮᠵᠢᠭᠤᠯᠤᠨ᠂ ᠡᠨᠡ ᠵᠢᠯ᠎ᠤᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠲᠣᠭᠣᠷᠢᠨ᠎ᠳᠤ ᠣᠯᠠᠨ᠎ᠲᠠᠢ ᠬᠠᠮᠲᠤ᠎ᠪᠠᠷ ᠰᠠᠨᠠᠯ ᠵᠶ᠋ᠠᠨ ᠰᠤᠯᠢᠯᠴᠠᠬᠤ᠎ᠪᠠᠷ ᠪᠠᠢ᠌ᠨ᠎ᠠ᠃ ᠬᠤᠤ ᠲᠢᠩᠬᠢᠮ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠬᠤᠤ ᠲᠢᠩᠬᠢᠮ᠎ᠤᠨ ᠳᠠᠷᠤᠭ᠎ᠠ ᠡ᠂ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ 《〈ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ〉᠎ᠤ ᠬᠦᠷᠢᠶᠡᠨ᠎ᠳᠠᠬᠢ ᠭᠣᠤᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠵᠤ ᠬᠤᠭᠤᠴᠠᠭ᠎ᠠ ᠶᠣᠰᠣᠭ᠋ᠠᠷ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠡᠶ᠋ᠢᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠴᠤ᠌ 2020 ᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠲᠡᠷᠡ ᠳᠠᠷᠤᠶ᠎ᠳᠤ᠎ᠨᠢ ᠨᠡᠶ᠋ᠢᠲᠡᠯᠡᠭᠰᠡᠨ ᠪᠠᠶ᠋ᠢᠨ᠎ᠠ᠂ ᠲᠠᠨ᠎ᠤ ᠦᠵᠡᠬᠦ᠎ᠪᠠᠷ᠂ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠨᠢ ᠥᠩᠭᠡᠷᠡᠭᠰᠡᠨ ᠵᠢᠯ᠎ᠤᠳ᠎ᠤᠨ᠎ᠬᠢ᠎ᠲᠠᠢ ᠶᠠᠮᠠᠷ ᠶᠠᠮᠠᠷ ᠠᠳᠠᠯᠢ ᠪᠤᠰᠤ ᠭᠠᠵᠠᠷ ᠪᠠᠶ᠋ᠢᠬᠤ ᠪᠣᠶ? ᠲᠡᠭᠦᠨ᠎ᠤ ᠴᠢᠬᠤᠯᠠ ᠴᠢᠨᠠᠷ᠎ᠨᠢ ᠪᠠᠰᠠ ᠠᠯᠢ ᠠᠯᠢ ᠲᠠᠯ᠎ᠠ᠎ᠪᠠᠷ ᠢᠯᠡᠷᠡᠵᠦ ᠪᠠᠶ᠋ᠢᠬᠤ ᠪᠣᠶ?
      ᠬᠤᠤ ᠶᠢᠩ᠄ ᠬᠥᠲᠥᠯᠥᠭᠴᠢ ᠰᠠᠶ᠋ᠢᠨ ᠤᠤ! ᠰᠢ ᠵᠢᠨ ᠫᠢᠩ ᠨᠥᠬᠥᠷ ᠵᠶ᠋ᠠᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ ᠡᠨᠡ ᠵᠢᠯ᠎ᠤᠨ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠂ ᠨᠢᠳᠤᠨᠤᠨ᠎ᠤ 12 ᠰᠠᠷ᠎ᠠ ᠵᠢᠨ 5᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯᠳᠤᠭ᠋ᠠᠨ ᠳᠡᠭᠡᠷ᠎ᠡ᠂ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ ᠲᠤᠬᠠᠶ ᠴᠢᠬᠤᠯᠠ ᠶᠠᠷᠢᠶ᠎ᠠ ᠲᠠᠯᠪᠢᠨ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠮᠠᠨ᠎ᠤ ᠡᠨᠡ ᠵᠢᠯ᠎ᠤᠨ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ ᠴᠢᠭᠯᠡᠯ᠎ᠢ ᠲᠣᠳᠣᠷᠬᠠᠶ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠪᠠ᠃ 1 ᠰᠠᠷ᠎ᠠ ᠵᠢᠨ 2᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《〈ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ〉᠎ᠤ ᠬᠦᠷᠢᠶᠡᠨ᠎ᠳᠠᠬᠢ ᠭᠣᠤᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ   ᠪᠠᠢ᠌ᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠡᠨᠡ ᠪᠣᠯ ᠪᠠᠰᠠ ᠴᠤ᠌ ᠰᠢᠨ᠎ᠡ ᠵᠠᠭᠤᠨ᠎ᠠᠴᠠ ᠨᠠᠭ᠋ᠠᠰᠢᠬᠢ  《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠢ ᠵᠢᠯᠣᠭᠣᠳᠬᠤ᠂ ᠲᠥᠪ᠎ᠤᠨ 17 ᠳ᠋ᠤᠭ᠋ᠠᠷ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠣᠯᠤᠨ᠎ᠠ᠃ ᠵᠢᠯ ᠪᠦᠷᠢ ᠵᠢᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠨᠢ ᠴᠥᠮ ᠨᠡᠶ᠋ᠢᠭᠡᠮ ᠨᠡᠶ᠋ᠢᠲᠡ ᠵᠢᠨ ᠠᠩᠬᠠᠷᠤᠯ᠎ᠢ ᠥᠷᠭᠡᠨ ᠲᠠᠲᠠᠵᠤ᠂ ᠲᠦᠭ ᠲᠦᠮᠡᠨ ᠮᠠᠯᠴᠢᠨ ᠲᠠᠷᠢᠶᠠᠴᠢᠳ᠎ᠲᠤ ᠠᠰᠢᠭ ᠬᠦᠷᠲᠡᠭᠡᠳᠡᠭ ᠶᠣᠮ᠃
      ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠳᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ 《〈ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ〉᠎ᠤ ᠬᠦᠷᠢᠶᠡᠨ᠎ᠳᠠᠬᠢ ᠭᠤᠤᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠵᠤ ᠬᠤᠭᠤᠴᠠᠭ᠎ᠠ ᠶᠤᠰᠤᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠲᠤᠬᠠᠶ ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠪᠡ᠂ ᠥᠭᠡᠷ᠎ᠡ᠎ᠪᠠᠷ ᠬᠡᠯᠡᠪᠡᠯ ᠮᠠᠨ᠎ᠤ ᠬᠡᠯᠡᠳᠡᠭ 2020 ᠣᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠤᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠣᠯᠤᠨ᠎ᠠ᠃ ᠡᠨᠡ ᠵᠢᠯ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠬᠠᠷᠠᠯᠲᠠ ᠵᠢ ᠪᠡᠶᠡᠯᠡᠭᠦᠯᠬᠦ ᠵᠢᠯ ᠮᠥᠨ᠂ ᠪᠠᠰᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠪᠦᠬᠦ ᠲᠠᠯ᠎ᠠ᠎ᠪᠠᠷ ᠤᠯᠬᠤ ᠰᠡᠭᠦᠯ ᠬᠤᠷᠢᠶᠠᠬᠤ ᠵᠢᠯ ᠮᠥᠨ᠃ ᠣᠳᠣᠬᠠᠨ᠎ᠳᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠶᠤᠯ ᠲᠦᠭᠰᠢᠭᠦᠷᠢ ᠪᠠ ᠥᠷᠢᠰᠥᠯᠳᠦᠭᠡᠨ ᠢᠯᠡᠳᠲᠡ ᠨᠡᠮᠡᠭᠳᠡᠵᠦ᠂ ᠠᠵᠤ ᠠᠬᠤᠶ ᠪᠠᠭᠤᠷᠠᠨ ᠳᠠᠷᠤᠯᠲᠠ ᠨᠡᠮᠡᠭᠳᠡᠵᠦ᠂ ᠢᠯᠠᠩᠭᠤᠶ᠎ᠠ ᠰᠢᠨ᠎ᠡ   ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠨᠢ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠡᠷᠭᠡ ᠲᠠᠯ᠎ᠠ᠎ᠳᠤ ᠨᠡᠯᠢᠶᠡᠳ ᠶᠡᠬᠡ ᠨᠥᠯᠥᠭᠡ ᠦᠵᠡᠭᠦᠯᠵᠦ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ᠎ᠨᠢ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ᠎ᠳᠤ ᠨᠠᠩ ᠴᠢᠬᠤᠯᠠ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠳᠠᠬᠢᠨᠲᠠ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠳᠤ ᠠᠩᠬᠠᠷᠤᠯ ᠵᠶ᠋ᠠᠨ ᠲᠦᠪᠯᠡᠷᠡᠭᠦᠯᠦᠭᠰᠡᠨ᠎ᠨᠢ᠂ ᠲᠥᠪ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠳᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠵᠶ᠋ᠠᠷ ᠪᠠᠷᠠᠬᠤ ᠥᠬᠡᠶ ᠪᠠᠰᠠ ᠥᠪᠥᠷ ᠮᠣᠩᠭᠣᠯ᠎ᠤᠨ ᠣᠷᠣᠨ᠎ᠤ ᠪᠠᠶ᠋ᠢᠳᠠᠯ ᠲᠠᠷᠢᠶᠠᠯᠠᠩ᠎ᠤᠨ ᠪᠠᠢ᠌ᠳᠠᠯ᠎ᠳᠤ ᠨᠡᠢ᠌ᠴᠡᠭᠰᠡᠨ ᠰᠢᠨᠵᠢᠯᠡᠬᠦ ᠤᠬᠠᠭ᠋ᠠᠨᠴᠢ ᠰᠤᠳᠤᠯᠤᠨ ᠮᠠᠭ᠋ᠠᠳᠯᠠᠯᠲᠠ ᠪᠣᠯᠣᠨ᠎ᠠ᠃ ᠡᠨᠡ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠰᠢᠢ᠍ᠳᠪᠦᠷᠢᠲᠦ ᠢᠯᠠᠯᠲᠠ ᠵᠢ ᠤᠯᠬᠤ ᠲᠠᠭ᠋ᠠᠷᠢᠯᠳᠠ ᠵᠢᠨ ᠪᠦᠷᠢᠶ᠎ᠡ ᠵᠢ ᠬᠠᠩᠭᠢᠨᠠᠭᠤᠯᠤᠭᠰᠠᠨ ᠪᠥᠭᠡᠳ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠳᠤᠪᠤᠢ᠌ᠮ᠎ᠠ ᠳᠤᠲᠠᠭᠤᠳᠠᠯ᠎ᠢ ᠨᠥᠬᠥᠪᠥᠷᠢᠯᠡᠬᠦ ᠲᠠᠢ᠍ᠢ᠍ᠴᠢᠯᠠᠯᠳᠠ ᠵᠢᠨ ᠵᠠᠷᠯᠢᠭ ᠪᠠᠭᠤᠯᠭ᠋ᠠᠪᠠ ᠭᠡᠵᠦ ᠬᠡᠯᠡᠵᠦ ᠪᠣᠯᠣᠨ᠎ᠠ᠃
      ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠭᠤᠷᠪᠠᠨ ᠣᠨᠴᠠᠯᠢᠭ᠎ᠲᠠᠢ᠄ ᠨᠢᠭᠡ᠎ᠳᠤ ᠬᠣᠶᠠᠷ ᠶᠡᠬᠡ ᠡᠭᠦᠷᠭᠡ ᠵᠢ ᠲᠤᠳᠤᠷᠬᠠᠢ᠌ᠯᠠᠪᠠ᠃ ᠪᠢᠴᠢᠭ ᠮᠠᠲ᠋ᠧᠷᠢᠶᠠᠯ᠎ᠳᠤ ᠲᠥᠪ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠢᠯᠡᠷᠡᠭᠦᠯᠵᠦ᠂ ᠴᠢᠨᠡᠭᠡᠯᠢᠭ ᠨᠡᠢ᠌ᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠬᠠᠷᠠᠯᠲᠠ ᠵᠢ ᠪᠠᠷᠢᠮᠵᠢᠶᠠᠯᠠᠨ ᠬᠠᠷᠭᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠠ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠲᠣᠪᠣᠶ᠋ᠢᠮ᠎ᠠ ᠳᠤᠲᠠᠭᠤᠳᠠᠯ᠎ᠢ ᠨᠥᠬᠥᠪᠥᠷᠢᠯᠡᠬᠦ ᠬᠣᠶᠠᠷ ᠶᠡᠬᠡ ᠡᠭᠦᠷᠭᠡ᠎ᠳᠤ ᠭᠣᠣᠯᠳᠠᠯᠭ᠎ᠠ᠎ᠲᠠᠢ ᠪᠠᠶ᠋ᠢᠷᠢᠯᠠᠭᠤᠯᠤᠯᠲᠠ ᠬᠢᠪᠠ᠃ ᠡᠭᠦᠨ᠎ᠤ ᠬᠠᠮᠲᠤ᠂   ᠴᠢᠬᠤᠯᠠ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠬᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠬᠤ ᠵᠡᠷᠭᠡ ᠭᠣᠤᠯᠳᠠᠯᠭ᠎ᠠ᠎ᠲᠠᠢ ᠠᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠲᠥᠪ᠎ᠠᠴᠠ ᠳᠤᠷᠠᠳᠤᠭᠰᠠᠨ ᠡᠯ᠎ᠡ ᠵᠦᠢ᠍ᠯ᠎ᠤᠨ ᠡᠭᠦᠷᠭᠡ ᠵᠢ ᠵᠦᠢ᠍ᠯ ᠳᠠᠷᠠᠭ᠋ᠠᠯᠠᠨ ᠨᠠᠷᠢᠯᠢᠬ᠍ᠵᠢᠭᠤᠯᠤᠨ ᠵᠠᠳᠠᠯᠵᠤ᠂ ᠡᠭᠦᠷᠭᠡ ᠵᠢ ᠣᠷᠬᠢᠭᠳᠠᠭᠤᠯᠬᠤ ᠥᠬᠡᠶ᠂ ᠳᠤᠲᠠᠭᠳᠠᠭᠤᠯᠬᠤ ᠥᠬᠡᠶ ᠪᠠᠶ᠋ᠢᠬᠤ ᠬᠡᠷᠡᠭᠲᠡᠢ᠃ ᠬᠣᠶᠠᠷ᠎ᠲᠤ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠪᠢᠴᠢᠭ ᠮᠠᠲ᠋ᠧᠷᠢᠶᠠᠯ᠎ᠳᠤ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠶᠠᠷᠢᠭᠰᠠᠨ ᠴᠢᠬᠤᠯᠠ ᠶᠠᠷᠢᠶ᠎ᠠ ᠪᠠ ᠲᠥᠪ᠎ᠤᠨ ᠬᠥᠳᠡᠭᠡ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠳᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠴᠥᠭᠡᠨ ᠪᠤᠰᠤ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠵᠢᠱ᠌ᠢᠶᠡᠯᠡᠪᠡᠯ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ᠎ᠤ ᠴᠢᠨᠠᠷᠯᠢᠭ ᠬᠥᠭᠵᠢᠯᠲᠡ ᠵᠢᠨ 10 ᠶᠡᠬᠡ ᠠᠵᠢᠯᠯᠠᠭ᠋ᠠᠨ᠎ᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠬᠦ᠂ 15 ᠳᠠᠪᠠᠭᠤᠯᠢᠭ ᠤᠨᠴᠠᠯᠢᠭᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠪᠦᠰᠡ ᠵᠢ ᠭᠣᠤᠯᠳᠠᠯᠭ᠎ᠠ᠎ᠲᠠᠢ ᠪᠥᠲᠥᠭᠡᠨ   ᠪᠠᠢ᠌ᠭᠤᠯᠵᠤ᠂ 2 ᠮᠢᠩᠭ᠋ᠠᠨ ᠳ᠋ᠦᠩᠰᠢᠭᠤᠷ ᠲᠠᠰ᠂ 9 ᠵᠠᠭᠤᠨ ᠳ᠋ᠦᠩᠰᠢᠭᠤᠷ ᠲᠠᠰ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠪᠦᠯᠦᠭᠵᠢᠯ᠎ᠢ ᠶᠡᠬᠡᠪᠡᠷ   ᠪᠣᠢ᠌ᠵᠢᠭᠣᠯᠣᠨ᠎ᠠ᠃ ᠡᠲᠡᠭᠡᠷ᠎ᠨᠢ ᠴᠥᠮ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ᠎ᠤ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠪᠢᠴᠢᠭ ᠮᠠᠲ᠋ᠧᠷᠢᠶᠠᠯ᠎ᠳᠤ ᠪᠠᠰᠠ ᠣᠳᠣᠬᠠᠨ᠎ᠤ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠪᠠᠭᠤᠷᠠᠶ ᠭᠣᠭᠴᠣᠭ᠎ᠠ᠎ᠳᠤ ᠴᠢᠭᠯᠡᠭᠦᠯᠦᠨ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡᠨ᠂ ᠬᠡᠷᠡᠭᠯᠡᠬᠦ ᠭᠠᠵᠠᠷ ᠵᠡᠷᠭᠡ ᠲᠠᠯ᠎ᠠ᠎ᠪᠠᠷ ᠮᠠᠰᠢ ᠣᠯᠠᠨ ᠦᠨ᠎ᠡ ᠴᠠᠨ᠎ᠠ᠎ᠲᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠭᠤᠷᠪᠠ᠎ᠳᠤ ᠬᠠᠷᠢᠭᠤᠴᠠᠯᠭ᠎ᠠ ᠵᠢᠨ ᠬᠠᠷᠠᠯᠲᠠ᠎ᠨᠢ ᠲᠣᠳᠣᠷᠬᠠᠶ ᠪᠣᠯᠵᠠᠢ᠃ ᠪᠢᠴᠢᠭ ᠮᠠᠲ᠋ᠧᠷᠢᠶᠠᠯ᠎ᠳᠤ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠳᠤᠲᠠᠭᠤᠳᠠᠯ ᠪᠠ ᠪᠠᠭᠤᠷᠠᠶ ᠵᠦᠢ᠍ᠯᠡᠰ᠎ᠯᠦᠭᠡ ᠨᠢᠭᠲᠠ ᠤᠶᠠᠯᠳᠤᠭᠤᠯᠤᠨ᠂ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ (2018  — 2022 ᠣᠨ)》 《ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠥᠲᠥᠯᠪᠦᠷᠢ》 ᠵᠢᠨ ᠱᠠᠭ᠋ᠠᠷᠳᠠᠯᠭ᠎ᠠ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ 7 ᠲᠠᠯ᠎ᠠ ᠵᠢᠨ ᠳᠤᠲᠠᠭᠤᠳᠠᠯ᠎ᠢ ᠳᠤᠷᠠᠳᠤᠨ ᠭᠠᠷᠭ᠋ᠠᠵᠤ᠂ ᠠᠷᠭ᠎ᠠ ᠬᠡᠮᠵᠢᠶ᠎ᠡ ᠨᠢᠭᠡᠪᠦᠷᠢ᠎ᠳᠤ ᠴᠥᠮ ᠬᠠᠷᠠᠯᠲᠠ᠎ᠲᠠᠢ᠂ ᠬᠤᠭᠤᠴᠠᠭ᠎ᠠ ᠬᠢᠵᠠᠭ᠋ᠠᠷ᠎ᠲᠠᠢ᠂ ᠬᠠᠷᠢᠭᠤᠴᠠᠯᠭ᠋ᠠᠲᠤ ᠨᠢᠭᠡᠴᠢ᠎ᠲᠠᠢ ᠪᠠᠶ᠋ᠢᠵᠤ᠂ ᠡᠭᠦᠷᠭᠡ᠎ᠨᠢ ᠪᠣᠳᠠᠲᠠᠶ᠂ ᠬᠠᠷᠠᠯᠲᠠ᠎ᠨᠢ ᠲᠣᠳᠣᠷᠬᠠᠶ᠂ ᠬᠠᠷᠢᠭᠤᠴᠠᠯᠭ᠎ᠠ᠎ᠨᠢ ᠲᠣᠳᠣᠷᠬᠠᠶ ᠪᠠᠶ᠋ᠢᠬᠤ ᠵᠢ ᠪᠡᠶᠡᠯᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠨᠠᠷᠢᠨ ᠪᠣᠳᠠᠲᠠᠶ ᠨᠠᠶ᠋ᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠪᠣᠯᠣᠨ᠎ᠠ᠃
      ᠬᠥᠲᠥᠯᠥᠭᠴᠢ᠄ ᠲᠠ ᠰᠠᠶᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠤᠯᠬᠤ ᠪᠠ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠠᠬᠢ ᠲᠣᠪᠣᠶ᠋ᠢᠮ᠎ᠠ ᠳᠤᠲᠠᠭᠤᠳᠠᠯ᠎ᠢ ᠨᠦᠬᠦᠪᠦᠷᠢᠯᠡᠬᠦ ᠪᠣᠯ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠬᠣᠶᠠᠷ ᠶᠡᠬᠡ ᠭᠣᠣᠯ ᠪᠣᠯᠬᠣ ᠡᠭᠦᠷᠭᠡ ᠮᠥᠨ ᠭᠡᠵᠡᠢ᠂ ᠲᠠᠨ᠎ᠤ ᠦᠵᠡᠬᠦ᠎ᠪᠠᠷ᠂ ᠮᠠᠨ᠎ᠤ ᠣᠷᠣᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠵᠢ ᠬᠡᠷᠬᠢᠨ ᠪᠠᠲᠤᠯᠠᠬᠤ ᠪᠣᠶ?
      ᠬᠤᠤ ᠶᠢᠩ᠄ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ   ᠪᠠᠢ᠌ᠭᠤᠯᠤᠨ ᠪᠦᠲᠦᠭᠡᠬᠦ ᠬᠣᠷᠢᠭ᠎ᠠ ᠱᠤᠭᠤᠮ᠎ᠤᠨ ᠡᠭᠦᠷᠭᠡ ᠪᠠ ᠪᠡᠯᠭᠡ ᠲᠡᠮᠳᠡᠭ᠎ᠤᠨ ᠴᠢᠨᠠᠷᠲᠠᠢ ᠭᠦᠢ᠍ᠴᠡᠳᠬᠡᠯ ᠲᠣᠭ᠎ᠠ ᠪᠣᠯᠤᠨ᠎ᠠ᠂ ᠮᠥᠨ ᠴᠦ᠍ ᠮᠠᠨ᠎ᠤ ᠨᠠᠮ᠎ᠤᠨ ᠠᠷᠠᠳ ᠲᠦᠮᠡᠨ᠎ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠪᠣᠯᠤᠨ᠎ᠠ᠃ 2019 ᠣᠨ᠎ᠳᠤ᠂ ᠮᠠᠨ᠎ᠤ ᠣᠷᠣᠨ᠎ᠤ 14.1 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠠᠳᠠᠭᠤ᠎ᠠᠴᠠ ᠠᠩᠭᠢᠵᠢᠷᠠᠵᠤ᠂ ᠦᠯᠡᠳᠡᠭᠰᠡᠨ 676 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ ᠪᠦᠬᠦᠨ ᠵᠶ᠋ᠡᠷ ᠵᠶ᠋ᠡᠨ ᠵᠢᠭᠰᠠᠭ᠋ᠠᠯᠲᠠ᠎ᠠᠴᠠ ᠭᠠᠷᠴᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠪᠥᠬᠥ ᠲᠠᠯ᠎ᠠ᠎ᠪᠠᠷ ᠤᠯᠬᠤ᠎ᠳᠤ ᠪᠠᠲᠤ ᠪᠠᠬᠢ ᠰᠠᠭᠤᠷᠢ ᠲᠠᠯᠪᠢᠪᠠ᠃ ᠣᠳᠣᠬᠠᠨ᠎ᠳᠤ ᠮᠠᠨ᠎ᠤ ᠣᠷᠣᠨ᠎ᠳᠤ ᠵᠥᠪᠬᠡᠨ 1.6   ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠦᠯᠡᠳᠡᠵᠦ ᠪᠠᠢ᠌ᠨ᠎ᠠ᠂ ᠬᠡᠳᠦᠶ᠋ᠢᠪᠡᠷ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠵᠢᠨ ᠬᠡᠮᠵᠢᠶ᠎ᠡ ᠶᠡᠬᠡ ᠪᠢᠰᠢ᠂ ᠬᠠᠷᠠᠯᠲᠠ᠎ᠪᠠᠨ ᠪᠡᠶᠡᠯᠡᠭᠦᠯᠬᠦ᠎ᠳᠤ ᠨᠡᠯᠢᠶᠡᠳ ᠰᠠᠶ᠋ᠢᠨ ᠨᠥᠬᠥᠴᠡᠯ᠎ᠲᠠᠢ ᠪᠣᠯᠪᠠᠴᠤ᠂ ᠦᠯᠡᠳᠡᠵᠦ ᠪᠠᠶ᠋ᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠣᠯᠠᠩᠬᠢ᠎ᠨᠢ ᠬᠥᠳᠡᠯᠮᠦᠷᠢᠯᠡᠬᠦ ᠴᠢᠳᠠᠪᠤᠷᠢ ᠥᠬᠡᠶ ᠪᠤᠶᠤ ᠬᠥᠳᠡᠯᠮᠦᠷᠢᠯᠡᠬᠦ ᠴᠢᠳᠠᠪᠤᠷᠢ᠎ᠨᠢ ᠪᠠᠭᠤᠷᠠᠶ ᠪᠠᠶ᠋ᠢᠵᠤ᠂ ᠴᠥᠮ ᠶᠠᠳᠠᠭᠤ ᠵᠢᠨ ᠳᠣᠲᠣᠷᠠᠬᠢ ᠶᠠᠳᠠᠭᠤ᠂ ᠬᠦᠴᠢᠷᠲᠡᠢ ᠵᠢᠨ ᠳᠣᠲᠣᠷᠠᠬᠢ ᠬᠦᠴᠢᠷᠳᠡᠯᠲᠡᠢ ᠬᠦᠮᠦᠰ ᠪᠣᠯᠤᠨ᠎ᠠ᠃ ᠡᠶ᠋ᠢᠮᠦ᠎ᠠᠴᠠ᠂ ᠪᠢᠴᠢᠭ ᠮᠠᠲ᠋ᠧᠷᠢᠶᠠᠯ᠎ᠳᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ᠂ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠲᠥᠷᠥ ᠵᠢᠨ ᠪᠣᠳᠣᠯᠭ᠎ᠠ ᠵᠢᠨ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠬᠤ ᠵᠢ ᠪᠠᠲᠤᠯᠠᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠦᠷᠭᠦᠯᠵᠢᠯᠡᠨ ᠪᠠᠭ᠋ᠠᠰᠬᠠᠬᠤ ᠠᠵᠢᠯ᠎ᠢ ᠰᠠᠶ᠋ᠢᠲᠤᠷ ᠬᠢᠬᠦ ᠲᠠᠪᠤᠨ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃ ᠪᠣᠭᠣᠮᠲᠠ ᠰᠢᠪᠲᠤᠯᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠪᠣᠭᠣᠮᠲᠠ ᠰᠢᠪᠲᠤᠯᠬᠤ ᠪᠠᠶ᠋ᠢᠳᠠᠯ᠎ᠢ ᠪᠠᠲᠤᠯᠠᠵᠤ᠂ ᠲᠣᠪᠣᠶ᠋ᠢᠮ᠎ᠠ ᠠᠰᠠᠭᠤᠳᠠᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠰᠢᠢ᠍ᠳᠪᠦᠷᠢᠯᠡᠨ᠎ᠡ᠃ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠠᠵᠢᠯ᠎ᠳᠤ   ᠨᠠᠷᠡᠯᠡᠨ ᠵᠢᠭ᠋ᠠᠵᠤ ᠳᠠᠢ᠌ᠯᠠᠯᠳᠤᠭ᠋ᠠᠨ᠎ᠢ ᠰᠢᠮᠳᠠᠭᠤᠯᠵᠤ᠂ ᠦᠯᠡᠳᠡᠵᠦ ᠪᠠᠶ᠋ᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠪᠣᠯᠤᠨ ᠰᠢᠨ᠎ᠡ᠎ᠪᠠᠷ ᠶᠠᠳᠠᠭᠤᠷᠠᠵᠤ ᠲᠠᠬᠢᠨ ᠶᠠᠳᠠᠭᠤᠷᠠᠭᠰᠠᠨ ᠬᠥᠮᠦᠨ ᠠᠮᠠ ᠵᠢᠨ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠵᠢ ᠪᠡᠶᠡᠯᠡᠭᠦᠯᠦᠨ᠎ᠡ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠳ᠋ᠦᠩᠨᠡᠨ ᠤᠬᠠᠭᠤᠯᠬᠤ ᠵᠢ ᠴᠢᠩᠭ᠋ᠠᠳᠬᠠᠨ᠂ ᠬᠠᠷᠢᠴᠠᠩᠭᠤᠢ ᠶᠠᠳᠠᠭᠤ ᠬᠦᠴᠢᠷᠳᠡᠯ᠎ᠢ ᠰᠢᠢ᠍ᠳᠪᠦᠷᠢᠯᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠰᠤᠳᠤᠯᠤᠨ ᠪᠠᠶ᠋ᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠡᠭᠦᠷᠭᠡ ᠵᠢ ᠬᠤᠭᠤᠴᠠᠭ᠎ᠠ ᠶᠣᠰᠣᠭ᠋ᠠᠷ ᠪᠦᠬᠦ ᠲᠠᠯ᠎ᠠ᠎ᠪᠠᠷ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
      ᠬᠥᠲᠥᠯᠥᠭᠴᠢ᠄ ᠣᠳᠣᠬᠠᠨ᠎ᠳᠤ᠂ ᠥᠪᠥᠷ ᠮᠣᠩᠭᠣᠯ᠎ᠤᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠬᠦᠷᠢᠶᠡᠨ᠎ᠳᠤ ᠪᠠᠰᠠ ᠨᠡᠯᠢᠶᠡᠳ ᠲᠣᠪᠣᠶ᠋ᠢᠮ᠎ᠠ ᠳᠤᠲᠠᠭᠤᠳᠠᠯ ᠣᠷᠣᠰᠢᠵᠤ ᠪᠠᠶ᠋ᠢᠨ᠎ᠠ᠂ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠰᠡᠭᠦᠯ ᠬᠤᠷᠢᠶᠠᠬᠤ ᠵᠢᠯ᠎ᠳᠤ᠂ ᠮᠠᠨ᠎ᠤ ᠣᠷᠣᠨ᠎ᠠᠴᠠ ᠡᠲᠡᠭᠡᠷ ᠳᠤᠲᠠᠭᠤᠳᠠᠯ᠎ᠢ ᠬᠡᠷᠬᠢᠨ ᠨᠥᠬᠥᠪᠥᠷᠢᠯᠡᠵᠦ᠂ ᠮᠠᠯᠴᠢᠨ ᠲᠠᠷᠢᠶᠠᠴᠢᠳ᠎ᠤᠨ ᠬᠠᠮᠤᠭ᠎ᠤᠨ ᠠᠩᠬᠠᠷᠴᠤ ᠪᠠᠶ᠋ᠢᠭ᠎ᠠ᠂ ᠬᠠᠮᠤᠭ᠎ᠤᠨ ᠲᠤᠯᠭ᠋ᠠᠮ᠂ ᠬᠠᠮᠤᠭ᠎ᠤᠨ ᠬᠦᠰᠡᠵᠦ ᠪᠠᠶ᠋ᠢᠭ᠎ᠠ ᠦᠭᠡᠷᠡᠴᠢᠯᠡᠨ ᠰᠠᠢ᠌ᠵᠢᠷᠠᠭᠤᠯᠬᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠪᠣᠢ?
