2023 ᠣᠨ᠎ᠤ 6 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠣᠶᠠᠷ ᠶᠡᠬᠡ ᠶᠠᠪᠤᠳᠠᠯ ᠵᠶ᠋ᠠᠷ ᠭᠣᠣᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠶ᠎ᠠ》 ᠭᠡᠬᠦ ᠭᠣᠣᠯ ᠰᠡᠳᠦᠪᠲᠦ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ (9 ᠳ᠋ᠤᠭᠡᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠬᠠᠢ ᠲᠠᠯᠠᠪᠠᠶ)᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠦ᠋ ᠰᠢᠶᠠᠩ ᠯᠢᠶᠠᠩ ᠭᠣᠣᠯ ᠰᠡᠳᠦᠪᠲᠦ ᠨᠡᠢ᠌ᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠂ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠬᠦᠷᠦᠰᠦ ᠰᠢᠷᠣᠢ ᠪᠣᠷᠳᠣᠭᠤᠷ᠎ᠤᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
《ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ
ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠬᠡᠮᠵᠢᠶ᠎ᠡ ᠶᠡᠬᠡ ᠴᠢᠨᠠᠷ ᠰᠢᠯᠢᠳᠡᠭ ᠪᠦᠲᠦᠭᠡᠨ
ᠪᠠᠢ᠌ᠭᠤᠯᠤᠶ᠎ᠠ》 ᠭᠡᠬᠦ ᠰᠣᠨᠢᠨ ᠮᠡᠳᠡᠭᠡ ᠨᠡᠢ᠌ᠲᠡᠯᠡᠬᠦ ᠦᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ
ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ
ᠳᠤᠭᠤᠢ᠌ᠯᠠᠩ᠎ᠤᠨ ᠳᠡᠳ᠋ ᠳᠠᠷᠤᠭ᠎ᠠ ᠦ᠋ ᠰᠢᠶᠠᠩ ᠯᠢᠶᠠᠩ
ᠠᠪᠠᠬᠠᠢ ᠨᠠᠷ ᠂ ᠠᠪᠤᠭ᠋ᠠᠢ ᠨᠠᠷ ᠂ ᠰᠤᠷᠪᠤᠯᠵᠢᠯᠠᠭᠴᠢ ᠨᠠᠢ᠌ᠵᠠ ᠨᠠᠷ ᠠ ᠂ ᠤᠯᠠᠨ ᠵᠶ᠋ᠠᠷ ᠵᠶ᠋ᠠᠨ ᠰᠠᠢ᠌ᠨ ᠪᠠᠢ᠌ᠵᠠᠭ᠋ᠠᠨ᠎ᠠ ᠤᠤ! ᠥᠨᠥᠳᠥᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠣᠯᠣᠭᠰᠠᠨ ᠦᠷ᠎ᠡ ᠪᠦᠲᠦᠮᠵᠢ ᠵᠢ ᠮᠡᠳᠡᠭᠳᠡᠭᠰᠡᠨ᠎ᠳᠡᠭᠡᠨ ᠮᠠᠰᠢ ᠪᠠᠶᠠᠷᠲᠠᠢ ᠪᠠᠢ᠌ᠨ᠎ᠠ᠃ ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠡᠮᠦᠨ᠎ᠡ᠎ᠠᠴᠠ᠂ ᠣᠷᠳᠣ ᠬᠤᠭᠤᠴᠠᠭ᠋ᠠᠨ᠎ᠤ ᠲᠤᠷᠰᠢ ᠥᠪᠡᠷᠲᠡᠭᠡᠨ ᠵᠠᠰᠠᠬᠤ ᠣᠷᠣᠨ᠎ᠤ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ᠎ᠤᠨ ᠨᠠᠢ᠌ᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠮᠥᠨ᠂ ᠲᠠᠷᠢᠶᠠᠯᠠᠩ ᠮᠠᠯ ᠠᠵᠤ ᠠᠬᠤᠢ ᠵᠢᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠮᠥᠨ ᠴᠦ᠍ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠲᠤᠯᠭ᠋ᠠᠮ᠎ᠠ ᠬᠡᠷᠡᠭᠴᠡᠭᠡ ᠮᠥᠨ᠂ ᠨᠠᠩ ᠴᠤ᠌ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢᠨ ᠪᠣᠳᠠᠲᠤ ᠬᠡᠷᠡᠭᠴᠡᠭᠡ ᠮᠥᠨ᠃ ᠡᠨᠡ ᠵᠢᠯ᠎ᠠᠴᠠ ᠨᠠᠭ᠋ᠠᠰᠢ ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠤᠨᠠᠯᠲᠠ ᠵᠢ ᠨᠡᠮᠡᠭᠳᠡᠭᠦᠯᠬᠦ》 ᠦᠨᠳᠦᠰᠦᠨ ᠵᠠᠷᠴᠢᠮ᠎ᠢ ᠪᠠᠷᠢᠮᠲᠠᠯᠠᠨ᠂ 《 ᠲᠠᠷᠢᠶᠠᠨ ᠭᠠᠵᠠᠷ᠂ ᠤᠰᠤ᠂ ᠦᠷ᠎ᠡ 》 ᠪᠠ 《ᠠᠮᠤ ᠪᠤᠳᠠᠭ᠎ᠠ᠂ ᠮᠢᠬ᠎ᠠ᠂ ᠰᠦ 》 6 ᠭᠣᠣᠯᠳᠠᠯᠭ᠎ᠠ᠎ᠲᠠᠢ ᠨᠢᠭᠲᠠ ᠤᠶᠠᠯᠳᠤᠭᠤᠯᠤᠨ ᠨᠠᠷᠢᠯᠢᠭ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ 《ᠨᠢᠭᠡ ᠰᠠᠭᠤᠷᠢ ᠵᠢ ᠪᠡᠬᠢᠵᠢᠭᠦᠯᠵᠦ᠂ ᠲᠠᠪᠤᠨ ᠶᠡᠬᠡ ᠰᠢᠰᠲ᠋ᠧᠮᠵᠢ ᠵᠢ ᠬᠦᠴᠦᠷᠬᠡᠭᠵᠢᠭᠦᠯᠬᠦ》᠎ᠪᠠᠷ ᠬᠦᠴᠦᠯᠡᠨ ᠴᠢᠷᠮᠠᠢ᠌ᠵᠤ᠂ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ 28 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠪᠠ᠃ ᠣᠳᠣᠬᠠᠨ᠎ᠳᠤ ᠂ ᠡᠯ᠎ᠡ ᠵᠦᠢ᠍ᠯ᠎ᠤᠨ ᠣᠨ᠎ᠤ ᠭᠣᠣᠯᠳᠠᠯᠭ᠎ᠠ᠎ᠲᠠᠢ ᠠᠵᠢᠯ᠎ᠤᠨ ᠪᠡᠶᠡᠯᠡᠭᠦᠯᠦᠭᠰᠡᠨ ᠴᠠᠭ᠎ᠨᠢ ᠬᠠᠭ᠋ᠠᠰ᠎ᠠᠴᠠ ᠬᠡᠲᠦᠷᠡᠵᠦ ᠂ ᠡᠭᠦᠷᠭᠡ᠎ᠨᠢ ᠬᠠᠭ᠋ᠠᠰ᠎ᠠᠴᠠ ᠬᠡᠲᠦᠷᠡᠭᠰᠡᠨ ᠪᠠᠢ᠌ᠨ᠎ᠠ ᠃ ᠳᠣᠣᠷ᠎ᠠ ᠪᠢ ᠬᠣᠯᠪᠣᠭᠳᠠᠯ ᠪᠦᠬᠦᠢ ᠪᠠᠢ᠌ᠳᠠᠯ᠎ᠤᠨ ᠲᠤᠬᠠᠢ ᠲᠣᠪᠴᠢ ᠲᠠᠨᠢᠯᠴᠠᠭᠤᠯᠤᠶ᠎ᠠ ᠃
ᠨᠢᠭᠡ᠂ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ ᠵᠢ ᠪᠠᠲᠤ ᠪᠡᠬᠢ ᠪᠠᠷᠢᠵᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠪᠡ
ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠥᠪᠥᠷ ᠮᠣᠩᠭᠣᠯ ᠰᠠᠭᠤᠷᠢ᠎ᠲᠠᠢ᠂ ᠳᠠᠯᠳᠠ ᠬᠦᠴᠦᠨ᠎ᠲᠠᠢ᠃ ᠮᠠᠨ᠎ᠤ ᠣᠷᠣᠨ ᠲᠠᠷᠢᠶᠠᠨ ᠭᠠᠵᠠᠷ᠎ᠤᠨ ᠲᠠᠯᠠᠪᠠᠶ ᠵᠢ ᠪᠠᠲᠤᠯᠠᠬᠤ ᠵᠢᠨ ᠵᠡᠷᠭᠡ᠎ᠳᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠴᠢᠷᠮᠠᠢ᠌ᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠪᠥᠬᠥ ᠬᠦᠴᠦᠨ ᠵᠶ᠋ᠡᠷ ᠵᠶ᠋ᠡᠨ ᠪᠡᠬᠢᠵᠢᠭᠦᠯᠪᠡ ᠃
