4 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠬᠠᠢ ᠵᠤᠷᠰᠢᠯᠲᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠣᠷᠠᠯᠳᠣᠭᠣᠯᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠣᠨ ᠮᠠᠯᠵᠢᠬᠤ ᠤᠷᠤᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠰᠣᠨᠢᠨ ᠮᠡᠳᠡᠭᠡᠨ᠎ᠤ ᠥᠭᠦᠯᠡᠭᠴᠢ ᠸᠠᠩ ᠢᠦᠢ ᠹᠧᠩ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠢ ᠵᠢᠨ ᠭᠠᠵᠠᠷ᠎ᠤᠨ ᠳᠠᠷᠤᠭ᠎ᠠ ᠸᠠᠩ ᠭᠦᠸᠧ ᠹᠧᠩ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠡᠷᠡᠭᠯᠡᠭᠡᠨ᠎ᠤ ᠡᠳ᠋᠎ᠤᠨ ᠠᠵᠤ ᠦᠢ᠍ᠯᠡᠳᠪᠦᠷᠢ ᠵᠢᠨ ᠭᠠᠵᠠᠷ᠎ᠤᠨ ᠳᠠᠷᠤᠭ᠎ᠠ ᠶᠠᠩ ᠰᠢᠶᠣᠣ ᠲᠢᠶᠠᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠢ ᠵᠢᠨ ᠭᠠᠵᠠᠷ᠎ᠤᠨ ᠳᠠᠷᠤᠭ᠎ᠠ ᠭᠤᠸᠠᠨ ᠢ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ᠎ᠤᠨ ᠳᠡᠳ᠋ ᠳᠠᠷᠤᠭ᠎ᠠ ᠶᠠᠩ ᠱᠧᠩ ᠶᠤᠸᠠᠢ ᠰᠤᠨᠢᠨ ᠮᠡᠳᠡᠭᠡ ᠨᠡᠢ᠌ᠳᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠬᠣᠯᠪᠣᠭᠳᠠᠯ ᠪᠦᠬᠦᠢ ᠠᠰᠠᠭᠤᠯᠲᠠ ᠵᠢ ᠬᠠᠷᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ
ᠬᠦᠭᠵᠢᠨ ᠮᠠᠨᠳᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠬᠠᠢ
ᠵᠤᠷᠰᠢᠯᠲᠤ ᠰᠤᠨᠢᠨ ᠮᠡᠳᠡᠭᠡ ᠨᠡᠢ᠌ᠳᠡᠯᠡᠬᠦ ᠬᠤᠷᠠᠯ ᠳᠡᠭᠡᠷ᠎ᠡ ᠨᠡᠢ᠌ᠲᠡᠯᠡᠭᠰᠡᠨ ᠦᠭᠡ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ
ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ
ᠲᠣᠭᠣᠷᠢᠨ ᠪᠠᠢ᠌ᠴᠠᠭ᠋ᠠᠭᠴᠢ᠂ ᠰᠣᠨᠢᠨ ᠮᠡᠳᠡᠭᠡᠨ᠎ᠤ ᠥᠭᠦᠯᠡᠭᠴᠢ ᠸᠠᠩ ᠢᠦᠢ ᠹᠧᠩ
2022 ᠣᠨ᠎ᠤ 4 ᠰᠠᠷ᠎ᠠ ᠵᠢᠨ 22᠎ᠤᠨ ᠡᠳᠦᠷ
ᠰᠦ ᠰᠠᠭ᠋ᠠᠯᠢ ᠵᠢᠨ ᠦᠢ᠍ᠯᠡᠰ ᠵᠢᠨ ᠬᠦᠭᠵᠢᠨ ᠮᠠᠨᠳᠣᠯᠲᠠ ᠵᠢ ᠠᠬᠢᠭᠤᠯᠬᠤ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠠᠷᠭ᠋ᠠᠭᠰᠠᠨ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ ᠵᠢᠨ ᠬᠦᠭᠵᠢᠨ ᠮᠠᠨᠳᠣᠯᠲᠠ ᠵᠢ ᠠᠬᠢᠭᠤᠯᠬᠤ ᠵᠢᠨ ᠲᠤᠰᠠᠳᠠ ᠂ ᠡᠨᠡ ᠵᠢᠯ᠎ᠤᠨ 3 ᠰᠠᠷ᠎ᠠ ᠵᠢᠨ ᠡᠬᠢ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ ᠵᠢᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭ᠋ᠠᠪᠠ᠂ ᠡᠨᠡ ᠪᠣᠯ ᠮᠠᠨ᠎ᠤ ᠣᠷᠣᠨ᠎ᠤ ᠰᠦ ᠰᠠᠭ᠋ᠠᠯᠢ ᠵᠢᠨ ᠦᠢ᠍ᠯᠡᠰ ᠵᠢᠨ ᠬᠦᠭᠵᠢᠨ ᠮᠠᠨᠳᠣᠯᠲᠠ ᠵᠢ ᠠᠬᠢᠭᠤᠯᠬᠤ ᠪᠠᠰᠠ ᠨᠢᠭᠡ ᠵᠦᠢ᠍ᠯ᠎ᠤᠨ ᠬᠦᠨᠳᠦᠴᠡ ᠲᠠᠢ ᠲᠦᠷᠦ ᠵᠢᠨ ᠪᠣᠳᠣᠯᠭ᠎ᠠ ᠪᠣᠯᠣᠨ᠎ᠠ᠃
ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠨᠡᠢ᠌ᠲᠡᠯᠡᠭᠰᠡᠨ᠎ᠤ ᠴᠢᠬᠤᠯᠠ ᠠᠴᠢ ᠬᠣᠯᠪᠣᠭᠳᠠᠯ
( ᠨᠢᠭᠡ ) ᠶᠡᠷᠦᠩᠬᠡᠢ ᠱᠦᠵᠢ ᠰᠢ ᠵᠢᠨ ᠫᠢᠩ᠎ᠤᠨ 《 ᠲᠣᠮᠣ ᠢᠳᠡᠭᠡᠨ᠎ᠤ ᠦᠵᠡᠯᠲᠡ ᠵᠢ ᠪᠤᠢ ᠪᠣᠯᠭ᠋ᠠᠬᠤ 》 ᠴᠢᠬᠤᠯᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ ᠶᠡᠷᠦᠩᠬᠡᠢ ᠱᠦᠵᠢ ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠲᠠᠷᠢᠶᠠᠯᠠᠩ᠎ᠤᠨ ᠡᠲᠡᠭᠡᠳ᠂ ᠨᠡᠢ᠌ᠭᠡᠮ᠎ᠤᠨ ᠠᠰᠠᠷᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠡᠲᠡᠭᠡᠳ᠎ᠤᠨ ᠭᠡᠰᠢᠭᠦᠳ᠎ᠤᠨ ᠬᠠᠮᠲᠤᠷᠠᠭᠰᠠᠨ ᠳᠤᠭᠤᠢ᠌ᠯᠠᠩ᠎ᠤᠨ ᠬᠤᠷᠠᠯ᠎ᠳᠤ ᠣᠷᠤᠯᠴᠠᠬᠤ᠎ᠳᠤ᠎ᠪᠠᠨ ᠴᠢᠬᠤᠯᠠᠴᠢᠯᠠᠭᠰᠠᠨ᠎ᠨᠢ᠂ 《 ᠲᠣᠮᠣ ᠢᠳᠡᠭᠡᠨ᠎ᠤ ᠦᠵᠡᠯᠲᠡ ᠵᠢ ᠪᠤᠢ ᠪᠣᠯᠭ᠋ᠠᠵᠤ ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ᠎ᠠᠴᠠ ᠡᠭᠦᠰᠴᠦ ᠂ ᠠᠷᠠᠳ ᠤᠯᠠᠨ᠎ᠤ ᠢᠳᠡᠭᠡᠨ᠎ᠤ ᠪᠦᠲᠦᠴᠡ ᠵᠢᠨ ᠬᠤᠪᠢᠷᠠᠯᠲᠠ ᠵᠢᠨ ᠬᠠᠨᠳᠤᠰᠢ ᠵᠢ ᠡᠵᠡᠮᠳᠡᠵᠦ ᠂ ᠠᠮᠤ ᠪᠤᠳᠠᠭ᠋ᠠᠨ᠎ᠤ ᠬᠠᠩᠭ᠋ᠠᠯᠭ᠎ᠠ ᠵᠢ ᠪᠠᠲᠤᠯᠠᠬᠤ ᠵᠢᠨ ᠬᠠᠮᠲᠤ ᠂ ᠮᠢᠬᠠᠨ᠎ᠤ ᠵᠦᠢ᠍ᠯ ᠂ ᠢᠳᠡᠰᠢᠨ ᠨᠣᠭᠣᠭ᠎ᠠ ᠂ ᠵᠢᠮᠢᠰ ᠂ ᠤᠰᠤᠨ ᠭᠠᠷᠤᠯᠲᠠ ᠵᠡᠷᠭᠡ ᠡᠯ᠎ᠡ ᠲᠦᠷᠦᠯ᠎ᠤᠨ ᠢᠳᠡᠭᠡᠨ᠎ᠤ ᠪᠦᠲᠦᠮᠵᠢᠲᠡᠢ ᠬᠠᠩᠭ᠋ᠠᠯᠭ᠎ᠠ ᠵᠢ ᠪᠠᠲᠤᠯᠠᠬᠤ᠎ᠳᠤ ᠠᠯᠢ᠎ᠨᠢ ᠴᠤ᠌ ᠳᠤᠲᠠᠭᠳᠠᠵᠤ ᠪᠣᠯᠬᠤ ᠦᠭᠡᠢ 》 ᠭᠡᠪᠡ᠃ 2022 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠰᠠᠢ᠌ᠲᠤᠷ ᠠᠳᠬᠤᠬᠤ ᠵᠢ ᠲᠡᠷᠢᠭᠦᠨ ᠪᠠᠢ᠌ᠷᠢᠨ᠎ᠳᠤ ᠲᠠᠯᠪᠢᠪᠠ ᠂ ᠡᠭᠦᠨ᠎ᠳᠤ ᠰᠢᠷ᠎ᠠ ᠪᠤᠷᠴᠠᠭ ᠪᠣᠯᠣᠨ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠂ ᠦᠬᠡᠷ ᠬᠤᠨᠢᠨ ᠮᠢᠬ᠎ᠠ ᠪᠣᠯᠣᠨ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠢ ᠲᠦᠷᠭᠡᠨ ᠥᠷᠭᠡᠳᠬᠡᠬᠦ ᠂ ᠵᠢᠭ᠋ᠠᠰᠤᠨ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ ᠲᠠᠯ᠎ᠠ ᠵᠢᠨ ᠪᠠᠢ᠌ᠷᠢᠯᠠᠭᠤᠯᠤᠯᠲᠠ ᠪᠣᠯ ᠳᠠᠷᠤᠢ 《 ᠲᠣᠮᠣ ᠢᠳᠡᠭᠡᠨ᠎ᠤ ᠦᠵᠡᠯᠲᠡ 》 ᠵᠢᠨ ᠪᠣᠳᠠᠲᠠᠢ ᠢᠯᠡᠷᠡᠯ ᠪᠣᠯᠣᠨ᠎ᠠ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢ ᠶᠡᠷᠦᠩᠬᠡᠢ ᠱᠦᠵᠢ ᠰᠢ ᠵᠢᠨ ᠫᠢᠩ ᠵᠢᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ ᠂ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠠ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠬᠤᠷᠠᠯᠳᠤᠭ᠋ᠠᠨ᠎ᠠᠴᠠ ᠴᠥᠮ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠨᠡᠢ᠌ᠲᠡᠯᠡᠭᠰᠡᠨ᠎ᠨᠢ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠠᠵᠢᠯᠯᠠᠭ᠎ᠠ ᠵᠢ ᠲᠦᠯᠬᠢᠨ ᠠᠬᠢᠭᠤᠯᠬᠤ᠎ᠳᠤ ᠬᠦᠴᠦᠲᠡᠢ ᠬᠦᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ 《ᠲᠣᠮᠣ ᠢᠳᠡᠭᠡᠨ᠎ᠤ ᠦᠵᠡᠯᠲᠡ ᠵᠢ ᠪᠣᠶ ᠪᠣᠯᠭ᠋ᠠᠬᠤ》 ᠵᠢ ᠲᠤᠭᠤᠰᠢᠯᠠᠭ᠋ᠠᠯᠤᠨ ᠨᠠᠢ᠌ᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠢ᠌ᠨ᠎ᠠ᠃
(ᠬᠣᠶᠠᠷ) ᠠᠷᠠᠳ ᠤᠯᠠᠨ᠎ᠤ ᠰᠦ ᠵᠢᠨ ᠬᠠᠩᠭ᠋ᠠᠯᠭ᠎ᠠ ᠵᠢ ᠪᠠᠲᠤᠯᠠᠬᠤ ᠴᠢᠬᠤᠯᠠ ᠠᠷᠭ᠎ᠠ ᠪᠠᠷᠢᠯ ᠪᠣᠯᠣᠨ᠎ᠠ ᠃ ᠨᠢᠭᠡ ᠴᠣᠮᠣ ᠰᠦ ᠨᠢ ᠨᠢᠭᠡ ᠲᠠᠯ᠎ᠠ᠎ᠪᠠᠷ ᠬᠥᠳᠡᠭᠡ ᠲᠣᠰᠬᠣᠨ᠂ ᠲᠠᠷᠢᠶᠠᠴᠢᠨ ᠡᠷᠦᠬᠡ᠎ᠲᠠᠢ ᠬᠣᠯᠪᠣᠭᠳᠠᠨ᠂ ᠨᠥᠭᠥᠭᠡ ᠲᠠᠯ᠎ᠠ᠎ᠪᠠᠷ ᠬᠡᠷᠡᠭᠯᠡᠭᠴᠢᠳ᠎ᠲᠠᠢ ᠬᠣᠯᠪᠣᠭᠳᠠᠨ᠂ ᠨᠠᠩ ᠴᠤ᠌ ᠨᠢᠭᠡ ᠦᠨᠳᠦᠰᠦᠲᠡᠨ᠎ᠤ ᠠᠵᠤ ᠦᠢ᠍ᠯᠡᠰ᠎ᠲᠠᠢ ᠬᠣᠯᠪᠣᠭᠳᠠᠵᠤ ᠪᠠᠢ᠌ᠳᠠᠭ᠃ ᠰᠦ ᠰᠠᠭ᠋ᠠᠯᠢ ᠵᠢᠨ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ᠎ᠨᠢ ᠥᠷᠭᠡᠨ ᠣᠯᠠᠨ ᠰᠠᠭ᠋ᠠᠯᠢᠴᠢᠳ᠎ᠤᠨ ᠠᠰᠢᠭ ᠲᠤᠰᠠ᠎ᠳᠤ ᠬᠣᠯᠪᠣᠭᠳᠠᠬᠤ ᠮᠥᠷᠲᠡᠭᠡᠨ ᠪᠠᠰᠠ ᠴᠠᠭ᠋ᠠᠨ ᠢᠳᠡᠭᠡᠨ᠎ᠤ ᠠᠮᠤᠷ ᠲᠦᠪᠰᠢᠨ ᠪᠠ ᠣᠯᠠᠨ ᠲᠦᠮᠡᠨ᠎ᠤ ᠡᠷᠡᠭᠦᠯ ᠮᠡᠨᠳᠦ᠎ᠳᠤ ᠬᠣᠯᠪᠣᠭᠳᠠᠨ᠎ᠠ᠃ ᠮᠠᠨ᠎ᠤ ᠤᠯᠤᠰ ᠪᠣᠯ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ ᠪᠠ ᠬᠡᠷᠡᠭᠯᠡᠭᠡᠨ᠎ᠤ ᠲᠣᠮᠣ ᠤᠯᠤᠰ ᠮᠥᠨ᠂ ᠰᠦ ᠰᠠᠭ᠋ᠠᠯᠢ ᠵᠢᠨ ᠦᠢ᠍ᠯᠡᠰ᠎ᠢ ᠬᠦᠴᠦᠷᠬᠡᠭᠵᠢᠭᠦᠯᠦᠨ ᠰᠠᠢ᠌ᠲᠤᠷ ᠬᠢᠵᠦ᠂ ᠴᠢᠨᠠᠷ ᠰᠠᠢ᠌ᠲᠠᠢ ᠰᠦ ᠰᠠᠭ᠋ᠠᠯᠢ ᠵᠢᠨ ᠦᠢ᠍ᠯᠡᠰ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠨ
ᠭᠠᠷᠭ᠋ᠠᠵᠤ᠂ ᠳᠡᠯᠡᠬᠡᠢ᠎ᠳᠤ ᠠᠯᠳᠠᠷᠲᠠᠢ ᠰᠦ ᠰᠠᠭ᠋ᠠᠯᠢ ᠵᠢᠨ ᠦᠢ᠍ᠯᠡᠰ᠎ᠤᠨ ᠨᠠᠷᠠᠲᠤ ᠲᠡᠮᠳᠡᠭ᠎ᠢ ᠪᠣᠢ᠌ᠵᠢᠭᠤᠯᠬᠤ ᠪᠣᠯ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠪᠡᠶᠡᠯᠡᠭᠦᠯᠬᠦ᠎ᠳᠤ ᠵᠠᠪᠠᠯ ᠶᠠᠪᠤᠬᠤ ᠵᠠᠮ ᠮᠥᠨ᠃ ᠥᠪᠥᠷ ᠮᠣᠩᠭᠣᠯ ᠨᠢ ᠰᠦ ᠰᠠᠭ᠋ᠠᠯᠢ ᠵᠢᠨ ᠦᠢ᠍ᠯᠡᠰ᠎ᠤᠨ ᠭᠣᠣᠯ ᠭᠠᠷᠤᠯᠲᠠ ᠵᠢᠨ ᠣᠷᠣᠨ ᠪᠣᠯᠣᠭᠰᠠᠨ᠎ᠤ ᠬᠤᠪᠢ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠢᠩᠭ᠋ᠠᠨ ᠳ᠋ᠦᠩᠰᠢᠭᠤᠷ ᠳᠡᠰ᠎ᠤᠨ ᠰᠦ ᠰᠠᠭ᠋ᠠᠯᠢ ᠵᠢᠨ ᠠᠵᠤ ᠦᠢ᠍ᠯᠡᠰ᠎ᠢ ᠬᠥᠭᠵᠢᠭᠦᠯᠬᠦ ᠲᠤᠬᠠᠢ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠪᠥᠬᠥ ᠬᠦᠴᠦᠨ ᠵᠶ᠋ᠡᠷ ᠠᠬᠢᠭᠤᠯᠬᠤ ᠬᠡᠷᠡᠭᠲᠡᠢ ᠂ ᠪᠥᠬᠥ ᠤᠯᠤᠰ᠎ᠤᠨ 1/5 ᠵᠢᠨ ᠦᠨᠢᠶᠡᠨ ᠰᠦᠨᠢ ᠥᠪᠥᠷ ᠮᠣᠩᠭᠣᠯ᠎ᠠᠴᠠ ᠢᠷᠡᠯᠲᠡ᠎ᠲᠠᠢ ᠪᠠᠢ᠌ᠵᠤ ᠂ 2021 ᠣᠨ᠎ᠳᠤ ᠪᠥᠬᠥ ᠣᠷᠣᠨ᠎ᠤ ᠰᠠᠭ᠋ᠠᠯᠢ ᠵᠢᠨ ᠦᠨᠢᠶ᠎ᠡ ᠵᠢᠨ ᠲᠤᠭ᠎ᠠ 143.4 ᠲᠦᠮᠡ ᠪᠠᠢ᠌ᠵᠤ᠂ ᠦᠨᠢᠶᠡᠨ ᠰᠦ ᠵᠢᠨ ᠭᠠᠷᠤᠯᠲᠠ 673 ᠲᠦᠮᠡᠨ ᠲᠣᠨ᠎ᠳᠤ ᠬᠦᠷᠴᠦ᠂ ᠴᠥᠮ ᠪᠥᠬᠥ ᠤᠯᠤᠰ᠎ᠤᠨ ᠲᠡᠷᠢᠭᠦᠨ ᠪᠠᠢ᠌ᠷᠢ᠎ᠳᠤ ᠣᠷᠣᠵᠤ᠂ ᠰᠦ ᠰᠠᠭ᠋ᠠᠯᠢ ᠵᠢᠨ ᠦᠢ᠍ᠯᠡᠰ᠎ᠤᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ 2000 ᠳ᠋ᠦᠩᠰᠢᠭᠤᠷ ᠲᠥᠭᠥᠷᠢᠭ᠎ᠢ ᠳᠠᠪᠠᠵᠤ᠂ ᠨᠡᠯᠢᠶᠡᠳ ᠴᠢᠩᠭ᠎ᠠ ᠠᠵᠤ ᠦᠢ᠍ᠯᠡᠰ᠎ᠤᠨ ᠳᠠᠪᠠᠭᠤᠯᠢᠭ ᠪᠠ ᠬᠥᠭᠵᠢᠯᠲᠡ ᠵᠢᠨ ᠳᠠᠯᠳᠠ ᠬᠦᠴᠦᠨ᠎ᠲᠠᠢ ᠪᠠᠢ᠌ᠵᠤ᠂ ᠪᠥᠬᠥ ᠤᠯᠤᠰ᠎ᠤᠨ ᠨᠡᠷ᠎ᠡ ᠨᠢᠳᠡᠷ᠎ᠲᠤ᠎ᠪᠠᠨ ᠨᠡᠢ᠌ᠴᠡᠭᠰᠡᠨ 《 ᠰᠦ ᠵᠢᠨ ᠤᠷᠤᠨ 》 ᠪᠣᠯᠤᠭᠰᠠᠨ ᠪᠠᠢ᠌ᠨ᠎ᠠ᠃ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠪᠣᠯ ᠮᠠᠨ᠎ᠤ ᠳᠠᠪᠠᠭᠤᠯᠢᠭ ᠮᠥᠨ ᠂ ᠮᠦᠨ ᠴᠤ᠌ ᠡᠭᠦᠷᠭᠡᠯᠡᠵᠦ ᠪᠠᠢ᠌ᠭ᠎ᠠ ᠴᠢᠬᠤᠯᠠ ᠶᠡᠬᠡ ᠬᠠᠷᠢᠭᠤᠴᠠᠯᠭ᠎ᠠ ᠮᠥᠨ ᠃
(ᠭᠤᠷᠪᠠ) ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠨᠢᠭᠡ ᠵᠦᠢ᠍ᠯ᠎ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠪᠣᠯ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠶᠡᠬᠡ ᠣᠷᠣᠨ᠎ᠠᠴᠠ ᠶᠠᠰᠤ ᠴᠢᠨᠠᠷ ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠬᠦᠴᠦᠯᠡᠨ ᠠᠬᠢᠭᠤᠯᠬᠤ ᠵᠢᠨ ᠭᠣᠣᠯ ᠠᠭᠤᠯᠭ᠎ᠠ ᠪᠣᠯᠣᠨ᠎ᠠ᠃ ᠥᠪᠥᠷ ᠮᠣᠩᠭᠣᠯ᠎ᠳᠤ 13 ᠳ᠋ᠦᠩᠰᠢᠭᠤᠷ ᠮᠦ᠍ ᠪᠠᠢ᠌ᠭ᠋ᠠᠯᠢᠯᠢᠭ ᠲᠠᠯ᠎ᠠ ᠨᠤᠳᠤᠭ ᠂ 3000 ᠲᠦᠮᠡᠨ ᠮᠦ᠍ ᠲᠠᠷᠢᠮᠠᠯ ᠪᠡᠯᠴᠢᠭᠡᠷ᠎ᠲᠠᠢ ᠂ ᠴᠡᠪᠡᠷ ᠤᠰᠤᠨ᠎ᠤ ᠡᠬᠢ ᠰᠤᠷᠪᠤᠯᠵᠢ ᠂ ᠴᠡᠪᠡᠷ ᠠᠭ᠋ᠠᠷ ᠂ ᠲᠣᠬᠢᠷᠠᠮᠵᠢᠲᠠᠢ ᠠᠭᠤᠷ ᠠᠮᠢᠰᠬᠤᠯ᠎ᠲᠠᠢ ᠪᠠᠢ᠌ᠵᠤ ᠂ ᠪᠦᠬᠦ ᠪᠥᠮᠪᠥᠷᠴᠡᠭ᠎ᠤᠨ ᠬᠠᠮᠤᠭ᠎ᠤᠨ ᠰᠢᠯᠢᠳᠡᠭ ᠂ ᠲᠠᠯᠠᠪᠠᠢ᠎ᠪᠠᠷ ᠬᠠᠮᠤᠭ᠎ᠤᠨ ᠶᠡᠬᠡ ᠰᠢᠵᠢᠷ ᠠᠯᠳᠠᠨ ᠰᠦ ᠵᠢᠨ ᠡᠬᠢ ᠰᠤᠷᠪᠤᠯᠵᠢ ᠵᠢᠨ ᠪᠦᠰᠡ ᠵᠢ ᠪᠦᠷᠢᠯᠳᠦᠭᠦᠯᠵᠦ ᠂ ᠰᠦ ᠰᠠᠭ᠋ᠠᠯᠢ ᠵᠢᠨ ᠠᠵᠤ ᠦᠢ᠍ᠯᠡᠰ᠎ᠢ ᠬᠥᠭᠵᠢᠭᠦᠯᠬᠦ᠎ᠳᠤ ᠣᠨᠴᠠ ᠳᠠᠪᠠᠭᠤᠯᠢᠭ ᠲᠠᠯ᠎ᠠ᠎ᠲᠠᠢ ᠶᠤᠮ ᠃ ᠥᠪᠥᠷ ᠮᠣᠩᠭᠣᠯ ᠳᠠᠪᠠᠭᠤᠯᠢᠭ᠎ᠲᠤ᠎ᠪᠠᠨ ᠲᠦᠰᠢᠭᠯᠡᠵᠦ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠵᠦ᠂ ᠤᠷᠢᠳ ᠬᠣᠵᠢᠳ 《 ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠲᠤᠬᠠᠢ ᠬᠡᠷᠡᠭᠵᠢᠭᠦᠯᠬᠦ ᠰᠠᠨᠠᠯ》 ᠂ 《ᠪᠥᠬᠥ ᠣᠷᠣᠨ᠎ᠤ ᠦᠨᠳᠦᠰᠦᠲᠡᠨ᠎ᠤ ᠤᠯᠠᠮᠵᠢᠯᠠᠯᠲᠤ ᠴᠠᠭ᠋ᠠᠨ ᠢᠳᠡᠭᠡᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠂ 《 ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ (2020 — 2022 ᠣᠨ)》 ᠵᠡᠷᠭᠡ ᠴᠢᠬᠤᠯᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠪᠡ᠃ ᠴᠢᠨᠠᠷ ᠰᠠᠢ᠌ᠲᠠᠢ ᠲᠡᠵᠢᠭᠡᠯ ᠡᠪᠡᠰᠦ ᠬᠠᠩᠭ᠋ᠠᠬᠤ᠂ ᠰᠢᠯᠢᠳᠡᠭ ᠡᠭᠦᠯᠳᠡᠷ᠎ᠢ ᠪᠣᠢ᠌ᠵᠢᠭᠤᠯᠬᠤ᠂ ᠴᠢᠨᠠᠷ ᠰᠠᠢ᠌ᠲᠠᠢ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠂ ᠰᠦᠷᠦᠭᠵᠢᠨ ᠬᠥᠭᠵᠢᠬᠦ᠂ ᠤᠯᠠᠮᠵᠢᠯᠠᠯᠲᠤ ᠴᠠᠭ᠋ᠠᠨ ᠢᠳᠡᠭᠡ ᠵᠡᠷᠭᠡ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠥᠩᠭᠥᠨ ᠭᠦᠢ᠍ᠯᠭᠡᠭᠡ ᠵᠡᠷᠭᠡ ᠨᠡᠢ᠌ᠭᠡᠮ᠎ᠤᠨ ᠬᠥᠷᠥᠩᠭᠡ ᠵᠢᠨ ᠢᠳᠡᠪᠬᠢᠲᠡᠢ ᠣᠷᠤᠯᠴᠠᠬᠤ ᠵᠢ ᠳᠠᠶ᠋ᠢᠴᠢᠯᠠᠵᠤ᠂ ᠬᠥᠲᠥᠴᠢ ᠠᠵᠤ ᠠᠬᠤᠢ᠌ᠯᠠᠯ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠡᠷᠭᠡ ᠡᠯ᠎ᠡ ᠲᠥᠷᠥᠯ᠎ᠤᠨ ᠭᠣᠣᠯ ᠴᠣᠭᠴᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠨᠡᠢ᠌ᠯᠡᠯ ᠬᠦᠴᠦᠨ᠎ᠢ ᠪᠣᠶ ᠪᠣᠯᠭ᠋ᠠᠪᠠ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠨᠡᠢ᠌ᠲᠡᠯᠡᠭᠰᠡᠨ᠎ᠨᠢ᠂ ᠥᠩᠭᠡᠷᠡᠭᠰᠡᠨ᠎ᠳᠤ ᠨᠡᠢ᠌ᠲᠡᠯᠡᠭᠰᠡᠨ ᠴᠢᠬᠤᠯᠠ ᠲᠥᠷᠥ ᠵᠢᠨ ᠪᠣᠳᠣᠯᠭ᠎ᠠ ᠵᠢᠨ ᠬᠦᠴᠦᠲᠡᠢ ᠨᠥᠬᠥᠪᠦᠷᠢ ᠪᠣᠯᠤᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ 2025 ᠣᠨ ᠪᠣᠯᠬᠤ᠎ᠳᠤ ᠰᠠᠭ᠋ᠠᠯᠢ ᠵᠢᠨ ᠮᠠᠯ᠎ᠤᠨ ᠲᠣᠭ᠎ᠠ ᠲᠣᠯᠣᠭ᠋ᠠᠢ ᠵᠢ 350 ᠲᠦᠮᠡᠨ ᠲᠣᠯᠣᠭ᠋ᠠᠢ᠎ᠳᠤ ᠬᠦᠷᠦᠭᠦᠯᠵᠦ ᠂ ᠰᠦ ᠰᠠᠭ᠋ᠠᠯᠢ ᠵᠢᠨ ᠲᠥᠷᠥᠯ᠎ᠤᠨ ᠭᠠᠷᠤᠯᠲᠠ ᠵᠢ 1000 ᠲᠦᠮᠡᠨ ᠲᠣᠨ᠎ᠳᠤ ᠬᠦᠷᠦᠭᠦᠯᠬᠦ ᠬᠠᠷᠠᠯᠲᠠ ᠵᠢ ᠪᠡᠶᠡᠯᠡᠭᠦᠯᠵᠦ᠂ ᠪᠥᠬᠥ ᠤᠯᠤᠰ᠎ᠲᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠷᠦᠭᠦᠯᠡᠨ ᠪᠡᠶᠡᠯᠡᠭᠦᠯᠬᠦ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠬᠦ ᠪᠣᠯᠣᠨ᠎ᠠ᠃
ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢᠨ ᠭᠣᠣᠯ ᠣᠨᠴᠠᠯᠢᠭ ᠪᠠ ᠭᠢᠯᠠᠰ ᠴᠡᠭ
( ᠨᠢᠭᠡ ) ᠠᠰᠠᠭᠤᠳᠠᠯ᠎ᠤᠨ ᠤᠳᠤᠷᠢᠳᠤᠮᠵᠢ ᠵᠢ ᠲᠤᠪᠤᠢ᠍ᠢ᠍ᠯᠭ᠋ᠠᠪᠠ ᠃ ᠥᠪᠡᠷᠲᠡᠭᠡᠨ ᠵᠠᠰᠠᠬᠤ ᠣᠷᠣᠨ᠎ᠠᠴᠠ ᠣᠢ᠌ᠷ᠎ᠠ ᠵᠢᠨ ᠵᠢᠯ᠎ᠤᠨ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠢ ᠪᠦᠬᠦ ᠲᠠᠯ᠎ᠠ ᠪᠠᠷ ᠡᠮᠬᠢᠯᠡᠨ ᠳᠢᠭᠯᠡᠵᠦ᠂ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠬᠣᠴᠤᠷᠤᠩᠭᠤᠢ᠂ ᠪᠡᠶ᠎ᠡ᠎ᠪᠠᠨ ᠳᠠᠭ᠋ᠠᠭ᠋ᠠᠵᠤ ᠦᠷᠡᠵᠢᠭᠦᠯᠦᠨ ᠪᠣᠢ᠌ᠵᠢᠭᠤᠯᠬᠤ ᠴᠢᠳᠠᠪᠤᠷᠢ ᠳᠤᠷᠤᠢ ᠂ ᠴᠢᠨᠠᠷ ᠰᠠᠢ᠌ᠲᠠᠢ ᠡᠪᠡᠰᠦ ᠪᠣᠷᠳᠣᠭ᠎ᠠ ᠵᠢᠨ ᠬᠠᠩᠭ᠋ᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠯ ᠬᠦᠷᠦᠯᠴᠡᠬᠦ ᠦᠭᠡᠢ᠂ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠮᠡᠷᠭᠡᠵᠢᠯ ᠪᠠᠭᠤᠷᠠᠢ ᠪᠠᠢ᠌ᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠠᠨᠳᠤᠯᠭ᠋ᠠᠲᠤ ᠴᠢᠨᠠᠷ ᠵᠶ᠋ᠠᠷ ᠮᠠᠰᠢ ᠴᠢᠩᠭ᠎ᠠ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠪᠠᠷ᠎ᠬᠢ ᠭᠣᠣᠯᠳᠠᠯᠭ᠎ᠠ᠎ᠲᠠᠢ ᠳᠡᠮᠵᠢᠬᠦ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠥ ᠤᠯᠤᠰ᠎ᠲᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠷᠦᠭᠦᠯᠡᠨ ᠪᠡᠶᠡᠯᠡᠭᠦᠯᠬᠦ᠎ᠳᠤ ᠬᠦᠴᠦᠲᠡᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃ ᠵᠢᠱ᠌ᠢᠶᠡᠯᠡᠪᠡᠯ᠂ ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠳᠤ ᠨᠥᠬᠥᠪᠦᠷᠢ ᠥᠭᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠨᠥᠬᠥᠪᠦᠷᠢ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠢ᠌ᠮᠠᠭ ᠬᠣᠲᠠ ᠴᠤ᠌ ᠢᠵᠢ ᠪᠦᠷᠢᠳᠦᠭᠦᠯᠬᠦ ᠪᠡᠯᠡ ᠮᠥᠩᠭᠥ᠎ᠪᠠᠨ ᠵᠣᠬᠢᠴᠠᠩᠭᠤᠢ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠷ ᠶᠡᠬᠡ᠂ ᠰᠠᠭᠤᠷᠢ ᠨᠥᠬᠥᠴᠡᠯ ᠵᠶ᠋ᠡᠷ ᠰᠠᠢ᠌ᠨ᠂ ᠪᠠᠷᠢᠮᠵᠢᠶᠠᠵᠢᠭᠤᠯᠤᠭᠰᠠᠨ ᠬᠡᠮᠵᠢᠶ᠎ᠡ᠎ᠪᠠᠷ ᠥᠨᠳᠥᠷ ᠨᠢᠭᠡ ᠪᠦᠯᠦᠭ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠬᠦᠴᠦᠯᠡᠨ ᠪᠠᠢ᠌ᠭᠤᠯᠵᠤ᠂ ᠡᠭᠦᠨ᠎ᠤ ᠤᠯᠠᠮ ᠵᠶ᠋ᠠᠷ ᠰᠦ ᠰᠠᠭ᠋ᠠᠯᠢ ᠵᠢᠨ ᠢᠷᠡᠯᠲᠡ ᠵᠢ ᠬᠢᠵᠠᠭ᠋ᠠᠷᠯᠠᠬᠤ ᠲᠠᠯ᠎ᠠ᠎ᠪᠠᠷ ᠬᠦᠷᠦᠯᠴᠡᠬᠦ ᠦᠭᠡᠢ ᠪᠠᠢ᠌ᠬᠤ ᠡᠨᠡ ᠬᠦ᠌ ᠦᠨᠳᠦᠰᠦᠨ ᠠᠰᠠᠭᠤᠳᠠᠯ᠎ᠢ ᠰᠢᠢ᠍ᠳᠪᠦᠷᠢᠯᠡᠵᠡᠢ᠃
(ᠬᠣᠶᠠᠷ) ᠲᠡᠳᠬᠦᠨ ᠳᠡᠮᠵᠢᠵᠦ ᠨᠥᠬᠥᠪᠦᠷᠢ ᠥᠭᠬᠦ ᠡᠷᠴᠢᠮ ᠵᠶ᠋ᠡᠷ ᠴᠢᠩᠭ᠎ᠠ᠃ ᠡᠨᠡ ᠤᠳᠠᠭ᠎ᠠ ᠵᠢᠨ ᠨᠡᠢ᠌ᠲᠡᠯᠡᠭᠰᠡᠨ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠲᠤᠰᠬᠠᠢ ᠪᠡᠯᠡ ᠮᠥᠩᠭᠥ ᠭᠠᠷᠭ᠋ᠠᠭᠰᠠᠨ ᠴᠤ᠌ ᠲᠡᠷᠡ᠂ ᠪᠣᠳᠠᠲᠠᠢ ᠵᠦᠢ᠍ᠯᠡᠰ᠎ᠤᠨ ᠨᠥᠬᠥᠪᠦᠷᠢ ᠵᠢᠨ ᠲᠠᠯ᠎ᠠ ᠪᠠᠷ ᠴᠤ᠌ ᠲᠡᠷᠡ᠂ ᠲᠡᠳᠬᠦᠮᠵᠢ ᠵᠢᠨ ᠨᠥᠬᠥᠪᠦᠷᠢ ᠵᠢᠨ ᠡᠷᠴᠢᠮ ᠪᠣᠯ ᠤᠷᠢᠳ ᠡᠮᠦᠨ᠎ᠡ ᠪᠠᠢ᠌ᠭ᠎ᠠ ᠦᠭᠡᠢ ᠶᠤᠮ᠂ ᠵᠢᠱ᠌ᠢᠯᠲᠡ᠎ᠪᠠᠷ ᠵᠢᠯ ᠪᠦᠷᠢ 10 ᠳ᠋ᠦᠩᠰᠢᠭᠤᠷ ᠲᠥᠭᠥᠷᠢᠭ᠎ᠲᠤ ᠬᠦᠷᠴᠦ᠂ ᠡᠭᠦᠨ᠎ᠤ ᠳᠡᠭᠡᠷ᠎ᠡ ᠵᠢᠯ ᠪᠦᠷᠢ ᠵᠢᠨ ᠤᠯᠤᠰ᠎ᠤᠨ ᠲᠤᠰᠬᠠᠢ ᠪᠡᠯᠡ ᠮᠥᠩᠭᠥ 7.73 ᠳ᠋ᠦᠩᠰᠢᠭᠤᠷ ᠲᠥᠭᠥᠷᠢᠭ ᠪᠣᠯᠣᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ 4.76 ᠳ᠋ᠦᠩᠰᠢᠭᠤᠷ ᠲᠥᠭᠥᠷᠢᠭ᠎ᠢ ᠨᠡᠮᠡᠪᠡᠯ᠂ ᠲᠤᠬᠠᠢ ᠵᠢᠨ ᠴᠠᠭ᠎ᠲᠤ ᠤᠯᠤᠰ᠎ᠤᠨ ᠲᠤᠰᠬᠠᠢ ᠪᠡᠯᠡ ᠮᠥᠩᠭᠥ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠲᠠᠯ᠎ᠠ᠎ᠪᠠᠷ᠎ᠬᠢ ᠪᠡᠯᠡ ᠣᠷᠣᠭᠤᠯᠤᠯᠲᠠ ᠵᠢᠱ᠌ᠢᠯᠲᠡ᠎ᠪᠠᠷ ᠵᠢᠯ ᠪᠦᠷᠢ 22.5 ᠳ᠋ᠦᠩᠰᠢᠭᠤᠷ᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠶᠡᠬᠡ ᠬᠡᠮᠵᠢᠶᠡᠨ᠎ᠤ ᠪᠡᠯᠡ ᠣᠷᠣᠭᠤᠯᠤᠯᠲᠠ᠎ᠨᠢ ᠴᠦ᠍ ᠨᠠᠩ ᠣᠯᠠᠨ ᠮᠥᠩᠭᠥᠨ ᠭᠦᠢ᠍ᠯᠭᠡᠭᠡᠨ᠎ᠤ ᠬᠥᠷᠥᠩᠭᠡ ᠵᠢ ᠲᠡᠳᠡᠨ ᠬᠥᠳᠡᠯᠭᠡᠵᠦ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ᠎ᠳᠤ ᠣᠷᠣᠯᠴᠠᠭᠤᠯᠵᠤ᠂ ᠰᠦ ᠰᠠᠭ᠋ᠠᠯᠢ ᠵᠢᠨ ᠦᠢ᠍ᠯᠡᠰ᠎ᠢ ᠲᠦᠷᠭᠡᠳᠬᠡᠨ ᠬᠥᠭᠵᠢᠭᠦᠯᠬᠦ᠎ᠳᠤ ᠢᠳᠡᠪᠬᠢᠲᠡᠢ ᠦᠢ᠍ᠯᠡᠳᠦᠯ ᠦᠵᠡᠭᠦᠯᠬᠦ ᠪᠣᠯᠣᠨ᠎ᠠ᠃ ᠵᠢᠱ᠌ᠢᠶᠡᠯᠡᠪᠡᠯ᠂ ᠰᠦ ᠰᠠᠭ᠋ᠠᠯᠢ ᠵᠢᠨ ᠦᠢ᠍ᠯᠡᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ 1 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠤᠨ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠡᠷᠡᠭᠦᠯ ᠵᠶ᠋ᠡᠷ ᠦᠷᠭᠦᠯᠵᠢᠯᠡᠨ ᠬᠥᠭᠵᠢᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃
(ᠭᠤᠷᠪᠠ) ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠪᠦᠷᠬᠦᠭᠦᠯᠪᠡ ᠃ ᠲᠣᠰ ᠤᠳᠠᠭ᠎ᠠ ᠨᠡᠢ᠌ᠲᠡᠯᠡᠭᠰᠡᠨ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠴᠢᠨᠠᠷ ᠰᠠᠢ᠌ᠲᠠᠢ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠠᠵᠤ ᠠᠬᠤᠢ᠌ᠯᠠᠯ᠎ᠤᠨ ᠰᠢᠯᠢᠳᠡᠭᠵᠢᠨ ᠬᠦᠴᠦᠷᠬᠡᠭᠵᠢᠬᠦ ᠵᠢ ᠳᠡᠮᠵᠢᠬᠦ᠂ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ
ᠲᠤᠯᠭ᠋ᠠᠭᠤᠷᠢᠯᠠᠬᠤ᠂ ᠰᠠᠭᠤᠷᠢ ᠮᠥᠩᠭᠥ ᠪᠠᠶ᠋ᠢᠭᠤᠯᠬᠤ ᠵᠡᠷᠭᠡ ᠣᠯᠠᠨ ᠲᠠᠯ᠎ᠠ ᠵᠢᠨ ᠠᠭᠤᠯᠭ᠎ᠠ ᠵᠢ ᠬᠠᠮᠤᠷᠴᠤ᠂ ᠰᠦ ᠰᠠᠭ᠋ᠠᠯᠢ ᠵᠢᠨ ᠦᠢ᠍ᠯᠡᠰ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ᠎ᠳᠤ ᠠᠰᠢᠭᠲᠠᠢ ᠶᠤᠮ᠃ ᠵᠢᠱ᠌ᠢᠶᠡᠯᠡᠪᠡᠯ᠂ ᠰᠢᠨ᠎ᠡ᠎ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭ᠋ᠠᠰᠤ ᠳᠠᠷᠢᠬᠤ ᠭᠣᠣᠯ ᠴᠣᠭᠴᠠ᠎ᠳᠤ ᠨᠥᠬᠥᠪᠦᠷᠢ ᠥᠭᠴᠦ᠂ ᠴᠢᠨᠠᠷ ᠰᠠᠢ᠌ᠲᠠᠢ ᠥᠨᠳᠥᠷ ᠤᠨᠠᠯᠲᠠ᠎ᠲᠠᠢ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠵᠤ᠂ ᠴᠢᠨᠠᠷ ᠰᠠᠢ᠌ᠲᠠᠢ ᠲᠡᠵᠢᠭᠡᠯ ᠡᠪᠡᠰᠦ ᠬᠠᠩᠭ᠋ᠠᠬᠤ ᠴᠢᠳᠠᠪᠤᠷᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠵᠦ᠂ ᠲᠡᠵᠢᠭᠡᠬᠦ ᠵᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠵᠢ ᠤᠶᠠᠯᠳᠤᠭᠤᠯᠤᠭᠰᠠᠨ ᠡᠪᠡᠰᠦ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠭᠪᠤᠷ᠎ᠢ ᠲᠦᠯᠬᠢᠨ ᠠᠬᠢᠭᠤᠯᠵᠤ ᠴᠢᠳᠠᠬᠤ ᠮᠦᠷᠲᠡᠭᠡᠨ ᠮᠠᠨ᠎ᠤ ᠣᠷᠣᠨ᠎ᠤ ᠡᠪᠡᠰᠦ ᠪᠣᠷᠳᠣᠭ᠋ᠠᠨ᠎ᠤ ᠠᠵᠤ ᠦᠢ᠍ᠯᠡᠰ᠎ᠤᠨ ᠬᠥᠭᠵᠢᠯᠲᠡ ᠵᠢ ᠴᠦ᠍ ᠠᠬᠢᠭᠤᠯᠬᠤ ᠪᠤᠯᠤᠨ᠎ᠠ ᠃
ᠭᠤᠷᠪᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢᠨ ᠭᠣᠣᠯ ᠠᠭᠤᠯᠭ᠎ᠠ
(ᠨᠢᠭᠡ) ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠳᠤ ᠨᠥᠬᠥᠪᠦᠷᠢ ᠥᠭᠭᠦᠨ᠎ᠡ᠃ ᠪᠥᠬᠥ ᠣᠷᠣᠨ᠎ᠤ 5 ᠶᠡᠬᠡ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ ᠪᠣᠯᠣᠨ 10 ᠶᠡᠬᠡ ᠰᠦ ᠰᠠᠭ᠋ᠠᠯᠢ ᠵᠢᠨ ᠦᠢ᠍ᠯᠡᠰ᠎ᠤᠨ ᠰᠦᠷᠦᠭᠵᠢᠯ᠎ᠢ ᠶᠠᠭ ᠲᠦᠷᠭᠡᠳᠬᠡᠨ ᠪᠠᠢ᠌ᠭᠤᠯᠵᠤ ᠪᠣᠢ ᠂ ᠢᠯᠢ᠂ ᠮᠧᠩ ᠨᠢᠦ ᠵᠢᠨ ᠪᠠᠢ᠌ᠷᠢᠰᠢᠭᠤᠯᠤᠭᠰᠠᠨ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠵᠠᠯᠭ᠋ᠠᠭ᠎ᠠ᠎ᠪᠠᠷ ᠠᠰᠢᠭᠯᠠᠯᠲᠠ᠎ᠳᠤ ᠤᠷᠤᠭᠤᠯᠬᠤ ᠪᠤᠶᠤ ᠠᠰᠢᠭᠯᠠᠯᠲᠠ᠎ᠳᠤ ᠣᠷᠣᠭᠤᠯᠬᠤ᠎ᠪᠠᠷ ᠪᠠᠢ᠌ᠨ᠎ᠠ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠢᠯᠡᠳᠲᠡ ᠤᠳᠠᠭ᠋ᠠᠰᠢᠷᠠᠵᠤ᠂ ᠰᠦ ᠰᠠᠭ᠋ᠠᠯᠢ ᠵᠢᠨ ᠢᠷᠡᠯᠲᠡ ᠵᠢᠨ ᠬᠠᠩᠭ᠋ᠠᠯᠭ᠎ᠠ ᠬᠦᠷᠦᠯᠴᠡᠬᠦ ᠦᠭᠡᠢ᠎ᠠᠴᠠ ᠪᠣᠯᠵᠤ ᠰᠦ ᠰᠠᠭ᠋ᠠᠯᠢ ᠵᠢᠨ ᠠᠵᠤ ᠠᠬᠤᠢ᠌ᠯᠠᠯ᠎ᠤᠨ ᠬᠡᠰᠡᠭ ᠦᠢ᠍ᠯᠡᠳᠪᠦᠷᠢᠯᠡᠯ᠎ᠤᠨ ᠴᠢᠳᠠᠪᠤᠷᠢ ᠵᠢ ᠰᠤᠯᠠ ᠲᠠᠯᠪᠢᠵᠤ ᠪᠠᠢ᠌ᠨ᠎ᠠ᠃ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢ ᠰᠢᠨ᠎ᠡ᠎ᠪᠠᠷ ᠪᠠᠶ᠋ᠢᠭᠤᠯᠬᠤ ᠪᠣᠯ ᠰᠠᠭ᠋ᠠᠯᠢ ᠵᠢᠨ ᠦᠨᠢᠶ᠎ᠡ ᠵᠢᠨ ᠰᠦᠷᠦᠭᠵᠢᠯ ᠵᠶ᠋ᠡᠨ ᠥᠷᠭᠡᠳᠬᠡᠨ ᠨᠡᠮᠡᠭᠳᠡᠭᠦᠯᠬᠦ ᠵᠢᠨ ᠰᠠᠭᠤᠷᠢ ᠨᠥᠬᠥᠴᠡᠯ ᠪᠣᠯᠬᠤ ᠪᠥᠭᠡᠳ ᠮᠦᠨ ᠴᠤ᠌ ᠰᠦ ᠰᠠᠭ᠋ᠠᠯᠢ ᠵᠢᠨ ᠢᠷᠡᠯᠲᠡ ᠵᠢᠨ ᠬᠠᠩᠭ᠋ᠠᠯᠭ᠎ᠠ ᠵᠢ ᠨᠡᠮᠡᠭᠳᠡᠭᠦᠯᠬᠦ ᠭᠣᠣᠯ ᠠᠷᠭ᠎ᠠ ᠵᠠᠮ ᠪᠣᠯᠣᠨ᠎ᠠ ᠃ ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠎ᠳᠤ ᠨᠥᠬᠥᠪᠦᠷᠢ ᠥᠭᠬᠦ᠎ᠨᠢ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠦᠲᠦᠭᠡᠨ ᠪᠠᠢ᠌ᠭᠤᠯᠤᠯᠲᠠ ᠵᠢᠨ ᠢᠳᠡᠪᠬᠢᠵᠢᠯ᠎ᠢ ᠳᠡᠭᠡᠭᠰᠢᠯᠡᠭᠦᠯᠵᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 2021 ᠣᠨ᠎ᠠᠴᠠ ᠰᠡᠭᠦᠯᠡᠷ ᠰᠢᠨ᠎ᠡ᠎ᠪᠠᠷ ᠪᠠᠢ᠌ᠭᠤᠯᠤᠭᠰᠠᠨ 3000 ᠲᠣᠯᠣᠭ᠋ᠠᠢ᠎ᠠᠴᠠ ᠳᠡᠭᠡᠭᠰᠢᠬᠢ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠨᠢᠭᠡᠪᠦᠷᠢ᠎ᠳᠤ 600 ᠲᠦᠮᠡᠨ ᠲᠥᠭᠥᠷᠢᠭ᠎ᠤᠨ ᠨᠥᠬᠥᠪᠦᠷᠢ ᠥᠭᠴᠦ᠂ 500 ᠲᠣᠯᠣᠭ᠋ᠠᠢ ᠨᠡᠮᠡᠭᠳᠡᠬᠦ ᠪᠦᠷᠢ ᠳᠠᠬᠢᠨ 100 ᠲᠦᠮᠡᠨ ᠲᠥᠭᠥᠷᠢᠭ᠎ᠤᠨ ᠨᠥᠬᠥᠪᠦᠷᠢ ᠦᠭᠭᠦᠨ᠎ᠡ ᠂ ᠠᠢ᠌ᠮᠠᠭ ᠬᠣᠲᠠ᠎ᠨᠤᠭᠤᠳ ᠥᠪᠡᠷᠲᠡᠭᠡᠨ ᠵᠠᠰᠠᠬᠤ ᠣᠷᠣᠨ᠎ᠤ ᠨᠥᠬᠥᠪᠦᠷᠢ ᠵᠢᠨ ᠪᠡᠯᠡ ᠮᠥᠩᠭᠥ ᠵᠢᠨ 20%᠎ᠠᠴᠠ ᠳᠡᠭᠡᠭᠰᠢᠬᠢ ᠶᠣᠰᠣᠭ᠋ᠠᠷ ᠢᠵᠢ ᠪᠦᠷᠢᠳᠦᠭᠦᠯᠦᠨ᠎ᠡ᠃ ᠲᠦᠮᠡᠨ ᠲᠣᠯᠣᠭ᠋ᠠᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢᠨ ᠰᠠᠭᠤᠷᠢ ᠲᠦᠬᠦᠭᠡᠷᠦᠮᠵᠢ ᠵᠢᠨ ᠶᠡᠷᠦᠩᠬᠡᠢ ᠪᠡᠯᠡ ᠣᠷᠣᠭᠤᠯᠤᠯᠲᠠ ᠵᠢ 3 ᠳ᠋ᠦᠩᠰᠢᠭᠤᠷ ᠲᠥᠭᠥᠷᠢᠭ ᠵᠶ᠋ᠡᠷ ᠪᠤᠳᠤᠵᠤ᠂ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠣᠲᠠ ᠵᠢᠨ ᠨᠥᠬᠥᠪᠦᠷᠢ᠎ᠨᠢ ᠰᠠᠭᠤᠷᠢ ᠪᠡᠯᠡᠳᠬᠡᠮᠵᠢ ᠵᠢᠨ ᠶᠡᠷᠦᠩᠬᠡᠢ ᠪᠡᠯᠡ ᠣᠷᠣᠭᠤᠯᠤᠯᠲᠠ ᠵᠢᠨ 8% ᠣᠷᠴᠢᠮ᠎ᠢ ᠡᠵᠡᠯᠡᠵᠦ᠂ ᠭᠣᠣᠯᠳᠠᠭᠤ 《ᠭᠤᠷᠪᠠ ᠵᠢ ᠨᠠᠪᠲᠠᠷᠡᠭᠦᠯᠵᠦ ᠨᠢᠭᠡ ᠵᠢ ᠲᠡᠭᠰᠢᠯᠡᠬᠦ》 ᠂ ᠢᠯᠭ᠋ᠠᠳᠠᠰᠤᠨ ᠪᠣᠬᠢᠷᠳᠤᠯ᠎ᠢ ᠰᠢᠢ᠍ᠳᠪᠦᠷᠢᠯᠡᠬᠦ᠂ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠨ᠎ᠡ᠃