      ᠬᠤᠤ ᠶᠢᠩ᠄ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢᠨ ᠬᠦᠴᠢᠷᠳᠡᠯ᠎ᠨᠢ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠳᠤ ᠪᠣᠶ᠂ ᠳᠤᠲᠠᠭᠤᠳᠠᠯ᠎ᠨᠢ ᠴᠦ᠍ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠳᠤ ᠪᠣᠶ᠃ ᠳᠤᠲᠠᠭᠤᠳᠠᠯ᠎ᠢ ᠨᠥᠬᠥᠪᠥᠷᠢᠯᠡᠬᠦ᠎ᠨᠢ ᠡᠨᠡ ᠵᠢᠯ᠎ᠤᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠤᠨ ᠭᠣᠣᠯ ᠪᠣᠯᠬᠣ ᠡᠭᠦᠷᠭᠡ ᠪᠣᠯᠤᠨ᠎ᠠ᠃ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠤᠨ ᠪᠦᠲᠦᠭᠡᠬᠦ ᠪᠠᠷᠢᠮᠵᠢᠶ᠎ᠠ ᠶᠣᠰᠣᠭ᠋ᠠᠷ᠂ ᠪᠢᠴᠢᠭ ᠮᠠᠲ᠋ᠧᠷᠢᠶᠠᠯ᠎ᠳᠤ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ ᠵᠢᠨ ᠳᠤᠲᠠᠭᠤᠳᠠᠯ᠎ᠢ ᠨᠥᠬᠥᠪᠥᠷᠢᠯᠡᠬᠦ ᠠᠵᠢᠯ᠎ᠳᠤ ᠪᠠᠶ᠋ᠢᠷᠢᠯᠠᠭᠤᠯᠤᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ᠂ ᠬᠦᠮᠦᠰ᠎ᠤᠨ ᠣᠷᠣᠰᠢᠨ   ᠰᠠᠭᠤᠷᠢᠰᠢᠬᠤ ᠣᠷᠴᠢᠨ ᠲᠣᠭᠣᠷᠢᠨ᠂ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠡᠶ᠋ᠢᠭᠡᠮ᠎ᠤᠨ ᠪᠠᠲᠤᠯᠠᠭ᠎ᠠ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ 7 ᠵᠦᠢ᠍ᠯ᠎ᠤᠨ ᠳᠤᠲᠠᠭᠤᠳᠠᠯ᠎ᠢ ᠵᠢᠭᠰᠠᠭ᠋ᠠᠨ ᠭᠠᠷᠭ᠋ᠠᠵᠤ᠂ ᠵᠦᠢ᠍ᠯ ᠳᠠᠷᠠᠭ᠋ᠠᠯᠠᠨ ᠬᠠᠨᠳᠤᠯᠭ᠋ᠠᠲᠤ ᠴᠢᠨᠠᠷᠲᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠳᠤᠷᠠᠳᠤᠨ ᠭᠠᠷᠭ᠋ᠠᠵᠤ᠂ ᠪᠥᠬᠥ ᠲᠠᠯ᠎ᠠ᠎ᠪᠠᠷ ᠨᠥᠬᠥᠪᠥᠷᠢᠯᠡᠬᠦ ᠵᠢ ᠦᠨᠡᠨ ᠬᠦ᠌ ᠪᠠᠲᠤᠯᠠᠬᠤ ᠪᠣᠯᠣᠨ᠎ᠠ᠃
      ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠢ᠍ᠢ᠍ᠲᠡ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭ᠋ᠠᠨ᠎ᠤ ᠲᠣᠤᠷ᠂ ᠴᠢᠮᠡᠭᠡ ᠨᠡᠪᠲᠡᠷᠡᠯᠭᠡ ᠵᠢᠨ ᠲᠣᠤᠷ ᠰᠦᠯᠵᠢᠶ᠎ᠡ ᠵᠡᠷᠭᠡ ᠣᠯᠠᠨ ᠨᠡᠢ᠍ᠢ᠍ᠲᠡ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠤᠨ ᠣᠯᠠᠨ ᠲᠠᠯ᠎ᠠ ᠣᠷᠣᠯᠴᠠᠭᠰᠠᠨ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠢ᠍ᠢ᠍ᠲᠡ ᠵᠢᠨ ᠰᠠᠭᠤᠷᠢ ᠪᠡᠯᠡᠳᠬᠡᠮᠵᠢ ᠵᠢᠨ ᠬᠠᠮᠢᠶᠠᠷᠴᠤ ᠬᠠᠮᠠᠭ᠋ᠠᠯᠠᠬᠤ ᠪᠠᠶ᠋ᠢᠭᠤᠯᠤᠯ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠣᠯᠠᠨ ᠲᠥᠯᠥᠪᠵᠢᠭᠦᠯᠭᠡ ᠵᠢ   ᠨᠢᠭᠡᠳᠭᠡᠭᠰᠡᠨ ᠪᠣᠳᠠᠲᠤ ᠬᠡᠷᠡᠭᠯᠡᠭᠡᠨ᠎ᠤ ᠴᠢᠨᠠᠷᠲᠠᠶ ᠬᠦᠳᠡᠭᠡ ᠲᠣᠰᠬᠣᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠤᠬᠢᠶᠠᠬᠤ᠎ᠪᠠᠨ ᠲᠦᠷᠭᠡᠳᠬᠡᠨ᠂ ᠰᠢᠶᠠᠨ᠎ᠤ ᠬᠡᠪᠴᠢᠶᠡᠨ᠎ᠤ ᠬᠦᠳᠡᠭᠡ ᠲᠣᠰᠬᠣᠨ᠎ᠤ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠦᠨ᠎ᠡ᠃
      ᠮᠠᠯᠵᠢᠬᠤ ᠲᠠᠷᠢᠶᠠᠯᠠᠬᠤ ᠣᠷᠣᠨ᠎ᠤ ᠬᠦᠮᠦᠰ᠎ᠤᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠬᠦᠮᠦᠰ᠎ᠤᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ 《ᠠᠷᠪᠠᠨ ᠰᠢᠶᠠᠨ ᠵᠠᠭᠤᠨ ᠰᠢᠶᠠᠩ ᠮᠢᠩᠭ᠋ᠠᠨ ᠲᠣᠰᠬᠣᠨ》 ᠎ᠤ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠭᠣᠤᠯᠳᠠᠯᠭ᠎ᠠ᠎ᠲᠠᠢ ᠬᠡᠷᠡᠭᠵᠢᠭᠦᠯᠵᠦ᠂ ᠵᠣᠷᠯᠣᠩ᠎ᠤᠨ ᠦᠭᠡᠷᠡᠴᠢᠯᠡᠯᠲᠡ᠎ᠢ ᠲᠥᠷᠥᠯ ᠬᠤᠪᠢᠶᠠᠨ ᠲᠦᠯᠬᠢᠨ ᠠᠬᠢᠭᠤᠯᠵᠤ᠂ ᠠᠮᠢᠳᠤᠷᠠᠯ᠎ᠤᠨ ᠬᠣᠭ ᠨᠣᠪᠰᠢ ᠵᠢᠨ ᠵᠠᠰᠠᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠠᠮᠢᠳᠤᠷᠠᠯ᠎ᠤᠨ ᠪᠣᠬᠢᠷ ᠤᠰᠤ ᠵᠢᠨ ᠵᠠᠰᠠᠯᠲᠠ ᠵᠢ ᠱᠠᠲᠤ ᠳᠠᠷᠠᠭ᠋ᠠᠯᠠᠨ ᠲᠦᠯᠬᠢᠨ ᠠᠬᠢᠭᠤᠯᠵᠤ᠂ ᠬᠦᠳᠡᠭᠡ ᠲᠣᠰᠬᠣᠨ᠎ᠤ ᠠᠷᠢᠭᠤᠨ ᠴᠡᠪᠡᠷ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠂ 2020 ᠣᠨ᠎ᠤ ᠰᠡᠭᠦᠯᠴᠢ ᠪᠣᠯᠲᠠᠯ᠎ᠠ᠂ ᠨᠢᠭᠡᠳᠦᠭᠡᠷ ᠲᠥᠷᠥᠯ᠎ᠤᠨ ᠬᠣᠰᠢᠭᠤ ᠰᠢᠶᠠᠨ ᠪᠠ ᠰᠠᠭᠤᠷᠢ᠎ᠲᠠᠢ ᠨᠥᠬᠥᠴᠡᠯ᠎ᠲᠠᠢ ᠬᠤᠶᠠᠳᠤᠭ᠋ᠠᠷ ᠲᠥᠷᠥᠯ᠎ᠤᠨ ᠬᠣᠰᠢᠭᠤ ᠰᠢᠶᠠᠨ᠎ᠳᠤ ᠡᠷᠦᠬᠡ᠎ᠳᠤ ᠬᠡᠷᠡᠭᠯᠡᠬᠦ ᠵᠣᠷᠯᠣᠩ᠎ᠢ ᠠᠷᠢᠭᠤᠨ ᠴᠡᠪᠡᠷᠰᠢᠭᠦᠯᠦᠨ᠂ ᠬᠣᠤᠷ ᠦᠭᠡᠢ᠌ᠳᠡᠭᠦᠯᠦᠨ ᠥᠭᠡᠷᠡᠴᠢᠯᠡᠬᠦ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠬᠣᠭ ᠨᠣᠪᠰᠢ ᠣᠪᠣᠭ᠋ᠠᠯᠠᠵᠤ ᠲᠠᠯᠪᠢᠬᠤ ᠵᠢᠩᠬᠢᠨᠢ ᠪᠤᠰᠤ ᠴᠡᠭ᠎ᠢ ᠴᠡᠭᠴᠡᠯᠡᠨ ᠵᠠᠰᠠᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠰ᠎ᠤᠨ ᠣᠷᠣᠰᠢᠨ ᠰᠠᠭᠣᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠠᠷᠠᠯᠲᠠ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠦᠨ᠎ᠡ᠃
      ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠨ ᠬᠥᠮᠦᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠦᠨ᠂ ᠬᠣᠰᠢᠭᠤ ᠰᠢᠶᠠᠨ᠎ᠳᠤ ᠰᠤᠷᠤᠭᠴᠢ᠎ᠤᠨ ᠲᠤᠭ᠎ᠠ ᠬᠡᠲᠦᠷᠡᠭᠰᠡᠨ ᠠᠩᠭᠢ ᠡᠷᠬᠢᠯᠡᠬᠦ ᠵᠢ ᠦᠨᠳᠦᠰᠦᠨ᠎ᠳᠤ᠎ᠪᠠᠨ ᠦᠭᠡᠶ᠋ᠢᠰᠬᠡᠵᠦ᠂ ᠰᠢᠶᠠᠩ ᠲᠣᠰᠬᠣᠨ᠎ᠤ ᠪᠠᠭ᠎ᠠ ᠬᠡᠪᠴᠢᠶᠡᠨ᠎ᠤ ᠰᠤᠷᠭ᠋ᠠᠭᠤᠯᠢ ᠪᠣᠯᠤᠨ ᠰᠤᠮᠤ ᠰᠢᠶᠠᠩ ᠪᠠᠯᠭ᠋ᠠᠰᠤ ᠵᠢᠨ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠵᠢ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠡᠷᠬᠢᠯᠡᠬᠦ ᠦᠨᠳᠦᠰᠦᠨ ᠪᠠᠷᠢᠮᠵᠢᠶ᠎ᠠ᠎ᠳᠤ ᠬᠦᠷᠦᠭᠦᠯᠦᠨ᠎ᠡ᠃ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠭᠰᠢ ᠵᠢᠨ ᠬᠠᠮᠢᠶᠠᠷᠤᠯᠲᠠ᠂ ᠴᠠᠯᠢᠩ ᠣᠯᠭᠣᠮᠵᠢ᠂ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ᠂ ᠣᠷᠣᠨ ᠰᠠᠭᠤᠴᠠ ᠵᠢᠨ ᠪᠠᠲᠤᠯᠠᠭ᠎ᠠ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃
      ᠮᠠᠯᠵᠢᠬᠤ ᠲᠠᠷᠢᠶᠠᠯᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠠᠯ᠎ᠠ᠎ᠪᠠᠷ᠂ ᠬᠣᠰᠢᠭᠤ ᠰᠢᠶᠠᠨ᠎ᠤ ᠳᠡᠰ᠎ᠤᠨ ᠡᠮᠨᠡᠯᠭᠡ ᠵᠢᠨ ᠬᠣᠷᠢᠶ᠎ᠠ ᠵᠢ ᠰᠠᠶ᠋ᠢᠲᠤᠷ ᠡᠷᠬᠢᠯᠡᠵᠦ᠂ ᠪᠠᠷᠢᠮᠵᠢᠶᠠᠵᠢᠭᠰᠠᠨ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠣᠯᠤᠨ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠣᠨ᠎ᠤ ᠡᠮᠴᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠤᠷᠤᠨ᠎ᠤ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭ᠋ᠠᠨ᠎ᠠ ᠵᠢᠨ ᠬᠢᠵᠢᠭ ᠵᠡᠷᠭᠡ ᠬᠦᠨᠳᠦ ᠶᠡᠬᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠦᠨᠡᠨ ᠬᠦ᠌ ᠪᠠᠲᠤᠯᠠᠨ᠎ᠠ᠃