ᠨᠢᠭᠡᠳᠦᠭᠡᠷ᠎ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ ᠃ ᠡᠨᠡ ᠵᠢᠯ᠂ ᠪᠥᠬᠥ ᠣᠷᠣᠨ᠎ᠳᠤ 59 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ 395 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠵᠤ᠂ ᠡᠭᠦᠷᠭᠡ ᠵᠢᠨ ᠨᠡᠷᠡᠰ᠎ᠤᠨ ᠵᠢᠭᠰᠠᠭ᠋ᠠᠯᠲᠠ᠎ᠳᠤ ᠪᠥᠬᠥ ᠤᠯᠤᠰ᠎ᠤᠨ 11 ᠳ᠋ᠤᠭᠡᠷ ᠨᠡᠷᠡᠰ᠎ᠠᠴᠠ 7 ᠳ᠋ᠤᠭ᠋ᠠᠷ᠎ᠲᠤ ᠣᠷᠣᠵᠤ᠂ ᠪᠠᠶᠠᠨᠨᠠᠭᠤᠷ ᠬᠣᠲᠠ ᠵᠢᠨ ᠪᠣᠷᠣᠳᠣᠬᠣᠢ ᠵᠢᠨ ᠤᠰᠤᠯᠠᠯᠲᠠ ᠵᠢᠨ ᠣᠷᠣᠨ ᠪᠠ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤ ᠤᠯᠤᠰ᠎ᠤᠨ ᠪᠥᠬᠥ ᠣᠷᠣᠨ ᠪᠦᠰᠡ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠲᠤᠷᠰᠢᠯᠲᠠ ᠵᠢᠨ ᠴᠡᠭ ᠵᠶ᠋ᠡᠷ ᠰᠣᠩᠭᠣᠭᠳᠠᠪᠠ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠠᠴᠠ ᠤᠯᠠᠭ᠋ᠠᠨᠴᠠᠪ ᠬᠣᠲᠠ ᠵᠢ ᠬᠠᠭᠤᠷᠠᠢ ᠲᠠᠷᠢᠶᠠᠯᠠᠭ᠎ᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 《ᠳᠥᠷᠪᠡᠨ ᠱᠠᠲᠤ᠎ᠪᠠᠷ ᠬᠠᠮᠲᠤ᠎ᠪᠠᠷ ᠪᠠᠶ᠋ᠢᠭᠤᠯᠬᠤ》 ᠵᠢᠱ᠌ᠢᠶ᠎ᠡ ᠦᠵᠡᠭᠦᠯᠬᠦ ᠴᠡᠭ ᠵᠶ᠋ᠠᠷ ᠲᠣᠭᠲᠠᠭ᠋ᠠᠬᠤ᠎ᠪᠠᠷ ᠢᠳᠡᠪᠬᠢᠲᠡᠢ ᠴᠢᠷᠮᠠᠢ᠌ᠨ᠎ᠠ᠃ ᠤᠯᠠᠭ᠋ᠠᠨᠬᠠᠳᠠ ᠬᠣᠲᠠ ᠵᠢᠨ ᠨᠡᠢ᠌ᠲᠡᠯᠢᠭ ᠬᠠᠭᠤᠷᠠᠢ ᠲᠠᠷᠢᠶᠠᠯᠠᠭ᠎ᠠ ᠵᠢᠨ ᠲᠣᠭᠣᠷᠢᠭ᠎ᠲᠤ 《ᠬᠥᠲᠥᠯ᠎ᠢ ᠱᠠᠲᠤ ᠪᠣᠯᠭ᠋ᠠᠨ ᠥᠭᠡᠷᠡᠴᠢᠯᠡᠬᠦ》 ᠵᠠᠭᠪᠤᠷ᠎ᠢ 2.0᠎ᠪᠠᠷ ᠬᠡᠷᠡᠭᠵᠢᠭᠦᠯᠪᠡ ᠃ ᠪᠢᠳᠡ 《ᠭᠤᠷᠪᠠ ᠵᠢ ᠡᠪᠳᠡᠬᠦ᠂ ᠲᠠᠪᠤ ᠵᠢ ᠨᠢᠭᠡᠳᠬᠡᠬᠦ᠂ ᠨᠢᠭᠡ ᠵᠢ ᠰᠢᠨ᠎ᠡ᠎ᠪᠠᠷ ᠪᠠᠶ᠋ᠢᠭᠤᠯᠬᠤ》 ᠴᠡᠭᠴᠡᠯᠡᠨ ᠵᠠᠰᠠᠬᠤ ᠵᠠᠭᠪᠤᠷ᠎ᠢ ᠶᠡᠬᠡᠪᠡᠷ ᠬᠡᠷᠡᠭᠵᠢᠭᠦᠯᠵᠦ᠂ ᠬᠠᠷᠠᠯᠲᠠ ᠵᠢ ᠴᠢᠩᠭ᠋ᠠᠳᠬᠠᠬᠤ ᠠᠷᠭ᠎ᠠ ᠬᠡᠮᠵᠢᠶ᠎ᠡ ᠵᠢ ᠴᠢᠩᠭ᠎ᠠ ᠠᠩᠬᠠᠷᠴᠤ᠂ ᠠᠵᠢᠯ᠎ᠤᠨ ᠬᠤᠭᠤᠴᠠᠭ᠎ᠠ ᠵᠢ ᠲᠦᠷᠭᠡᠳᠬᠡᠨ ᠠᠬᠢᠭᠤᠯᠵᠤ᠂ ᠡᠷᠲᠡ ᠪᠠᠢ᠌ᠭᠤᠯᠵᠤ᠂ ᠡᠷᠲᠡ ᠦᠷ᠎ᠡ ᠪᠦᠲᠦᠮᠵᠢ ᠣᠯᠬᠤ᠎ᠪᠠᠷ ᠴᠢᠷᠮᠠᠢ᠌ᠵᠤ᠂ ᠬᠠᠪᠤᠷ᠎ᠤᠨ ᠲᠠᠷᠢᠶᠠᠯᠠᠭ᠎ᠠ᠎ᠠᠴᠠ ᠡᠮᠦᠨ᠎ᠡ ᠨᠢᠭᠡᠨᠲᠡ 204 ᠲᠦᠮᠡᠨ ᠮᠦ᠍ ᠵᠢ ᠠᠰᠢᠭᠯᠠᠯᠲᠠ᠎ᠳᠤ ᠣᠷᠣᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ 4.1 ᠳ᠋ᠦᠩᠰᠢᠭᠤᠷ ᠵᠢᠩ ᠳᠡᠭᠡᠭᠰᠢᠯᠡᠭᠦᠯᠵᠦ ᠪᠣᠯᠣᠨ᠎ᠠ᠃