(ᠬᠣᠶᠠᠷ) ᠲᠤᠰᠬᠠᠢ ᠵᠦᠢ᠍ᠯ᠎ᠤᠨ ᠵᠢᠭᠡᠯᠡᠭᠡ ᠵᠢ ᠬᠡᠷᠡᠭᠯᠡᠨ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠦᠷᠢᠶᠡᠯᠡᠩ ᠲᠣᠭᠣᠷᠢᠭ᠎ᠢ ᠰᠢᠨ᠎ᠡ᠎ᠪᠠᠷ ᠪᠠᠶ᠋ᠢᠭᠤᠯᠬᠤ᠎ᠳᠤ ᠳᠡᠮᠵᠢᠯᠭᠡ ᠦᠵᠡᠭᠦᠯᠦᠨ᠎ᠡ᠃ ᠠᠵᠤ ᠠᠬᠤᠢ᠌ᠯᠠᠯ᠎ᠤᠨ ᠥᠪᠡᠷᠲᠡᠭᠡᠨ ᠪᠠᠢ᠌ᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠵᠢᠨ ᠪᠡᠯᠡ ᠮᠥᠩᠭᠥᠨ᠎ᠤ ᠳᠠᠷᠤᠯᠲᠠ ᠵᠢ ᠪᠦᠲᠦᠮᠵᠢᠲᠡᠶ ᠬᠥᠩᠭᠡᠷᠡᠭᠦᠯᠬᠦ ᠵᠢᠨ ᠲᠥᠯᠥᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠭᠡ ᠵᠢ ᠠᠰᠢᠭᠯᠠᠨ ᠬᠡᠪᠴᠢᠶᠡᠵᠢᠭᠦᠯᠦᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠎ᠪᠠᠷ ᠭᠣᠣᠯ ᠠᠭᠤᠯᠭ᠎ᠠ ᠪᠣᠯᠭ᠋ᠠᠭᠰᠠᠨ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠦᠷᠢᠶᠡᠯᠡᠩ ᠲᠣᠭᠣᠷᠢᠭ᠎ᠢ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠵᠤ ᠂ ᠪᠠᠢ᠌ᠭᠤᠯᠤᠭᠰᠠᠨ᠎ᠤ ᠲᠠᠷᠠᠭ᠎ᠠ ᠲᠦᠷᠢᠶᠡᠰᠦᠯᠡᠬᠦ ᠬᠡᠯᠪᠡᠷᠢ᠎ᠪᠠᠷ ᠲᠦᠷᠢᠶᠡᠰᠦᠨ ᠮᠥᠩᠭᠥ ᠬᠤᠷᠢᠶᠠᠬᠤ ᠪᠠ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ᠎ᠪᠠᠷ ᠵᠶ᠋ᠠᠨ ᠲᠤᠰᠬᠠᠢ ᠵᠦᠢ᠍ᠯ᠎ᠤᠨ ᠵᠢᠭᠡᠯᠡᠭᠡ ᠵᠢ ᠲᠥᠯᠥᠵᠦ ᠂ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ ᠵᠦᠢ᠍ᠯ᠎ᠤᠨ ᠵᠢᠭᠡᠯᠡᠭᠡ ᠵᠢ ᠲᠣᠬᠢᠷᠠᠭᠤᠯᠬᠤ ᠲᠠᠯ᠎ᠠ᠎ᠪᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠢᠨ᠎ᠡ᠎ᠪᠠᠷ ᠪᠠᠢ᠌ᠭᠤᠯᠤᠭᠰᠠᠨ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠦᠷᠢᠶᠡᠯᠡᠩ ᠲᠣᠭᠣᠷᠢᠭ ᠵᠢ ᠭᠣᠣᠯᠳᠠᠯᠭ᠎ᠠ᠎ᠲᠠᠢ ᠲᠡᠮᠵᠢᠨ᠎ᠡ ᠃
(ᠭᠤᠷᠪᠠ) ᠬᠥᠲᠥᠴᠢ ᠠᠵᠤ ᠠᠬᠤᠢ᠌ᠯᠠᠯ᠎ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠵᠢ ᠨᠡᠮᠡᠭᠳᠡᠭᠦᠯᠬᠦ᠎ᠳᠤ ᠨᠥᠬᠥᠪᠦᠷᠢ ᠥᠭᠭᠦᠨ᠎ᠡ᠃ ᠠᠵᠤ ᠠᠬᠤᠢ᠌ᠯᠠᠯ ᠪᠣᠯᠣᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ ᠪᠠᠶ᠋ᠢᠭᠤᠯᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ᠂ ᠰᠦ ᠰᠠᠭ᠋ᠠᠯᠢ ᠵᠢᠨ ᠢᠷᠡᠯᠲᠡ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠲᠦᠷᠭᠡᠨ ᠰᠢᠢ᠍ᠳᠪᠦᠷᠢᠯᠡᠬᠦ ᠵᠢᠨ ᠲᠤᠰᠠᠳᠠ᠂ ᠠᠵᠤ ᠠᠬᠤᠢ᠌ᠯᠠᠯ᠎ᠤᠨ ᠰᠤᠯᠠ ᠪᠠᠢ᠌ᠬᠤ ᠦᠢ᠍ᠯᠡᠳᠪᠦᠷᠢᠯᠡᠬᠦ ᠴᠢᠳᠠᠪᠤᠷᠢ᠎ᠪᠠᠨ ᠪᠦᠲᠦᠮᠵᠢᠲᠡᠶ ᠠᠰᠢᠭᠯᠠᠬᠤ ᠵᠢ ᠳᠡᠮᠵᠢᠵᠦ᠂ ᠦᠢ᠍ᠯᠡᠳᠬᠦᠨ᠎ᠤ ᠥᠷᠲᠡᠭ ᠪᠣᠯᠣᠨ ᠭᠠᠢ᠌ᠯᠢ ᠲᠠᠲᠠᠪᠤᠷᠢ ᠵᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠤᠳᠠ ᠵᠢᠨ ᠡᠳ᠋᠎ᠤᠨ ᠵᠠᠰᠠᠭ᠎ᠠᠴᠠ 2022 ᠣᠨ᠎ᠠᠴᠠ ᠡᠬᠢᠯᠡᠨ ᠂ ᠳᠡᠭᠡᠷ᠎ᠡ ᠨᠢᠭᠡ ᠵᠢᠯ᠎ᠤᠨ ᠲᠦᠭᠦᠬᠡᠢ ᠰᠦ ᠪᠣᠯᠪᠠᠰᠤᠷᠠᠭᠤᠯᠬᠤ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠨ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠴᠠᠭ᠋ᠠᠨ ᠢᠳᠡᠭᠡᠨ ᠪᠣᠯᠪᠠᠰᠤᠷᠠᠭᠤᠯᠬᠤ ᠬᠦᠲᠦᠴᠢ ᠠᠵᠤ ᠠᠬᠤᠢ᠌ᠯᠠᠯ᠎ᠳᠤ 1 ᠲᠣᠨ ᠲᠦᠭᠦᠬᠡᠢ ᠰᠦ ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠥᠷᠢᠭ᠎ᠤᠨ ᠨᠥᠬᠥᠪᠦᠷᠢ ᠥᠭᠴᠦ ᠰᠦ ᠰᠠᠭ᠋ᠠᠯᠢ ᠵᠢᠨ ᠢᠷᠡᠯᠲᠡ ᠵᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠦᠯᠵᠦ ᠂ ᠨᠥᠬᠥᠪᠦᠷᠢ ᠵᠢᠨ ᠬᠠᠷᠢᠴᠠᠯ᠎ᠢ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠤᠳᠠ᠎ᠨᠤᠭᠤᠳ ᠲᠤᠰ ᠲᠤᠰ 50% ᠵᠶ᠋ᠠᠷ ᠡᠭᠦᠷᠭᠡᠯᠡᠨ᠎ᠡ ᠃
(ᠳᠥᠷᠪᠡ) ᠬᠦᠲᠦᠴᠢ ᠠᠵᠤ ᠠᠬᠤᠢ᠌ᠯᠠᠯ᠎ᠤᠨ ᠲᠦᠭᠦᠬᠡᠢ ᠰᠢᠨ᠎ᠡ ᠰᠦ ᠵᠢ ᠲᠠᠯᠬᠠᠳᠠᠬᠤ᠎ᠳᠤ ᠨᠥᠬᠥᠪᠦᠷᠢ ᠦᠭᠭᠦᠨ᠎ᠡ᠃ ᠵᠢᠯ ᠪᠦᠷᠢ ᠵᠢᠨ 3 - 5 ᠰᠠᠷ᠎ᠠ ᠪᠣᠯ ᠴᠠᠭ᠋ᠠᠨ ᠢᠳᠡᠭᠡᠨ᠎ᠤ ᠪᠣᠷᠤᠯᠠᠭᠤᠯᠭ᠎ᠠ ᠠᠨᠠᠢ ᠤᠯᠠᠷᠢᠯ ᠪᠣᠯᠬᠣᠷ ᠱᠠᠲᠤ ᠦᠶ᠎ᠡ ᠵᠢᠨ ᠴᠢᠨᠠᠷᠲᠠᠢ ᠲᠦᠭᠦᠬᠡᠢ ᠰᠢᠨ᠎ᠡ ᠰᠦ ᠵᠢᠨ ᠬᠠᠩᠭ᠋ᠠᠯᠭ᠎ᠠ ᠦᠯᠡᠭᠦᠳᠡᠬᠦ ᠠᠰᠠᠭᠤᠳᠠᠯ ᠭᠠᠷᠳᠠᠭ᠂ ᠲᠣᠮᠣ ᠬᠡᠯᠪᠡᠷᠢ ᠵᠢᠨ ᠴᠠᠭ᠋ᠠᠨ ᠢᠳᠡᠭᠡᠨ᠎ᠤ ᠠᠵᠤ ᠠᠬᠤᠢ᠌ᠯᠠᠯ᠎ᠤᠳ ᠨᠡᠢ᠌ᠳᠡᠮ᠎ᠳᠤ᠎ᠪᠠᠨ ᠲᠠᠯᠬᠠᠳᠠᠬᠤ ᠠᠷᠭ᠎ᠠ᠎ᠪᠠᠷ ᠲᠡᠵᠢᠭᠡᠨ ᠦᠷᠡᠵᠢᠭᠦᠯᠬᠦ ᠡᠷᠦᠬᠡ ᠵᠢᠨ ᠰᠦ ᠲᠤᠰᠢᠶᠠᠬᠤ ᠠᠰᠠᠭᠤᠳᠠᠯ᠎ᠢ ᠰᠢᠢ᠍ᠳᠪᠦᠷᠢᠯᠡᠳᠡᠭ᠃ ᠲᠠᠯᠬᠠᠳᠠᠬᠤ᠎ᠨᠢ ᠠᠵᠤ ᠠᠬᠤᠢ᠌ᠯᠠᠯ᠎ᠤᠨ ᠬᠣᠬᠢᠷᠠᠯ᠎ᠢ ᠪᠣᠶ ᠪᠣᠯᠭ᠋ᠠᠳᠠᠭ ᠂ ᠲᠡᠵᠢᠭᠡᠨ ᠦᠷᠡᠵᠢᠭᠦᠯᠬᠦ ᠡᠷᠦᠬᠡ ᠵᠢᠨ ᠠᠰᠢᠭ ᠲᠤᠰᠠ ᠵᠢ
ᠬᠠᠮᠠᠭ᠋ᠠᠯᠠᠵᠤ᠂ ᠠᠵᠤ ᠠᠬᠤᠢ᠌ᠯᠠᠯ᠎ᠤᠨ ᠠᠯᠳᠠᠭᠳᠠᠯ᠎ᠤᠨ ᠳᠠᠷᠤᠯᠲᠠ ᠵᠢ ᠬᠥᠩᠭᠡᠷᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠣᠲᠠ ᠵᠢᠨ ᠡᠳ᠋᠎ᠤᠨ ᠵᠠᠰᠠᠭ᠎ᠠᠴᠠ 2022 ᠣᠨ᠎ᠠᠴᠠ ᠡᠬᠢᠯᠡᠨ᠂ ᠵᠢᠯ ᠪᠦᠷᠢ ᠵᠢᠨ 3 ᠰᠠᠷ᠎ᠠ ᠵᠢᠨ 1᠎ᠤ ᠡᠳᠦᠷ᠎ᠠᠴᠠ 5 ᠰᠠᠷ᠎ᠠ ᠵᠢᠨ 31᠎ᠤ ᠡᠳᠦᠷ ᠪᠣᠯᠲᠠᠯ᠎ᠠ ᠲᠦᠭᠦᠬᠡᠢ ᠰᠢᠨ᠎ᠡ ᠰᠦ ᠵᠢ ᠬᠤᠳᠠᠯᠳᠤᠨ ᠠᠪᠴᠤ ᠲᠠᠯᠬᠠᠳᠠᠨ ᠪᠣᠯᠪᠠᠰᠤᠷᠠᠭᠤᠯᠤᠭᠰᠠᠨ ᠠᠵᠤ ᠠᠬᠤᠢ᠌ᠯᠠᠯ᠎ᠳᠤ ᠵᠢᠯ ᠵᠶ᠋ᠡᠷ ᠨᠥᠬᠥᠪᠦᠷᠢ ᠥᠭᠭᠦᠨ᠎ᠡ᠃ ᠨᠥᠬᠥᠪᠦᠷᠢ ᠵᠢᠨ ᠪᠠᠷᠢᠮᠵᠢᠶ᠎ᠠ ᠵᠢ ᠠᠵᠤ ᠠᠬᠤᠢ᠌ᠯᠠᠯ᠎ᠤᠨ 3 - 5 ᠰᠠᠷ᠎ᠠ ᠵᠢᠨ ᠬᠤᠭᠤᠴᠠᠭ᠋ᠠᠨ᠎ᠳᠤ ᠬᠤᠳᠠᠯᠳᠤᠨ ᠠᠪᠤᠭᠰᠠᠨ ᠲᠦᠭᠦᠬᠡᠢ ᠰᠢᠨ᠎ᠡ ᠰᠦ ᠵᠢᠨ ᠲᠣᠭ᠎ᠠ ᠬᠡᠮᠵᠢᠶ᠎ᠡ ᠵᠢᠨ 10% ᠶᠣᠰᠣᠭ᠋ᠠᠷ᠂ ᠲᠣᠨ ᠪᠦᠷᠢ᠎ᠳᠤ 800 ᠲᠥᠭᠥᠷᠢᠭ᠎ᠤᠨ ᠨᠥᠬᠥᠪᠦᠷᠢ ᠥᠭᠴᠦ᠂ ᠨᠥᠬᠥᠪᠦᠷᠢ ᠵᠢᠨ ᠬᠠᠷᠢᠴᠠᠯ᠎ᠢ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠣᠲᠠ ᠲᠣᠰ ᠲᠣᠰ 50% ᠵᠶ᠋ᠠᠷ ᠡᠭᠦᠷᠭᠡᠯᠡᠨ᠎ᠡ᠃
(ᠲᠠᠪᠤ) ᠪᠡᠯᠭᠡ ᠵᠢᠨ ᠡᠵᠡᠮᠳᠡᠯᠳᠦ ᠬᠦᠪᠦᠷᠡᠯ ᠪᠣᠢ᠌ᠵᠢᠭᠣᠯᠬᠣ ᠮᠡᠷᠭᠡᠵᠢᠯ᠎ᠢ ᠠᠰᠢᠭᠯᠠᠨ ᠥᠨᠳᠥᠷ ᠤᠨᠠᠯᠲᠠ᠎ᠲᠠᠢ ᠰᠠᠭ᠋ᠠᠯᠢ ᠵᠢᠨ ᠦᠨᠢᠶ᠎ᠡ ᠪᠣᠢ᠌ᠵᠢᠭᠤᠯᠬᠤ᠎ᠳᠤ ᠨᠥᠬᠥᠪᠦᠷᠢ ᠣᠯᠭᠣᠨ᠎ᠠ ᠃ ᠪᠡᠯᠭᠡ ᠵᠢᠨ ᠡᠵᠡᠮᠳᠡᠯᠳᠦ ᠬᠦᠪᠦᠷᠡᠯ ᠪᠣᠢ᠌ᠵᠢᠭᠣᠯᠬᠣ ᠮᠡᠷᠭᠡᠵᠢᠯ᠎ᠢ ᠠᠰᠢᠭᠯᠠᠨ ᠥᠨᠳᠥᠷ ᠤᠨᠠᠯᠲᠠ᠎ᠲᠠᠢ ᠰᠠᠭ᠋ᠠᠯᠢ ᠵᠢᠨ ᠦᠨᠢᠶ᠎ᠡ ᠵᠢ ᠪᠣᠢ᠌ᠵᠢᠭᠤᠯᠪᠠᠯ ᠪᠡᠶ᠎ᠡ᠎ᠪᠠᠨ ᠳᠠᠭ᠋ᠠᠭ᠋ᠠᠭᠰᠠᠨ ᠡᠭᠦᠯᠳᠡᠷ᠎ᠢ ᠪᠣᠢ᠌ᠵᠢᠭᠤᠯᠵᠤ ᠪᠣᠯᠬᠤ ᠮᠥᠷᠲᠡᠭᠡᠨ ᠪᠠᠰᠠ ᠭᠠᠳᠠᠭ᠋ᠠᠳᠤ᠎ᠠᠴᠠ ᠣᠷᠣᠭᠤᠯᠤᠭᠰᠠᠨ ᠰᠠᠭ᠋ᠠᠯᠢ ᠵᠢᠨ ᠦᠨᠢᠶ᠎ᠡ ᠵᠢᠨ ᠬᠠᠩᠭ᠋ᠠᠯᠭ᠎ᠠ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠨᠠᠮᠳᠠᠭᠤᠯᠵᠤ ᠪᠣᠯᠣᠨ᠎ᠠ ᠃ ᠣᠲᠣ ᠵᠢᠨ ᠪᠠᠢ᠌ᠭ᠎ᠠ ᠲᠥᠷᠥ ᠵᠢᠨ ᠪᠣᠳᠣᠯᠭ᠎ᠠ ᠪᠣᠯ ᠪᠡᠯᠭᠡ ᠵᠢᠨ ᠡᠵᠡᠮᠳᠡᠯᠳᠦ ᠢᠴᠡᠭᠡᠯ ᠦᠷ᠎ᠡ ᠪᠦᠷᠢ᠎ᠳᠤ 120 ᠲᠥᠭᠥᠷᠢᠭ᠎ᠤᠨ ᠨᠥᠬᠥᠪᠦᠷᠢ ᠥᠭᠭᠦᠨ᠎ᠡ᠂ ᠭᠡᠪᠡᠴᠦ ᠠᠷᠭ᠎ᠠ ᠬᠡᠯᠪᠡᠷᠢ᠎ᠨᠢ ᠲᠠᠩ ᠴᠤᠯᠭᠤᠢ᠂ ᠬᠡᠪᠴᠢᠶ᠎ᠡ᠎ᠨᠢ ᠬᠢᠵᠠᠭ᠋ᠠᠷ᠎ᠲᠠᠢ ᠪᠣᠯᠬᠣᠷ ᠣᠲᠣ ᠵᠢᠨ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ ᠶᠤᠮ᠃ ᠡᠢ᠌ᠮᠦ᠎ᠠᠴᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠲᠡᠵᠢᠭᠡᠨ ᠦᠷᠡᠵᠢᠭᠦᠯᠬᠦ ᠲᠠᠯᠠᠪᠠᠶ ᠵᠢᠨ ᠦᠷᠡᠵᠢᠯᠲᠦ ᠡᠬᠡ ᠮᠠᠯ᠎ᠤᠨ ᠪᠡᠯᠭᠡ ᠵᠢᠨ ᠡᠵᠡᠮᠳᠡᠯᠳᠦ ᠬᠦᠪᠦᠷᠡᠯ ᠪᠣᠢ᠌ᠵᠢᠭᠣᠯᠬᠣ ᠮᠡᠷᠭᠡᠵᠢᠯ᠎ᠢ ᠠᠰᠢᠭᠯᠠᠨ ᠥᠨᠳᠥᠷ ᠤᠨᠠᠯᠲᠠ᠎ᠲᠠᠢ ᠰᠠᠭ᠋ᠠᠯᠢ ᠵᠢᠨ ᠦᠨᠢᠶ᠎ᠡ ᠪᠣᠢ᠌ᠵᠢᠭᠤᠯᠬᠤ᠎ᠳᠤ ᠨᠥᠬᠥᠪᠦᠷᠢ ᠥᠭᠴᠦ᠂ ᠬᠡᠷᠡᠭᠯᠡᠵᠦ ᠪᠠᠢ᠌ᠭ᠎ᠠ ᠤᠯᠤᠰ᠎ᠲᠤ᠎ᠪᠠᠨ ᠦᠢ᠍ᠯᠡᠳᠪᠦᠷᠢᠯᠡᠭᠰᠡᠨ ᠪᠠ ᠭᠠᠳᠠᠭ᠋ᠠᠳᠤ᠎ᠠᠴᠠ ᠣᠷᠣᠭᠤᠯᠤᠭᠰᠠᠨ ᠪᠡᠯᠭᠡ ᠵᠢᠨ ᠡᠵᠡᠮᠳᠡᠯ᠎ᠤᠨ ᠬᠦᠪᠦᠷᠡᠯ᠎ᠳᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ 50%᠎ᠪᠠᠷ ᠨᠥᠬᠥᠪᠦᠷᠢ ᠥᠭᠴᠦ᠂ ᠰᠠᠭ᠋ᠠᠯᠢ ᠵᠢᠨ ᠦᠨᠢᠶ᠎ᠡ ᠨᠢᠭᠡᠪᠦᠷᠢ᠎ᠳᠤ ᠬᠦᠪᠦᠷᠡᠯ ᠰᠢᠯᠵᠢᠭᠦᠯᠬᠦ ᠪᠠᠷᠢᠮᠵᠢᠶ᠎ᠠ᠎ᠪᠠᠷ ᠨᠢᠭᠡ ᠤᠳᠠᠭ᠎ᠠ ᠵᠢᠨ ᠴᠢᠨᠠᠷᠲᠠᠢ᠎ᠪᠠᠷ ᠨᠥᠬᠥᠪᠦᠷᠢ ᠥᠭᠭᠦᠨ᠎ᠡ᠃
(ᠵᠢᠷᠭᠤᠭ᠎ᠠ) ᠰᠢᠨ᠎ᠡ᠎ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭ᠋ᠠᠰᠤ ᠵᠢᠨ ᠲᠠᠷᠢᠮᠠᠯ᠎ᠳᠤ ᠨᠥᠬᠥᠪᠦᠷᠢ ᠥᠭᠭᠦᠨ᠎ᠡ᠃ 2022 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠠᠴᠠ ᠰᠢᠨ᠎ᠡ᠎ᠪᠠᠷ ᠨᠡᠮᠡᠭᠳᠡᠭᠰᠡᠨ ᠲᠥᠪᠯᠡᠷᠡᠨ ᠵᠠᠯᠭ᠋ᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ᠍᠎ᠠᠴᠠ ᠳᠡᠭᠡᠭᠰᠢᠬᠢ ᠴᠠᠷᠭ᠋ᠠᠰᠤ ᠵᠢᠨ ᠡᠪᠡᠰᠦ ᠳᠠᠷᠢᠬᠤ ᠠᠵᠤ ᠠᠬᠤᠢ᠌ᠯᠠᠯ (ᠬᠣᠷᠰᠢᠶ᠎ᠠ᠂ ᠲᠠᠷᠢᠶᠠᠴᠢᠨ ᠡᠷᠦᠬᠡ)᠎ᠳᠤ ᠨᠥᠬᠥᠪᠦᠷᠢ
ᠥᠭᠴᠦ᠂ 500 ᠮᠦ᠍ᠪᠠᠷ ᠨᠢᠭᠡ ᠨᠢᠭᠡᠴᠢ ᠪᠣᠯᠭ᠋ᠠᠵᠤ᠂ ᠰᠢᠯᠭ᠋ᠠᠨ ᠬᠣᠷᠢᠶᠠᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠨᠢᠭᠡ ᠤᠳᠠᠭ᠎ᠠ ᠵᠢᠨ ᠴᠢᠨᠠᠷᠲᠠᠢ᠎ᠪᠠᠷ 5 ᠲᠦᠮᠡᠨ ᠲᠥᠭᠥᠷᠢᠭ᠎ᠤᠨ ᠨᠥᠬᠥᠪᠦᠷᠢ ᠦᠭᠭᠦᠨ᠎ᠡ᠂ ᠡᠨᠡ᠎ᠨᠢ ᠴᠠᠷᠭ᠋ᠠᠰᠤ ᠵᠢᠨ ᠡᠪᠡᠰᠦ ᠳᠠᠷᠢᠬᠤ ᠲᠠᠯᠠᠪᠠᠶ ᠵᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠲᠡᠵᠢᠭᠡᠯ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢ ᠨᠡᠮᠡᠭᠳᠡᠭᠦᠯᠵᠦ ᠪᠣᠯᠣᠨ᠎ᠠ᠃
(ᠲᠤᠯᠤᠭ᠎ᠠ) ᠰᠠᠭ᠋ᠠᠯᠢ ᠵᠢᠨ ᠦᠨᠢᠶ᠎ᠡ ᠵᠢᠨ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠲᠤᠰᠬᠠᠢ ᠵᠦᠢ᠍ᠯ᠎ᠤᠨ ᠪᠡᠯᠡ ᠮᠥᠩᠭᠥ ᠲᠤᠬᠢᠷᠠᠭᠤᠯᠤᠨ᠎ᠠ ᠃ ᠰᠠᠭ᠋ᠠᠯᠢ ᠵᠢᠨ ᠦᠨᠢᠶ᠎ᠡ ᠵᠢᠨ ᠬᠢᠵᠢᠭ ᠡᠪᠡᠳᠴᠢᠨ᠎ᠨᠢ ᠰᠦ ᠰᠠᠭ᠋ᠠᠯᠢ ᠵᠢᠨ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠬᠦᠨᠳᠦ ᠨᠣᠴᠢᠲᠠᠢ ᠨᠥᠯᠥᠭᠡᠯᠡᠵᠦ ᠪᠣᠢ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠢ ᠰᠡᠷᠭᠡᠢ᠌ᠯᠡᠬᠦ ᠮᠡᠷᠭᠡᠵᠢᠯ᠎ᠤᠨ ᠪᠣᠭᠣᠮᠲᠠ ᠰᠢᠪᠲᠤᠯᠤᠨ ᠳᠡᠯᠭᠡᠷᠡᠭᠦᠯᠬᠦ ᠰᠢᠰᠲ᠋ᠧᠮᠵᠢ ᠵᠢ ᠪᠠᠢ᠌ᠭᠤᠯᠬᠤ᠎ᠨᠢ᠂ ᠰᠠᠭ᠋ᠠᠯᠢ ᠵᠢᠨ ᠦᠨᠢᠶ᠎ᠡ ᠵᠢᠨ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠵᠢ ᠪᠦᠲᠦᠮᠵᠢᠲᠡᠶ ᠰᠡᠷᠭᠡᠢ᠌ᠯᠡᠵᠦ ᠂ ᠰᠠᠭ᠋ᠠᠯᠢ ᠵᠢᠨ ᠦᠨᠢᠶ᠎ᠡ ᠵᠢᠨ ᠰᠢᠭᠰᠢᠭᠳᠡᠬᠦ ᠨᠤᠷᠮ᠎ᠠ ᠵᠢ ᠪᠠᠭ᠋ᠠᠰᠬᠠᠬᠤ ᠪᠣᠯᠣᠨ᠎ᠠ ᠃ ᠥᠪᠡᠷᠲᠡᠭᠡᠨ ᠵᠠᠰᠠᠬᠤ ᠣᠷᠣᠨ᠎ᠠᠴᠠ 5000 ᠲᠦᠮᠡᠨ ᠲᠥᠭᠥᠷᠢᠭ᠎ᠤᠨ ᠰᠠᠭ᠋ᠠᠯᠢ ᠵᠢᠨ ᠦᠨᠢᠶ᠎ᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠬᠢᠵᠠᠭ᠋ᠠᠷᠯᠠᠬᠤ ᠲᠤᠰᠬᠠᠢ ᠪᠡᠯᠡ ᠮᠥᠩᠭᠥ ᠵᠢ ᠪᠠᠢ᠌ᠭᠤᠯᠵᠤ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢᠨ ᠡᠬᠢ ᠪᠠᠶᠠᠯᠢᠭ ᠪᠠ ᠮᠡᠷᠭᠡᠵᠢᠯ᠎ᠤᠨ ᠳᠠᠪᠠᠭᠤᠯᠢᠭ᠎ᠲᠤ ᠲᠦᠰᠢᠭᠯᠡᠨ᠂ ᠭᠣᠣᠯᠳᠠᠭᠤ ᠰᠠᠭ᠋ᠠᠯᠢ ᠵᠢᠨ ᠦᠨᠢᠶ᠎ᠡ ᠵᠢᠨ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ᠎ᠤ ᠸᠠᠺᠼᠢᠨ᠎ᠤ ᠰᠢᠨ᠎ᠡ ᠵᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠥᠨ ᠮᠠᠯ᠎ᠳᠤ ᠬᠠᠮᠲᠤ ᠲᠤᠰᠳᠠᠭ ᠡᠪᠡᠳᠴᠢᠨ᠎ᠢ ᠲᠦᠷᠭᠡᠨ ᠬᠢᠨᠠᠨ ᠬᠡᠮᠵᠢᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ᠎ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭ᠋ᠠᠯᠢ ᠵᠢᠨ ᠦᠨᠢᠶ᠎ᠡ ᠵᠢᠨ ᠳᠡᠯᠡᠩ᠎ᠤᠨ ᠦᠷᠪᠢᠰᠦᠯ ᠵᠡᠷᠭᠡ ᠦᠷᠡᠵᠢᠯ᠎ᠤᠨ ᠰᠢᠰᠲ᠋ᠧᠮ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠵᠠᠰᠠᠬᠤ ᠵᠢᠴᠢ ᠰᠣᠯᠢᠯᠴᠠᠭ᠎ᠠ ᠵᠢᠨ ᠡᠪᠡᠳᠴᠢᠨ᠎ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢ᠍ᠯᠡᠴᠢᠯᠡᠭᠡᠨ᠎ᠳᠤ ᠬᠡᠷᠡᠭᠯᠡᠨ᠎ᠡ᠃