      ᠮᠠᠯᠵᠢᠬᠤ ᠲᠠᠷᠢᠶᠠᠯᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠠᠯ᠎ᠠ᠎ᠪᠠᠷ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠢ   ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠎ᠤᠨ ᠪᠠᠢ᠌ᠳᠠᠯ᠎ᠤᠨ ᠨᠠᠷᠢᠯᠢᠭ ᠤᠨᠤᠪᠴᠢᠲᠠᠢ ᠬᠠᠮᠢᠶᠠᠷᠤᠯᠲᠠ ᠵᠢ ᠴᠢᠩᠭ᠋ᠠᠳᠬᠠᠨ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠬᠣᠴᠣᠷᠤᠭᠰᠠᠨ ᠬᠡᠤᠬᠡᠳ ᠪᠠ ᠡᠮᠡᠭᠲᠡᠶ᠋ᠢᠴᠦᠳ᠂ ᠨᠠᠰᠤᠲᠠᠶ᠋ᠢᠴᠤᠳ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠴᠢᠳᠠᠯ ᠲᠡᠩᠬᠡᠭᠡ᠎ᠪᠠᠨ ᠠᠯᠳᠠᠭᠰᠠᠨ ᠨᠠᠰᠤᠲᠠᠶ᠋ᠢᠴᠤᠳ ᠪᠠ ᠬᠦᠨᠳᠦ ᠵᠡᠮᠳᠡᠭᠴᠦᠳ᠎ᠢ ᠰᠤᠪᠢᠯᠠᠬᠤ ᠦᠢ᠍ᠯᠡᠴᠢᠯᠡᠭᠡᠨ᠎ᠢ ᠦᠭᠡᠷᠡᠴᠢᠯᠡᠨ ᠰᠠᠢ᠌ᠵᠢᠷᠠᠭᠤᠯᠤᠨ᠎ᠠ᠃
      ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠠᠯ᠎ᠠ᠎ᠪᠠᠷ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠭᠠᠵᠠᠷ᠎ᠢ ᠪᠠᠢ᠌ᠭᠤᠯᠬᠤ ᠵᠢ ᠭᠣᠤᠯᠳᠠᠯᠭ᠎ᠠ᠎ᠲᠠᠢ ᠴᠢᠩᠭ᠋ᠠᠳᠬᠠᠵᠤ᠂ ᠦᠨᠳᠦᠰᠦᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠢ ᠬᠥᠳᠡᠭᠡ ᠲᠣᠰᠬᠣᠨ ᠲᠡᠰᠢ ᠤᠷᠲᠤᠳᠬᠠᠬᠤ ᠵᠢ ᠲᠦᠯᠬᠢᠨ ᠠᠬᠢᠭᠤᠯᠵᠤ᠂ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠣᠶᠣᠯ᠎ᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠢ ᠰᠠᠶ᠋ᠢᠲᠤᠷ ᠡᠷᠬᠢᠯᠡᠨ᠎ᠡ᠃
      ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠲᠣᠪᠣᠶ᠋ᠢᠮ᠎ᠠ ᠠᠰᠠᠭᠤᠳᠠᠯ᠎ᠢ ᠵᠠᠰᠠᠬᠤ ᠲᠠᠯ᠎ᠠ᠎ᠪᠠᠷ᠂ ᠭᠣᠤᠯᠳᠠᠭᠤ ᠮᠠᠯ ᠵᠢᠭᠦᠷᠲᠡᠨ᠎ᠤ ᠢᠯᠭ᠋ᠠᠳᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠠᠷᠢᠶᠠᠨ ᠡᠮ ᠬᠢᠮᠢ ᠵᠢᠨ ᠪᠣᠷᠲᠣᠭᠣᠷ᠎ᠤᠨ ᠬᠡᠮᠵᠢᠶ᠎ᠡ ᠵᠢ ᠪᠠᠭ᠋ᠠᠰᠬᠠᠬᠤ᠂ ᠰᠦᠯᠢᠶᠣᠣ ᠪᠦᠷᠬᠦᠪᠴᠢ ᠵᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ᠂ ᠡᠰᠢ ᠰᠦᠷᠡᠯ᠎ᠢ ᠠᠰᠢᠭᠯᠠᠬᠤ᠂ ᠠᠮᠢᠳᠤ ᠪᠣᠳᠠᠰ᠎ᠤᠨ ᠡᠬᠢ ᠪᠠᠶᠠᠯᠢᠭ᠎ᠢ ᠬᠠᠮᠠᠭ᠋ᠠᠯᠠᠬᠤ᠂ ᠭᠠᠵᠠᠷ ᠳᠣᠤᠷᠠᠬᠢ ᠤᠰᠤ ᠵᠢ ᠬᠡᠲᠦ ᠬᠡᠷᠡᠭᠯᠡᠭᠰᠡᠨ ᠣᠷᠣᠨ᠎ᠢ ᠵᠠᠰᠠᠬᠤ ᠵᠡᠷᠭᠡ᠎ᠳᠤ ᠱᠠᠭ᠋ᠠᠷᠳᠠᠯᠭ᠎ᠠ ᠳᠤᠷᠠᠳᠪᠠ᠃ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠰᠠᠶ᠋ᠢᠲᠤᠷ ᠠᠳᠬᠤᠵᠤ᠂ 《ᠭᠤᠷᠪᠠᠨ ᠨᠠᠭᠤᠷ》 ᠵᠡᠷᠭᠡ ᠭᠣᠤᠯᠳᠠᠯᠭ᠎ᠠ᠎ᠲᠠᠢ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠶ ᠵᠢ ᠶᠡᠷᠦᠩᠬᠡᠢ᠌ᠯᠡᠨ ᠵᠠᠰᠠᠬᠤ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠡᠯᠴᠢᠭᠡᠷᠯᠡᠭᠦᠯᠬᠦ ᠵᠢ ᠵᠤᠭᠰᠤᠭ᠋ᠠᠨ᠂ ᠪᠡᠯᠴᠢᠭᠡᠷ᠎ᠢ ᠰᠡᠷᠭᠦᠭᠡᠬᠦ ᠪᠠ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠢ᠌ᠯᠭ᠋ᠠᠬᠤ ᠲᠦᠷᠢᠮ᠎ᠢ ᠲᠡᠭᠦᠯᠳᠡᠷᠵᠢᠭᠦᠯᠵᠦ᠂ ᠰᠢᠨ᠎ᠡ ᠨᠢᠭᠡ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠪᠠ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃
      ᠴᠢᠬᠤᠯᠠᠴᠢᠯᠠᠭᠤᠰᠢᠲᠠᠶ᠎ᠨᠢ᠂ ᠨᠥᠬᠥᠪᠥᠷᠢᠯᠡᠬᠦ ᠳᠤᠲᠠᠭᠤᠳᠠᠯ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠵᠢᠨ ᠳᠤᠲᠠᠭᠤᠳᠠᠯ ᠮᠥᠨ᠂ ᠣᠳᠣᠬᠢᠴᠢᠯᠠᠯᠲᠠ ᠵᠢᠨ ᠳᠤᠲᠠᠭᠤᠳᠠᠯ ᠪᠢᠰᠢ᠃ ᠮᠠᠨ᠎ᠤ ᠣᠷᠣᠨ᠎ᠤ ᠡᠯ᠎ᠡ ᠭᠠᠵᠠᠷ᠎ᠤᠨ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠭ᠋ᠠᠯᠢ ᠵᠢᠨ ᠣᠷᠴᠢᠨ ᠲᠣᠭᠣᠷᠢᠨ᠂ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠨᠢ ᠠᠳᠠᠯᠢ ᠪᠤᠰᠤ ᠪᠠᠢ᠌ᠵᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠪᠣᠳᠠᠲᠤ ᠪᠠᠶ᠋ᠢᠳᠠᠯ᠎ᠠᠴᠠ᠎ᠪᠠᠨ ᠡᠭᠦᠰᠴᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠤᠨ᠂ ᠮᠠᠯᠴᠢᠨ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠭᠡᠨ᠂ ᠴᠢᠳᠠᠯ ᠵᠶ᠋ᠠᠷ ᠵᠶ᠋ᠠᠨ ᠴᠢᠷᠮᠠᠢ᠌ᠨ᠂ ᠴᠢᠳᠠᠯ᠎ᠤᠨ ᠬᠢᠷᠢ᠎ᠪᠠᠷ ᠵᠶ᠋ᠠᠨ ᠭᠦᠢ᠍ᠴᠡᠳᠭᠡᠵᠦ᠂ ᠣᠳᠣᠬᠠᠨ᠎ᠤ ᠪᠠᠴᠢᠮ ᠡᠭᠦᠷᠭᠡ ᠵᠢ ᠨᠢᠭᠡᠳ ᠨᠢᠭᠡ᠎ᠪᠠᠷ ᠰᠠᠶ᠋ᠢᠲᠤᠷ ᠰᠢᠢ᠍ᠳᠪᠦᠷᠢᠯᠡᠨ᠂ ᠳᠥᠭᠥᠮᠬᠡᠨ ᠵᠶ᠋ᠠᠷ ᠲᠡᠷᠡ ᠬᠡᠪ ᠵᠶ᠋ᠠᠷ᠎ᠨᠢ ᠨᠡᠭᠦᠯᠭᠡᠨ ᠬᠡᠷᠡᠭᠯᠡᠵᠦ ᠪᠣᠯᠬᠤ ᠦᠭᠡᠢ᠂ ᠡᠰᠡ ᠲᠡᠭᠡᠪᠡᠯ ᠨᠥᠬᠥᠪᠥᠷᠢᠯᠡᠬᠦ ᠴᠢᠬᠤᠯᠠ ᠦᠭᠡᠢ ᠵᠦᠢ᠍ᠯ᠎ᠢ ᠳᠠᠬᠢᠨ ᠳᠠᠪᠲᠠᠨ ᠨᠦᠬᠦᠪᠦᠷᠢᠯᠡᠵᠦ᠂ ᠨᠥᠬᠥᠪᠥᠷᠢᠯᠡᠬᠦ ᠶᠣᠰᠣᠲᠠᠶ ᠵᠦᠢ᠍ᠯ᠎ᠢ ᠨᠥᠬᠥᠵᠦ ᠳᠡᠢ᠌ᠯᠬᠦ ᠦᠭᠡᠢ ᠪᠠᠢ᠌ᠳᠠᠯ ᠭᠠᠷᠴᠤ ᠮᠡᠳᠡᠨ᠎ᠡ᠃
      ᠬᠥᠲᠥᠯᠥᠭᠴᠢ᠄ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠯᠠᠩ ᠮᠠᠯ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠬᠤ ᠪᠠ ᠴᠢᠬᠤᠯᠠ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠬᠤ ᠲᠠᠯ᠎ᠠ᠎ᠪᠠᠷ ᠨᠡᠯᠢᠶᠡᠳ ᠪᠥᠬᠥ ᠲᠠᠯ᠎ᠠ ᠵᠢᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠂ ᠮᠠᠨ᠎ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠴᠤ ᠡᠨᠡ ᠬᠦ᠌ ᠠᠵᠢᠯ᠎ᠢ ᠰᠠᠶ᠋ᠢᠲᠤᠷ ᠬᠢᠬᠦ ᠪᠣᠶ?
      ᠬᠤᠤ ᠶᠢᠩ᠄ ᠲᠠᠷᠢᠶᠠᠯᠠᠩ ᠮᠠᠯ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠳᠤᠷᠠᠳᠤᠭᠰᠠᠨ ᠲᠣᠳᠣᠷᠬᠠᠶ ᠱᠠᠭ᠋ᠠᠷᠳᠠᠯᠭ᠎ᠠ ᠮᠥᠨ᠂ ᠪᠠᠰᠠ ᠴᠤ᠌ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠶᠡᠬᠡ ᠤᠷᠤᠨ ᠪᠠᠢ᠌ᠭᠰᠠᠨ᠎ᠠᠴᠠ᠎ᠪᠠᠨ ᠲᠠᠷᠢᠶᠠᠯᠠᠩ ᠮᠠᠯ ᠠᠵᠤ ᠠᠬᠤᠶ ᠵᠢᠨ ᠬᠦᠴᠦᠷᠬᠡᠭ ᠣᠷᠣᠨ ᠳᠠᠰᠢ ᠬᠤᠪᠢᠷᠠᠭᠤᠯᠬᠤ ᠵᠢᠨ ᠪᠣᠳᠠᠲᠤ ᠬᠡᠷᠡᠭᠴᠡᠭᠡ ᠮᠥᠨ᠃ ᠳᠤᠮᠳᠠᠳᠤ ᠵᠢᠨ ᠬᠠᠭᠤᠴᠢ ᠦᠭᠡᠨ᠎ᠳᠤ 《ᠭᠠᠬᠠᠶ ᠵᠢᠨ ᠮᠢᠬ᠎ᠠ᠂ ᠠᠮᠤ ᠪᠤᠳᠠᠭ᠎ᠠ ᠡᠯᠪᠡᠭ ᠪᠦᠭᠡᠰᠦ ᠳᠡᠯᠡᠬᠡᠶ ᠳ᠋ᠠᠬᠢᠨ ᠠᠮᠤᠷᠵᠢᠭᠣᠨ》 ᠭᠡᠳᠡᠭ᠂ ᠴᠢᠬᠤᠯᠠ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠬᠤ ᠪᠣᠯ ᠬᠡᠵᠢᠶᠡᠲᠡ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠤᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠡᠨᠡ ᠵᠢᠯ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢᠯ ᠮᠥᠨ᠂ ᠥᠭᠡᠷᠡᠴᠢᠯᠡᠯᠲᠡ ᠬᠢᠬᠦ᠂ ᠬᠥᠭᠵᠢᠭᠦᠯᠬᠦ᠂ ᠲᠣᠭᠲᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠡᠭᠦᠷᠭᠡ᠎ᠨᠢ ᠤᠤᠯ᠎ᠠᠴᠠ᠎ᠪᠠᠨ ᠮᠠᠰᠢ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠵᠤ᠂   ᠳᠡᠭᠡᠷ᠎ᠡ᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠢ ᠨᠡᠮᠡᠪᠡᠯ᠂ ᠠᠮᠤ ᠪᠤᠳᠠᠭ᠎ᠠ᠂ ᠠᠮᠢᠳᠤ ᠭᠠᠬᠠᠶ ᠵᠡᠷᠭᠡ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠭᠦᠨ᠎ᠤ ᠬᠠᠩᠭ᠋ᠠᠯᠭ᠎ᠠ ᠵᠢᠨ ᠠᠰᠠᠭᠤᠳᠠᠯ ᠭᠠᠷᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠮᠥᠷᠲᠡᠭᠡᠨ ᠪᠠᠰᠠ ᠲᠠᠷᠢᠶᠠᠯᠠᠩ ᠮᠠᠯ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠬᠤ᠎ᠳᠤ ᠪᠢᠳᠡ ᠦᠨᠡᠨ ᠬᠦ᠌ ᠬᠦᠴᠦᠲᠡᠢ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠵᠢ ᠲᠣᠭᠲᠠᠪᠤᠷᠢᠵᠢᠭᠤᠯᠵᠤ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠰᠠᠭᠤᠷᠢ ᠴᠢᠯᠠᠭᠤᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ᠃