ᠬᠣᠶᠠᠳᠤᠭ᠋ᠠᠷ᠎ᠲᠤ᠂ ᠲᠦᠭᠦᠭᠡᠷᠦᠮᠵᠢᠲᠤ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠳᠠ ᠵᠢ ᠠᠬᠢᠭᠤᠯᠪᠠ᠃ 《 ᠲᠦᠭᠦᠭᠡᠷᠦᠮᠵᠢᠲᠤ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ》 ᠪᠠ 《ᠠᠯᠠᠰᠢᠨ ᠦᠬᠡᠷ ᠠᠯᠠᠰᠢᠨ ᠬᠣᠨᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠠᠯᠠᠪᠠᠶ ᠵᠢ ᠡᠭᠦᠳᠦᠨ ᠪᠠᠶ᠋ᠢᠭᠤᠯᠬᠤ ᠵᠢᠨ ᠬᠡᠷᠡᠭᠵᠢᠭᠦᠯᠬᠦ ᠲᠥᠰᠥᠯ》᠎ᠢ ᠰᠤᠳᠤᠯᠤᠨ ᠲᠣᠭᠲᠠᠭ᠋ᠠᠵᠤ᠂ 20 ᠲᠦᠮᠡᠨ ᠮᠦ᠍ ᠲᠦᠭᠦᠭᠡᠷᠦᠮᠵᠢᠲᠤ ᠲᠠᠷᠢᠶᠠᠯᠠᠩ᠎ᠤᠨ ᠰᠢᠨ᠎ᠡ᠎ᠪᠠᠷ ᠨᠡᠮᠡᠭᠳᠡᠭᠦᠯᠬᠦ ᠡᠭᠦᠷᠭᠡ ᠵᠢ ᠪᠦᠬᠦᠨ᠎ᠢ ᠨᠠᠢ᠌ᠳᠠᠪᠤᠷᠢᠵᠢᠭᠤᠯᠤᠨ᠂ ᠨᠢᠭᠡᠨᠲᠡ 9.1 ᠲᠦᠮᠡᠨ ᠮᠦ᠍ ᠠᠵᠢᠯ ᠡᠬᠢᠯᠡᠭᠦᠯᠵᠦ᠂ ᠢᠳᠡᠰᠢᠨ ᠨᠣᠭᠣᠭ᠎ᠠ ᠵᠢᠴᠢ ᠴᠡᠴᠡᠭ᠂ ᠵᠢᠮᠢᠰ᠂ ᠪᠠᠺᠲ᠋ᠧᠷᠢ᠂ ᠡᠮ ᠵᠡᠷᠭᠡ ᠠᠵᠤ ᠦᠢ᠍ᠯᠡᠰ᠎ᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠥᠭᠵᠢᠭᠦᠯᠵᠦ᠂ ᠨᠢᠭᠡ ᠪᠦᠯᠦᠭ ᠬᠠᠭᠤᠴᠢᠷᠠᠭᠰᠠᠨ ᠲᠦᠭᠦᠭᠡᠷᠦᠮᠵᠢᠲᠤ ᠢᠳᠡᠰᠢᠨ ᠨᠣᠭᠣᠭ᠎ᠠ ᠵᠢᠨ ᠰᠠᠭᠤᠷᠢᠨ ᠭᠠᠵᠠᠷ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠲᠥᠪᠯᠡᠷᠡᠭᠦᠯᠦᠨ ᠵᠠᠯᠭ᠋ᠠᠯᠳᠤᠭ᠎ᠠ᠎ᠪᠠᠷ ᠲᠦᠯᠬᠢᠨ ᠠᠬᠢᠭᠤᠯᠪᠠ᠃ ᠵᠧᠵᠢᠶᠠᠩ᠎ᠤᠨ ᠰᠧ ᠸᠧᠢ ᠂ ᠭᠦᠸᠸ ᠨᠧᠩ ᠱᠧᠨ ᠳ᠋ᠦᠩ ᠪᠦᠯᠦᠭᠯᠡᠯ᠎ᠢ ᠣᠷᠣᠭᠤᠯᠤᠨ ᠠᠪᠴᠢᠷᠠᠵᠤ ᠳᠡᠭᠡᠳᠦ ᠲᠡᠰ᠎ᠤᠨ ᠲᠥᠬᠥᠭᠡᠷᠦᠮᠵᠢᠲᠦ ᠲᠠᠷᠢᠶᠠᠯᠠᠩ᠎ᠢ ᠪᠦᠲᠦᠭᠡᠨ ᠪᠠᠢ᠌ᠭᠤᠯᠵᠤ ᠂ ᠪᠡᠭᠡᠵᠢᠩ᠎ᠤᠨ ᠬᠣᠩ ᠹᠦ᠋ ᠪᠦᠯᠦᠭᠯᠡᠯ᠎ᠤᠨ 75 ᠲᠦᠮᠡᠨ ᠲᠡᠭᠰᠢ ᠳᠥᠷᠪᠡᠯᠵᠢᠨ ᠣᠶᠤᠨᠲᠤ ᠬᠦᠯᠡᠮᠵᠢ ᠪᠠᠶ᠋ᠢᠭᠤᠯᠬᠤ ᠵᠢ ᠲᠡᠮᠵᠢᠪᠡ ᠃ ᠵᠢᠯ᠎ᠤᠨ ᠡᠴᠦᠰ ᠪᠣᠯᠬᠤ᠎ᠳᠤ ᠲᠦᠭᠦᠭᠡᠷᠦᠮᠵᠢᠲᠤ ᠲᠠᠷᠢᠶᠠᠯᠠᠩ᠎ᠤᠨ ᠲᠠᠯᠠᠪᠠᠶ ᠵᠢ 230 ᠲᠦᠮᠡᠨ ᠮᠦ᠍᠎ᠠᠴᠠ ᠳᠡᠭᠡᠭᠰᠢ᠎ᠳᠤ ᠬᠦᠷᠦᠭᠦᠯᠵᠦ᠂ ᠪᠥᠬᠥ ᠣᠷᠣᠨ᠎ᠤ 《ᠢᠳᠡᠰᠢᠨ ᠨᠣᠭᠣᠭ᠎ᠠ》᠎ᠳᠤ ᠪᠠᠲᠤ ᠪᠡᠬᠢ ᠪᠠᠲᠤᠯᠠᠭ᠎ᠠ ᠬᠠᠩᠭ᠋ᠠᠪᠠ ᠃ ᠪᠥᠬᠥ ᠣᠷᠣᠨ᠎ᠳᠤ 600 ᠲᠡᠵᠢᠭᠡᠨ ᠦᠷᠡᠵᠢᠭᠦᠯᠬᠦ ᠲᠠᠯᠠᠪᠠᠶ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠬᠡᠷᠡᠭᠵᠢᠭᠦᠯᠵᠦ᠂ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠵᠢ 800 ᠡᠭᠦᠳᠦᠨ ᠪᠠᠢ᠌ᠭᠤᠯᠵᠤ᠂ ᠣᠲᠣ ᠦᠶ᠎ᠡ ᠵᠢᠨ ᠲᠦᠭᠦᠭᠡᠷᠦᠮᠵᠢᠲᠤ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠲᠡᠭᠡᠭᠰᠢᠯᠡᠭᠦᠯᠪᠡ ᠃