(ᠨᠠᠢ᠍ᠮᠠ) ᠰᠦ ᠰᠠᠭ᠋ᠠᠯᠢ ᠵᠢᠨ ᠦᠢ᠍ᠯᠡᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠳᠡᠮᠵᠢᠨ᠎ᠡ᠃ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠦᠵᠡᠭᠦᠯᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠴᠢᠬᠤᠯᠠ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢ ᠨᠡᠮᠡᠭᠳᠡᠭᠦᠯᠪᠡ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ 1 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠤ ᠂ ᠭᠣᠣᠯᠳᠠᠭᠤ ᠲᠠᠪᠴᠠᠩ᠎ᠤᠨ ᠪᠠᠢ᠌ᠭᠤᠯᠤᠯᠲᠠ ᠂ ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠂ ᠭᠣᠣᠯᠳᠠᠯᠭ᠎ᠠ᠎ᠲᠠᠢ ᠰᠡᠳᠦᠪ᠎ᠤᠨ ᠪᠣᠭᠣᠮᠲᠠ ᠰᠢᠪᠲᠤᠯᠤᠯᠲᠠ᠎ᠳᠤ ᠬᠡᠷᠡᠭᠯᠡᠨ᠎ᠡ ᠃ ᠴᠢᠬᠤᠯᠠ ᠶᠡᠬᠡ ᠰᠡᠳᠦᠪ᠎ᠢ ᠰᠤᠳᠤᠯᠬᠤ᠎ᠳᠤ ᠲᠠᠬᠢᠭ᠋ᠠᠳ 《 ᠠᠰ ᠠᠰᠲᠤᠨᠢ ᠵᠥᠪᠯᠡᠬᠦ 》 ᠵᠢ ᠬᠡᠷᠡᠭᠵᠢᠭᠦᠯᠦᠨ᠎ᠡ ᠃
(ᠶᠢᠰᠦ) ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ ᠰᠠᠭᠤᠷᠢ ᠮᠥᠩᠭᠥ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠰᠡᠨ᠎ᠤ ᠬᠥᠳᠡᠭᠡ ᠲᠣᠰᠬᠣᠨ᠎ᠤ ᠬᠦᠭᠵᠢᠨ ᠮᠠᠨᠳᠣᠯᠲᠠ ᠵᠢᠨ ᠰᠠᠭᠤᠷᠢ ᠮᠥᠩᠭᠥ ᠵᠢᠨ ᠳᠣᠣᠷ᠎ᠠ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠰᠠᠭᠤᠷᠢ ᠮᠥᠩᠭᠥ ᠪᠠᠢ᠌ᠭᠤᠯᠵᠤ᠂ ᠰᠠᠭᠤᠷᠢ ᠮᠥᠩᠭᠥ᠎ᠪᠠᠷ ᠪᠡᠯᠡ ᠣᠷᠣᠭᠤᠯᠬᠤ ᠠᠷᠭ᠎ᠠ᠎ᠪᠠᠷ ᠳᠠᠮᠵᠢᠭᠤᠯᠤᠨ᠂ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠂ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠂ ᠪᠣᠯᠪᠠᠰᠤᠷᠠᠭᠤᠯᠬᠤ ᠠᠵᠤ ᠠᠬᠤᠢ᠌ᠯᠠᠯ᠂ ᠦᠢ᠍ᠯᠡᠳᠬᠦᠨ᠎ᠤ ᠦᠢ᠍ᠯᠡᠳᠪᠦᠷᠢᠯᠡᠯ᠂ ᠪᠣᠷᠤᠯᠠᠭᠤᠯᠭ᠎ᠠ ᠵᠢᠨ ᠭᠦᠢ᠍ᠯᠭᠡᠭᠡᠨ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠲᠠᠯ᠎ᠠ᠎ᠪᠠᠷ᠎ᠬᠢ ᠰᠦ ᠰᠠᠭ᠋ᠠᠯᠢ ᠵᠢᠨ ᠦᠢ᠍ᠯᠡᠰ᠎ᠤᠨ ᠬᠥᠲᠥᠴᠢ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ ᠳᠡᠮᠵᠢᠵᠦ᠂ ᠠᠵᠤ ᠠᠬᠤᠢ᠌ᠯᠠᠯ᠎ᠤᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠭᠰᠠᠨ ᠪᠡᠯᠡ ᠮᠥᠩᠭᠥ ᠳᠤᠲᠠᠭᠳᠠᠬᠤ ᠠᠰᠠᠭᠤᠳᠠᠯ᠎ᠢ ᠰᠢᠢ᠍ᠳᠪᠦᠷᠢᠯᠡᠨ᠎ᠡ᠃
ᠳᠥᠷᠪᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠬᠡᠷᠬᠢᠨ ᠪᠠᠲᠤᠯᠠᠬᠤ ᠪᠣᠶ
(ᠨᠢᠭᠡ) ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠤᠨ᠎ᠠ ᠃ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢ 《ᠤᠷᠢᠳᠠᠪᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ᠂ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ》 ᠠᠷᠭ᠎ᠠ ᠵᠢ ᠬᠡᠷᠡᠭᠵᠢᠭᠦᠯᠵᠦ᠂ ᠡᠯ᠎ᠡ ᠲᠦᠷᠦᠭᠦᠯᠡᠨ ᠭᠦᠢ᠍ᠴᠡᠳᠬᠡᠬᠦ ᠰᠠᠯᠠᠭ᠎ᠠ ᠮᠥᠴᠢᠷ᠎ᠤᠳ ᠪᠡᠯᠡ ᠮᠥᠩᠭᠥ ᠵᠢᠨ ᠬᠠᠮᠢᠶᠠᠷᠤᠯᠲᠠ ᠪᠠ ᠰᠢᠯᠭ᠋ᠠᠨ ᠬᠤᠷᠢᠶᠠᠵᠤ ᠬᠢᠨᠠᠨ ᠰᠢᠯᠭ᠋ᠠᠬᠤ ᠠᠷᠭ᠎ᠠ ᠵᠢ ᠨᠢᠭᠡᠨᠲᠡ ᠲᠣᠭᠲᠠᠭ᠋ᠠᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠠᠢ᠌ᠮᠠᠭ ᠬᠣᠲᠠ ᠬᠣᠰᠢᠭᠤ ᠰᠢᠶᠠᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢᠨ 《ᠭᠤᠷᠪᠠ ᠵᠢ ᠨᠠᠪᠲᠠᠷᠡᠭᠦᠯᠵᠦ ᠨᠢᠭᠡ ᠵᠢ ᠲᠡᠭᠰᠢᠯᠡᠬᠦ》 ᠵᠡᠷᠭᠡ ᠰᠠᠭᠤᠷᠢ ᠲᠦᠬᠦᠭᠡᠷᠦᠮᠵᠢ ᠵᠢᠨ ᠪᠠᠲᠤᠯᠠᠭ᠎ᠠ ᠵᠢ ᠴᠢᠩᠭ᠋ᠠᠳᠬᠠᠵᠤ᠂ ᠶᠢᠰᠦᠨ ᠵᠤᠷᠪᠤᠰ ᠲᠥᠷᠥ ᠵᠢᠨ ᠪᠣᠳᠣᠯᠭ᠎ᠠ᠎ᠳᠤ ᠲᠣᠭᠲᠠᠭ᠋ᠠᠭᠰᠠᠨ ᠢᠵᠢ ᠪᠦᠷᠢᠳᠦᠭᠦᠯᠬᠦ ᠪᠡᠯᠡ ᠮᠥᠩᠭᠥ ᠵᠢ ᠴᠠᠭ ᠲᠤᠬᠠᠢ᠎ᠳᠤ ᠨᠢ ᠲᠣᠭ᠎ᠠ ᠶᠣᠰᠣᠭ᠋ᠠᠷ ᠪᠡᠶᠡᠯᠡᠭᠦᠯᠵᠦ᠂ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ ᠠᠮᠢᠳᠤᠯᠢᠭ ᠬᠡᠷᠡᠭᠯᠡᠨ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠲᠦᠷᠦᠭᠦᠯᠡᠬᠦ ᠰᠠᠯᠠᠭ᠎ᠠ ᠮᠥᠴᠢᠷ᠎ᠤᠳ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠬᠢᠨᠠᠨ ᠵᠢᠯᠤᠭᠣᠳᠬᠤ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠠᠴᠠ ᠰᠦ ᠰᠠᠭ᠋ᠠᠯᠢ ᠵᠢᠨ ᠦᠢ᠍ᠯᠡᠰ ᠵᠢᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠬᠠᠮᠢᠶᠠᠷᠤᠯᠲᠠ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠵᠢᠨ ᠪᠣᠳᠠᠲᠤ ᠦᠢ᠍ᠯᠡᠳᠦᠯ ᠵᠶ᠋ᠡᠨ ᠪᠠᠳᠠᠷᠠᠭᠤᠯᠬᠤ ᠵᠢ ᠠᠬᠢᠭᠤᠯᠬᠤ᠎ᠪᠠᠷ ᠪᠤᠢ᠃
(ᠬᠣᠶᠠᠷ) ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠵᠢ ᠴᠢᠩᠭ᠋ᠠᠳᠬᠠᠨ᠎ᠠ ᠃ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠢᠷᠤᠮᠵᠢᠭᠤᠯᠤᠨ ᠬᠡᠷᠡᠭᠵᠢᠭᠦᠯᠬᠦ ᠵᠢᠨ ᠲᠥᠯᠥᠭᠡ᠂ 4 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ᠂ ᠡᠳ᠋᠎ᠤᠨ ᠵᠠᠰᠠᠭ ᠵᠡᠷᠭᠡ ᠲᠠᠪᠤᠨ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ 《 ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠨᠠᠷᠢᠨ ᠳᠦᠷᠢᠮ》᠎ᠢ ᠬᠠᠮᠲᠤᠷᠠᠨ ᠳᠠᠷᠤᠮᠠᠯᠯᠠᠨ ᠲᠠᠷᠬᠠᠭ᠋ᠠᠵᠤ᠂ ᠬᠡᠷᠡᠭᠵᠢᠭᠦᠯᠬᠦ ᠬᠠᠷᠠᠯᠲᠠ᠂ ᠬᠡᠷᠡᠭᠵᠢᠭᠦᠯᠬᠦ ᠬᠡᠪᠴᠢᠶ᠎ᠡ ᠪᠠ ᠴᠠᠭ᠎ᠤᠨ ᠬᠢᠵᠠᠭ᠋ᠠᠷ᠂ ᠨᠥᠬᠥᠪᠦᠷᠢ ᠣᠯᠭᠣᠬᠤ ᠡᠲᠡᠭᠡᠳ᠂ ᠬᠡᠷᠡᠭᠴᠡᠭᠡ᠂ ᠪᠠᠷᠢᠮᠵᠢᠶ᠎ᠠ ᠠᠷᠭ᠎ᠠ ᠬᠡᠯᠪᠡᠷᠢ ᠂ ᠨᠥᠬᠥᠪᠦᠷᠢ ᠥᠭᠬᠦ ᠶᠠᠪᠤᠴᠠ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠨᠠᠷᠢᠨ ᠲᠣᠳᠣᠷᠬᠠᠢ ᠲᠣᠭᠲᠠᠭ᠋ᠠᠯ ᠭᠠᠷᠭ᠋ᠠᠪᠠ᠃ ᠡᠭᠦᠨ᠎ᠤ ᠬᠠᠮᠲᠤ ᠰᠢᠨ᠎ᠡ ᠡᠭᠦᠷᠭᠡ ᠵᠢᠨ ᠱᠠᠭ᠋ᠠᠷᠳᠠᠯᠭ᠎ᠠ ᠶᠣᠰᠣᠭ᠋ᠠᠷ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢ᠌ᠭᠤᠯᠵᠤ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ ᠠᠵᠢᠯ᠎ᠢ ᠲᠤᠰᠬᠠᠢ ᠠᠩᠭᠢ᠎ᠪᠠᠷ ᠲᠦᠯᠬᠢᠨ ᠠᠬᠢᠭᠤᠯᠤᠭᠰᠠᠨ ᠪᠥᠭᠡᠳ ᠲᠤᠰᠬᠠᠢ ᠮᠡᠷᠭᠡᠵᠢᠯᠲᠡᠨ᠂ ᠠᠵᠤ ᠠᠬᠤᠢ᠌ᠯᠠᠯ᠎ᠢ ᠣᠯᠠᠨ ᠤᠳᠠᠭ᠎ᠠ ᠤᠷᠢᠵᠤ ᠶᠠᠷᠢᠯᠴᠠᠬᠤ ᠬᠤᠷᠠᠯ ᠬᠢᠵᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠪᠠ᠃ ᠡᠭᠦᠨ᠎ᠤ ᠬᠠᠮᠲᠤ᠂ ᠬᠣᠯᠪᠣᠭᠳᠠᠯ ᠪᠦᠬᠦᠢ ᠠᠢ᠌ᠮᠠᠭ ᠬᠣᠲᠠ᠂ ᠠᠵᠤ ᠠᠬᠤᠢ᠌ᠯᠠᠯ᠎ᠳᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ ᠥᠷᠨᠢᠭᠦᠯᠪᠡ᠃
(ᠭᠤᠷᠪᠠ) ᠲᠣᠬᠢᠷᠠᠭᠤᠯᠤᠨ ᠵᠥᠪᠳᠡᠯᠴᠡᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠎ᠠ ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠠᠢ᠌ᠮᠠᠭ ᠬᠣᠲᠠ᠂ ᠬᠣᠰᠢᠭᠤ ᠰᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠢᠯᠢ᠂ ᠮᠧᠩ ᠨᠢᠦ ᠬᠣᠶᠠᠷ ᠲᠣᠮᠣ ᠰᠦ ᠰᠠᠭ᠋ᠠᠯᠢ ᠵᠢᠨ ᠠᠵᠤ ᠠᠬᠤᠢ᠌ᠯᠠᠯ ᠯᠤᠭ᠎ᠠ ᠬᠣᠯᠪᠤᠭ᠋ᠠᠯᠠᠨ᠂ 2019 ᠣᠨ᠎ᠠᠴᠠ ᠨᠠᠭ᠋ᠠᠰᠢ ᠡᠬᠢᠯᠡᠨ ᠪᠦᠲᠦᠭᠡᠨ ᠪᠠᠢ᠌ᠭᠤᠯᠤᠭᠰᠠᠨ ᠪᠠ ᠰᠢᠨ᠎ᠡ᠎ᠪᠠᠷ ᠪᠠᠶ᠋ᠢᠭᠤᠯᠬᠤ᠎ᠪᠠᠷ ᠲᠥᠯᠥᠪᠯᠡᠵᠦ ᠪᠠᠢ᠌ᠭ᠎ᠠ 3000 ᠲᠣᠯᠣᠭ᠋ᠠᠢ᠎ᠠᠴᠠ ᠳᠡᠭᠡᠭᠰᠢᠬᠢ 113 ᠰᠠᠭ᠋ᠠᠯᠢ ᠵᠢᠨ ᠦᠨᠢᠶᠡᠨ᠎ᠤ ᠬᠡᠪᠴᠢᠶᠡᠲᠦ ᠮᠠᠯᠵᠢᠯ᠎ᠤᠨ ᠲᠠᠯᠠᠪᠠᠶ ᠵᠢᠨ ᠪᠠᠢ᠌ᠳᠠᠯ᠎ᠢ ᠲᠤᠢ᠌ᠯᠪᠤᠷᠢᠲᠠᠢ ᠣᠢ᠌ᠯᠠᠭ᠋ᠠᠭᠰᠠᠨ ᠪᠠ ᠲᠤᠬᠠᠢ ᠵᠢᠨ ᠭᠠᠵᠠᠷ᠎ᠲᠤ ᠨᠢ ᠬᠠᠷᠭᠤᠭᠤᠯᠤᠨ ᠪᠠᠢ᠌ᠴᠠᠭ᠋ᠠᠵᠤ᠂ 《 ᠠᠰ ᠠᠰᠲᠤᠨᠢ ᠵᠦᠪᠯᠡᠬᠦ》᠎ᠪᠠᠷ ᠨᠠᠷᠢᠯᠢᠭ ᠣᠨᠣᠴᠠᠲᠠᠢ᠎ᠪᠠᠷ ᠲᠡᠳᠬᠦᠨ ᠳᠡᠮᠵᠢᠪᠡ᠃ 4 ᠰᠠᠷ᠎ᠠ ᠵᠢᠨ ᠡᠬᠢᠨ᠎ᠠᠴᠠ ᠡᠬᠢᠯᠡᠨ ᠡᠳᠦᠷ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠡᠬᠢᠯᠡᠨ ᠬᠡᠷᠡᠭᠵᠢᠭᠦᠯᠵᠦ᠂ ᠨᠢᠭᠡᠨᠲᠡ ᠪᠠᠢ᠌ᠭᠤᠯᠤᠭᠰᠠᠨ 42 ᠲᠡᠵᠢᠭᠡᠨ ᠦᠷᠡᠵᠢᠭᠦᠯᠬᠦ ᠲᠠᠯᠠᠪᠠᠶ ᠵᠢ ᠰᠢᠯᠭ᠋ᠠᠨ ᠬᠣᠷᠢᠶᠠᠭᠰᠠᠨ ᠪᠠᠢ᠌ᠳᠠᠯ᠎ᠳᠤ ᠡᠳᠦᠷ ᠪᠦᠷᠢ ᠲᠣᠬᠢᠷᠠᠭᠤᠯᠤᠯᠲᠠ ᠬᠢᠵᠦ᠂ ᠠᠰᠠᠭᠤᠳᠠᠯ᠎ᠢ ᠵᠠᠳᠠᠯᠵᠤ ᠰᠤᠳᠤᠯᠤᠨ ᠮᠠᠭ᠋ᠠᠳᠯᠠᠵᠤ᠂ 4 ᠰᠠᠷ᠎ᠠ ᠵᠢᠨ ᠰᠡᠭᠦᠯᠴᠢ᠎ᠠᠴᠠ ᠡᠮᠦᠨ᠎ᠡ ᠨᠥᠬᠥᠴᠡᠯ᠎ᠳᠤ ᠨᠡᠶ᠋ᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠠᠩᠬᠠᠨ᠎ᠤ ᠪᠦᠯᠦᠭ ᠨᠥᠬᠥᠪᠦᠷᠢ ᠪᠡᠯᠡ ᠮᠥᠩᠭᠥ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠪᠠ ᠃
ᠡᠯ᠎ᠡ ᠵᠠᠭᠤᠴᠢᠯᠠᠭᠤᠷ᠎ᠤᠨ ᠰᠣᠷᠪᠣᠯᠵᠢᠯᠠᠭᠴᠢᠳ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠩᠬᠠᠷᠴᠤ ᠪᠠᠢ᠌ᠭ᠎ᠠ᠎ᠳᠤ ᠲᠠᠯᠠᠷᠬᠠᠵᠤ ᠪᠠᠢ᠌ᠨ᠎ᠠ᠂ ᠲᠠ ᠨᠠᠷ᠎ᠤᠨ ᠮᠠᠯᠵᠢᠯ᠎ᠤᠨ ᠲᠠᠯᠠᠪᠠᠶ᠂ ᠪᠣᠯᠪᠠᠰᠤᠷᠠᠭᠤᠯᠬᠤ ᠠᠵᠤ ᠠᠬᠤᠢ᠌ᠯᠠᠯ᠂ ᠬᠦᠷᠢᠶᠡᠯᠡᠩ ᠲᠣᠭᠣᠷᠢᠭ᠎ᠲᠤ ᠭᠦᠨᠵᠡᠭᠡᠢ᠌ᠷᠡᠨ ᠥᠪᠥᠷ ᠮᠣᠩᠭᠣᠯ᠎ᠤᠨ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠳᠤᠮᠳᠠᠬᠢ ᠠᠮᠢᠳᠤ ᠰᠣᠷᠭᠣᠭ ᠨᠡᠢ᠌ᠲᠡᠯᠢᠭ ᠵᠢᠱ᠌ᠢᠶ᠎ᠡ ᠵᠢ ᠰᠤᠷᠪᠤᠯᠵᠢᠯᠠᠵᠤ᠂ ᠥᠪᠥᠷ ᠮᠣᠩᠭᠣᠯ᠎ᠤᠨ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ᠎ᠳᠤ ᠵᠣᠷᠢᠭ ᠬᠦᠪᠴᠢᠯᠠᠵᠤ ᠬᠦᠴᠦᠨ ᠨᠡᠮᠡᠷᠢᠯᠡᠬᠦ ᠵᠢ ᠪᠠᠶᠠᠷᠯᠠᠨ ᠤᠭᠲᠤᠵᠤ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ
ᠮᠠᠨᠳᠣᠯᠲᠠ ᠵᠢᠨ ᠲᠥᠷᠥ ᠵᠢᠨ ᠪᠣᠳᠣᠯᠭ᠎ᠠ ᠵᠢ ᠠᠬᠢᠭᠤᠯᠬᠤ ᠵᠤᠷᠰᠢᠯᠲᠤ ᠰᠣᠨᠢᠨ ᠮᠡᠳᠡᠭᠡ
ᠨᠡᠢ᠌ᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ
ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠭᠰᠡᠨ ᠠᠬᠤᠢ ᠪᠠᠢ᠌ᠳᠠᠯ ᠪᠠ ᠵᠣᠷᠢᠯᠭ᠎ᠠ᠃
ᠸᠠᠩ ᠭᠦᠸᠧ ᠹᠧᠩ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠤᠯᠤᠰ᠎ᠤᠨ ᠴᠢᠬᠤᠯᠠ ᠪᠣᠯᠬᠣ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠬᠤᠯᠠ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠪᠣᠯᠭ᠋ᠠᠨ ᠰᠠᠢ᠌ᠲᠤᠷ ᠠᠳᠬᠤᠵᠤ᠂ ᠪᠦᠬᠦ ᠣᠷᠣᠨ᠎ᠤ ᠬᠦᠴᠦᠨ ᠵᠶ᠋ᠡᠷ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠵᠤ᠂ 《ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《 ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ》᠎ᠢ ᠲᠤᠭᠲᠠᠭ᠋ᠠᠨ ᠂ 《 ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》 ᠢ ᠨᠡᠢ᠌ᠲᠡᠯᠡᠨ ᠬᠡᠷᠡᠭᠵᠢᠭᠦᠯᠵᠦ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠵᠢᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠠᠰᠢᠨᠴᠢᠯᠠᠯᠲᠠ᠂ ᠵᠣᠬᠢᠶᠠᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠂ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠵᠦ᠂ ᠰᠠᠭ᠋ᠠᠯᠢ ᠵᠢᠨ ᠦᠨᠢᠶ᠎ᠡ ᠲᠡᠵᠢᠭᠡᠵᠦ ᠪᠠᠢ᠌ᠭ᠎ᠠ ᠪᠠ ᠦᠨᠢᠶᠡᠨ ᠰᠦ ᠵᠢᠨ ᠭᠠᠷᠤᠯᠲᠠ ᠴᠥᠮ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠰᠠᠭ᠋ᠠᠯᠢ ᠵᠢᠨ ᠦᠢ᠍ᠯᠡᠰ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠢᠯᠡᠳᠲᠡ ᠴᠢᠩᠭ᠋ᠠᠷᠠᠭᠤᠯᠪᠠ᠃