      ᠨᠢᠭᠡ᠎ᠳᠤ ᠲᠠᠷᠢᠶᠠᠯᠠᠩ ᠮᠠᠯ ᠠᠵᠤ ᠠᠬᠤᠢ ᠵᠢᠨ ᠣᠷᠣᠨ ᠪᠦᠰᠡ ᠵᠢᠨ ᠪᠠᠶ᠋ᠢᠷᠢᠰᠢᠯ ᠪᠣᠯᠤᠨ ᠦᠢ᠍ᠯᠡᠳᠪᠦᠷᠢᠯᠡᠯ᠎ᠤᠨ ᠪᠦᠲᠦᠴᠡ ᠵᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠲᠦᠷᠭᠡᠳᠬᠡᠨ ᠲᠦᠯᠬᠢᠨ ᠠᠬᠢᠭᠤᠯᠬᠤ ᠰᠠᠨᠠᠯ᠎ᠢ ᠲᠤᠭᠲᠠᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢᠨ ᠬᠠᠷᠠᠯᠲᠠᠲᠤ ᠡᠭᠦᠷᠭᠡ ᠵᠢ ᠲᠤᠳᠤᠷᠬᠠᠢ᠌ᠯᠠᠨ᠂ ᠪᠣᠳᠠᠲᠠᠶ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠤᠨ᠎ᠠ᠃ ᠡᠨᠡ ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠡᠨᠡ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠬᠣᠷᠢᠶ᠎ᠠ᠎ᠠᠴᠠ ᠬᠢᠨᠠᠨ ᠵᠦᠪᠯᠡᠭᠡᠳ ᠪᠠᠲᠤᠯᠠᠪᠠ᠂ ᠤᠢ᠌ᠷ᠎ᠠ᠎ᠳᠤ ᠳᠠᠷᠤᠮᠠᠯᠯᠠᠨ ᠲᠠᠷᠬᠠᠭ᠋ᠠᠬᠤ ᠪᠣᠯᠤᠨ᠎ᠠ᠃ ᠬᠣᠶᠠᠷ᠎ᠲᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠤᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠮᠤᠵᠢ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠨᠠᠶ᠋ᠢᠳᠠᠪᠤᠷᠢᠵᠢᠭᠤᠯᠵᠤ᠂ ᠦᠨᠳᠦᠷ ᠪᠦᠲᠦᠮᠵᠢᠲᠡᠶ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ᠎ᠢ ᠶᠡᠬᠡ᠎ᠪᠠᠷ ᠬᠦᠭᠵᠢᠭᠦᠯᠦᠨ᠂ ᠬᠤᠵᠢᠷᠯᠢᠭ ᠭᠠᠵᠠᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠦᠨᠳᠦᠰᠦᠨ᠎ᠳᠤ᠎ᠪᠠᠨ ᠲᠤᠭᠲᠠᠪᠤᠷᠢᠵᠢᠭᠤᠯᠤᠨ᠎ᠠ᠃ ᠭᠤᠷᠪᠠ᠎ᠳᠤ᠂ ᠮᠠᠯ ᠪᠠ ᠪᠡᠯᠴᠢᠭᠡᠷ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠤᠨ᠎ᠠ᠃ ᠡᠪᠡᠰᠦᠨ ᠲᠡᠵᠢᠭᠡᠯᠲᠦ ᠮᠠᠯ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠠᠮᠤ ᠪᠤᠳᠠᠭ᠎ᠠ ᠪᠠ ᠡᠪᠡᠰᠦ ᠪᠣᠷᠳᠣᠭ᠎ᠠ ᠵᠢ ᠵᠡᠷᠭᠡᠪᠡᠷ ᠬᠠᠷᠠᠭ᠋ᠠᠯᠵᠠᠬᠤ᠂ ᠲᠠᠷᠢᠶᠠᠯᠠᠩ ᠮᠠᠯ ᠠᠵᠤ ᠠᠬᠤᠶ ᠵᠢ ᠤᠶᠠᠯᠳᠤᠭᠤᠯᠬᠤ᠂ ᠣᠷᠴᠢᠯᠳᠤᠭᠤᠯᠤᠨ ᠬᠥᠭᠵᠢᠭᠦᠯᠬᠦ ᠵᠡᠷᠭᠡ ᠰᠢᠨ᠎ᠡ ᠮᠠᠶᠢᠭ᠎ᠤᠨ ᠲᠠᠷᠢᠵᠤ ᠲᠡᠵᠢᠭᠡᠬᠦ ᠪᠦᠲᠦᠴᠡ ᠵᠢ ᠪᠤᠢ ᠪᠣᠯᠭ᠋ᠠᠵᠤ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠪᠠ ᠲᠠᠷᠢᠶᠠᠯᠠᠩ ᠮᠠᠯ ᠠᠵᠤ ᠠᠬᠤᠢ ᠵᠢᠨ ᠦᠷᠭᠦᠯᠵᠢᠯᠡᠬᠦᠢ᠌ᠴᠡ ᠬᠦᠭᠵᠢᠯᠲᠡ ᠵᠢ ᠠᠬᠢᠭᠤᠯᠤᠨ᠎ᠠ᠃ ᠳᠥᠷᠪᠡ᠎ᠳᠤ ᠰᠦ ᠮᠢᠬ᠎ᠠ ᠵᠡᠷᠭᠡ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠵᠢᠨ ᠬᠠᠩᠭ᠋ᠠᠯᠭ᠎ᠠ ᠵᠢ ᠪᠠᠲᠤᠯᠠᠨ᠎ᠠ᠃ ᠠᠮᠢᠳᠤ ᠭᠠᠬᠠᠶ ᠵᠢᠨ   ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠶ᠋ᠢᠲᠤᠷ ᠠᠳᠬᠤᠵᠤ᠂ 2020 ᠣᠨ᠎ᠤ ᠵᠢᠯ᠎ᠤᠨ ᠡᠴᠦᠰ᠎ᠠᠴᠠ ᠡᠮᠦᠨ᠎ᠡ ᠠᠮᠢᠳᠤ ᠭᠠᠬᠠᠶ ᠵᠢᠨ ᠦᠢ᠍ᠯᠡᠳᠪᠦᠷᠢᠯᠡᠬᠦ ᠴᠢᠳᠠᠪᠤᠷᠢ ᠵᠢ ᠦᠨᠳᠦᠰᠦᠨ᠎ᠳᠤ᠎ᠪᠠᠨ ᠬᠡᠪ᠎ᠤᠨ ᠬᠢᠷᠢ ᠬᠡᠮᠵᠢᠶᠡᠨ᠎ᠳᠤ ᠬᠦᠷᠲᠡᠯ᠎ᠡ ᠰᠡᠷᠭᠦᠭᠡᠬᠦ ᠵᠢ ᠦᠨᠡᠨ ᠬᠦ᠌ ᠪᠠᠲᠤᠯᠠᠨ᠎ᠠ᠃ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠲᠦᠯᠬᠢᠨ ᠠᠬᠢᠭᠤᠯᠵᠤ᠂   ᠴᠢᠨᠠᠷᠯᠢᠭ ᠪᠣᠬᠢᠷᠲᠤᠯ ᠦᠭᠡᠢ ᠦᠬᠡᠷ ᠬᠣᠨᠢᠨ ᠮᠢᠬᠠᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠂ ᠪᠥᠬᠥ ᠣᠷᠣᠨ᠎ᠤ ᠮᠢᠬᠠᠨ᠎ᠤ ᠭᠠᠷᠤᠯᠲᠠ ᠵᠢ 260 ᠲᠦᠮᠡᠨ ᠲᠣᠨ᠎ᠤ ᠣᠷᠴᠢᠮ᠎ᠳᠤ ᠲᠣᠭᠲᠠᠪᠤᠷᠢᠵᠢᠭᠤᠯᠤᠨ᠎ᠠ᠃ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ᠎ᠢ ᠬᠢᠨᠠᠨ ᠬᠡᠮᠵᠢᠵᠦ ᠰᠡᠷᠭᠡᠶ᠋ᠢᠯᠡᠨ ᠡᠵᠡᠮᠳᠡᠬᠦ ᠰᠢᠰᠲ᠋ᠧᠮᠵᠢ ᠵᠢ ᠪᠦᠷᠢᠨᠰᠢᠭᠦᠯᠵᠦ᠂ ᠠᠹᠷᠢᠺᠠ ᠲᠢᠪ᠎ᠤᠨ ᠭᠠᠬᠠᠶ ᠵᠢᠨ ᠬᠢᠵᠢᠭ᠂ ᠰᠢᠯᠦᠬᠡᠶ ᠡᠪᠡᠳᠴᠢᠨ ᠵᠡᠷᠭᠡ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠎ᠠ᠃ ᠲᠠᠪᠤ᠎ᠳᠤ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠶ᠋ᠢᠯᠡᠭᠰᠡᠨ   ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ᠂ ᠤᠳᠤᠬᠢᠴᠢᠯᠠᠭᠰᠠᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠲᠠᠷᠢᠶᠠᠯᠠᠩ ᠮᠠᠯ   ᠠᠵᠤ ᠠᠬᠤᠢ ᠵᠢᠨ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠭᠣᠣᠯ ᠪᠣᠯᠬᠣ ᠬᠦᠷᠢᠶ᠎ᠡ ᠵᠢᠨ ᠲᠣᠭᠣᠷᠢᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠡᠯᠡᠳᠬᠡᠮᠵᠢ᠂ ᠪᠠᠷᠠᠭ᠎ᠠ ᠵᠢᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠲᠣᠤᠷ ᠰᠦᠯᠵᠢᠶ᠎ᠡ ᠵᠡᠷᠭᠡ ᠲᠠᠯ᠎ᠠ᠎ᠪᠠᠷ ᠨᠢᠭᠡ ᠪᠦᠯᠦᠭ ᠴᠢᠬᠤᠯᠠ ᠶᠡᠬᠡ ᠢᠨᠵᠧᠨᠧᠷᠢᠩ ᠪᠠ ᠲᠥᠷᠥᠯ ᠵᠦᠢ᠍ᠯ᠎ᠢ ᠲᠦᠯᠦᠪᠯᠡᠨ ᠬᠡᠷᠡᠭᠵᠢᠭᠦᠯᠦᠨ᠎ᠡ᠃ ᠵᠢᠷᠭᠤᠭ᠎ᠠ᠎ᠳᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠶᠣᠰᠣᠭ᠋ᠠᠷ᠂ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ᠂ ᠶᠠᠰᠤ ᠴᠢᠨᠠᠷ᠎ᠢ ᠪᠠᠶ᠋ᠢᠴᠠᠭ᠋ᠠᠬᠤ ᠰᠢᠰᠲ᠋ᠧᠮᠵᠢ᠂ ᠬᠠᠤᠯᠢ ᠬᠡᠷᠡᠭᠵᠢᠭᠦᠯᠬᠦ ᠰᠢᠰᠲ᠋ᠧᠮᠵᠢ ᠪᠠ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠥᠬᠥ ᠶᠠᠪᠤᠴᠠ ᠵᠢ ᠬᠠᠮᠤᠷᠤᠭᠰᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠮᠥᠷᠳᠡᠨ ᠤᠬᠤᠴᠢᠯᠠᠬᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠢᠳᠡᠭᠡᠨ᠎ᠤ ᠠᠮᠤᠷ ᠲᠦᠪᠰᠢᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠦᠨ᠎ᠡ᠃ ᠳᠣᠯᠣᠭ᠎ᠠ᠎ᠳᠤ᠂ ᠲᠠᠷᠢᠶᠠᠯᠠᠩ ᠮᠠᠯ ᠠᠵᠤ ᠠᠬᠤᠶ ᠵᠢᠨ ᠳᠡᠮᠵᠢᠯᠭᠡ ᠪᠠ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠵᠢ ᠳᠡᠮᠵᠢᠵᠦ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ ᠵᠡᠷᠭᠡ ᠠᠵᠢᠯ᠎ᠢ ᠥᠷᠨᠢᠭᠦᠯᠦᠨ᠎ᠡ᠃
      ᠬᠥᠲᠥᠯᠥᠭᠴᠢ᠄ ᠮᠠᠯᠴᠢᠨ ᠲᠠᠷᠢᠶᠠᠴᠢᠨ᠎ᠤ ᠣᠷᠣᠯᠭ᠎ᠠ ᠪᠣᠯ ᠪᠥᠬᠥ ᠲᠠᠯ᠎ᠠ᠎ᠪᠠᠷ ᠴᠢᠨᠡᠭᠡᠯᠢᠭᠵᠢᠬᠦ ᠵᠢᠨ ᠪᠡᠯᠭᠡ ᠲᠡᠮᠳᠡᠭ᠎ᠤᠨ ᠴᠢᠨᠠᠷᠲᠠᠶ ᠭᠦᠢ᠍ᠴᠡᠳᠭᠡᠯ ᠲᠣᠭ᠎ᠠ ᠮᠥᠨ᠂ ᠡᠨᠡ ᠵᠢᠯ ᠮᠠᠨ᠎ᠤ ᠣᠷᠣᠨ ᠠᠷᠠᠳ᠎ᠢ ᠪᠠᠶᠠᠵᠢᠭᠤᠯᠬᠤ ᠠᠷᠭ᠎ᠠ ᠵᠠᠮ ᠵᠶ᠋ᠠᠨ ᠬᠡᠷᠬᠢᠨ ᠥᠷᠭᠡᠳᠬᠡᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ   ᠠᠬᠢᠭᠤᠯᠬᠤ ᠪᠣᠶ?