ᠭᠤᠷᠪᠠᠳᠤᠭ᠋ᠠᠷ᠎ᠲᠤ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ ᠃ ᠪᠦᠬᠦ ᠣᠷᠣᠨ᠎ᠳᠤ 3.2 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠲᠥᠬᠦᠭᠡᠷᠦᠮᠵᠢ ᠵᠢᠨ ᠵᠠᠩᠭᠢᠯᠠᠭ᠎ᠠ ᠵᠢᠨ ᠴᠡᠭ᠎ᠤᠨ ᠪᠠᠢ᠌ᠷᠢᠯᠠᠭᠤᠯᠤᠯᠲᠠ᠂ ᠦᠢ᠍ᠯᠡᠴᠢᠯᠡᠭᠡᠨ᠎ᠤ ᠲᠣᠣᠷ ᠰᠦᠯᠵᠢᠶ᠎ᠡ ᠪᠠ ᠲᠤᠯᠭ᠋ᠠᠭᠤᠷᠢᠯᠠᠬᠤ ᠰᠢᠰᠲ᠋ᠧᠮ᠎ᠤᠨ 34 ᠲᠥᠷᠥᠯ ᠵᠦᠢ᠍ᠯ᠎ᠢ ᠬᠡᠷᠡᠭᠵᠢᠭᠦᠯᠵᠦ᠂ ᠪᠠᠶᠠᠨᠨᠠᠭᠤᠷ᠂ ᠬᠥᠬᠡᠬᠣᠲᠠ᠂ ᠲᠦᠩᠯᠢᠶᠣᠣ ᠵᠢᠨ ᠤᠯᠤᠰ᠎ᠤᠨ ᠨᠢᠷᠤᠭᠤᠪᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠡᠵᠡᠩᠨᠡᠯᠲᠡ ᠵᠢ ᠲᠦᠷᠭᠡᠳᠬᠡᠨ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠡᠴᠦᠰ᠎ᠤᠨ ᠬᠥᠯᠳᠡᠭᠡᠵᠦ ᠬᠡᠯᠬᠢᠶᠡᠵᠢᠭᠦᠯᠬᠦ ᠲᠦᠭᠦᠭᠡᠷᠦᠮᠵᠢ ᠵᠢᠨ ᠬᠡᠷᠡᠭᠯᠡᠯᠲᠡ ᠪᠠ ᠥᠭᠡᠷᠡᠴᠢᠯᠡᠨ ᠰᠠᠢ᠌ᠵᠢᠷᠠᠭᠤᠯᠬᠤ ᠵᠢ ᠳᠡᠮᠵᠢᠵᠦ᠂ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠵᠣᠯᠭ᠋ᠠᠭᠤᠯᠬᠤ ᠵᠢ ᠠᠬᠢᠭᠤᠯᠤᠨ᠂ ᠮᠠᠨ᠎ᠤ ᠣᠷᠣᠨ᠎ᠤ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠰᠠᠴᠤᠷᠠᠭᠯᠠᠨ ᠨᠥᠯᠥᠭᠡᠯᠡᠬᠦ ᠴᠢᠳᠠᠪᠤᠷᠢ ᠪᠠ ᠬᠠᠩᠭ᠋ᠠᠬᠤ ᠴᠢᠳᠠᠪᠤᠷᠢ ᠵᠢ ᠪᠥᠬᠥ ᠬᠦᠴᠦᠨ ᠵᠶ᠋ᠡᠷ ᠵᠶ᠋ᠡᠨ ᠲᠡᠭᠡᠭᠰᠢᠯᠡᠭᠦᠯᠪᠡ ᠃ 1015 ᠭᠠᠴᠠᠭ᠎ᠠ ᠲᠣᠰᠬᠣᠨ᠎ᠤ ᠢᠯᠡᠭᠡᠵᠦ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ᠎ᠢ ᠠᠰᠢᠭᠯᠠᠯᠲᠠ᠎ᠳᠤ ᠣᠷᠣᠭᠤᠯᠵᠤ᠂ ᠭᠠᠴᠠᠭ᠎ᠠ ᠲᠣᠰᠬᠣᠨ᠎ᠤ ᠢᠯᠡᠭᠡᠵᠦ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ ᠵᠢ 5256 ᠪᠠᠢ᠌ᠭᠤᠯᠪᠠ᠃
ᠬᠣᠶᠠᠷ ᠂ ᠲᠣᠭ᠎ᠠ ᠬᠡᠮᠵᠢᠶ᠎ᠡ ᠶᠠᠰᠤ ᠴᠢᠨᠠᠷ᠎ᠢ ᠳᠡᠭᠡᠭᠰᠢᠯᠡᠭᠦᠯᠬᠦ ᠵᠢ ᠪᠠᠷᠢᠮᠲᠠᠯᠠᠨ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠪᠠᠲᠤᠯᠠᠭ᠎ᠠ ᠵᠢ ᠴᠢᠩᠭ᠋ᠠᠷᠠᠭᠤᠯᠪᠠ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠬᠤ ᠪᠣᠯ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠳ᠎ᠤᠨ ᠠᠵᠢᠯ᠎ᠤᠨ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠢ ᠵᠢᠨ ᠲᠣᠮᠣ ᠣᠷᠣᠨ ᠪᠣᠯᠤᠭᠰᠠᠨ᠎ᠤ ᠬᠤᠪᠢ᠎ᠳᠤ᠂ 《ᠲᠣᠮᠣ ᠤᠯᠤᠰ》᠎ᠢ ᠢᠮᠠᠭᠲᠠ ᠪᠠᠲᠤ ᠴᠡᠭᠡᠵᠢᠯᠡᠵᠦ᠂ 《ᠲᠣᠮᠣ ᠢᠳᠡᠭᠡᠨ᠎ᠤ ᠦᠵᠡᠯᠲᠡ》 ᠵᠢ ᠪᠣᠶ ᠪᠣᠯᠭ᠋ᠠᠨ ᠦᠢ᠍ᠯᠡᠳᠦᠯᠭᠡᠵᠢᠭᠦᠯᠵᠦ᠂ ᠠᠮᠤ ᠪᠤᠳᠠᠭ᠎ᠠ᠂ ᠮᠢᠬ᠎ᠠ᠂ ᠰᠦ ᠂ ᠡᠪᠡᠰᠦ ᠵᠡᠷᠭᠡ 4 ᠲᠠᠯ᠎ᠠ᠎ᠪᠠᠷ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠦᠨᠡᠨ ᠬᠦ᠌ ᠪᠠᠳᠤᠯᠠᠪᠠ ᠃