ᠮᠠᠨ᠎ᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠲᠦᠷᠭᠡᠨ ᠬᠥᠭᠵᠢᠬᠦ ᠵᠢ ᠳᠠᠭ᠋ᠠᠯᠳᠤᠨ᠂ ᠲᠠᠪᠤᠨ ᠶᠡᠬᠡ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠲᠣᠭᠣᠷᠢᠨ᠎ᠳᠤ ᠰᠦ ᠰᠠᠭ᠋ᠠᠯᠢ ᠵᠢᠨ ᠦᠢ᠍ᠯᠡᠰ᠎ᠤᠨ 10 ᠲᠣᠮᠣ ᠠᠵᠤ ᠦᠢ᠍ᠯᠡᠰ᠎ᠤᠨ ᠰᠦᠷᠦᠭᠵᠢᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠶᠠᠪᠤᠴᠠ᠎ᠳᠤ᠂ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠰᠠᠭ᠋ᠠᠯᠢ ᠵᠢᠨ ᠦᠨᠢᠶ᠎ᠡ ᠵᠢᠨ ᠡᠭᠦᠯᠳᠡᠷ᠎ᠤᠨ ᠦᠢ᠍ᠯᠡᠰ᠎ᠤᠨ ᠬᠥᠭᠵᠢᠯᠲᠡ᠂ ᠴᠢᠨᠠᠷ ᠰᠠᠢ᠌ᠲᠠᠢ ᠲᠡᠵᠢᠭᠡᠯ ᠡᠪᠡᠰᠦ ᠪᠣᠷᠳᠣᠭ᠋ᠠᠨ᠎ᠤ ᠬᠠᠩᠭ᠋ᠠᠯᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠯ᠂ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠠᠰᠠᠭᠤᠳᠠᠯ ᠲᠠᠰᠤᠷᠠᠯᠲᠠ ᠦᠭᠡᠢ ᠲᠣᠪᠣᠢ᠌ᠮ᠎ᠠ ᠪᠣᠯᠵᠤ᠂ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠨᠢᠭᠡᠨ ᠬᠡᠮᠵᠢᠶ᠎ᠡ᠎ᠪᠠᠷ ᠨᠥᠯᠥᠭᠡᠯᠡᠭᠰᠡᠨ ᠪᠠᠢ᠌ᠨ᠎ᠠ᠃ ᠡᠭᠦᠨ᠎ᠤ ᠵᠡᠷᠭᠡ᠎ᠳᠤ᠂ ᠪᠥᠬᠥ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠵᠠᠬ᠎ᠠ ᠳᠡᠯᠭᠡᠭᠦᠷ᠎ᠤᠨ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠢ᠌ᠭ᠎ᠠ ᠣᠷᠴᠢᠨ ᠨᠥᠬᠥᠴᠡᠯ᠎ᠤᠨ ᠳᠣᠣᠷ᠎ᠠ᠂ ᠬᠡᠰᠡᠭ ᠮᠤᠵᠢ ᠣᠷᠣᠨ᠎ᠤ᠎ᠬᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ᠎ᠪᠠᠨ ᠵᠠᠯᠭ᠋ᠠᠭ᠎ᠠ᠎ᠪᠠᠷ ᠲᠣᠬᠢᠷᠠᠭᠤᠯᠤᠯᠲᠠ ᠬᠢᠵᠦ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠵᠤ ᠪᠣᠢ ᠂ ᠮᠠᠨ᠎ᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠷᠦᠭᠦᠯᠡᠨ ᠪᠡᠶᠡᠯᠡᠭᠦᠯᠬᠦ ᠬᠥᠭᠵᠢᠯᠲᠡ ᠵᠢᠨ ᠳᠠᠪᠠᠭᠤᠯᠢᠭ᠎ᠢ ᠪᠠᠲᠤᠯᠠᠬᠤ ᠵᠢᠨ ᠲᠥᠯᠥᠭᠡ᠂ ᠰᠢᠨ᠎ᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠲᠣᠭᠲᠠᠭ᠋ᠠᠵᠤ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠲᠠᠰ ᠳᠡᠪᠰᠢᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠬᠤ ᠵᠢ ᠲᠣᠯᠭ᠋ᠠᠮ ᠱᠠᠭ᠋ᠠᠷᠳᠠᠵᠤ ᠪᠤᠢ ᠃
ᠰᠢᠨ᠎ᠡ ᠪᠠᠢ᠌ᠳᠠᠯ᠂ ᠰᠢᠨ᠎ᠡ ᠡᠭᠦᠷᠭᠡ᠎ᠠᠴᠠ ᠳᠤᠷᠠᠳᠤᠭᠰᠠᠨ ᠰᠢᠨ᠎ᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠡᠨᠡ ᠵᠢᠯ᠎ᠤᠨ ᠡᠬᠢ᠎ᠪᠠᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠣᠳᠣᠬᠠᠨ᠎ᠤ ᠪᠦᠬᠦ ᠤᠯᠤᠰ ᠪᠣᠯᠣᠨ ᠪᠦᠬᠦ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠭᠦᠨᠵᠡᠭᠡᠢ ᠰᠤᠳᠤᠯᠤᠨ ᠵᠠᠳᠠᠯᠵᠤ᠂ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠠᠢ᠌ᠮᠠᠭ ᠬᠣᠲᠠ ᠵᠢᠨ ᠵᠠᠰᠠᠭ᠎ᠤᠨ ᠣᠷᠳᠣᠨ᠂ ᠬᠥᠲᠥᠴᠢ ᠠᠵᠤ ᠠᠬᠤᠢ᠌ᠯᠠᠯ᠎ᠤᠳ ᠲᠥᠷᠥ ᠵᠢᠨ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠤᠭᠰᠠᠨ ᠰᠠᠭᠤᠷᠢᠨ ᠳᠡᠭᠡᠷ᠎ᠡ᠂ ᠠᠰᠠᠭᠤᠳᠠᠯ᠎ᠤᠨ ᠤᠳᠤᠷᠢᠳᠤᠮᠵᠢ ᠵᠢ ᠦᠨᠳᠦᠰᠦᠯᠡᠨ᠂ 《ᠭᠤᠷᠪᠠᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠬᠣᠶᠠᠷ ᠲᠤᠯᠭ᠋ᠠᠭᠤᠷᠢᠯᠠᠯ ᠬᠠᠩᠭ᠋ᠠᠵᠤ᠂ ᠬᠥᠲᠥᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ》 ᠦᠨᠳᠦᠰᠦᠨ ᠪᠣᠷᠣ ᠲᠥᠯᠥᠪ᠎ᠤᠨ ᠲᠣᠭᠣᠷᠢᠨ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠯᠬᠢᠨ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠰᠤᠳᠤᠯᠤᠨ ᠲᠣᠭᠲᠠᠭ᠋ᠠᠵᠤ ᠨᠡᠢ᠌ᠲᠡᠯᠡᠪᠡ᠃
ᠭᠤᠷᠪᠠᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ᠄ ᠨᠢᠭᠡ᠎ᠳᠤ ᠬᠡᠪᠴᠢᠶᠡᠵᠢᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ ᠃ ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠳᠤ ᠨᠥᠬᠥᠪᠦᠷᠢ ᠥᠭᠬᠦ ᠪᠠ ᠲᠤᠰᠬᠠᠢ ᠵᠦᠢ᠍ᠯ᠎ᠤᠨ ᠵᠢᠭᠡᠯᠡᠭᠡ ᠵᠢ ᠬᠡᠷᠡᠭᠯᠡᠨ ᠰᠢᠨ᠎ᠡ᠎ᠪᠠᠷ ᠪᠠᠢ᠌ᠭᠤᠯᠤᠭᠰᠠᠨ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠦᠷᠢᠶᠡᠯᠡᠩ ᠲᠣᠭᠣᠷᠢᠭ᠎ᠲᠤ ᠳᠡᠮᠵᠢᠯᠭᠡ ᠦᠵᠡᠭᠦᠯᠬᠦ ᠬᠣᠶᠠᠷ ᠵᠦᠢ᠍ᠯ᠎ᠤᠨ ᠲᠥᠷᠥ ᠵᠢᠨ ᠪᠣᠳᠣᠯᠭ᠎ᠠ ᠪᠣᠯ ᠭᠣᠣᠯᠳᠠᠭᠤ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠰᠠᠭ᠋ᠠᠯᠢ ᠵᠢᠨ ᠦᠨᠢᠶ᠎ᠡ ᠵᠢᠨ ᠲᠣᠭ᠎ᠠ ᠪᠠ ᠦᠨᠢᠶᠡᠨ ᠰᠦ ᠵᠢᠨ ᠭᠠᠷᠤᠯᠲᠠ ᠵᠢ ᠨᠡᠮᠡᠭᠳᠡᠭᠦᠯᠦᠨ᠂ ᠬᠥᠲᠥᠴᠢ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠲᠣᠭᠲᠠᠪᠤᠷᠢᠲᠠᠢ ᠰᠠᠭ᠋ᠠᠯᠢ ᠵᠢᠨ ᠢᠷᠡᠯᠲᠡ ᠵᠢᠨ ᠬᠠᠩᠭ᠋ᠠᠯᠭ᠎ᠠ ᠵᠢ ᠬᠠᠩᠭ᠋ᠠᠬᠤ ᠵᠢᠨ ᠲᠥᠯᠥᠭᠡ ᠶᠤᠮ᠃ ᠬᠣᠶᠠᠷ᠎ᠲᠤ ᠰᠠᠭ᠋ᠠᠯᠢ ᠵᠢᠨ ᠦᠨᠢᠶ᠎ᠡ ᠵᠢᠨ ᠪᠡᠶ᠎ᠡ᠎ᠪᠠᠨ ᠳᠠᠭ᠋ᠠᠭ᠋ᠠᠵᠤ ᠦᠷᠡᠵᠢᠭᠦᠯᠦᠨ ᠪᠣᠢ᠌ᠵᠢᠭᠤᠯᠬᠤ ᠴᠢᠳᠠᠪᠤᠷᠢ ᠵᠢᠨ ᠪᠠᠢ᠌ᠭᠤᠯᠤᠯᠲᠠ ᠵᠢ ᠲᠦᠷᠭᠡᠳᠭᠡᠨ᠎ᠡ᠃ ᠲᠦᠯᠯᠡᠬᠦ ᠡᠬᠡ ᠮᠠᠯ᠎ᠤᠨ ᠪᠡᠯᠭᠡ ᠵᠢᠨ ᠡᠵᠡᠮᠰᠢᠯᠲᠦ ᠬᠦᠪᠦᠷᠡᠯ ᠪᠣᠢ᠌ᠵᠢᠭᠣᠯᠬᠣ ᠮᠡᠷᠭᠡᠵᠢᠯ᠎ᠢ ᠠᠰᠢᠭᠯᠠᠨ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ ᠪᠣᠢ᠌ᠵᠢᠭᠤᠯᠬᠤ᠎ᠳᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠭᠣᠣᠯᠳᠠᠭᠤ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ ᠵᠢᠨ ᠪᠡᠶ᠎ᠡ᠎ᠪᠠᠨ ᠳᠠᠭ᠋ᠠᠭ᠋ᠠᠵᠤ ᠦᠷᠡᠵᠢᠭᠦᠯᠦᠨ ᠪᠣᠢ᠌ᠵᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠢᠴᠡᠭᠡᠯ ᠦᠷ᠎ᠡ ᠵᠢᠨ ᠨᠥᠬᠥᠪᠦᠷᠢ ᠵᠢᠨ ᠲᠥᠷᠥ ᠵᠢᠨ ᠪᠣᠳᠣᠯᠭ᠎ᠠ᠎ᠲᠠᠢ ᠬᠠᠮᠵᠢᠯᠴᠠᠨ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ ᠵᠢᠨ ᠰᠦᠷᠦᠭᠵᠢᠯ᠎ᠢ ᠥᠷᠭᠡᠳᠬᠡᠨ ᠨᠡᠮᠡᠭᠳᠡᠭᠦᠯᠬᠦ ᠬᠠᠷᠠᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠭᠤᠷᠪᠠ᠎ᠳᠤ ᠴᠢᠨᠠᠷ ᠰᠠᠢ᠌ᠲᠠᠢ ᠲᠡᠵᠢᠭᠡᠯ ᠡᠪᠡᠰᠦᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠰᠢᠨ᠎ᠡ᠎ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭ᠋ᠠᠰᠤ ᠳᠠᠷᠢᠬᠤ ᠠᠵᠤ ᠠᠬᠤᠢ᠌ᠯᠠᠯ᠎ᠳᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠪᠣᠯ ᠴᠠᠷᠭ᠋ᠠᠰᠤ ᠳᠠᠷᠢᠬᠤ ᠠᠵᠤ ᠠᠬᠤᠢ᠌ᠯᠠᠯ᠎ᠤᠨ ᠢᠳᠡᠪᠬᠢᠵᠢᠯ᠎ᠢ ᠳᠡᠭᠡᠭᠰᠢᠯᠡᠭᠦᠯᠵᠦ᠂ ᠴᠠᠷᠭ᠋ᠠᠰᠤ ᠵᠢᠨ ᠡᠪᠡᠰᠦ ᠵᠢᠨ ᠪᠥᠬᠥ ᠣᠷᠣᠨ᠎ᠳᠤ ᠳᠠᠷᠢᠬᠤ ᠲᠠᠯᠠᠪᠠᠶ ᠵᠢ ᠪᠦᠲᠦᠮᠵᠢᠲᠡᠶ ᠥᠷᠭᠡᠳᠬᠡᠬᠦ ᠵᠢᠨ ᠲᠥᠯᠥᠭᠡ ᠶᠤᠮ᠃
ᠬᠣᠶᠠᠷ ᠲᠤᠯᠭ᠋ᠠᠭᠤᠷᠢᠯᠠᠯ ᠬᠠᠩᠭ᠋ᠠᠬᠤ ᠄ ᠨᠢᠭᠡ᠎ᠳᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠰᠢᠰᠲ᠋ᠧᠮᠵᠢ ᠵᠢᠨ ᠲᠤᠯᠭ᠋ᠠᠭᠤᠷᠢᠯᠠᠯ ᠬᠠᠩᠭ᠋ᠠᠨ᠎ᠠ᠃ ᠰᠠᠭ᠋ᠠᠯᠢ ᠵᠢᠨ ᠦᠨᠢᠶᠡᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠲᠤᠰᠬᠠᠢ ᠪᠡᠯᠡ ᠮᠥᠩᠭᠥ ᠭᠠᠷᠭ᠋ᠠᠬᠤ ᠲᠥᠷᠥ ᠵᠢᠨ ᠪᠣᠳᠣᠯᠭ᠎ᠠ ᠵᠢᠨ ᠵᠣᠷᠢᠯᠭ᠎ᠠ ᠪᠣᠯ ᠰᠢᠨᠵᠢᠯᠡᠬᠦ ᠤᠬᠠᠭ᠋ᠠᠨᠴᠢ ᠪᠦᠲᠦᠮᠵᠢᠲᠡᠶ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠲᠣᠭᠲᠠᠭ᠋ᠠᠬᠤ᠎ᠪᠠᠷ ᠳᠠᠮᠵᠢᠭᠤᠯᠤᠨ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠳᠤ ᠦᠵᠡᠭᠦᠯᠬᠦ ᠬᠢᠵᠢᠭ ᠡᠪᠡᠳᠴᠢᠨ᠎ᠤ ᠳᠠᠭ᠋ᠠᠷᠢᠯᠲᠠ ᠵᠢ ᠪᠠᠭ᠋ᠠᠰᠬᠠᠵᠤ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠵᠢᠨ ᠲᠥᠯᠥᠭᠡ ᠶᠤᠮ᠃ ᠬᠣᠶᠠᠷ᠎ᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠯ ᠬᠠᠩᠭ᠋ᠠᠨ᠎ᠠ ᠃ ᠰᠦ ᠰᠠᠭ᠋ᠠᠯᠢ ᠵᠢᠨ ᠦᠢ᠍ᠯᠡᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠪᠣᠯ ᠳᠠᠷᠤᠢ ᠰᠦ ᠰᠠᠭ᠋ᠠᠯᠢ ᠵᠢᠨ ᠦᠢ᠍ᠯᠡᠰ᠎ᠤᠨ ᠬᠣᠰᠢᠭᠤᠷᠠᠯ ᠵᠠᠬ᠎ᠠ ᠳᠡᠯᠭᠡᠭᠦᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠮᠡᠷᠭᠡᠵᠢᠯ᠎ᠤᠨ ᠪᠣᠭᠣᠮᠢ ᠵᠢ ᠰᠢᠪᠲᠤᠯᠬᠤ ᠵᠢᠨ ᠬᠠᠮᠲᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠰᠢᠨ᠎ᠡ ᠵᠢ ᠡᠭᠦᠳᠬᠦ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠲᠦᠷᠭᠡᠳᠬᠡᠨ ᠪᠡᠶᠡᠯᠡᠭᠦᠯᠬᠦ ᠶᠠᠪᠤᠳᠠᠯ ᠪᠣᠯᠣᠨ᠎ᠠ᠃
ᠬᠥᠲᠥᠴᠢ ᠠᠵᠤ ᠠᠬᠤᠢ᠌ᠯᠠᠯ᠎ᠢ ᠪᠣᠵᠠᠭ᠋ᠠᠢ᠌ᠷᠠᠭᠤᠯᠬᠤ ᠄ ᠬᠦᠲᠦᠴᠢ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢᠨ ᠲᠥᠯᠥᠭᠡ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠰᠤᠯᠠ ᠪᠠᠢ᠌ᠭ᠎ᠠ ᠦᠢ᠍ᠯᠡᠳᠪᠦᠷᠢᠯᠡᠯ᠎ᠤᠨ ᠴᠢᠳᠠᠪᠤᠷᠢ ᠵᠢᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠪᠠ ᠪᠣᠷᠤᠯᠠᠭᠤᠯᠭ᠎ᠠ ᠮᠠᠭᠤᠲᠠᠢ ᠤᠯᠠᠷᠢᠯ᠎ᠤᠨ ᠰᠦ ᠵᠢᠨ ᠬᠠᠩᠭ᠋ᠠᠯᠭ᠎ᠠ ᠦᠯᠡᠭᠦᠳᠡᠵᠦ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂ ᠬᠥᠲᠥᠴᠢ ᠠᠵᠤ ᠠᠬᠤᠢ᠌ᠯᠠᠯ᠎ᠤᠨ ᠲᠦᠭᠦᠬᠡᠢ ᠰᠢᠨ᠎ᠡ ᠰᠦ ᠵᠢᠨ ᠪᠣᠯᠪᠠᠰᠣᠷᠠᠭᠤᠯᠤᠯᠲᠠ ᠵᠢᠨ ᠬᠡᠮᠵᠢᠶ᠎ᠡ ᠵᠢ ᠨᠡᠮᠡᠭᠳᠡᠭᠦᠯᠬᠦ᠎ᠳᠤ ᠨᠥᠬᠥᠪᠦᠷᠢ ᠥᠭᠬᠦ ᠪᠠ ᠲᠦᠭᠦᠬᠡᠢ ᠰᠢᠨ᠎ᠡ ᠰᠦ ᠵᠢ ᠲᠠᠯᠬᠠᠳᠠᠬᠤ᠎ᠳᠤ ᠨᠥᠬᠥᠪᠦᠷᠢ ᠥᠭᠬᠦ ᠬᠣᠶᠠᠷ ᠵᠦᠢ᠍ᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠭᠰᠠᠨ ᠪᠥᠭᠡᠳ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ ᠰᠠᠭᠤᠷᠢ ᠮᠥᠩᠭᠥ ᠪᠠᠶ᠋ᠢᠭᠤᠯᠬᠤ ᠲᠥᠷᠥ ᠵᠢᠨ ᠪᠣᠳᠣᠯᠭ᠎ᠠ᠎ᠪᠠᠷ ᠳᠠᠮᠵᠢᠭᠤᠯᠤᠨ ᠰᠦ ᠰᠠᠭ᠋ᠠᠯᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠠᠯ᠎ᠠ᠎ᠪᠠᠷ᠎ᠬᠢ ᠴᠢᠨᠠᠷ ᠰᠠᠢ᠌ᠲᠠᠢ ᠬᠥᠲᠥᠴᠢ ᠠᠵᠤ ᠠᠬᠤᠢ᠌ᠯᠠᠯ᠎ᠤᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠭᠰᠠᠨ ᠪᠡᠯᠡ ᠮᠥᠩᠭᠥ ᠲᠤᠲᠠᠭᠳᠠᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠨ᠎ᠡ ᠃
ᠡᠭᠦᠨ᠎ᠠᠴᠠ ᠭᠠᠳᠠᠨ᠎ᠠ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠵᠢᠯ ᠪᠦᠷᠢ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ ᠬᠢᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠵᠠᠳᠠᠯᠵᠤ᠂ ᠰᠦ ᠰᠠᠭ᠋ᠠᠯᠢ ᠵᠢᠨ ᠦᠢ᠍ᠯᠡᠰ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠲᠡᠭᠦᠯᠳᠡᠷᠵᠢᠭᠦᠯᠬᠦ᠎ᠳᠤ ᠰᠢᠢ᠍ᠳᠪᠦᠷᠢᠲᠦ ᠪᠣᠳᠣᠯᠭ᠎ᠠ ᠵᠢᠨ ᠦᠨᠳᠦᠰᠦᠯᠡᠯ ᠬᠠᠩᠭ᠋ᠠᠨ᠎ᠠ᠃
ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠢ ᠮᠠᠨ᠎ᠤ ᠣᠷᠣᠨ᠎ᠤ ᠪᠥᠬᠥ ᠤᠯᠤᠰ᠎ᠲᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠷᠦᠭᠦᠯᠡᠨ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢ ᠬᠠᠩᠭ᠋ᠠᠬᠤ ᠵᠢ ᠪᠢᠳᠡ ᠢᠲᠡᠭᠡᠵᠦ ᠪᠠᠢ᠌ᠨ᠎ᠠ!
ᠥᠪᠥᠷ ᠮᠣᠩᠭᠣᠯ᠎ᠤᠨ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ 《 ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》᠎ᠳᠤ ᠳᠤᠷᠠᠳᠤᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ 1 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠤᠨ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠭᠣᠣᠯᠳᠠᠭᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠦᠲᠦᠭᠡᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠭᠣᠣᠯᠳᠠᠯᠭ᠎ᠠ᠎ᠲᠠᠢ ᠰᠡᠳᠦᠪ᠎ᠤᠨ ᠪᠣᠭᠣᠮᠲᠠ ᠰᠢᠪᠲᠤᠯᠬᠤ᠎ᠳᠤ ᠬᠡᠷᠡᠭᠯᠡᠨ᠎ᠡ ᠭᠡᠵᠡᠢ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠡᠨᠡᠬᠦ ᠠᠷᠭ᠎ᠠ ᠬᠡᠮᠵᠢᠶ᠎ᠡ ᠵᠢᠨ ᠲᠦᠷᠦᠭᠦᠯᠡᠨ ᠬᠢᠬᠦ ᠨᠢᠭᠡᠴᠢ ᠪᠣᠯᠤᠭᠰᠠᠨ᠎ᠤ ᠬᠤᠪᠢ᠎ᠳᠤ᠂ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠠᠴᠢ ᠬᠣᠯᠪᠣᠭᠳᠠᠯ᠂ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠴᠢ ᠢᠷᠡᠭᠡᠳᠦᠢ ᠵᠢᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠤᠯᠭ᠋ᠠᠭᠤᠷᠢᠯᠠᠬᠤ ᠭᠣᠣᠯᠳᠠᠯᠭ᠎ᠠ᠎ᠲᠠᠢ ᠠᠷᠭ᠎ᠠ ᠪᠠᠷᠢᠯ᠎ᠢ ᠲᠥᠬᠥᠮ ᠲᠠᠨᠢᠯᠴᠠᠭᠤᠯᠤᠭ᠋ᠠᠷᠠᠢ᠃
ᠶᠠᠩ ᠱᠧᠩ ᠶᠤᠸᠠᠢ᠄ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠢ᠌ᠭᠤᠯᠬᠤ᠎ᠨᠢ ᠂ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠮᠦᠨ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠤ ᠵᠥᠪᠳᠡᠯᠴᠡᠬᠦ ᠴᠢᠬᠤᠯᠠ ᠠᠭᠤᠯᠭ᠎ᠠ ᠮᠥᠨ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠰᠢᠨ᠎ᠡ ᠵᠢ ᠡᠭᠦᠳᠬᠦ ᠬᠡᠯᠬᠢᠶᠡᠰᠦ ᠵᠢᠨ ᠪᠠᠢ᠌ᠷᠢᠰᠢᠭᠤᠯᠤᠯᠲᠠ ᠵᠢᠨ ᠵᠠᠩᠭᠢᠯᠠᠭ᠎ᠠ ᠵᠢᠨ ᠨᠢᠭᠡ ᠭᠣᠭᠴᠣᠭ᠎ᠠ ᠮᠥᠨ᠂ ᠡᠨᠡ᠎ᠨᠢ ᠰᠦᠨ ᠦᠢ᠍ᠯᠡᠰ᠎ᠤᠨ ᠰᠢᠨ᠎ᠡ ᠵᠢ ᠡᠭᠦᠳᠬᠦ ᠠᠮᠢ ᠠᠬᠤᠢ ᠵᠢ ᠪᠣᠶ ᠪᠣᠯᠭ᠋ᠠᠬᠤ᠂ ᠰᠦᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ᠂ ᠤᠯᠤᠰ᠎ᠤᠨ ᠠᠵᠤ ᠦᠢ᠍ᠯᠡᠰ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠶ᠋ᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ
ᠴᠢᠬᠤᠯᠠᠴᠢᠯᠠᠵᠤ᠂ ᠠᠵᠢᠯ᠎ᠤᠨ ᠲᠤᠰᠬᠠᠢ ᠠᠩᠭᠢ ᠪᠠᠢ᠌ᠭᠤᠯᠤᠨ᠂ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠡᠨ ᠰᠤᠳᠤᠯᠤᠨ ᠪᠠᠢ᠌ᠷᠢᠯᠠᠭᠤᠯᠵᠤ᠂ ᠣᠯᠠᠨ ᠤᠳᠠᠭ᠎ᠠ ᠲᠣᠬᠢᠷᠠᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠥ ᠵᠢ 2020 — 2021 ᠣᠨ᠎ᠳᠤ ᠨᠢᠭᠡᠨᠲᠡ ᠬᠣᠶᠠᠷ ᠵᠢᠯ ᠳᠠᠷᠠᠭ᠋ᠠᠯᠠᠨ 8000 ᠲᠦᠮᠡᠨ ᠲᠥᠭᠥᠷᠢᠭ ᠳᠡᠮᠵᠢᠵᠦ᠂ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ᠎ᠳᠤ ᠬᠡᠷᠡᠭᠯᠡᠪᠡ᠃ 2022 ᠣᠨ᠎ᠤ 1 ᠰᠠᠷ᠎ᠠ ᠵᠢᠨ 15᠎ᠤ ᠡᠳᠦᠷ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠴᠣᠬᠣᠯᠠᠪᠤᠷᠢ ᠵᠢ ᠣᠯᠵᠠᠢ᠃ ᠰᠢᠨ᠎ᠡ᠎ᠪᠠᠷ ᠨᠡᠢ᠌ᠲᠡᠯᠡᠭᠰᠡᠨ 《ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》᠎ᠳᠤ ᠳᠡᠮᠵᠢᠬᠦ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠵᠢᠯ ᠪᠦᠷᠢ 1 ᠳ᠋ᠦᠩᠰᠢᠭᠤᠷ ᠲᠥᠭᠥᠷᠢᠭ ᠪᠣᠯᠲᠠᠯ᠎ᠠ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠦᠨ ᠦᠢ᠍ᠯᠡᠰ᠎ᠤᠨ ᠰᠢᠨ᠎ᠡ ᠵᠢ ᠡᠭᠦᠳᠬᠦ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠤᠯᠭ᠋ᠠᠭᠤᠷᠢᠯᠠᠬᠤ ᠡᠷᠡᠰ ᠵᠣᠷᠢᠭ᠎ᠢ ᠭᠦᠢ᠍ᠴᠡᠳ ᠢᠯᠡᠷᠡᠭᠦᠯᠪᠡ᠃
ᠣᠳᠣᠬᠠᠨ᠎ᠳᠤ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠶᠠᠭ ᠡᠮᠬᠢ ᠵᠢᠷᠤᠮ᠎ᠲᠠᠢ ᠶᠠᠪᠤᠭᠳᠠᠵᠤ ᠪᠠᠢ᠌ᠨ᠎ᠠ᠃ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠶᠡᠷᠦᠩᠬᠡᠢ ᠬᠡᠯᠲᠡᠰ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠢ 2021 ᠣᠨ᠎ᠤ 5 ᠰᠠᠷ᠎ᠠ᠎ᠳᠤ ᠬᠥᠬᠡᠬᠣᠲᠠ ᠵᠢᠨ ᠢᠯᠢ ᠣᠶᠤᠨᠲᠤ ᠡᠷᠡᠭᠦᠯ ᠮᠡᠨᠳᠦ ᠵᠢᠨ ᠬᠥᠨᠳᠡᠢ᠎ᠳᠤ ᠡᠬᠢᠯᠡᠨ ᠪᠠᠢ᠌ᠭᠤᠯᠵᠤ᠂ 2022 ᠣᠨ᠎ᠳᠤ ᠭᠣᠣᠯ ᠴᠣᠭᠴᠠᠲᠤ ᠢᠨᠵᠧᠨᠧᠷᠢᠩ᠎ᠢ ᠳᠠᠭᠤᠰᠬᠠᠵᠤ᠂ 2023 ᠣᠨ᠎ᠤ 6 ᠰᠠᠷ᠎ᠠ᠎ᠳᠤ ᠠᠰᠢᠭᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ ᠪᠣᠶ᠃ ᠰᠦᠨ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠤᠨ ᠲᠦᠷᠦᠭᠦᠯᠡᠨ ᠪᠠᠢ᠌ᠭᠤᠯᠤᠭᠰᠠᠨ ᠨᠢᠭᠡᠴᠢ ᠵᠢᠨ ᠥᠪᠥᠷ ᠮᠣᠩᠭᠣᠯ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠨᠢ ᠢᠯᠢ ᠪᠦᠯᠦᠭᠯᠡᠯ᠂ ᠰᠠᠨ ᠶᠤᠸᠠᠨ ᠢᠳᠡᠭᠡᠨ᠎ᠤ ᠵᠦᠢ᠍ᠯ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠵᠡᠭᠦᠨ ᠬᠣᠢ᠌ᠲᠤ ᠵᠢᠨ ᠲᠠᠷᠢᠶᠠᠯᠠᠩ᠎ᠤᠨ ᠶᠡᠬᠡ ᠰᠤᠷᠭ᠋ᠠᠭᠤᠯᠢ ᠪᠣᠯᠣᠨ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ 38 ᠨᠢᠭᠡᠴᠢ᠎ᠲᠠᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠪᠠ᠃ ᠮᠡᠷᠭᠡᠵᠢᠯ᠎ᠤᠨ ᠬᠦᠷᠢᠶᠡᠨ᠎ᠤ ᠪᠠᠢ᠌ᠷᠢᠰᠢᠯ ᠪᠠ ᠰᠢᠨ᠎ᠡ ᠵᠢ ᠡᠭᠦᠳᠬᠦ ᠬᠡᠯᠬᠢᠶ᠎ᠡ᠎ᠪᠠᠷ ᠨᠡᠯᠢᠶᠡᠳ ᠪᠦᠷᠢᠨ ᠪᠦᠲᠦᠨ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠭᠤᠰᠤᠯᠴᠠᠭᠰᠠᠨ ᠪᠦᠯᠬᠦᠮ ᠨᠡᠶ᠋ᠢᠲᠡ ᠵᠢ ᠪᠦᠷᠢᠯᠳᠦᠭᠦᠯᠵᠦ᠂ ᠣᠷᠣᠨ ᠵᠠᠢ ᠵᠢᠨ ᠲᠠᠷᠬᠠᠯᠲᠠ᠎ᠨᠢ ᠵᠦᠢ ᠵᠣᠬᠢᠰᠲᠠᠢ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ᠎ᠲᠠᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠡᠷᠭᠢᠯᠲᠡ᠎ᠳᠤ ᠵᠣᠬᠢᠴᠠᠭᠰᠠᠨ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠰᠦᠯᠵᠢᠶᠡᠵᠢᠭᠰᠡᠨ ᠬᠥᠭᠵᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠪᠠ᠃ ᠬᠣᠶᠠᠷ ᠵᠢᠯ᠎ᠤᠨ ᠲᠤᠷᠰᠢ ᠨᠡᠢ᠍ᠢ᠍ᠲᠡ 26 ᠵᠦᠢ᠍ᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠦᠷᠦᠯ ᠵᠦᠢ᠍ᠯ᠎ᠢ ᠥᠷᠨᠢᠭᠦᠯᠵᠦ ᠂ ᠨᠢᠭᠡ ᠪᠦᠯᠦᠭ ᠲᠥᠯᠥᠭᠡᠯᠡᠬᠦ ᠴᠢᠨᠠᠷᠲᠠᠢ ᠵᠠᠩᠭᠢᠯᠠᠭ᠎ᠠ ᠵᠢᠨ ᠮᠡᠷᠭᠡᠵᠢᠯ᠎ᠤᠨ ᠦᠷ᠎ᠡ ᠪᠦᠲᠦᠭᠡᠯ᠎ᠢ ᠣᠯᠵᠠᠢ ᠃ ᠵᠢᠱ᠌ᠢᠶᠡᠯᠡᠪᠡᠯ ᠄ ᠤᠯᠤᠰ᠎ᠤᠨ ᠳᠣᠲᠣᠭ᠋ᠠᠳᠤ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ ᠰᠠᠭ᠋ᠠᠯᠢ ᠵᠢᠨ ᠦᠨᠢᠶᠡᠨ᠎ᠤ ᠪᠡᠯᠭᠡ ᠵᠢᠨ ᠡᠵᠡᠮᠰᠢᠯᠳᠦ ᠬᠦᠪᠦᠷᠡᠯ᠎ᠤᠨ ᠢᠨᠵᠧᠨᠧᠷᠢᠩ᠎ᠤᠨ ᠲᠥᠪ᠎ᠢ ᠪᠠᠢ᠌ᠭᠤᠯᠵᠤ ᠂ ᠤᠯᠤᠰ᠎ᠤᠨ ᠳᠣᠲᠣᠭ᠋ᠠᠳᠤ ᠵᠢᠨ ᠰᠠᠭ᠋ᠠᠯᠢ ᠵᠢᠨ ᠦᠨᠢᠶᠡᠨ᠎ᠤ ᠪᠡᠶ᠎ᠡ ᠵᠢᠨ ᠭᠠᠳᠠᠨᠠᠬᠢ ᠬᠦᠪᠦᠷᠡᠯ᠎ᠤᠨ ᠦᠢ᠍ᠯᠡᠳᠪᠦᠷᠢᠯᠡᠯ᠎ᠤᠨ ᠮᠡᠷᠭᠡᠵᠢᠯ᠎ᠤᠨ ᠪᠣᠭᠣᠮᠢ ᠵᠢ ᠰᠢᠪᠲᠤᠯᠵᠤ ᠂ ᠤᠯᠤᠰ᠎ᠤᠨ ᠴᠢᠨᠠᠷ ᠰᠠᠢ᠌ᠲᠠᠢ ᠥᠳᠬᠡᠷᠡᠭᠦᠯᠦᠭᠰᠡᠨ ᠰᠢᠷᠠᠰᠤ ᠵᠢᠨ ᠤᠭᠤᠷᠠᠭ᠎ᠢ ᠪᠣᠯᠪᠠᠰᠤᠷᠠᠭᠤᠯᠬᠤ ᠮᠡᠷᠭᠡᠵᠢᠯ᠎ᠢ ᠡᠵᠡᠮᠰᠢᠵᠦ᠂ ᠭᠠᠳᠠᠭ᠋ᠠᠳᠤ ᠵᠢᠨ ᠮᠡᠷᠭᠡᠵᠢᠯ᠎ᠤᠨ ᠭᠠᠭᠴᠠᠭ᠋ᠠᠷ ᠡᠵᠡᠮᠰᠢᠯ᠎ᠢ ᠡᠪᠳᠡᠭᠰᠡᠨ ᠵᠡᠷᠭᠡ ᠪᠣᠯᠣᠨ᠎ᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ 《ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠷᠥᠯ ᠵᠦᠢ᠍ᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠲᠤᠭᠲᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠠᠷᠠᠯᠲᠠ᠂ ᠳᠡᠯᠡᠬᠡᠢ ᠵᠢᠨ ᠲᠡᠷᠢᠭᠦᠨ᠎ᠤ ᠬᠠᠷᠠᠯᠲᠠ ᠪᠠ ᠪᠠᠢ᠌ᠷᠢ ᠲᠣᠭᠲᠠᠭ᠋ᠠᠯᠲᠠ ᠵᠢ ᠢᠯᠡᠳᠬᠡᠬᠦ᠎ᠳᠤ᠎ᠪᠠᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠰᠠᠢ᠌ᠲᠤᠷ ᠠᠳᠬᠤᠵᠤ᠂ ᠪᠥᠬᠥ ᠣᠷᠣᠨ᠎ᠤ ᠬᠦᠴᠦᠨ᠎ᠢ ᠳᠠᠶ᠋ᠢᠴᠢᠯᠠᠨ᠂ ᠡᠯ᠎ᠡ ᠲᠠᠯ᠎ᠠ ᠵᠢᠨ ᠣᠶᠤᠨ ᠤᠬᠠᠭ᠋ᠠᠨ᠎ᠢ ᠬᠤᠷᠠᠮᠳᠤᠭᠤᠯᠵᠤ᠂ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠥᠨᠳᠥᠷ ᠬᠢᠷᠢ ᠲᠦᠪᠰᠢᠨ᠂ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠢ᠌ᠲᠠᠢ ᠲᠦᠯᠬᠢᠨ ᠠᠬᠢᠭᠤᠯᠤᠨ᠎ᠠ᠃
ᠨᠢᠭᠡ᠎ᠳᠤ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠭᠰᠡᠨ᠂ ᠬᠥᠬᠡᠬᠣᠲᠠ᠎ᠪᠠᠷ ᠭᠣᠣᠯᠯᠠᠭᠤᠯᠤᠭᠰᠠᠨ᠂ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠠᠴᠠ ᠬᠡᠷᠡᠭᠵᠢᠭᠦᠯᠬᠦ ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠲᠣᠭᠲᠠᠴᠠ ᠵᠢ ᠪᠠᠢ᠌ᠭᠤᠯᠤᠨ᠎ᠠ ᠃ ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠴᠣᠬᠣᠯᠠᠪᠤᠷᠢᠯᠠᠨ ᠬᠠᠷᠢᠭᠤᠯᠤᠭᠰᠠᠨ 《ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠲᠥᠰᠥᠯ》 ᠶᠣᠰᠣᠭ᠋ᠠᠷ ᠲᠦᠷᠦᠯ ᠵᠦᠢ᠍ᠯ ᠵᠶ᠋ᠡᠨ ᠰᠢᠯᠢᠳᠡᠭᠵᠢᠭᠦᠯᠵᠦ ᠂ ᠣᠨ᠎ᠤ
《ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠲᠥᠰᠥᠯ》᠎ᠢ ᠳᠤᠷᠠᠳᠤᠨ ᠭᠠᠷᠭ᠋ᠠᠨ᠎ᠠ᠃ ᠬᠥᠬᠡᠬᠣᠲᠠ ᠵᠢᠨ ᠬᠢᠨᠠᠯᠲᠠ ᠵᠢᠯᠣᠭᠣᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠶ᠋ᠡᠷ ᠬᠢᠨᠠᠨ ᠲᠤᠭᠲᠠᠭ᠋ᠠᠯᠭ᠋ᠠᠬᠤᠪᠠᠷ ᠳᠠᠮᠵᠢᠭ᠋ᠠᠳ ᠂ ᠳᠠᠩᠰᠠᠯᠠᠭᠤᠯᠤᠭᠰᠠᠨ᠎ᠤ ᠳᠠᠷᠠᠭ᠎ᠠ᠂ ᠲᠥᠷᠥᠯ ᠵᠦᠢ᠍ᠯ᠂ ᠰᠡᠳᠦᠪ᠎ᠤᠨ ᠬᠡᠷᠡᠭᠵᠢᠭᠦᠯᠦᠯᠲᠡ᠂ ᠬᠠᠮᠢᠶᠠᠷᠤᠯᠲᠠ ᠵᠡᠷᠭᠡ ᠠᠵᠢᠯ᠎ᠢ ᠥᠷᠨᠢᠭᠦᠯᠦᠨ᠎ᠡ᠃
ᠬᠣᠶᠠᠷ᠎ᠲᠤ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠲᠦᠷᠭᠡᠳᠬᠡᠨ᠎ᠡ ᠃ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠪᠣᠯᠣᠨ ᠠᠵᠤ ᠦᠢ᠍ᠯᠡᠰ᠎ᠤᠨ ᠴᠢᠬᠤᠯᠠ ᠶᠡᠬᠡ ᠠᠰᠠᠭᠤᠳᠠᠯ᠎ᠳᠤ ᠬᠠᠨᠳᠤᠭᠤᠯᠤᠨ᠂ ᠡᠬᠢ ᠡᠭᠦᠰᠦᠯ᠎ᠠᠴᠠ᠎ᠨᠢ ᠰᠢᠨ᠎ᠡ ᠵᠢ ᠡᠭᠦᠳᠬᠦ ᠪᠠ ᠭᠣᠣᠯ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠴᠢᠩᠭ᠋ᠠᠳᠬᠠᠵᠤ᠂ 《ᠵᠠᠷᠯᠠᠨ ᠮᠠᠩᠯᠠᠢ᠌ᠯᠠᠭᠤᠯᠬᠤ》᠂ 《ᠮᠣᠷᠢ ᠤᠷᠤᠯᠳᠤᠬᠤ ᠳᠦᠷᠢᠮ》 ᠵᠡᠷᠭᠡ ᠰᠢᠨ᠎ᠡ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠡᠯᠪᠡᠷᠢ᠎ᠪᠠᠷ ᠰᠠᠭ᠋ᠠᠯᠢ ᠵᠢᠨ ᠦᠨᠢᠶ᠎ᠡ ᠵᠢ ᠦᠷᠡᠵᠢᠭᠦᠯᠦᠨ ᠪᠣᠢ᠌ᠵᠢᠭᠤᠯᠬᠤ ᠪᠠ ᠲᠡᠵᠢᠭᠡᠨ ᠦᠷᠡᠵᠢᠭᠦᠯᠬᠦ᠂ ᠰᠢᠮ᠎ᠡ ᠲᠡᠵᠢᠭᠡᠯ ᠪᠠ ᠡᠷᠡᠭᠦᠯ ᠮᠡᠨᠳᠦ᠂ ᠴᠠᠭ᠋ᠠᠨ ᠢᠳᠡᠭᠡᠨ᠎ᠤ ᠭᠠᠷ ᠤᠷᠠᠯᠠᠯ᠎ᠤᠨ ᠮᠡᠷᠭᠡᠵᠢᠯ ᠪᠠ ᠲᠣᠨᠣᠭ ᠲᠥᠬᠦᠭᠡᠷᠦᠮᠵᠢ᠂ ᠴᠠᠭ᠋ᠠᠨ ᠢᠳᠡᠭᠡᠨ᠎ᠤ ᠠᠮᠤᠷ ᠲᠦᠪᠰᠢᠨ ᠪᠠ ᠶᠠᠰᠤ ᠴᠢᠨᠠᠷ ᠵᠡᠷᠭᠡ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ᠎ᠳᠤ᠂ ᠨᠢᠭᠡ ᠪᠦᠯᠦᠭ ᠠᠵᠤ ᠦᠢ᠍ᠯᠡᠰ᠎ᠤᠨ ᠵᠠᠩᠭᠢᠯᠠᠭ᠎ᠠ ᠵᠢᠨ ᠨᠡᠢ᠌ᠲᠡᠴᠢ ᠴᠢᠨᠠᠷᠲᠠᠢ ᠮᠡᠷᠭᠡᠵᠢᠯ᠎ᠤᠨ ᠪᠡᠷᠬᠡ ᠰᠡᠳᠦᠪ᠎ᠢ ᠲᠥᠪᠯᠡᠷᠡᠭᠦᠯᠦᠨ ᠰᠢᠢ᠍ᠳᠪᠦᠷᠢᠯᠡᠵᠦ᠂ ᠨᠢᠭᠡ ᠪᠦᠯᠦᠭ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠦᠷ᠎ᠡ ᠪᠦᠲᠦᠭᠡᠯ᠎ᠢ ᠬᠤᠪᠢᠷᠠᠭᠤᠯᠤᠨ᠂ ᠠᠵᠢᠯ ᠲᠥᠷᠥᠯ᠎ᠤᠨ ᠠᠵᠤ ᠠᠬᠤᠢ᠌ᠯᠠᠯ᠎ᠳᠤ ᠪᠥᠬᠥ ᠲᠠᠯ᠎ᠠ ᠵᠢᠨ᠂ ᠣᠯᠠᠨ ᠡᠰᠢᠵᠢᠭᠰᠡᠨ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡ ᠪᠠ ᠰᠢᠰᠲ᠋ᠧᠮᠵᠢᠭᠦᠯᠦᠨ ᠰᠢᠢ᠍ᠳᠪᠦᠷᠢᠯᠡᠬᠦ ᠲᠥᠰᠥᠯ᠎ᠢ ᠬᠠᠩᠭ᠋ᠠᠵᠤ᠂ ᠰᠦᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠨ ᠳᠠᠭ᠋ᠠᠭᠤᠯᠤᠨ᠎ᠠ᠃
ᠭᠤᠷᠪᠠ᠎ᠳᠤ ᠪᠠᠢ᠌ᠭᠤᠯᠤᠯ ᠲᠣᠭᠲᠠᠴᠠ ᠵᠢ ᠬᠠᠢ᠌ᠨ ᠰᠦᠪᠡᠭᠴᠢᠯᠡᠬᠦ ᠪᠠ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠤᠨ᠎ᠠ ᠃ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠢᠯ ᠲᠥᠷᠥᠯ᠎ᠤᠨ ᠬᠦᠷᠢᠶᠡᠨ᠎ᠳᠠᠬᠢ ᠳᠠᠪᠠᠭᠤᠯᠢᠭ ᠨᠢᠭᠡᠴᠢ ᠯᠦᠭᠡ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠢ᠌ᠭᠤᠯᠵᠤ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠯᠴᠠᠭ᠎ᠠ ᠵᠢ ᠥᠷᠨᠢᠭᠦᠯᠦᠨ᠂ 《ᠰᠦᠯᠵᠢᠶᠡᠨ ᠳᠡᠭᠡᠷ᠎ᠡ + ᠰᠦᠯᠵᠢᠶᠡᠨ
ᠭᠠᠳᠠᠨ᠎ᠠ》 ᠣᠯᠠᠨ ᠲᠠᠯ᠎ᠠ ᠵᠢᠨ ᠡᠬᠢ ᠪᠠᠶᠠᠯᠢᠭ᠎ᠢ ᠣᠷᠭ᠋ᠠᠨᠢᠭ ᠵᠶ᠋ᠠᠷ ᠤᠶᠠᠯᠳᠤᠭᠤᠯᠤᠭᠰᠠᠨ᠂ ᠥᠨᠳᠥᠷ ᠦᠷ᠎ᠡ ᠪᠦᠲᠦᠮᠵᠢᠲᠡᠶ ᠬᠠᠮᠵᠢᠯᠴᠠᠭᠰᠠᠨ ᠰᠢᠨ᠎ᠡ ᠵᠢ ᠡᠭᠦᠳᠬᠦ ᠲᠣᠣᠷ ᠰᠦᠯᠵᠢᠶ᠎ᠡ ᠵᠢ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠲᠥᠷᠥ ᠵᠢᠨ ᠪᠣᠳᠣᠯᠭ᠎ᠠ ᠵᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠴᠢᠬᠤᠯᠠᠴᠢᠯᠠᠵᠤ᠂ ᠤᠯᠤᠰ᠎ᠤᠨ ᠰᠦᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠪᠦᠷᠢᠨ ᠭᠦᠢ᠍ᠴᠡᠳ ᠡᠵᠡᠨ ᠮᠡᠳᠡᠬᠦ ᠡᠷᠬᠡ ᠣᠯᠭᠣᠵᠤ᠂ ᠮᠡᠷᠭᠡᠵᠢᠯ᠎ᠤᠨ ᠵᠠᠮ ᠱᠤᠭᠤᠮ᠎ᠢ ᠲᠣᠬᠢᠷᠠᠭᠤᠯᠬᠤ᠂ ᠵᠠᠷᠤᠳᠠᠯ᠎ᠢ ᠬᠡᠷᠡᠭᠯᠡᠬᠦ ᠵᠡᠷᠭᠡ ᠡᠷᠬᠡ ᠮᠡᠳᠡᠯ᠎ᠢ ᠪᠥᠬᠥ ᠲᠠᠯ᠎ᠠ᠎ᠪᠠᠷ ᠳᠣᠷᠣᠭᠰᠢ ᠪᠠᠭᠤᠯᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠪᠠᠳᠠᠷᠠᠭᠤᠯᠤᠨ᠂ ᠴᠢᠳᠠᠪᠤᠷᠢᠲᠠᠨ᠎ᠢ ᠬᠠᠮᠲᠤ᠎ᠪᠠᠷ ᠭᠥᠷᠳᠡᠬᠦ᠂ ᠵᠠᠷᠤᠳᠠᠯ᠎ᠢ ᠬᠠᠮᠲᠤ᠎ᠪᠠᠷ ᠭᠥᠷᠳᠡᠬᠦ᠂ ᠦᠷ᠎ᠡ ᠪᠦᠲᠦᠭᠡᠯ᠎ᠢ ᠬᠠᠮᠲᠤ᠎ᠪᠠᠷ ᠭᠥᠷᠳᠡᠬᠦ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠥᠭᠵᠢᠯᠲᠡ᠎ᠪᠠᠷ ᠳᠠᠮᠵᠢᠭᠤᠯᠤᠨ᠂ ᠰᠦᠨ ᠦᠢ᠍ᠯᠡᠰ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠦᠬᠦᠯᠢ ᠴᠣᠭᠴᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃
ᠳᠤᠮᠳᠠᠳᠤ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠰᠣᠨᠢᠨ᠎ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠢ᠌ᠯᠠᠯ᠎ᠤᠨ ᠦᠢ᠍ᠯᠡᠳᠪᠦᠷᠢᠯᠡᠬᠦ ᠴᠢᠳᠠᠪᠤᠷᠢ᠎ᠪᠠᠨ ᠪᠦᠲᠦᠮᠵᠢᠲᠡᠶ ᠪᠠᠳᠠᠷᠠᠭᠤᠯᠬᠤ ᠵᠢ ᠳᠡᠮᠵᠢᠬᠦ ᠲᠠᠯ᠎ᠠ᠎ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ?
ᠶᠠᠩ ᠰᠢᠶᠣᠣ ᠲᠢᠶᠠᠨ᠄ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠠᠳᠠᠷᠠᠭᠤᠯᠤᠯᠲᠠ ᠬᠦᠷᠦᠯᠴᠡᠬᠦ ᠦᠭᠡᠢ ᠪᠠᠢ᠌ᠬᠤ ᠵᠢᠨ ᠭᠣᠣᠯ ᠰᠢᠯᠲᠠᠭ᠋ᠠᠨ ᠪᠣᠯ ᠪᠣᠯᠪᠠᠰᠤᠷᠠᠭᠤᠯᠬᠤ ᠴᠢᠳᠠᠪᠤᠷᠢ ᠬᠢᠭᠡᠳ ᠰᠦ ᠰᠠᠭ᠋ᠠᠯᠢ ᠵᠢᠨ ᠢᠷᠡᠯᠲᠡ ᠵᠢᠨ ᠬᠠᠩᠭ᠋ᠠᠯᠭ᠎ᠠ ᠵᠢᠨ ᠬᠡᠮᠵᠢᠶ᠎ᠡ ᠵᠣᠬᠢᠴᠠᠯᠳᠤᠬᠤ ᠦᠭᠡᠢ᠂ ᠵᠢᠷᠤᠵᠤ ᠲᠥᠯᠥᠪᠯᠡᠨ ᠪᠣᠯᠪᠠᠰᠤᠷᠠᠭᠤᠯᠬᠤ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ ᠳᠡᠶ᠋ᠢᠯᠬᠦ ᠦᠭᠡᠢ ᠪᠠᠢ᠌ᠵᠤ ᠂ ᠦᠢ᠍ᠯᠡᠳᠪᠦᠷᠢᠯᠡᠯ᠎ᠤᠨ ᠴᠢᠳᠠᠪᠤᠷᠢ ᠵᠢ ᠰᠤᠯᠠ ᠪᠠᠢ᠌ᠯᠭ᠋ᠠᠬᠤ᠎ᠨᠢ ᠨᠢᠭᠡᠨᠲᠡ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠬᠢᠵᠠᠭ᠋ᠠᠷᠯᠠᠬᠤ ᠪᠣᠭᠣᠮᠢ ᠵᠢᠨ ᠠᠰᠠᠭᠤᠳᠠᠯ ᠪᠣᠯᠤᠭᠰᠠᠨ᠎ᠠᠴᠠ ᠪᠣᠯᠵᠠᠢ᠃ ᠠᠵᠤ ᠠᠬᠤᠢ᠌ᠯᠠᠯ᠎ᠤᠨ ᠰᠤᠯᠠ ᠪᠠᠢ᠌ᠭ᠎ᠠ ᠦᠢ᠍ᠯᠡᠳᠪᠦᠷᠢᠯᠡᠬᠦ ᠴᠢᠳᠠᠪᠤᠷᠢ᠎ᠪᠠᠨ ᠪᠦᠲᠦᠮᠵᠢᠲᠡᠶ ᠠᠰᠢᠭᠯᠠᠬᠤ ᠵᠢ ᠳᠡᠮᠵᠢᠬᠦ ᠵᠢᠨ ᠲᠤᠰᠠᠳᠠ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠭᠤᠷᠪᠠᠳᠤᠭ᠋ᠠᠷ ᠵᠦᠢ᠍ᠯ᠎ᠳᠤ ᠲᠣᠳᠣᠷᠬᠠᠢ ᠲᠣᠭᠲᠠᠭ᠋ᠠᠭᠰᠠᠨ᠎ᠨᠢ᠂ 2022 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠴᠠᠭ᠋ᠠᠨ ᠢᠳᠡᠭᠡ ᠪᠤᠯᠪᠠᠰᠤᠷᠠᠭᠤᠯᠬᠤ ᠬᠥᠲᠥᠴᠢ ᠠᠵᠤ ᠠᠬᠤᠢ᠌ᠯᠠᠯ᠎ᠤᠨ ᠵᠢᠯ ᠪᠦᠷᠢ ᠵᠢᠨ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠬᠡᠮᠵᠢᠶ᠎ᠡ ᠵᠢ ᠨᠡᠮᠡᠭᠳᠡᠭᠦᠯᠬᠦ ᠳᠤ ᠵᠢᠯ ᠵᠶ᠋ᠡᠷ ᠨᠥᠬᠥᠪᠦᠷᠢ ᠥᠭᠴᠦ᠂ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠳᠠᠪᠠᠭᠤᠯᠢᠭ᠎ᠢ ᠪᠠᠳᠠᠷᠠᠭᠤᠯᠬᠤ᠂ ᠪᠣᠯᠪᠠᠰᠤᠷᠠᠭᠤᠯᠤᠨ ᠬᠤᠪᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠡᠷᠡᠭᠯᠡᠨ᠎ᠡ ᠭᠡᠪᠡ ᠃
ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠣᠯᠣᠨ ᠮᠡᠳᠡᠭᠡ ᠵᠠᠩᠭᠢᠵᠢᠯᠲᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠨᠡᠮᠡᠭᠳᠡᠯ᠎ᠤᠨ ᠨᠥᠬᠥᠪᠦᠷᠢ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠵᠤ᠂ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠨᠡᠮᠡᠭᠳᠡᠯ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠴᠢᠭᠯᠡᠭᠦᠯᠦᠨ ᠨᠠᠷᠢᠯᠢᠭᠵᠢᠭᠤᠯᠬᠤ ᠱᠠᠭ᠋ᠠᠷᠳᠠᠯᠭ᠎ᠠ ᠭᠠᠷᠭ᠋ᠠᠪᠠ᠄ ᠮᠠᠨ᠎ᠤ ᠣᠷᠣᠨ᠎ᠳᠤ ᠳᠠᠩᠰᠠᠯᠠᠭᠤᠯᠤᠭᠰᠠᠨ᠂ 《ᠴᠠᠭ᠋ᠠᠨ ᠢᠳᠡᠭᠡᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠢ ᠨᠢᠭᠡᠨᠲᠡ ᠣᠯᠣᠭᠰᠠᠨ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠬᠦᠲᠦᠴᠢ ᠠᠵᠤ ᠠᠬᠤᠢ᠌ᠯᠠᠯ᠎ᠳᠤ ᠳᠡᠮᠵᠢᠯᠭᠡ ᠦᠵᠡᠭᠦᠯᠵᠦ᠂ ᠬᠡᠰᠡᠭ ᠬᠥᠲᠥᠴᠢ ᠠᠵᠤ ᠠᠬᠤᠢ᠌ᠯᠠᠯ᠎ᠳᠤ ᠣᠯᠠᠨ ᠲᠤᠰᠠᠭ᠋ᠠᠷ ᠲᠣᠭ᠋ᠠᠴᠠᠭ᠎ᠠ ᠬᠢᠬᠦ ᠬᠤᠪᠢᠶᠠᠷᠢ ᠺᠣᠮᠫᠠᠨᠢ ᠣᠷᠣᠰᠢᠵᠤ ᠪᠠᠢ᠌ᠬᠤ ᠪᠠᠢ᠌ᠳᠠᠯ᠎ᠢ ᠪᠣᠳᠣᠯᠬᠢᠯᠠᠨ᠂ ᠬᠤᠪᠢᠶᠠᠷᠢ ᠺᠣᠮᠫᠠᠨᠢ ᠵᠢ ᠴᠤ᠌ ᠪᠠᠭᠲᠠᠭ᠋ᠠᠵᠤ᠂ ᠠᠳᠠᠯᠢ ᠨᠢᠭᠡ ᠠᠢ᠌ᠮᠠᠭ ᠬᠣᠲᠠ ᠵᠢᠨ ᠣᠷᠣᠨ ᠪᠦᠰᠡ ᠵᠢᠨ ᠳᠣᠲᠣᠷ᠎ᠠ᠂ ᠠᠳᠠᠯᠢ ᠨᠢᠭᠡ ᠡᠬᠡ ᠺᠣᠮᠫᠠᠨᠢ᠎ᠳᠤ ᠬᠠᠷᠢᠶᠠᠯᠠᠭᠳᠠᠬᠤ ᠣᠯᠠᠨ ᠠᠵᠤ ᠠᠬᠤᠢ᠌ᠯᠠᠯ᠎ᠨᠢ ᠨᠢᠭᠡ ᠺᠣᠮᠫᠠᠨᠢ ᠵᠢ ᠵᠢᠭ᠋ᠠᠨ ᠲᠣᠭᠲᠠᠭ᠋ᠠᠵᠤ ᠳᠠᠭ᠋ᠠᠭᠤᠯᠤᠨ ᠨᠡᠢ᠌ᠯᠡᠭᠦᠯᠵᠦ ᠳᠡᠭᠡᠭᠰᠢ ᠮᠡᠳᠡᠭᠦᠯᠵᠦ ᠪᠣᠯᠣᠨ᠎ᠠ᠂ ᠢᠩᠭᠢᠪᠡᠯ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠥᠬᠥᠮ ᠦᠵᠡᠭᠦᠯᠦᠨ᠎ᠡ᠃ ᠨᠥᠬᠥᠪᠦᠷᠢ ᠥᠭᠬᠦ ᠠᠷᠭ᠎ᠠ ᠮᠠᠶᠢᠭ᠎ᠲᠤ ᠬᠡᠷᠡᠭ᠎ᠤᠨ ᠳᠠᠷᠠᠭ᠎ᠠ ᠨᠥᠬᠥᠪᠦᠷᠢ ᠥᠭᠬᠦ ᠠᠷᠭ᠎ᠠ ᠵᠢ ᠠᠪᠴᠤ᠂ 2022 ᠣᠨ᠎ᠠᠴᠠ 2025 ᠣᠨ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠴᠠᠭ᠋ᠠᠨ ᠢᠳᠡᠭᠡ ᠪᠤᠯᠪᠠᠰᠤᠷᠠᠭᠤᠯᠬᠤ ᠬᠥᠲᠥᠴᠢ ᠠᠵᠤ ᠠᠬᠤᠢ᠌ᠯᠠᠯ᠎ᠤᠨ ᠵᠢᠯ ᠪᠦᠷᠢ ᠵᠢᠨ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ᠎ᠳᠤ ᠵᠢᠯ ᠵᠶ᠋ᠡᠷ ᠨᠥᠬᠥᠪᠦᠷᠢ ᠥᠭᠭᠦᠨ᠎ᠡ᠃ ᠨᠥᠬᠥᠪᠦᠷᠢ ᠵᠢᠨ ᠪᠠᠷᠢᠮᠵᠢᠶ᠎ᠠ ᠵᠢ ᠠᠵᠤ ᠠᠬᠤᠢ᠌ᠯᠠᠯ᠎ᠤᠨ ᠳᠡᠭᠡᠷ᠎ᠡ ᠵᠢᠯ᠎ᠤᠨ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠨ ᠂ 1 ᠲᠣᠨ ᠲᠦᠭᠦᠬᠡᠢ ᠰᠢᠨ᠎ᠡ ᠰᠦ ᠵᠢᠨ ᠪᠣᠯᠪᠠᠰᠤᠷᠠᠭᠤᠯᠤᠯᠲᠠ ᠵᠢᠨ ᠬᠡᠮᠵᠢᠶ᠎ᠡ ᠵᠢ ᠨᠡᠮᠡᠭᠳᠡᠭᠦᠯᠬᠦ ᠪᠦᠷᠢ 200 ᠲᠥᠭᠥᠷᠢᠭ᠎ᠤᠨ ᠨᠥᠬᠥᠪᠦᠷᠢ ᠣᠯᠭᠣᠨ᠎ᠠ ᠃ ᠨᠥᠬᠥᠪᠦᠷᠢ ᠥᠭᠬᠦ ᠳᠡᠰ ᠳᠠᠷᠠᠭ᠋ᠠᠯᠠᠯ ᠪᠣᠯ ᠭᠤᠶᠤᠴᠢᠯᠠᠨ ᠮᠡᠳᠡᠭᠦᠯᠬᠦ ᠠᠵᠤ ᠠᠬᠤᠢ᠌ᠯᠠᠯ᠎ᠨᠢ ᠳᠠᠷᠠᠭ᠎ᠠ ᠵᠢᠯ᠎ᠤᠨ 1 ᠳ᠋ᠦ᠍ᠭᠡᠷ ᠰᠠᠷ᠎ᠠ᠎ᠠᠴᠠ ᠡᠬᠢᠯᠡᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠳᠡᠭᠡᠭᠰᠢ ᠮᠡᠳᠡᠭᠦᠯᠵᠦ ᠂ ᠪᠠᠢ᠌ᠭ᠎ᠠ ᠬᠣᠰᠢᠭᠤ ᠰᠢᠶᠠᠨ ᠂ ᠠᠢ᠌ᠮᠠᠭ ᠬᠤᠳᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ ᠵᠶ᠋ᠡᠷ ᠱᠠᠲᠤ ᠳᠠᠷᠠᠭ᠋ᠠᠯᠠᠨ ᠬᠢᠨᠠᠭᠤᠯᠤᠭᠰᠠᠨᠤ ᠲᠠᠷᠠᠭ᠎ᠠ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠳᠤ ᠮᠡᠳᠡᠭᠦᠯᠦᠨ ᠬᠦᠷᠭᠡᠨ᠎ᠡ᠃ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠨᠢ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠠᠵᠤ ᠠᠬᠤᠢ᠌ᠯᠠᠯ᠎ᠤᠨ ᠮᠠᠲ᠋ᠧᠷᠢᠶᠠᠯ᠎ᠢ ᠬᠢᠨᠠᠨ ᠲᠣᠭᠲᠠᠭ᠋ᠠᠵᠤ ᠦᠨᠡᠮᠰᠢᠬᠦ ᠵᠢᠨ ᠬᠠᠮᠲᠤ ᠦᠨᠡᠮᠰᠢᠭᠰᠡᠨ ᠦᠷ᠎ᠡ ᠳ᠋ᠦᠩ᠎ᠢ ᠢᠯᠡ ᠨᠡᠢ᠌ᠲᠡᠯᠡᠵᠦ᠂ ᠣᠨᠳᠣᠣ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠦᠨ᠎ᠡ᠃ ᠠᠢ᠌ᠮᠠᠭ ᠬᠤᠳᠠ ᠵᠢᠨ ᠡᠭᠦᠷᠭᠡᠯᠡᠵᠦ ᠪᠦᠬᠦᠢ 50% ᠵᠢᠨ ᠨᠥᠬᠥᠪᠦᠷᠢ ᠵᠢᠨ ᠪᠡᠯᠡ ᠮᠥᠩᠭᠥ ᠵᠢ ᠠᠢ᠌ᠮᠠᠭ ᠬᠤᠳᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠤᠷᠢᠳᠠᠪᠠᠷ ᠪᠠᠭᠤᠯᠭ᠋ᠠᠵᠤ ᠂ ᠥᠪᠡᠷᠲᠡᠭᠡᠨ ᠵᠠᠰᠠᠬᠤ ᠣᠷᠣᠨ᠎ᠤ ᠡᠭᠦᠷᠭᠡᠯᠡᠵᠦ ᠪᠦᠬᠦᠢ 50% ᠵᠢᠨ ᠨᠥᠬᠥᠪᠦᠷᠢ ᠵᠢᠨ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠳᠣᠲᠣᠷ᠎ᠠ᠎ᠠᠴᠠ ᠭᠠᠷᠭ᠋ᠠᠨ᠎ᠠ ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠠᠵᠤ ᠠᠬᠤᠢ᠌ᠯᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠪᠠᠳᠠᠷᠠᠭᠤᠯᠬᠤ ᠲᠠᠯ᠎ᠠ᠎ᠪᠠᠷ ᠳᠣᠣᠷᠠᠬᠢ ᠠᠵᠢᠯ᠎ᠤᠳ᠎ᠢ ᠭᠣᠣᠯᠳᠠᠯᠭ᠎ᠠ᠎ᠲᠠᠢ ᠠᠬᠢᠭᠤᠯᠤᠨ᠎ᠠ᠄
ᠨᠢᠭᠡ᠎ᠳᠤ ᠪᠥᠬᠥ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠠᠵᠢᠯ ᠲᠥᠷᠥᠯ᠎ᠤᠨ ᠪᠠᠢ᠌ᠴᠠᠭ᠋ᠠᠨ ᠰᠤᠳᠤᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂ ᠡᠯ᠎ᠡ ᠠᠢ᠌ᠮᠠᠭ ᠬᠤᠳᠠ ᠵᠢᠨ ᠴᠠᠭ᠋ᠠᠨ ᠢᠳᠡᠭᠡᠨ᠎ᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢ ᠲᠦᠯᠬᠢᠨ ᠠᠬᠢᠭᠤᠯᠬᠤ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠰᠠᠨᠠᠯ ᠰᠠᠨᠠᠭᠤᠯᠭ᠎ᠠ ᠵᠢ ᠭᠣᠣᠯᠳᠠᠯᠭ᠎ᠠ᠎ᠲᠠᠢ ᠣᠢ᠌ᠯᠠᠭ᠋ᠠᠵᠤ ᠂ ᠠᠵᠤ ᠠᠬᠤᠢ᠌ᠯᠠᠯ᠎ᠢ ᠬᠠᠪᠰᠤᠷᠤᠨ ᠬᠢᠵᠢᠭ᠎ᠤᠨ ᠪᠠᠢ᠌ᠳᠠᠯ᠎ᠠᠴᠠ ᠪᠣᠯᠤᠭᠰᠠᠨ ᠠᠰᠢᠭ ᠦᠭᠡᠢ ᠨᠥᠯᠥᠭᠡ ᠵᠢ᠎ᠨᠢ ᠲᠡᠪᠴᠢᠭᠦᠯᠵᠦ ᠂ ᠠᠵᠤ ᠠᠬᠤᠢ᠌ᠯᠠᠯ᠎ᠤᠨ ᠲᠥᠷᠥᠯ ᠵᠦᠢ᠍ᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠵᠣᠬᠢᠴᠠᠭᠤᠯᠤᠨ ᠲᠦᠯᠬᠢᠨ ᠠᠬᠢᠭᠤᠯᠤᠨ᠎ᠠ ᠃
ᠬᠣᠶᠠᠷ᠎ᠲᠤ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠲᠥᠯᠥᠨ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠵᠤ᠂ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠲᠣᠭ᠋ᠠᠴᠢᠯᠠᠭᠰᠠᠨ ᠮᠡᠷᠭᠡᠵᠢᠯ᠎ᠢ ᠠᠰᠢᠭᠯᠠᠨ ᠤᠯᠠᠮᠵᠢᠯᠠᠯᠲᠤ ᠭᠠᠷ ᠤᠷᠠᠯᠠᠯ᠎ᠤᠨ ᠲᠣᠨᠣᠭ ᠲᠥᠬᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠳᠡᠮᠵᠢᠵᠦ᠂ ᠣᠶᠤᠨᠴᠢ ᠦᠢᠯᠡᠳᠬᠦ᠂ ᠪᠣᠬᠢᠷᠳᠤᠯ ᠦᠭᠡᠢ ᠦᠢᠯᠡᠳᠬᠦ ᠪᠠ 5G + ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠢ ᠬᠥᠭᠵᠢᠭᠦᠯᠵᠦ᠂ ᠦᠢ᠍ᠯᠡᠳᠪᠦᠷᠢᠯᠡᠯ᠎ᠤᠨ ᠦᠢ᠍ᠯᠡᠳᠦᠯ ᠴᠢᠳᠠᠪᠤᠷᠢ ᠪᠠ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
ᠭᠤᠷᠪᠠ᠎ᠳᠤ ᠰᠠᠯᠠᠭ᠎ᠠ ᠮᠥᠴᠢᠷ᠎ᠤᠨ ᠵᠤᠬᠢᠴᠠᠭᠤᠯᠭ᠎ᠠ ᠵᠤᠯᠭ᠋ᠠᠯᠴᠠᠭ᠎ᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠬᠠᠮᠲᠤᠷᠠᠭᠰᠠᠨ ᠬᠤᠷᠠᠯ᠎ᠤᠨ ᠲᠣᠭᠲᠠᠴᠠ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠣᠯᠭ᠋ᠠᠯᠴᠠᠭᠤᠯᠵᠤ ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠤᠨ᠎ᠠ᠃
ᠫᠧᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠭᠴᠢ ᠄ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠲᠤᠬᠠᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠪᠦᠬᠦ ᠤᠯᠤᠰ᠎ᠲᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠲᠦᠷᠦᠭᠦᠯᠡᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢ ᠠᠬᠢᠭᠤᠯᠬᠤ ᠶᠢᠰᠦᠨ ᠵᠤᠷᠪᠤᠰ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ 》 ᠵᠢ ᠨᠡᠢ᠌ᠲᠡᠯᠡᠪᠡ ᠃ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠪᠡᠶᠡᠯᠡᠭᠦᠯᠬᠦ᠎ᠳᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠪᠠᠲᠤᠯᠠᠭ᠎ᠠ ᠪᠣᠯ ᠴᠢᠬᠤᠯᠠ ᠪᠦᠬᠦᠢ ᠤᠷᠢᠲᠠᠯ ᠮᠥᠨ᠂ ᠬᠠᠷᠢᠨ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ ᠪᠡᠯᠡ ᠮᠥᠩᠭᠥ ᠰᠣᠯᠢᠵᠤ ᠥᠭᠬᠦ ᠲᠠᠰ ᠳᠠᠷᠠᠭ᠋ᠠᠯᠠᠯ ᠪᠣᠯ ᠪᠡᠯᠡ ᠮᠥᠩᠭᠥ ᠵᠢᠨ ᠪᠠᠲᠤᠯᠠᠭ᠎ᠠ ᠵᠢᠨ ᠵᠠᠩᠭᠢᠯᠠᠭ᠎ᠠ ᠵᠢᠨ ᠨᠢᠭᠡ ᠭᠣᠭᠴᠣᠭ᠎ᠠ ᠪᠣᠯᠣᠨ᠎ᠠ ᠃ ᠲᠡᠭᠡᠪᠡᠯ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠨᠥᠬᠥᠪᠦᠷᠢ ᠪᠡᠯᠡ ᠮᠥᠩᠭᠥ ᠵᠢ ᠬᠡᠷᠬᠢᠨ ᠴᠤᠭᠯᠠᠭᠤᠯᠵᠤ ᠤᠯᠭᠤᠬᠤ ᠪᠣᠶ?