      ᠬᠤᠤ ᠶᠢᠩ᠄ ᠴᠢᠨᠡᠭᠡᠯᠢᠭ ᠡᠰᠡᠬᠦ ᠵᠢᠨ ᠵᠠᠩᠭᠢᠯᠠᠭ᠎ᠠ᠎ᠨᠢ ᠨᠤᠲᠤᠭ᠎ᠤᠨ ᠠᠬ᠎ᠠ ᠳᠡᠭᠦᠦ ᠨᠡᠷ᠎ᠢ ᠦᠵᠡᠨ᠎ᠡ᠃ ᠬᠢᠵᠢᠭ᠎ᠤᠨ ᠪᠠᠶ᠋ᠢᠳᠠᠯ᠎ᠤᠨ ᠳᠤᠤᠷ᠎ᠠ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠬᠠᠨᠳᠤᠰᠢ ᠵᠢ ᠰᠤᠯᠠᠷᠠᠭᠤᠯᠬᠤ ᠥᠬᠡᠶ᠂ ᠬᠠᠨᠳᠤᠰᠢ ᠵᠢ ᠬᠤᠪᠢᠷᠠᠭᠤᠯᠬᠤ ᠥᠬᠡᠶ ᠪᠠᠶ᠋ᠢᠬᠤ ᠵᠢ   ᠪᠠᠲᠤᠯᠠᠬᠤ᠎ᠳᠤ᠂ ᠡᠷᠬᠡᠪᠰᠢ ᠰᠠᠨᠠᠭ᠋ᠠᠴᠢᠯᠠᠭ᠎ᠠ᠎ᠠᠴᠠ᠎ᠪᠠᠨ ᠬᠢᠵᠦ᠂ ᠪᠥᠬᠥ ᠲᠠᠯ᠎ᠠ᠎ᠪᠠᠷ ᠬᠦᠴᠦᠯᠡᠬᠦ ᠬᠡᠷᠡᠭᠲᠡᠶ᠂ ᠢᠩᠭᠢᠪᠡᠯ ᠰᠠᠶᠢ ᠬᠢᠵᠢᠭ᠎ᠤᠨ ᠪᠠᠢ᠌ᠳᠠᠯ᠎ᠤᠨ ᠨᠥᠯᠥᠭᠡ ᠵᠢ ᠪᠠᠭᠤᠷᠠᠭᠤᠯᠵᠤ᠂ ᠬᠣᠲᠠ ᠬᠥᠳᠡᠭᠡ ᠵᠢᠨ ᠣᠷᠣᠯᠭ᠎ᠠ ᠵᠢᠨ ᠵᠥᠷᠢᠶ᠎ᠡ ᠵᠢ ᠦᠷᠭᠦᠯᠵᠢᠯᠡᠨ ᠪᠠᠭ᠋ᠠᠰᠬᠠᠵᠤ᠂ ᠮᠠᠯᠴᠢᠨ ᠲᠠᠷᠢᠶᠠᠴᠢᠨ ᠲᠦᠮᠡᠨ᠎ᠢ ᠴᠢᠨᠡᠭᠡᠯᠢᠭᠵᠢᠭᠰᠡᠨ ᠵᠢᠯ᠎ᠳᠤ ᠨᠠᠩ ᠣᠯᠠᠨ ᠬᠦᠷᠲᠡᠭᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠲᠠᠢ ᠪᠣᠯᠭ᠋ᠠᠵᠤ ᠴᠢᠳᠠᠨ᠎ᠠ᠃ ᠨᠢᠭᠡ᠎ᠳᠤ ᠠᠷᠠᠳ᠎ᠢ ᠪᠠᠶᠠᠵᠢᠭᠤᠯᠬᠤ ᠬᠥᠳᠡᠭᠡ ᠲᠣᠰᠬᠣᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ ᠪᠣᠯᠤᠨ ᠠᠵᠤ ᠦᠢ᠍ᠯᠡᠰ᠎ᠢ ᠠᠭᠤᠰᠤᠯᠴᠠᠭᠤᠯᠤᠨ ᠬᠦᠭᠵᠢᠭᠦᠯᠬᠦ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠵᠠᠯᠠᠶ᠋ᠢᠳ ᠬᠤᠰᠢᠭᠣᠨ᠎ᠤ ᠤᠰᠤᠨ ᠲᠤᠲᠤᠷᠭ᠎ᠠ ᠵᠢᠨ ᠠᠵᠤ ᠦᠢ᠍ᠯᠡᠰ᠎ᠤᠨ ᠬᠦᠷᠢᠶᠡᠯᠡᠩ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠢᠳᠡᠰᠢᠨ ᠦᠬᠡᠷ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠰᠠᠶ᠋ᠢᠲᠤᠷ ᠪᠦᠲᠦᠭᠡᠨ ᠪᠠᠢ᠌ᠭᠤᠯᠤᠨ᠎ᠠ᠃ ᠬᠦᠲᠦᠴᠢ ᠠᠵᠤ ᠠᠬᠤᠶ᠋ᠢᠯᠠᠯ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠶ ᠪᠤᠯᠪᠠᠰᠤᠷᠠᠭᠤᠯᠬᠤ ᠵᠢ ᠬᠥᠭᠵᠢᠭᠦᠯᠬᠦ ᠵᠢ ᠲᠡᠳᠬᠦᠵᠦ᠂ ᠡᠨᠡ ᠵᠢᠯ᠎ᠤᠨ ᠡᠴᠦᠰ᠎ᠠᠴᠠ ᠡᠮᠦᠨ᠎ᠡ᠂ ᠪᠦᠬᠦ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠵᠢ 65%᠎ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠦᠨ᠎ᠡ᠃ 《ᠦᠪᠦᠷ ᠮᠣᠩᠭᠣᠯ ᠦᠰᠦᠭᠲᠦ》 ᠨᠠᠷᠠᠲᠤ ᠲᠡᠮᠳᠡᠭ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ 《ᠥᠪᠥᠷ ᠮᠣᠩᠭᠣᠯ᠎ᠤᠨ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠥᠬᠥ ᠤᠯᠤᠰ ᠵᠶ᠋ᠠᠷ ᠠᠶᠠᠯᠠᠬᠤ》 ᠠᠵᠢᠯᠯᠠᠭ᠎ᠠ ᠵᠢ ᠥᠷᠨᠢᠭᠦᠯᠦᠨ᠂ ᠥᠪᠥᠷ ᠮᠣᠩᠭᠣᠯ᠎ᠤᠨ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠵᠡᠰᠬᠦᠯᠡᠩ᠎ᠤᠨ ᠬᠤᠷᠠᠯ᠎ᠢ ᠰᠠᠶ᠋ᠢᠲᠤᠷ ᠡᠷᠭᠢᠯᠡᠵᠦ᠂ 《ᠥᠪᠥᠷ ᠮᠣᠩᠭᠣᠯ᠎ᠤᠨ ᠦᠨᠦᠷ ᠠᠮᠲᠠ》 ᠵᠢᠨ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ ᠬᠣᠶᠠᠷ᠎ᠲᠤ ᠮᠠᠯᠴᠢᠨ ᠲᠠᠷᠢᠶᠠᠴᠢᠨ᠎ᠤ ᠠᠵᠢᠯ ᠣᠯᠬᠣ ᠪᠠ ᠠᠳᠠᠯ ᠦᠢ᠍ᠯᠡᠰ ᠴᠣᠭᠴᠠᠯᠠᠬᠤ ᠵᠢ ᠶᠡᠬᠡᠪᠡᠷ ᠳᠡᠮᠵᠢᠵᠦ᠂ ᠠᠵᠢᠯ ᠣᠯᠭᠣᠯᠲᠠ ᠵᠢ ᠲᠤᠭᠲᠠᠪᠤᠷᠢᠵᠢᠭᠤᠯᠬᠤ᠂ ᠠᠵᠤ ᠠᠬᠤᠶ᠋ᠢᠯᠠᠯ᠎ᠳᠤ ᠬᠣᠯᠪᠣᠭᠳᠠᠬᠤ ᠭᠠᠶ᠋ᠢᠯᠢ ᠵᠢ ᠬᠥᠩᠭᠡᠷᠡᠭᠦᠯᠵᠦ ᠰᠦᠢ᠍ᠳᠭᠡᠯ᠎ᠢ ᠪᠠᠭᠤᠷᠠᠭᠤᠯᠬᠤ᠂ ᠠᠵᠢᠯ ᠠᠯᠳᠠᠯᠲᠠ ᠵᠢᠨ ᠳᠠᠭ᠋ᠠᠳᠬᠠᠯ ᠵᠶ᠋ᠠᠷ ᠠᠵᠤ ᠠᠬᠤᠶ᠋ᠢᠯᠠᠯ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠵᠡᠷᠭᠡ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠭᠣᠯᠲᠠ ᠵᠢ ᠲᠤᠭᠲᠠᠪᠤᠷᠢᠵᠢᠭᠤᠯᠤᠨ᠎ᠠ᠃ 《ᠬᠠᠪᠤᠷ᠎ᠤᠨ ᠤᠷᠤᠰᠬᠠᠯ᠎ᠤᠨ ᠠᠵᠢᠯᠯᠠᠭ᠎ᠠ》᠂ ᠰᠢᠨ᠎ᠡ ᠦᠶ᠎ᠡ ᠵᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠨᠥᠬᠥᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠵᠠᠬᠢᠶᠠᠯᠠᠭ᠎ᠠ ᠵᠢᠨ ᠬᠠᠭᠤᠳᠠᠰᠤ᠂ ᠠᠵᠢᠯ᠎ᠤᠨ ᠪᠠᠶ᠋ᠢᠷᠢ ᠲᠣᠭᠲᠠᠭ᠋ᠠᠬᠤ᠂ ᠬᠠᠨᠳᠤᠯᠭ᠎ᠠ᠎ᠲᠠᠢ ᠪᠣᠯᠪᠠᠰᠤᠷᠠᠭᠤᠯᠤᠯ᠎ᠢ ᠥᠷᠨᠢᠭᠦᠯᠦᠨ᠎ᠡ᠃ 《ᠤᠷᠢᠬᠠᠨ ᠰᠠᠯᠬᠢ ᠵᠢᠨ ᠠᠵᠢᠯᠯᠠᠭ᠎ᠠ》᠂ 《ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ》 ᠵᠡᠷᠭᠡ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠵᠣᠬᠢᠶᠠᠨ ᠪᠠᠶ᠋ᠢᠭᠤᠯᠤᠯᠲᠠ᠎ᠲᠠᠢ᠎ᠪᠠᠷ ᠰᠢᠯᠵᠢᠵᠦ ᠠᠵᠢᠯ ᠤᠯᠬᠤ ᠵᠢ ᠠᠬᠢᠭᠤᠯᠤᠨ᠎ᠠ᠃ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠵᠦ᠂ ᠬᠥᠳᠡᠭᠡ ᠲᠣᠰᠬᠣᠨ᠎ᠤ ᠴᠡᠪᠡᠷᠯᠡᠭᠴᠢ᠂ ᠵᠠᠮ ᠠᠷᠠᠴᠢᠯᠠᠨ ᠬᠠᠮᠠᠭ᠋ᠠᠯᠠᠭᠴᠢ᠂ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠪᠠᠶ᠋ᠢᠭᠤᠯᠬᠤ ᠵᠢ ᠬᠠᠶ᠋ᠢᠨ ᠰᠦᠪᠡᠭᠴᠢᠯᠡᠵᠦ᠂ ᠮᠠᠯᠴᠢᠨ ᠲᠠᠷᠢᠶᠠᠴᠢᠨ᠎ᠤ ᠲᠤᠬᠠᠶ ᠵᠢᠨ ᠭᠠᠵᠠᠷ᠎ᠲᠤ᠎ᠪᠠᠨ ᠰᠢᠯᠵᠢᠵᠦ ᠠᠵᠢᠯ ᠤᠯᠬᠤ ᠵᠢ ᠳᠡᠮᠵᠢᠵᠦ᠂ ᠠᠩᠬ᠎ᠠ ᠤᠳᠠᠭ᠎ᠠ ᠠᠳᠠᠯ ᠦᠢ᠍ᠯᠡᠰ ᠴᠣᠭᠴᠠᠯᠠᠭᠰᠠᠨ ᠪᠥᠭᠡᠳ 1 ᠵᠢᠯ᠎ᠠᠴᠠ ᠳᠡᠭᠡᠭᠰᠢ ᠬᠡᠪ᠎ᠤᠨ ᠡᠵᠡᠩᠨᠡᠯᠲᠡ᠎ᠲᠠᠢ ᠨᠤᠲᠤᠭ᠎ᠲᠤ᠎ᠪᠠᠨ ᠪᠤᠴᠠᠵᠤ ᠠᠳᠠᠯ ᠦᠢ᠍ᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠨᠢᠭᠡ ᠤᠳᠠᠭ᠎ᠠ ᠵᠢᠨ ᠴᠢᠨᠠᠷᠲᠠᠶ ᠠᠳᠠᠯ ᠦᠢ᠍ᠯᠡᠰ ᠴᠣᠭᠴᠠᠯᠠᠬᠤ ᠨᠥᠬᠥᠪᠥᠷᠢ ᠵᠢᠨ ᠬᠡᠪᠴᠢᠶᠡᠨ᠎ᠳᠤ ᠣᠷᠣᠭᠤᠯᠤᠨ᠎ᠠ᠃ ᠭᠤᠷᠪᠠ᠎ᠳᠤ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠤᠯ ᠴᠣᠭᠴᠠ ᠵᠢ ᠶᠡᠬᠡᠪᠡᠷ ᠪᠣᠶ᠋ᠢᠵᠢᠭᠤᠯᠵᠤ᠂ ᠮᠠᠯᠴᠢᠨ ᠲᠠᠷᠢᠶᠠᠴᠢᠨ᠎ᠤ   ᠬᠤᠷᠰᠢᠶᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠪᠦᠬᠦᠯᠢ ᠰᠢᠶᠠᠨ ᠵᠶ᠋ᠠᠷ ᠲᠦᠯᠬᠢᠨ ᠠᠬᠢᠭᠤᠯᠬᠤ ᠲᠤᠷᠰᠢᠯᠲᠠ ᠵᠢᠨ ᠴᠡᠭ᠎ᠢ ᠥᠷᠨᠢᠭᠦᠯᠦᠨ᠂ ᠵᠢᠱ᠌ᠢᠶ᠎ᠡ ᠦᠵᠡᠭᠦᠯᠬᠦ   ᠬᠣᠷᠰᠢᠶᠠᠵᠢᠯ᠎ᠤᠨ ᠪᠠᠶ᠋ᠢᠭᠤᠯᠤᠯᠲᠠ ᠵᠢᠴᠢ ᠬᠣᠯᠪᠣᠭ᠋ᠠᠲᠤ ᠬᠣᠷᠰᠢᠶᠠᠵᠢᠯ᠎ᠢ ᠪᠤᠢ᠌ᠵᠢᠭᠤᠯᠬᠤ᠂ ᠲᠡᠳᠬᠦᠬᠦ ᠪᠠ ᠦᠢ᠍ᠯᠡᠴᠢᠯᠡᠬᠦ ᠠᠵᠢᠯ᠎ᠢ ᠰᠠᠶ᠋ᠢᠲᠤᠷ ᠬᠢᠵᠦ᠂ ᠵᠢᠱ᠌ᠢᠶ᠎ᠡ ᠦᠵᠡᠭᠦᠯᠬᠦ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠂ ᠣᠷᠣᠨ ᠪᠦᠰᠡ ᠵᠢᠨ ᠴᠢᠨᠠᠷᠲᠠᠶ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢᠨ ᠨᠡᠶ᠋ᠢᠭᠡᠮᠯᠢᠭ ᠪᠤᠶᠤ ᠬᠣᠯᠪᠣᠭ᠎ᠠ ᠵᠢ ᠰᠦᠪᠡᠭᠴᠢᠯᠡᠨ ᠪᠠᠢ᠌ᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠲᠦᠷᠭᠡᠳᠭᠡᠨ ᠪᠣᠶ᠋ᠢᠵᠢᠭᠤᠯᠵᠤ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠵᠢ ᠳᠠᠶ᠋ᠢᠴᠢᠯᠠᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ᠎ᠯᠦᠭᠡ ᠠᠭᠤᠰᠤᠯᠴᠠᠭᠤᠯᠤᠨ᠎ᠠ᠃ ᠠᠵᠤ ᠦᠢ᠍ᠯᠡᠰ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠣᠶ᠋ᠢᠯᠭ᠋ᠠᠨ ᠱᠠᠲᠤ ᠲᠥᠷᠥᠯ ᠬᠤᠪᠢᠶᠠᠨ ᠪᠣᠯᠪᠠᠰᠤᠷᠠᠭᠤᠯᠤᠯ ᠦᠷᠨᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠬᠥᠮᠦᠵᠢᠭᠦᠯᠬᠦ ᠠᠵᠢᠯ᠎ᠢ ᠭᠣᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠃
      ᠬᠥᠲᠥᠯᠥᠭᠴᠢ᠄ ᠬᠥᠳᠡᠭᠡ ᠲᠣᠰᠬᠣᠨ᠎ᠤ ᠵᠠᠰᠠᠯᠲᠠ ᠵᠢ ᠤᠳᠤᠬᠢᠴᠢᠯᠠᠬᠤ ᠪᠣᠯ ᠤᠯᠤᠰ᠎ᠤᠨ ᠵᠠᠰᠠᠯᠲᠠ ᠵᠢ ᠤᠳᠤᠬᠢᠴᠢᠯᠠᠬᠤ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠣᠯ᠎ᠤᠨ ᠣᠨᠴᠠᠯᠢᠭ᠎ᠲᠠᠢ ᠬᠥᠳᠡᠭᠡ ᠲᠣᠰᠬᠣᠨ᠎ᠢ ᠬᠦᠭᠵᠢᠭᠦᠯᠦᠨ ᠮᠠᠨᠳᠤᠭᠤᠯᠬᠤ ᠵᠢ ᠰᠦᠪᠡᠭᠴᠢᠯᠡᠬᠦ ᠵᠠᠮ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
      ᠬᠤᠤ ᠶᠢᠩ᠄ ᠬᠥᠳᠡᠭᠡ ᠲᠣᠰᠬᠣᠨ᠎ᠢ ᠵᠠᠰᠠᠪᠠᠯ᠂ ᠠᠷᠠᠳ ᠢᠷᠭᠡᠳ ᠠᠮᠤᠷᠵᠢᠵᠤ᠂ ᠤᠯᠤᠰ ᠣᠷᠣᠨ ᠲᠤᠭᠲᠠᠪᠤᠷᠢᠵᠢᠨ᠎ᠠ᠃ ᠬᠥᠳᠡᠭᠡ ᠲᠣᠰᠬᠣᠨ᠎ᠤ ᠵᠠᠰᠠᠯᠲᠠ ᠪᠦᠲᠦᠮᠵᠢᠲᠡᠢ ᠡᠰᠡᠬᠦ᠎ᠨᠢ ᠬᠥᠳᠡᠭᠡ ᠲᠣᠰᠬᠣᠨ᠎ᠤ ᠪᠦᠬᠦ ᠲᠠᠯ᠎ᠠ᠎ᠪᠠᠷ ᠬᠦᠭᠵᠢᠨ ᠮᠠᠨᠳᠤᠵᠤ ᠳᠡᠢ᠌ᠯᠬᠦ ᠡᠰᠡᠬᠦ᠂ ᠮᠠᠯᠴᠢᠨ ᠲᠠᠷᠢᠶᠠᠴᠢᠨ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠵᠤ ᠳᠡᠢ᠌ᠯᠬᠦ ᠡᠰᠡᠬᠦ᠎ᠲᠠᠢ ᠬᠣᠯᠪᠣᠭᠳᠠᠬᠤ᠎ᠪᠠᠷ ᠪᠠᠷᠠᠬᠤ ᠦᠭᠡᠢ᠂ ᠨᠡᠩ ᠴᠤ᠌ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠪᠡᠶᠡᠯᠡᠭᠦᠯᠵᠦ ᠳᠡᠢ᠌ᠯᠬᠦ ᠡᠰᠡᠬᠦ ᠵᠢᠨ ᠵᠠᠩᠭᠢᠯᠠᠭ᠎ᠠ ᠪᠣᠯᠤᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠬᠥᠳᠡᠭᠡ ᠲᠣᠰᠬᠣᠨ᠎ᠤ ᠵᠠᠰᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠤᠰᠤ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ ᠶᠡᠷᠦᠩᠬᠡᠢ ᠱᠦᠵᠢ ᠰᠢ ᠵᠢᠨ ᠫᠢᠩ᠎ᠠᠴᠠ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠤᠨ ᠰᠢᠨ᠎ᠡ ᠵᠢ ᠡᠭᠦᠳᠴᠦ᠂ ᠬᠦᠳᠡᠭᠡ ᠲᠣᠰᠬᠣᠨ᠎ᠢ ᠴᠢᠳᠠᠮᠠᠭ᠋ᠠᠢ᠎ᠪᠠᠷ ᠵᠠᠰᠠᠬᠤ ᠵᠠᠮ ᠵᠶ᠋ᠠᠷ ᠵᠠᠮᠨᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠨᠢ ᠠᠵᠢᠯ᠎ᠤᠨ ᠰᠢᠰᠲ᠋ᠧᠮᠵᠢ ᠵᠢ ᠪᠠᠶ᠋ᠢᠭᠤᠯᠬᠤ᠂ ᠵᠠᠰᠠᠯᠲᠠ ᠵᠢᠨ ᠠᠷᠭ᠎ᠠ ᠬᠡᠯᠪᠡᠷᠢ ᠵᠢ ᠰᠠᠶ᠋ᠢᠵᠢᠷᠠᠭᠤᠯᠬᠤ᠂ ᠵᠠᠰᠠᠯᠲᠠ ᠵᠢᠨ ᠠᠷᠭ᠎ᠠ ᠪᠠᠷᠢᠯ᠎ᠢ ᠴᠢᠩᠭ᠋ᠠᠳᠬᠠᠬᠤ ᠵᠡᠷᠭᠡ ᠲᠠᠯ᠎ᠠ᠎ᠪᠠᠷ ᠲᠤᠰᠬᠠᠢ ᠪᠠᠶ᠋ᠢᠷᠢᠯᠠᠭᠤᠯᠤᠯᠲᠠ ᠬᠢᠪᠡ᠃ ᠨᠢᠭᠡ᠎ᠳᠤ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠲᠦᠷᠢᠮ》᠎ᠤᠨ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠢᠯᠠᠩᠭᠤᠶ᠎ᠠ ᠬᠣᠰᠢᠭᠤ ᠰᠢᠶᠠᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠨᠠᠮ᠎ᠤᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠪᠥᠬᠥ ᠲᠠᠯ᠎ᠠ ᠵᠢᠨ ᠤᠳᠤᠷᠢᠳᠤᠯᠭ᠎ᠠ ᠵᠢ ᠦᠨᠠᠨ ᠬᠦ᠌ ᠴᠢᠩᠭ᠋ᠠᠳᠬᠠᠪᠠ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤ ᠵᠢ ᠴᠠᠭᠳᠠᠨ ᠪᠠᠶ᠋ᠢᠴᠠᠭ᠋ᠠᠬᠤ ᠠᠵᠢᠯ᠎ᠤᠨ ᠡᠷᠴᠢᠮ ᠵᠶ᠋ᠠᠨ ᠨᠡᠮᠡᠭᠳᠡᠭᠦᠯᠵᠦ᠂ ᠪᠠᠭᠤᠷᠠᠶ ᠰᠤᠯᠠ ᠵᠠᠳᠠᠭ᠋ᠠᠶ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠦᠷᠭᠦᠯᠵᠢᠯᠡᠨ ᠴᠡᠭᠴᠡᠯᠡᠨ᠎ᠡ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠵᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ᠂ ᠪᠠᠭᠤᠷᠠᠶ ᠰᠤᠯᠠ ᠵᠠᠳᠠᠭ᠋ᠠᠶ ᠭᠠᠴᠠᠭ᠎ᠠ ᠲᠣᠰᠬᠣᠨ᠂ ᠬᠠᠮᠲᠤ ᠵᠢᠨ ᠠᠵᠤ ᠠᠬᠤᠶ ᠪᠠᠭᠤᠷᠠᠶ ᠭᠠᠴᠠᠭ᠎ᠠ ᠲᠣᠰᠬᠣᠨ᠎ᠳᠤ ᠨᠢᠭᠡᠳᠦᠭᠡᠷ ᠱᠦᠵᠢ ᠲᠣᠮᠢᠯᠠᠨ ᠰᠠᠭᠤᠯᠭ᠋ᠠᠵᠤ᠂ ᠲᠣᠰᠬᠣᠨ᠎ᠤ ᠱᠠᠲᠤᠨ᠎ᠤ ᠡᠯ᠎ᠡ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠡᠯ᠎ᠡ ᠵᠦᠢ᠍ᠯ᠎ᠤᠨ ᠠᠵᠢᠯ᠎ᠤᠨ ᠨᠢᠭᠡᠳᠦᠯᠲᠡᠶ ᠣᠳᠣᠷᠢᠳᠣᠯᠭ᠎ᠠ ᠵᠢ ᠦᠨᠡᠨ ᠬᠦ᠌ ᠴᠢᠩᠭ᠋ᠠᠳᠬᠠᠨ᠎ᠠ᠃ ᠬᠣᠶᠠᠷ᠎ᠲᠤ ᠬᠥᠳᠡᠭᠡ ᠲᠣᠰᠬᠣᠨ᠎ᠤ ᠵᠠᠰᠠᠯᠲᠠ ᠵᠢᠨ ᠠᠵᠢᠯ᠎ᠤᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠵᠠᠰᠠᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠣᠰᠢᠭᠤ ᠰᠢᠶᠠᠨ᠎ᠤ ᠱᠠᠲᠤᠨ᠎ᠤ ᠤᠳᠤᠷᠢᠳᠬᠤ ᠺᠠᠳ᠋ᠷ᠂ ᠬᠣᠰᠢᠭᠤ ᠰᠢᠶᠠᠨ᠎ᠤ ᠰᠠᠯᠠᠭ᠎ᠠ ᠮᠥᠴᠢᠷ᠎ᠤᠨ ᠭᠣᠤᠯ ᠬᠠᠷᠢᠭᠤᠴᠠᠯᠭ᠋ᠠᠲᠠᠨ ᠭᠠᠴᠠᠭ᠎ᠠ ᠲᠣᠰᠬᠣᠨ᠎ᠢ ᠳᠠᠭ᠋ᠠᠭ᠋ᠠᠴᠢᠯᠠᠨ ᠬᠣᠯᠪᠣᠬᠤ ᠳᠦᠷᠢᠮ ᠪᠣᠯᠤᠨ ᠰᠤᠮᠤ ᠰᠢᠶᠠᠩ ᠪᠠᠯᠭ᠋ᠠᠰᠤ ᠵᠢᠨ ᠣᠳᠣᠷᠢᠳᠬᠤ ᠺᠠᠳ᠋ᠷ ᠲᠣᠰᠬᠣᠨ᠎ᠢ ᠳᠠᠭ᠋ᠠᠭ᠋ᠠᠴᠢᠯᠠᠨ ᠡᠷᠦᠬᠡ᠎ᠲᠠᠢ ᠬᠤᠯᠪᠤᠬᠤ ᠳᠦᠷᠢᠮ᠎ᠢ ᠪᠠᠶ᠋ᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ ᠪᠣᠯᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ ᠵᠡᠷᠭᠡ ᠲᠠᠯ᠎ᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠨ᠎ᠡ᠃ ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢᠨ ᠲᠤᠷᠰᠢᠯᠲᠠ ᠵᠢᠨ ᠴᠡᠭ ᠵᠶ᠋ᠡᠷ ᠵᠢᠱ᠌ᠢᠶ᠎ᠡ ᠦᠵᠡᠭᠦᠯᠬᠦ ᠪᠠᠢ᠌ᠭᠤᠯᠤᠯᠲᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠬᠥᠳᠡᠭᠡ ᠲᠣᠰᠬᠣᠨ᠎ᠤ ᠵᠠᠰᠠᠯᠲᠠ ᠵᠢᠨ ᠵᠠᠭᠪᠤᠷ᠎ᠢ ᠰᠦᠪᠡᠭᠴᠢᠯᠡᠨ᠎ᠡ᠃ ᠭᠤᠷᠪᠠ᠎ᠳᠤ ᠬᠥᠳᠡᠭᠡ ᠲᠣᠰᠬᠣᠨ᠎ᠤ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠦᠨ᠎ᠡ᠃ 《ᠹᠧᠩ ᠴᠢᠶᠣᠤ ᠵᠢᠨ ᠲᠤᠷᠰᠢᠯᠭ᠎ᠠ》 ᠵᠢ ᠤᠷᠤᠨ ᠨᠤᠲᠤᠭᠴᠢᠯᠠᠬᠤ ᠪᠦᠲᠦᠮᠵᠢᠲᠡᠶ ᠬᠡᠯᠪᠡᠷᠢ ᠵᠢ ᠬᠠᠶ᠋ᠢᠨ ᠰᠦᠪᠡᠭᠴᠢᠯᠡᠵᠦ᠂ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ ᠵᠢᠨ 《ᠭᠤᠷᠪᠠᠨ ᠡᠶᠡᠳᠡᠭᠦᠯᠦᠭᠡ ᠬᠣᠯᠪᠣᠭ᠋ᠠᠯᠠᠨ ᠬᠥᠳᠡᠯᠦᠯᠴᠡᠬᠦ》 ᠠᠵᠢᠯ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠪᠠᠭ᠎ᠠ ᠶᠠᠪᠤᠳᠠᠯ᠎ᠢ ᠲᠣᠰᠬᠣᠨ᠎ᠠᠴᠠ ᠭᠠᠷᠭ᠋ᠠᠬᠤ ᠦᠭᠡᠢ᠂ ᠶᠡᠬᠡ ᠶᠠᠪᠤᠳᠠᠯ᠎ᠢ ᠰᠢᠶᠠᠩ᠎ᠠᠴᠠ ᠭᠠᠷᠭ᠋ᠠᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ ᠪᠠᠶ᠋ᠢᠬᠤ ᠵᠢ ᠪᠡᠶᠡᠯᠡᠭᠦᠯᠦᠨ᠎ᠡ᠃ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠪᠠᠨ ᠢᠯᠡᠳᠬᠡᠬᠦ᠂ ᠠᠰᠢᠭ ᠲᠤᠰᠠ᠎ᠪᠠᠨ ᠵᠣᠬᠢᠴᠠᠭᠤᠯᠬᠤ ᠪᠠ ᠡᠷᠬᠡ ᠠᠰᠢᠭ ᠵᠶ᠋ᠠᠨ ᠪᠠᠲᠤᠯᠠᠬᠤ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠴᠤᠬᠤᠶ᠋ᠢᠯᠲᠠ ᠵᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠣᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠨ᠂ ᠭᠠᠵᠠᠷ ᠰᠢᠷᠣᠶ ᠳᠠᠭ᠋ᠠᠭ᠋ᠠᠴᠢᠯᠠᠬᠤ᠂ ᠭᠠᠵᠠᠷ ᠰᠢᠷᠣᠶ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠂ ᠣᠷᠴᠢᠨ ᠲᠣᠭᠣᠷᠢᠨ᠎ᠤ ᠪᠤᠬᠢᠷᠳᠤᠯ ᠵᠡᠷᠭᠡ ᠲᠠᠯ᠎ᠠ ᠵᠢᠨ ᠵᠥᠷᠢᠴᠡᠯ᠎ᠢ ᠲᠣᠬᠢᠲᠠᠶ ᠰᠢᠢ᠍ᠳᠪᠦᠷᠢᠯᠡᠵᠦ᠂ ᠮᠠᠯᠴᠢᠨ ᠲᠠᠷᠢᠶᠠᠴᠢᠳ᠎ᠤᠨ ᠠᠰᠢᠭ ᠲᠤᠰᠠ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠦᠷᠭᠦᠯᠵᠢᠯᠡᠨ ᠴᠡᠭᠴᠡᠯᠡᠨ ᠵᠠᠰᠠᠨ᠎ᠠ᠃ ᠳᠥᠷᠪᠡ᠎ᠳᠤ ᠠᠮᠤᠷ ᠠᠮᠤᠭᠤᠯᠠᠩ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠭᠦᠨᠵᠡᠭᠡᠶ᠋ᠢᠷᠡᠭᠦᠯᠦᠨ ᠠᠬᠢᠭᠤᠯᠬᠤ ᠵᠢ ᠲᠦᠯᠬᠢᠨ ᠠᠬᠢᠭᠤᠯᠵᠤ᠂ 《ᠲᠣᠰᠬᠣᠨ᠎ᠤ ᠡᠵᠡᠷᠬᠡᠭᠴᠢ》 ᠵᠢ ᠰᠡᠷᠭᠡᠶ᠋ᠢᠯᠡᠬᠦ ᠪᠠ ᠴᠡᠭᠴᠡᠯᠡᠨ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠡᠵᠡᠩᠨᠡᠯᠲᠡ᠂ ᠠᠮᠢᠲᠠᠨ᠎ᠤ ᠨᠢᠲᠤᠯᠠᠯᠲᠠ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠵᠡᠷᠭᠡ ᠠᠵᠢᠯ ᠲᠥᠷᠥᠯ᠎ᠤᠨ ᠬᠦᠷᠢᠶ᠎ᠡ ᠬᠡᠪᠴᠢᠶ᠎ᠡ᠎ᠪᠠᠷ ᠭᠣᠤᠯᠳᠠᠯᠭ᠎ᠠ ᠪᠣᠯᠭ᠋ᠠᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠶᠡᠬᠡᠪᠡᠷ ᠴᠡᠭᠴᠡᠯᠡᠵᠦ᠂ ᠮᠠᠯᠵᠢᠬᠤ ᠲᠠᠷᠢᠶᠠᠯᠠᠬᠤ   ᠣᠷᠣᠨ᠎ᠤ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠭᠡᠮ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠨ᠎ᠠ᠃
      ᠬᠥᠲᠥᠯᠥᠭᠴᠢ᠄ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠳᠤᠲᠠᠭᠤᠳᠠᠯ᠎ᠢ ᠨᠥᠬᠥᠪᠥᠷᠢᠯᠡᠬᠦ 《ᠬᠥᠮᠦᠨ ᠭᠠᠵᠠᠷ ᠵᠣᠭᠣᠰ》᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠬᠢᠯᠠᠰ ᠴᠡᠭ ᠪᠠᠶ᠋ᠢᠬᠤ ᠪᠣᠶ?