ᠭᠤᠸᠠᠨ ᠢ᠄ ᠡᠩ ᠲᠡᠷᠢᠭᠦᠨ᠎ᠳᠤ᠂ 《ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠤᠷᠪᠣᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠨᠡᠢ᠌ᠲᠡᠯᠡᠭᠰᠡᠨ᠎ᠠᠴᠠ ᠨᠠᠭ᠋ᠠᠰᠢ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠣᠰ ᠪᠡᠶ᠎ᠡ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠂ ᠶᠡᠷᠦᠩᠬᠡᠢ᠌ᠯᠡᠨ ᠠᠷᠭ᠎ᠠ ᠪᠣᠳᠣᠯᠭ᠎ᠠ
ᠬᠡᠷᠡᠭᠵᠢᠭᠦᠯᠵᠦ᠂ ᠭᠣᠣᠯᠳᠠᠭᠤ ᠳᠣᠣᠷᠠᠬᠢ ᠭᠤᠷᠪᠠᠨ ᠵᠦᠢ᠍ᠯ᠎ᠤᠨ ᠠᠷᠭ᠎ᠠ ᠮᠠᠶᠢᠭ ᠵᠶ᠋ᠠᠷ ᠪᠡᠯᠡ ᠮᠥᠩᠭᠥ ᠴᠤᠭᠯᠠᠭᠤᠯᠪᠠ᠄
ᠨᠢᠭᠡ ᠂ ᠲᠥᠰᠥᠪ᠎ᠢ ᠨᠡᠮᠡᠵᠦ ᠣᠷᠣᠭᠤᠯᠤᠨ᠎ᠠ ᠃ ᠣᠳᠣᠬᠠᠨ᠎ᠤ ᠡᠵᠡᠮᠰᠢᠭᠰᠡᠨ ᠪᠠᠢ᠌ᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠲᠥᠰᠥᠪ᠎ᠢ ᠨᠡᠮᠡᠬᠦ ᠲᠠᠰ ᠳᠠᠷᠠᠭ᠋ᠠᠯᠠᠯ᠎ᠢ ᠲᠡᠷᠡ ᠳᠠᠷᠤᠢ᠎ᠳᠤ ᠨᠢ ᠡᠬᠢᠯᠡᠭᠦᠯᠵᠦ᠂ 2022 ᠣᠨ᠎ᠳᠤ 5 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠤᠷᠢᠳᠠᠪᠠᠷ ᠲᠣᠬᠢᠷᠠᠭᠤᠯᠤᠨ ᠲᠥᠷᠥ ᠵᠢᠨ ᠪᠣᠳᠣᠯᠭ᠎ᠠ ᠵᠢᠨ ᠨᠥᠬᠥᠴᠡᠯ᠎ᠢ ᠬᠠᠩᠭ᠋ᠠᠭᠰᠠᠨ ᠡᠲᠡᠭᠡᠳ᠎ᠲᠤ ᠨᠥᠬᠥᠪᠦᠷᠢ ᠥᠭᠬᠦ ᠵᠢᠨ ᠬᠠᠮᠲᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠦᠨᠳᠦᠰᠦᠯᠡᠨ ᠨᠥᠬᠥᠪᠦᠷᠢ ᠵᠢᠨ ᠪᠡᠯᠡ ᠮᠥᠩᠭᠥ ᠵᠢᠨ ᠬᠡᠪᠴᠢᠶ᠎ᠡ᠎ᠳᠤ ᠴᠠᠭ ᠲᠤᠬᠠᠢ᠎ᠳᠤ ᠨᠢ ᠲᠣᠬᠢᠷᠠᠭᠤᠯᠤᠯᠲᠠ ᠬᠢᠬᠦ᠎ᠪᠠᠷ ᠲᠥᠯᠥᠪᠯᠡᠵᠦ ᠪᠣᠶ᠃ ᠠᠩᠬᠠᠨ᠎ᠤ ᠪᠦᠯᠦᠭ ᠨᠥᠬᠥᠪᠦᠷᠢ ᠵᠢᠨ ᠪᠡᠯᠡ ᠮᠥᠩᠭᠥ ᠵᠢ 4 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠣᠳᠠᠲᠠᠢ᠌ᠵᠢᠭᠤᠯᠤᠨ᠎ᠠ᠃
ᠬᠣᠶᠠᠷ ᠂ ᠵᠢᠭᠡᠯᠡᠯᠭᠡ ᠵᠢᠨ ᠲᠡᠮᠳᠡᠭᠲᠦ ᠵᠢᠨ ᠳᠡᠮᠵᠢᠯᠭᠡ ᠃ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠳᠣᠲᠣᠷᠠᠬᠢ 《ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠬᠡᠷᠡᠭᠯᠡᠨ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠦᠷᠢᠶᠡᠯᠡᠩ ᠲᠣᠭᠣᠷᠢᠭ᠎ᠢ ᠰᠢᠨ᠎ᠡ᠎ᠪᠠᠷ ᠪᠠᠶ᠋ᠢᠭᠤᠯᠬᠤ ᠵᠢ ᠳᠡᠮᠵᠢᠬᠦ》 ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠬᠤ ᠵᠢᠨ ᠲᠤᠰᠠᠳᠠ᠂ 4 ᠰᠠᠷ᠎ᠠ ᠵᠢᠨ 8᠎ᠤ ᠡᠳᠦᠷ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠲᠠᠢ ᠬᠠᠮᠲᠤᠷᠠᠨ ᠸᠢᠳᠢᠣ᠋ ᠬᠤᠷᠠᠯ᠎ᠤᠨ ᠠᠷᠭ᠎ᠠ᠎ᠪᠠᠷ ᠂ ᠠᠢ᠌ᠮᠠᠭ ᠬᠣᠲᠠ᠂ ᠬᠣᠰᠢᠭᠤ ᠰᠢᠶᠠᠨᠯᠤᠭᠠ 《ᠨᠢᠭᠡ ᠨᠢᠭᠡ ᠲᠠᠢ ᠬᠠᠷᠠᠭ᠋ᠠᠯᠵᠠᠭᠤᠯᠬᠤ 》 ᠲᠥᠷᠥᠯ ᠵᠦᠢ᠍ᠯ᠎ᠢ ᠵᠣᠯᠭ᠋ᠠᠭᠤᠯᠬᠤ ᠠᠵᠢᠯ᠎ᠢ ᠥᠷᠨᠢᠭᠦᠯᠵᠦ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠲᠥᠷᠥᠯ ᠵᠦᠢ᠍ᠯ᠎ᠢ ᠡᠮᠬᠢᠯᠡᠨ ᠬᠠᠪᠰᠤᠷᠤᠨ ᠵᠢᠯᠤᠭᠣᠳᠴᠤ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠵᠢᠭᠡᠯᠡᠯᠭᠡ ᠵᠢᠨ ᠲᠡᠮᠳᠡᠭᠲᠦ ᠵᠢᠨ ᠲᠥᠷᠥᠯ ᠵᠦᠢ᠍ᠯ᠎ᠢ ᠨᠥᠭᠡᠴᠡᠯᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠎ᠪᠠᠷ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠰᠠᠢ᠌ᠲᠤᠷ ᠪᠡᠯᠡᠳᠬᠡᠯ ᠬᠢᠪᠡ᠃
ᠭᠤᠷᠪᠠ ᠂ ᠰᠠᠭᠤᠷᠢ ᠮᠥᠩᠭᠥᠨ᠎ᠤ ᠳᠡᠮᠵᠢᠯᠭᠡ ᠃ ᠮᠠᠨ᠎ᠤ ᠲᠢᠩᠬᠢᠮ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠠᠵᠤ ᠠᠬᠤᠢ᠌ᠯᠠᠯ᠎ᠢ ᠣᠯᠠᠨ ᠤᠳᠠᠭ᠎ᠠ ᠵᠣᠬᠢᠶᠠᠨ ᠪᠠᠢ᠌ᠭᠤᠯᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠵᠤ᠂ ᠢᠯᠢ ᠪᠦᠯᠦᠭᠯᠡᠯ᠂ ᠮᠧᠩ ᠨᠢᠦ ᠪᠦᠯᠦᠭᠯᠡᠯ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ ᠬᠠᠮᠲᠤ᠎ᠪᠠᠷ 《ᠥᠪᠥᠷ ᠮᠣᠩᠭᠣᠯ᠎ᠤᠨ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠰᠠᠭᠤᠷᠢ
ᠮᠥᠩᠭᠥ》 ᠵᠢ ᠡᠭᠦᠰᠬᠡᠨ ᠪᠠᠢ᠌ᠭᠤᠯᠵᠤ᠂ ᠰᠠᠭᠤᠷᠢ ᠮᠥᠩᠭᠥᠨ᠎ᠤ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠮᠥᠩᠭᠥᠨ ᠭᠦᠢ᠍ᠯᠭᠡᠭᠡᠨ᠎ᠤ ᠬᠥᠷᠥᠩᠭᠡ ᠪᠠ ᠨᠡᠢ᠌ᠭᠡᠮ᠎ᠤᠨ ᠬᠥᠷᠥᠩᠭᠡ ᠵᠢ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠬᠦᠷᠢᠶᠡᠨ᠎ᠳᠤ ᠲᠡᠳᠡᠨ ᠣᠷᠣᠭᠤᠯᠬᠤ᠎ᠪᠠᠷ ᠲᠥᠯᠥᠪᠯᠡᠵᠦ ᠪᠣᠶ᠃
ᠳᠠᠷᠠᠭ᠋ᠠᠯᠠᠪᠠᠯ᠂ ᠰᠦ ᠰᠠᠭ᠋ᠠᠯᠢ ᠵᠢᠨ ᠦᠢ᠍ᠯᠡᠰ᠎ᠤᠨ ᠬᠦᠭᠵᠢᠨ ᠮᠠᠨᠳᠣᠯᠲᠠ ᠵᠢᠨ ᠶᠢᠰᠦᠨ ᠵᠣᠷᠪᠣᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠨᠥᠬᠥᠪᠦᠷᠢ ᠵᠢᠨ ᠪᠡᠯᠡ ᠮᠥᠩᠭᠥ ᠵᠢᠨ ᠨᠦᠬᠦᠪᠦᠷᠢᠯᠡᠬᠦ ᠲᠠᠰ ᠳᠠᠷᠠᠭ᠋ᠠᠯᠠᠯ᠎ᠨᠢ ᠠᠵᠤ ᠠᠬᠤᠢ᠌ᠯᠠᠯ᠎ᠤᠨ ᠭᠤᠶᠤᠴᠢᠯᠠᠯ᠎ᠠᠴᠠ ᠪᠡᠯᠡ ᠮᠥᠩᠭᠥ ᠵᠢ ᠠᠵᠤ ᠠᠬᠤᠢ᠌ᠯᠠᠯ᠎ᠳᠤ ᠪᠠᠭᠤᠯᠭ᠋ᠠᠬᠤ ᠬᠦᠷᠲᠡᠯᠡᠬᠢ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠪᠡᠶᠡᠯᠡᠭᠦᠯᠦᠨ᠎ᠡ ᠂ ᠪᠣᠳᠠᠲᠠᠢ ᠪᠡᠯᠡ ᠮᠥᠩᠭᠥ ᠵᠢ ᠰᠢᠯᠭ᠋ᠠᠨ ᠬᠣᠷᠢᠶᠠᠬᠤ ᠂ ᠬᠢᠨᠠᠨ ᠬᠠᠷᠭᠤᠭᠤᠯᠬᠤ᠂ ᠪᠠᠭᠤᠯᠭ᠋ᠠᠬᠤ ᠠᠯᠬᠤᠮ ᠳᠠᠷᠠᠭ᠎ᠠ᠎ᠨᠢ ᠳᠤᠤᠷᠠᠬᠢ ᠮᠡᠲᠦ ᠄
ᠨᠢᠭᠡ ᠂ ᠠᠵᠤ ᠠᠬᠤᠢ᠌ᠯᠠᠯᠨᠤᠭᠤᠳ ᠴᠣᠬᠣᠯᠠᠪᠤᠷᠢᠯᠠᠨ ᠬᠠᠷᠢᠭᠤᠯᠤᠭᠰᠠᠨ ᠲᠥᠷᠥᠯ ᠵᠦᠢ᠍ᠯ᠎ᠤᠨ ᠲᠥᠯᠥᠪᠯᠡᠭᠡ ᠪᠣᠯᠣᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ᠎ᠤᠨ ᠶᠣᠰᠣᠭ᠋ᠠᠷ ᠂ ᠤᠷᠢᠳᠠᠪᠠᠷ ᠲᠥᠷᠥᠯ ᠵᠦᠢ᠍ᠯ᠎ᠢ ᠪᠦᠲᠦᠭᠡᠨ ᠪᠠᠢ᠌ᠭᠤᠯᠵᠤ ᠂ ᠲᠥᠷᠥᠯ ᠵᠦᠢ᠍ᠯ᠎ᠨᠢ ᠨᠥᠬᠥᠪᠦᠷᠢ ᠥᠭᠬᠦ ᠪᠠᠷᠢᠮᠵᠢᠶ᠎ᠠ᠎ᠳᠤ ᠬᠥᠷᠥᠭᠰᠡᠨ᠎ᠤ ᠲᠠᠷᠠᠭ᠎ᠠ ᠬᠣᠰᠢᠭᠤ ᠰᠢᠶᠠᠨ᠎ᠤ ᠲᠦᠷᠦᠭᠦᠯᠡᠬᠦ ᠰᠠᠯᠠᠭ᠎ᠠ ᠮᠥᠴᠢᠷ ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠂ ᠬᠣᠰᠢᠭᠤ ᠰᠢᠶᠠᠨ᠎ᠤ ᠲᠦᠷᠦᠭᠦᠯᠡᠬᠦ ᠰᠠᠯᠠᠭ᠎ᠠ ᠮᠥᠴᠢᠷ᠎ᠠᠴᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠠᠢ᠌ᠮᠠᠭ ᠬᠤᠳᠠ ᠵᠢᠨ ᠲᠦᠷᠦᠭᠦᠯᠡᠬᠦ ᠰᠠᠯᠠᠭ᠎ᠠ ᠮᠥᠴᠢᠷ ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ᠎ᠡ ;
ᠬᠣᠶᠠᠷ᠂ ᠠᠢ᠌ᠮᠠᠭ ᠬᠣᠲᠠ ᠵᠢᠨ ᠲᠦᠷᠦᠭᠦᠯᠡᠬᠦ ᠰᠠᠯᠠᠭ᠎ᠠ ᠮᠥᠴᠢᠷ᠎ᠤᠳ ᠰᠢᠯᠭ᠋ᠠᠨ ᠬᠤᠷᠢᠶᠠᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠰᠢᠯᠭ᠋ᠠᠨ ᠬᠤᠷᠢᠶᠠᠭᠰᠠᠨ ᠦᠷ᠎ᠡ ᠳ᠋ᠦᠩ ᠪᠠ ᠠᠢ᠌ᠮᠠᠭ ᠬᠣᠲᠠ ᠵᠢᠨ ᠢᠵᠢ ᠪᠦᠷᠢᠳᠦᠭᠦᠯᠬᠦ ᠪᠡᠯᠡ ᠮᠥᠩᠭᠥ ᠵᠢ ᠪᠡᠶᠡᠯᠡᠭᠦᠯᠦᠭᠰᠡᠨ ᠪᠠᠢ᠌ᠳᠠᠯ ᠵᠶ᠋ᠠᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠯᠡᠬᠦ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ᠎ᠡ ;
ᠭᠤᠷᠪᠠ᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠯᠡᠬᠦ ᠰᠠᠯᠠᠭ᠎ᠠ ᠮᠥᠴᠢᠷ᠎ᠤᠳ ᠰᠢᠯᠭ᠋ᠠᠨ ᠬᠣᠷᠢᠶᠠᠭᠰᠠᠨ ᠵᠢᠴᠢ ᠠᠢ᠌ᠮᠠᠭ ᠬᠣᠲᠠ ᠵᠢᠨ ᠢᠵᠢ ᠪᠦᠷᠢᠳᠦᠭᠦᠯᠬᠦ ᠪᠡᠯᠡ ᠮᠥᠩᠭᠥ ᠵᠢ ᠪᠡᠶᠡᠯᠡᠭᠦᠯᠦᠭᠰᠡᠨ ᠪᠠᠢ᠌ᠳᠠᠯ᠎ᠢ ᠬᠢᠨᠠᠨ ᠬᠠᠷᠭᠤᠭᠤᠯᠬᠤ ᠵᠢᠨ ᠬᠠᠮᠲᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠵᠶ᠋ᠡᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠬᠦᠷᠭᠡᠨ᠎ᠡ ;
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠲᠦᠷᠦᠭᠦᠯᠡᠬᠦ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠦᠨᠳᠦᠰᠦᠯᠡᠨ᠂ 3 ᠠᠵᠢᠯᠯᠠᠬᠤ ᠡᠳᠦᠷ᠎ᠤᠨ ᠳᠣᠲᠣᠷ᠎ᠠ ᠨᠥᠬᠥᠪᠦᠷᠢ ᠵᠢᠨ ᠪᠡᠯᠡ ᠮᠥᠩᠭᠥ ᠵᠢ ᠠᠢ᠌ᠮᠠᠭ ᠬᠣᠲᠠ᠎ᠳᠤ ᠣᠯᠭᠣᠨ᠎ᠠ;
ᠲᠠᠪᠤ᠂ ᠠᠢ᠌ᠮᠠᠭ ᠬᠣᠲᠠ᠂ ᠬᠣᠰᠢᠭᠤ ᠰᠢᠶᠠᠨ᠎ᠨᠢ ᠪᠡᠯᠡ ᠮᠥᠩᠭᠥ᠎ᠪᠠᠨ ᠪᠣᠳᠠᠲᠠᠢ ᠬᠡᠷᠡᠭᠵᠢᠭᠦᠯᠵᠦ ᠪᠠᠢ᠌ᠭ᠎ᠠ ᠠᠵᠤ ᠠᠬᠤᠢ᠌ᠯᠠᠯ᠎ᠳᠤ ᠪᠠᠭᠤᠯᠭ᠋ᠠᠨ᠎ᠠ ᠃
ᠡᠭᠦᠨ᠎ᠠᠴᠠ ᠭᠠᠳᠠᠨ᠎ᠠ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠲᠦᠭᠦᠬᠡᠢ ᠰᠦᠨ᠎ᠤ ᠪᠣᠯᠪᠠᠰᠤᠷᠠᠭᠤᠯᠤᠯᠲᠠ ᠵᠢᠨ ᠨᠡᠮᠡᠭᠳᠡᠯ᠎ᠤᠨ ᠬᠡᠮᠵᠢᠶᠡᠨ᠎ᠤ ᠨᠥᠬᠥᠪᠦᠷᠢ᠂ ᠲᠦᠭᠦᠬᠡᠢ ᠰᠦᠨ᠎ᠤ ᠲᠠᠯᠬᠠᠳᠠᠬᠤ ᠵᠢᠨ ᠨᠥᠬᠥᠪᠦᠷᠢ ᠵᠡᠷᠭᠡ ᠵᠢ ᠠᠰᠢᠭᠯᠠᠨ ᠬᠦᠲᠦᠴᠢ ᠠᠵᠤ ᠠᠬᠤᠢ᠌ᠯᠠᠯ᠎ᠳᠤ ᠥᠭᠬᠦ ᠨᠥᠬᠥᠪᠦᠷᠢ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠨᠥᠬᠥᠪᠦᠷᠢ ᠥᠭᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠲᠦᠷᠦᠭᠦᠯᠡᠬᠦ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠵᠤ ᠰᠢᠯᠭ᠋ᠠᠨ ᠬᠣᠷᠢᠶᠠᠬᠤ᠎ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠳᠠᠬᠢᠨ ᠬᠢᠨᠠᠭ᠋ᠠᠳ ᠠᠯᠳᠠᠭ᠎ᠠ ᠦᠭᠡᠢ ᠪᠣᠯᠤᠭᠰᠠᠨ᠎ᠤ ᠳᠠᠷᠠᠭ᠎ᠠ ᠰᠢᠭᠤᠳ ᠨᠥᠬᠥᠪᠦᠷᠢ ᠥᠭᠴᠦ ᠪᠣᠯᠬᠤ ᠬᠥᠲᠥᠴᠢ ᠠᠵᠤ ᠠᠬᠤᠢ᠌ᠯᠠᠯ᠎ᠳᠤ ᠰᠢᠭᠤᠳ ᠨᠥᠬᠥᠪᠦᠷᠢ ᠥᠭᠬᠦ ᠠᠷᠭ᠎ᠠ ᠮᠠᠶᠢᠭ᠎ᠢ ᠬᠡᠷᠡᠭᠯᠡᠨ᠂ ᠪᠡᠯᠡ ᠮᠥᠩᠭᠥ᠎ᠪᠠᠨ ᠬᠥᠲᠥᠴᠢ ᠠᠵᠤ ᠠᠬᠤᠢ᠌ᠯᠠᠯ᠎ᠤᠨ ᠶᠡᠷᠦᠩᠬᠡᠢ ᠵᠠᠬᠢᠷᠭ᠎ᠠ᠎ᠳᠤ ᠰᠢᠭᠤᠳ ᠨᠦᠬᠦᠪᠦᠷᠢᠯᠡᠨ᠎ᠡ ᠃
ᠢᠷᠡᠯᠲᠡ ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