      ᠬᠤᠤ ᠶᠢᠩ᠄ ᠠᠷᠣᠭ ᠰᠠᠭᠰᠤ ᠭᠦᠷᠦᠬᠦ ᠵᠢᠨ ᠵᠠᠩᠭᠢᠯᠠᠭ᠎ᠠ᠎ᠨᠢ ᠬᠦᠪᠡᠭᠡ ᠵᠢ᠎ᠨᠢ ᠬᠤᠮᠢᠬᠤ᠎ᠳᠤ ᠪᠤᠢ᠃ ᠡᠨᠡ ᠵᠢᠯ ᠪᠣᠯ ᠰᠢᠢ᠍ᠳᠪᠦᠷᠢᠲᠦ ᠢᠯᠠᠯᠲᠠ ᠤᠯᠬᠤ᠎ᠤᠨ ᠰᠡᠭᠦᠯ ᠬᠤᠷᠢᠶᠠᠬᠤ ᠬᠠᠮᠤᠭ ᠡᠴᠦᠰ᠎ᠤᠨ ᠪᠣᠭᠣᠮᠲᠠ ᠪᠣᠯᠣᠨ᠎ᠠ᠂ ᠴᠢᠨᠡᠭᠡᠯᠢᠭ ᠨᠡᠢ᠌ᠭᠡᠮ᠎ᠢ ᠪᠥᠬᠥ ᠲᠠᠯ᠎ᠠ᠎ᠪᠠᠷ ᠪᠠᠶ᠋ᠢᠭᠤᠯᠤᠨ ᠪᠦᠲᠦᠭᠡᠬᠦ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠬᠦᠷᠢᠶᠡᠨ᠎ᠳᠠᠬᠢ ᠳᠤᠲᠠᠭᠤᠳᠠᠯ᠎ᠢ ᠨᠥᠬᠥᠪᠥᠷᠢᠯᠡᠬᠦ᠎ᠳᠤ ᠦᠨᠡᠨ ᠬᠦ᠌ ᠵᠢᠩᠬᠢᠨᠢ ᠦᠨ᠎ᠡ ᠴᠡᠨ᠎ᠡ᠎ᠲᠠᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠬᠦᠴᠦᠨ ᠵᠦᠢ᠍ᠯ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠥᠬᠡᠶ ᠶᠤᠮ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠨᠠᠮ᠎ᠤᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠤᠨ ᠤᠳᠤᠷᠢᠳᠤᠯᠭ᠎ᠠ ᠵᠢ ᠳᠣᠪᠣᠶ᠋ᠢᠯᠭ᠋ᠠᠨ ᠴᠢᠩᠭ᠋ᠠᠳᠬᠠᠬᠤ ᠵᠢᠨ ᠬᠠᠮᠲᠤ᠂ 《ᠬᠥᠮᠦᠨ ᠭᠠᠵᠠᠷ ᠵᠣᠭᠣᠰ》 ᠵᠡᠷᠭᠡ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠪᠠᠰᠠ ᠦᠨ᠎ᠡ ᠴᠠᠨ᠎ᠠ᠎ᠲᠠᠢ ᠲᠥᠷᠥ ᠵᠢᠨ ᠪᠣᠳᠣᠯᠭ᠎ᠠ ᠨᠡᠶ᠋ᠢᠲᠡᠯᠡᠪᠡ᠃ ᠨᠢᠭᠡ᠎ᠳᠤ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠪᠡᠯᠡ ᠮᠥᠩᠭᠥ ᠵᠢᠨ ᠣᠷᠣᠭᠤᠯᠤᠯᠲᠠ ᠵᠢ ᠡᠩ ᠲᠡᠷᠢᠭᠦᠨ᠎ᠳᠤ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠲᠡᠰᠢ ᠦᠷᠭᠦᠯᠵᠢᠯᠡᠨ ᠬᠡᠯᠪᠡᠶ᠋ᠢᠯᠭᠡᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ ᠵᠶ᠋ᠠᠨ ᠨᠡᠮᠡᠭᠳᠡᠭᠦᠯᠵᠦ᠂ ᠮᠥᠩᠭᠥᠨ   ᠭᠦᠢ᠍ᠯᠭᠡᠭᠡᠨ᠎ᠤ ᠰᠢᠯᠵᠢᠮᠡᠯ ᠲᠤᠭ᠋ᠠᠴᠠᠭ᠎ᠠ ᠬᠢᠬᠦ ᠵᠡᠷᠭᠡ ᠠᠷᠠᠳ᠎ᠲᠤ ᠳᠥᠭᠥᠮ ᠦᠵᠡᠭᠦᠯᠬᠦ ᠢᠨᠵᠧᠨᠧᠷᠢᠩ᠎ᠢ ᠭᠦᠨᠵᠡᠭᠡᠶ᠋ᠢᠷᠡᠭᠦᠯᠦᠨ ᠬᠥᠭᠵᠢᠭᠦᠯᠬᠦ ᠵᠢ ᠲᠦᠯᠬᠢᠨ ᠠᠬᠢᠭᠤᠯᠤᠨ᠎ᠠ᠃ ᠬᠣᠶᠠᠷ᠎ᠲᠤ ᠬᠥᠳᠡᠭᠡ ᠲᠣᠰᠬᠣᠨ᠎ᠢ ᠬᠦᠭᠵᠢᠭᠦᠯᠬᠦ᠎ᠳᠤ ᠬᠡᠷᠡᠭᠯᠡᠬᠦ ᠭᠠᠵᠠᠷ᠎ᠤᠨ ᠬᠦᠴᠢᠷ ᠠᠰᠠᠭᠤᠳᠠᠯ᠎ᠢ   ᠰᠢᠢ᠍ᠳᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠵᠢᠨ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠲᠠᠷᠢᠶᠠᠯᠠᠩ ᠮᠠᠯ ᠠᠵᠤ ᠠᠬᠤᠶ ᠵᠢᠨ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠤᠨ ᠨᠡᠷ᠎ᠡ᠎ᠪᠠᠷ ᠲᠠᠷᠢᠶᠠᠯᠠᠩ ᠮᠠᠯ ᠠᠵᠤ ᠠᠬᠤᠶ ᠵᠢᠨ ᠪᠤᠰᠤ ᠪᠥᠲᠥᠭᠡᠨ ᠪᠠᠶ᠋ᠢᠭᠤᠯᠤᠯᠲᠠ ᠬᠢᠬᠦ ᠵᠢ ᠡᠷᠡᠰ ᠬᠤᠷᠢᠭᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ᠂ ᠮᠠᠯᠵᠢᠬᠤ ᠲᠠᠷᠢᠶᠠᠯᠠᠬᠤ ᠣᠷᠣᠨ᠎ᠢ ᠬᠦᠭᠵᠢᠭᠦᠯᠬᠦ᠎ᠳᠤ ᠬᠡᠷᠡᠭᠯᠡᠬᠦ ᠭᠠᠵᠠᠷ ᠰᠢᠷᠣᠶ ᠵᠢ ᠪᠠᠲᠤᠯᠠᠬᠤ ᠶᠣᠰᠣᠲᠠᠶ ᠵᠢ᠎ᠨᠢ ᠴᠥᠮ ᠪᠠᠲᠤᠯᠠᠨ᠎ᠠ᠃ ᠭᠤᠷᠪᠠ᠎ᠳᠤ ᠴᠢᠳᠠᠪᠤᠷᠢᠲᠠᠨ᠎ᠤ ᠬᠥᠳᠡᠭᠡ ᠪᠠᠭᠤᠬᠤ ᠵᠢ ᠲᠦᠯᠬᠢᠨ ᠠᠬᠢᠭᠤᠯᠵᠤ᠂ ᠡᠯ᠎ᠡ ᠲᠥᠷᠥᠯ᠎ᠤᠨ ᠴᠢᠳᠠᠪᠤᠷᠢᠲᠠᠨ᠎ᠤ ᠬᠥᠳᠡᠭᠡ ᠪᠠᠭᠤᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠪᠠᠴᠢᠮ ᠱᠠᠭ᠋ᠠᠷᠳᠠᠭᠳᠠᠵᠤ ᠪᠠᠶ᠋ᠢᠭ᠎ᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠨᠤᠭᠤᠳ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ᠎ᠨᠢ ᠵᠣᠷᠢᠭᠵᠢᠭᠤᠯᠵᠤ᠂ ᠬᠣᠲᠠ ᠵᠢᠨ ᠠᠷᠠᠳ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠰᠢᠨᠵᠢᠯᠡᠭᠡ ᠮᠡᠷᠭᠡᠵᠢᠯ᠎ᠤᠨ ᠠᠵᠢᠯᠲᠠᠨ᠂ ᠴᠡᠷᠢᠭ᠎ᠠᠴᠠ ᠬᠠᠯᠠᠭᠳᠠᠭᠰᠠᠳ᠂ ᠠᠵᠤ ᠠᠬᠤᠶ᠋ᠢᠯᠠᠯᠲᠠᠨ ᠵᠡᠷᠭᠡ ᠵᠢᠨ ᠮᠠᠯᠵᠢᠬᠤ ᠲᠠᠷᠢᠶᠠᠯᠠᠬᠤ ᠣᠷᠣᠨ᠎ᠳᠤ ᠠᠵᠢᠯ ᠬᠢᠵᠦ ᠠᠳᠠᠯ   ᠦᠢ᠍ᠯᠡᠰ ᠴᠣᠭᠴᠠᠯᠠᠬᠤ ᠵᠢ ᠳᠡᠮᠵᠢᠨ᠎ᠡ᠃ ᠳᠥᠷᠪᠡ᠎ᠳᠤ ᠰᠢᠨᠵᠢᠯᠡᠭᠡ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠲᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ ᠵᠢᠨ ᠪᠥᠬᠥ ᠶᠠᠪᠤᠴᠠ ᠵᠢᠨ ᠮᠠᠰᠢᠨᠴᠢᠯᠠᠯᠲᠠ᠂ ᠲᠠᠷᠢᠮᠠᠯ᠎ᠤᠨ ᠵᠦᠢ᠍ᠯ᠎ᠤᠨ ᠡᠪᠡᠳᠴᠢᠨ ᠬᠣᠷᠣᠬᠠᠶ ᠵᠢᠨ ᠬᠥᠨᠥᠭᠡᠯ ᠪᠠ ᠠᠮᠢᠲᠠᠨ᠎ᠤ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠡᠷᠭᠡ ᠲᠠᠯ᠎ᠠ᠎ᠪᠠᠷ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ ᠵᠶ᠋ᠠᠷ ᠪᠣᠭᠣᠮᠲᠠ ᠰᠢᠪᠲᠤᠯᠬᠤ ᠵᠢ ᠦᠷᠨᠢᠭᠦᠯᠦᠨ᠎ᠡ᠃ ᠲᠠᠪᠤ᠎ᠳᠤ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠨ 30 ᠵᠢᠯ ᠤᠷᠲᠤᠳᠬᠠᠬᠤ ᠵᠢ ᠤᠷᠢᠳᠠᠪᠡᠷ ᠲᠤᠷᠰᠢᠬᠤ ᠠᠵᠢᠯ᠎ᠢ ᠰᠠᠶ᠋ᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠦᠮᠴᠢᠯᠡᠯ᠎ᠤᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠡᠳ᠋ ᠬᠥᠷᠥᠩᠭᠡ ᠵᠢᠨ ᠬᠤᠪᠢ ᠣᠷᠣᠭᠤᠯᠤᠨ ᠬᠤᠷᠰᠢᠬᠤ ᠲᠦᠷᠢᠮ᠎ᠤᠨ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠵᠦ᠂ ᠭᠠᠵᠠᠷ ᠰᠢᠷᠣᠶ ᠵᠢᠨ ᠡᠵᠡᠩᠨᠡᠯᠲᠡ ᠵᠢᠨ ᠡᠷᠬᠡ᠎ᠪᠠᠷ ᠵᠶ᠋ᠠᠨ ᠲᠠᠷᠢᠶᠠᠯᠠᠩ ᠮᠠᠯ ᠠᠵᠤ ᠠᠬᠤᠶ ᠵᠢᠨ ᠠᠵᠤ   ᠦᠢ᠍ᠯᠡᠰᠵᠢᠭᠰᠡᠨ ᠡᠵᠡᠩᠨᠡᠯᠲᠡ᠎ᠳᠤ ᠬᠤᠪᠢ ᠤᠷᠤᠭᠤᠯᠬᠤ ᠵᠢ ᠲᠤᠷᠰᠢᠯᠲᠠ ᠵᠢᠨ ᠴᠡᠭ᠎ᠢ ᠲᠦᠯᠬᠢᠨ ᠠᠬᠢᠭᠤᠯᠵᠤ᠂ ᠬᠥᠲᠥᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠳ᠎ᠤᠨ ᠨᠢᠭᠲᠠ ᠬᠡᠯᠪᠡᠷᠢ ᠵᠢᠨ ᠠᠰᠢᠭ ᠲᠤᠰᠠ ᠵᠢᠨ ᠬᠣᠯᠪᠣᠭ᠎ᠠ ᠵᠢᠨ ᠬᠠᠷᠢᠴᠠᠯ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃
      ᠬᠥᠲᠥᠯᠥᠭᠴᠢ᠄ ᠬᠤᠤ ᠲᠢᠩᠬᠢᠮ᠎ᠤᠨ ᠳᠠᠷᠤᠭ᠎ᠠ᠎ᠳᠤ ᠲᠠᠯᠠᠷᠬᠠᠯ᠎ᠠ! ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠲᠤᠬᠠᠶ ᠠᠰᠠᠭᠤᠳᠠᠯ ᠪᠠᠰᠠ ᠮᠠᠰᠢ ᠤᠯᠠᠨ ᠪᠠᠶ᠋ᠢᠨ᠎ᠠ᠂ ᠭᠡᠪᠡᠴᠦ ᠴᠠᠭ᠎ᠤᠨ   ᠬᠠᠷᠠᠭ᠎ᠠ᠎ᠠᠴᠠ ᠪᠤᠯᠵᠤ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠠᠨᠳᠠ ᠨᠠᠷ᠎ᠲᠠᠢ᠎ᠪᠠᠨ ᠬᠠᠮᠲᠤ ᠰᠤᠳᠤᠯᠤᠨ ᠶᠠᠷᠢᠯᠴᠠᠬᠤ ᠵᠢ ᠬᠦᠰᠡᠵᠦ ᠪᠠᠢ᠌ᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠲᠣᠰ ᠤᠳᠠᠭ᠎ᠠ ᠵᠢᠨ ᠫᠷᠤᠭ᠌ᠷᠠᠮ᠎ᠢ ᠬᠦᠯᠢᠶᠡᠨ ᠠᠪᠴᠤ ᠦᠵᠡᠭᠰᠡᠨ᠎ᠳᠤ   ᠲᠠᠯᠠᠷᠬᠠᠵᠤ ᠪᠠᠢ᠌ᠨ᠎ᠠ! ᠪᠠᠶᠠᠷᠲᠠᠶ!
      ᠬᠤᠤ ᠶᠢᠩ᠄ ᠪᠠᠶᠠᠷᠲᠠᠢ!

ᠢᠷᠡᠯᠲᠡ᠄ ᠦᠪᠦᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            