ᠨᠢᠭᠡᠳᠦᠭᠡᠷ᠎ᠲᠤ ᠂ ᠠᠮᠤ ᠪᠤᠳᠠᠭ᠎ᠠ ᠵᠢ ᠢᠯᠡᠭᠦᠦ ᠨᠡᠮᠡᠭᠳᠡᠭᠦᠯᠦᠨ᠎ᠡ ᠃ ᠠᠮᠤ ᠪᠤᠳᠠᠭ᠎ᠠ ᠲᠠᠷᠢᠬᠤ ᠵᠢ ᠳᠡᠮᠵᠢᠬᠦ ᠳᠣᠬᠢᠶ᠎ᠠ ᠵᠢ ᠢᠳᠡᠪᠬᠢᠲᠡᠢ᠎ᠪᠠᠷ ᠲᠠᠷᠬᠠᠭ᠋ᠠᠵᠤ ᠂ ᠤᠯᠤᠰ᠎ᠤᠨ ᠲᠠᠷᠢᠶᠠᠨ ᠭᠠᠵᠠᠷ ᠪᠠ ᠲᠠᠷᠢᠶᠠᠨ ᠭᠠᠵᠠᠷ᠎ᠤᠨ ᠰᠢᠮ᠎ᠡ ᠵᠢᠨ ᠬᠠᠮᠠᠭ᠋ᠠᠯᠠᠯᠲᠠ ᠵᠢᠨ ᠨᠥᠬᠥᠪᠦᠷᠢ ᠂ ᠦᠢ᠍ᠯᠡᠳᠪᠦᠷᠢᠯᠡᠭᠴᠢ ᠵᠢᠨ ᠨᠥᠬᠥᠪᠦᠷᠢ ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠥᠪᠦᠷᠢ ᠂ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠨᠥᠬᠥᠪᠦᠷᠢ ᠵᠡᠷᠭᠡ ᠲᠠᠷᠢᠶᠠᠴᠢᠳ᠎ᠲᠤ ᠠᠰᠢᠭ ᠬᠦᠷᠲᠡᠭᠡᠬᠦ ᠡᠯ᠎ᠡ ᠲᠦᠷᠦᠯ᠎ᠤᠨ ᠪᠡᠯᠡ ᠮᠥᠩᠭᠥ ᠵᠢ 159.6 ᠳ᠋ᠦᠩᠰᠢᠭᠤᠷ ᠲᠥᠭᠥᠷᠢᠭ ᠴᠠᠭ ᠲᠤᠬᠠᠢᠳᠤᠨᠢ ᠰᠠᠯᠭ᠋ᠠᠨ ᠪᠠᠭᠤᠯᠭ᠋ᠠᠵᠤ ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠭᠦᠢ᠍ᠴᠡᠳ ᠲᠠᠢ᠌ᠴᠢᠯᠠᠪᠠ ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠡᠯ᠎ᠡ ᠠᠢ᠌ᠮᠠᠭ ᠬᠣᠲᠠ᠎ᠲᠠᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠪᠢᠴᠢᠭ᠎ᠲᠤ ᠭᠠᠷᠤᠨ ᠥᠰᠥᠭ ᠵᠢᠷᠤᠭᠰᠠᠨ ᠪᠥᠭᠡᠳ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠬᠥᠳᠡᠭᠡ ᠲᠣᠰᠬᠣᠨ᠎ᠤ ᠬᠦᠭᠵᠢᠯ ᠮᠠᠨᠳᠤᠯᠲᠠ ᠵᠢᠨ ᠬᠢᠨᠠᠨ ᠰᠢᠯᠭ᠋ᠠᠬᠤ ᠴᠢᠬᠤᠯᠠ ᠠᠭᠤᠯᠭ᠎ᠠ᠎ᠳᠤ ᠣᠷᠣᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠦᠲᠦᠮᠵᠢᠲᠡᠶ ᠪᠣᠳᠠᠲᠠᠢ᠌ᠵᠢᠭᠤᠯᠪᠠ᠃ ᠪᠥᠬᠥ ᠣᠷᠣᠨ᠎ᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ ᠤᠳᠠᠯ ᠦᠭᠡᠢ ᠳᠠᠭᠤᠰᠴᠤ᠂ ᠪᠥᠬᠥ ᠣᠷᠣᠨ᠎ᠤ ᠠᠮᠤ ᠪᠤᠳᠠᠭ᠋ᠠᠨ᠎ᠤ ᠲᠠᠷᠢᠶᠠᠯᠠᠭ᠎ᠠ ᠵᠢᠨ ᠲᠠᠯᠠᠪᠠᠶ᠂ ᠰᠢᠷ᠎ᠠ ᠪᠤᠷᠴᠠᠭ ᠳᠠᠷᠢᠬᠤ ᠲᠠᠯᠠᠪᠠᠶ ᠴᠥᠮ ᠤᠯᠤᠰ᠎ᠠᠴᠠ ᠪᠠᠭᠤᠯᠭ᠋ᠠᠭᠰᠠᠨ ᠡᠭᠦᠷᠭᠡ ᠵᠢ ᠪᠡᠶᠡᠯᠡᠭᠦᠯᠵᠦ᠂ ᠪᠥᠬᠥ ᠵᠢᠯ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠣᠯᠬᠤ᠎ᠳᠤ ᠰᠠᠭᠤᠷᠢ ᠲᠠᠯᠪᠢᠪᠠ ᠃ ᠡᠯ᠎ᠡ ᠲᠥᠷᠥᠯ᠎ᠤᠨ ᠪᠡᠯᠡ ᠮᠥᠩᠭᠥ ᠵᠢ 5 ᠳ᠋ᠦᠩᠰᠢᠭᠤᠷ ᠭᠠᠷᠤᠢ ᠲᠥᠭᠥᠷᠢᠭ ᠡᠮᠬᠢᠯᠡᠨ ᠨᠡᠢ᠌ᠯᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠭᠣᠣᠯ ᠪᠣᠯᠬᠤ ᠠᠮᠤ ᠪᠤᠳᠠᠭ᠋ᠠᠨ᠎ᠤ ᠲᠠᠷᠢᠮᠠᠯ᠎ᠤᠨ ᠲᠣᠭᠣᠷᠢᠨ᠎ᠳᠤ᠂ ᠵᠠᠩᠭᠢᠯᠠᠭ᠎ᠠ ᠵᠢᠨ ᠮᠡᠷᠭᠡᠵᠢᠯ᠎ᠢ ᠲᠥᠪᠯᠡᠷᠡᠭᠦᠯᠦᠨ ᠬᠡᠷᠡᠭᠯᠡᠬᠦ᠎ᠪᠠᠷ ᠭᠣᠣᠯᠳᠠᠯᠭ᠎ᠠ ᠪᠣᠯᠭ᠋ᠠᠵᠤ᠂ ᠰᠠᠢ᠌ᠨ ᠲᠠᠷᠢᠶ᠎ᠠ ᠵᠢ ᠪᠠᠢ᠌ᠭᠤᠯᠵᠤ᠂ ᠰᠠᠢ᠌ᠨ ᠦᠷ᠎ᠡ ᠵᠢ ᠰᠣᠩᠭᠣᠵᠤ᠂ ᠰᠠᠢ᠌ᠨ ᠮᠡᠷᠭᠡᠵᠢᠯ᠎ᠢ ᠳᠡᠯᠭᠡᠷᠡᠭᠦᠯᠵᠦ᠂ ᠰᠠᠢ᠌ᠨ ᠲᠣᠬᠢᠶᠠᠯ ᠲᠣᠬᠢᠷᠠᠭᠤᠯᠵᠤ᠂ ᠰᠠᠢ᠌ᠨ ᠳᠦᠷᠢᠮ᠎ᠢ ᠪᠤᠶ ᠪᠣᠯᠭ᠋ᠠᠵᠤ᠂ ᠲᠣᠨ ᠠᠮᠤ ᠵᠢᠨ ᠲᠠᠷᠢᠶ᠎ᠠ ᠵᠢ ᠡᠭᠦᠳᠦᠨ ᠪᠠᠶ᠋ᠢᠭᠤᠯᠬᠤ᠂ ᠡᠷᠳᠡᠨᠢ ᠰᠢᠰᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠪᠠ ᠰᠢᠷ᠎ᠠ ᠪᠤᠷᠴᠠᠭ᠎ᠤᠨ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ 《ᠭᠤᠷᠪᠠᠨ ᠶᠡᠬᠡ ᠢᠨᠵᠧᠨᠧᠷᠢᠩ》᠎ᠢ ᠥᠷᠨᠢᠭᠦᠯᠵᠦ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠬᠠᠩᠭᠢᠨ ᠬᠣᠢ᠌ᠲᠤ ᠬᠣᠰᠢᠭᠤ᠂ ᠵᠠᠯᠠᠢ᠌ᠳ ᠬᠣᠰᠢᠭᠤ ᠵᠡᠷᠭᠡ 3 ᠬᠣᠰᠢᠭᠤ ᠰᠢᠶᠠᠨ᠎ᠳᠤ ᠤᠯᠤᠰ᠎ᠤᠨ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠠᠮᠵᠢᠯᠲᠠ᠎ᠲᠠᠢ ᠲᠡᠮᠡᠴᠡᠨ ᠣᠯᠵᠤ᠂ ᠡᠷᠳᠡᠨᠢ ᠰᠢᠰᠢ ᠵᠢ ᠨᠢᠭᠲᠠ ᠳᠠᠷᠢᠬᠤ ᠵᠡᠷᠭᠡ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ᠂ ᠨᠡᠶ᠋ᠢᠲᠡ 500 ᠲᠦᠮᠡᠨ ᠮᠦ᠍ ᠵᠢᠨ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠵᠢᠱ᠌ᠢᠶ᠎ᠡ ᠦᠵᠡᠭᠦᠯᠬᠦ ᠨᠡᠢ᠌ᠲᠡᠯᠢᠭ ᠵᠢᠱ᠌ᠢᠶ᠎ᠡ ᠵᠢ ᠪᠣᠶ ᠪᠣᠯᠭ᠋ᠠᠵᠤ᠂ ᠪᠥᠬᠥ ᠣᠷᠣᠨ᠎ᠤ ᠠᠮᠤ ᠪᠤᠳᠠᠭ᠋ᠠᠨ᠎ᠤ ᠲᠠᠷᠢᠮᠠᠯ᠎ᠤᠨ ᠶᠡᠬᠡ ᠬᠡᠪᠴᠢᠶ᠎ᠡ᠎ᠪᠠᠷ ᠲᠡᠩᠴᠡᠭᠦᠷᠢᠲᠡᠢ ᠤᠨᠠᠯᠲᠠ ᠬᠤᠷᠢᠶᠠᠬᠤ ᠵᠢ ᠲᠠᠢ᠌ᠴᠢᠯᠠᠨ ᠲᠠᠭ᠋ᠠᠭᠤᠯᠪᠠ ᠃
ᠬᠣᠶᠠᠳᠤᠭ᠋ᠠᠷ᠎ᠲᠤ ᠂ ᠮᠢᠬ᠎ᠠ ᠵᠢ ᠢᠯᠡᠭᠦᠦ ᠨᠡᠮᠡᠭᠳᠡᠭᠦᠯᠪᠡ ᠃ 《ᠳᠠᠪᠠᠭᠤᠯᠢᠭ᠎ᠢ ᠲᠣᠭᠲᠠᠪᠤᠷᠢᠵᠢᠭᠤᠯᠵᠤ᠂ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ》 ᠬᠣᠶᠠᠷ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠠᠳᠬᠤᠵᠤ᠂ ᠰᠠᠭᠤᠷᠢ ᠡᠬᠡ ᠮᠠᠯ᠎ᠤᠨ ᠰᠦᠷᠦᠭ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠂ ᠠᠯᠠᠰᠢᠨ ᠬᠣᠨᠢᠨ᠎ᠤ ᠰᠠᠢ᠌ᠨ ᠡᠭᠦᠯᠳᠡᠷ᠎ᠤᠨ ᠨᠥᠬᠥᠪᠦᠷᠢ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠯᠠᠰᠢᠨ ᠦᠬᠡᠷ᠎ᠤᠨ ᠲᠣᠭ᠎ᠠ ᠵᠢ 56 ᠲᠦᠮᠡ ᠨᠡᠮᠡᠭᠳᠡᠭᠦᠯᠦᠨ᠂ 715 ᠲᠦᠮᠡ᠎ᠳᠤ ᠬᠦᠷᠭᠡᠵᠦ᠂ ᠠᠯᠠᠰᠢᠨ ᠬᠣᠨᠢᠨ᠎ᠤ ᠲᠣᠭ᠎ᠠ ᠵᠢ 6000 ᠲᠦᠮᠡ ᠣᠷᠴᠢᠮ᠎ᠳᠤ ᠲᠣᠭᠲᠠᠪᠤᠷᠢᠵᠢᠭᠤᠯᠤᠨ᠂ ᠦᠬᠡᠷ᠎ᠤᠨ ᠮᠢᠬ᠎ᠠ ᠬᠣᠨᠢᠨ ᠮᠢᠬᠠᠨ᠎ᠤ ᠭᠠᠷᠤᠯᠲᠠ ᠵᠢ ᠪᠥᠬᠥ ᠤᠯᠤᠰ᠎ᠤᠨ ᠨᠢᠭᠡᠳᠦᠭᠡᠷ᠎ᠲᠤ ᠯᠠᠪᠳᠠᠭᠤᠨ ᠵᠶ᠋ᠠᠷ ᠣᠷᠣᠭᠤᠯᠵᠤ᠂ ᠦᠬᠡᠷ ᠬᠣᠨᠢ ᠲᠡᠵᠢᠭᠡᠨ ᠦᠷᠡᠵᠢᠭᠦᠯᠬᠦ ᠲᠣᠮᠣ ᠣᠷᠣᠨ᠎ᠤ ᠳᠠᠪᠠᠭᠤᠯᠢᠭ᠎ᠢ ᠨᠠᠩ ᠪᠡᠬᠢᠵᠢᠭᠦᠯᠪᠡ ᠃ ᠡᠭᠦᠨ᠎ᠤ ᠬᠠᠮᠲᠤ᠂ ᠳᠤᠲᠠᠭᠤᠳᠠᠯ᠎ᠢ ᠨᠥᠬᠥᠪᠦᠷᠢᠯᠡᠬᠦ᠂ ᠳᠠᠯᠳᠠ ᠬᠦᠴᠦᠨ᠎ᠢ ᠠᠭᠤᠳᠠᠯᠬᠤ᠎ᠪᠠᠷ ᠳᠠᠮᠵᠢᠭᠤᠯᠤᠨ᠂ ᠭᠠᠬᠠᠢ ᠲᠡᠵᠢᠭᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠬᠢᠷᠠᠭᠤᠯᠤᠨ ᠡᠵᠡᠮᠳᠡᠬᠦ ᠵᠢ ᠴᠢᠩᠭ᠋ᠠᠷᠠᠭᠤᠯᠵᠤ᠂ ᠭᠠᠬᠠᠢ ᠲᠡᠵᠢᠭᠡᠬᠦ ᠬᠡᠪᠴᠢᠶᠡᠲᠦ ᠲᠠᠯᠠᠪᠠᠶ ᠵᠢ 1200᠎ᠠᠴᠠ ᠳᠡᠭᠡᠭᠰᠢ᠎ᠳᠤ ᠬᠦᠷᠦᠭᠦᠯᠦᠨ᠂ ᠦᠷᠡᠵᠢᠬᠦ ᠮᠡᠭᠡᠵᠢ ᠵᠢᠨ ᠲᠣᠭ᠎ᠠ ᠲᠣᠯᠣᠭ᠋ᠠᠢ ᠵᠢ 56.3 ᠲᠦᠮᠡ᠎ᠠᠴᠠ ᠳᠡᠭᠡᠭᠰᠢ᠎ᠳᠤ ᠲᠣᠭᠲᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠵᠢᠭᠦᠷᠲᠡᠨ᠎ᠤ ᠮᠢᠬᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠠᠭᠤᠳᠠᠯᠵᠤ᠂ ᠪᠥᠬᠥ ᠵᠢᠯ᠎ᠤᠨ ᠮᠢᠬᠠᠨ᠎ᠤ ᠵᠦᠢ᠍ᠯ᠎ᠤᠨ ᠶᠡᠷᠦᠩᠬᠡᠢ ᠭᠠᠷᠤᠯᠲᠠ ᠵᠢ 300 ᠲᠦᠮᠡᠨ ᠲᠣᠨ᠎ᠠᠴᠠ ᠳᠠᠪᠠᠭᠤᠯᠬᠤ ᠵᠢ ᠦᠨᠡᠨᠬᠦ ᠪᠠᠳᠤᠯᠠᠪᠠ ᠃
ᠭᠤᠷᠪᠠᠳᠤᠭ᠋ᠠᠷ᠎ᠲᠤ ᠂ ᠰᠦ ᠵᠢᠨ ᠭᠠᠷᠤᠯᠳᠠ ᠵᠢ ᠢᠯᠡᠭᠦᠦ ᠨᠡᠮᠡᠭᠳᠡᠭᠦᠯᠪᠡ ᠃ 《ᠡᠪᠡᠰᠦᠨ᠎ᠤ ᠢᠷᠡᠯᠲᠡ》 《ᠡᠭᠦᠯᠳᠡᠷ᠎ᠤᠨ ᠢᠷᠡᠯᠲᠡ》 《 ᠰᠦ ᠵᠢᠨ ᠢᠷᠡᠯᠲᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦ ᠵᠢᠨ ᠦᠢ᠍ᠯᠡᠰ᠎ᠤᠨ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠵᠶ᠋ᠠᠷ ᠠᠬᠢᠭᠤᠯᠤᠨ᠂ ᠤᠯᠤᠰ᠎ᠲᠠᠭᠠᠨ ᠦᠢ᠍ᠯᠡᠳᠪᠦᠷᠢᠯᠡᠭᠰᠡᠨ ᠴᠠᠷᠭ᠋ᠠᠰᠤ ᠵᠢᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠭᠦᠯᠦᠨ ᠬᠡᠷᠡᠭᠵᠢᠭᠦᠯᠵᠦ᠂ ᠰᠠᠭ᠋ᠠᠯᠢ ᠵᠢᠨ ᠦᠨᠢᠶᠡᠨ᠎ᠤ ᠭᠣᠣᠯ ᠡᠭᠦᠯᠳᠡᠷ ᠪᠣᠢ᠌ᠵᠢᠭᠤᠯᠬᠤ ᠲᠠᠯᠠᠪᠠᠶ ᠵᠢ ᠡᠭᠦᠳᠦᠨ ᠪᠠᠶ᠋ᠢᠭᠤᠯᠬᠤ ᠪᠠ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠠᠵᠢᠯ᠎ᠢ ᠥᠷᠨᠢᠭᠦᠯᠵᠦ᠂ 1.65 ᠲᠦᠮᠡᠨ ᠬᠦᠪᠦᠷᠡᠯ᠎ᠢ ᠪᠡᠯᠭᠡ ᠵᠢᠨ ᠡᠵᠡᠮᠳᠡᠯ᠎ᠲᠠᠢ ᠬᠡᠷᠡᠭᠯᠡᠬᠦ ᠵᠢ ᠲᠡᠯᠭᠡᠷᠡᠭᠦᠯᠪᠡ ᠃ ᠰᠦ ᠵᠢᠨ ᠦᠢ᠍ᠯᠡᠰ᠎ᠤᠨ ᠶᠢᠰᠦᠨ ᠵᠤᠷᠪᠤᠰ ᠲᠥᠷᠥ ᠵᠢᠨ ᠪᠣᠳᠣᠯᠭ᠎ᠠ ᠵᠢᠨ 《ᠲᠠᠰ ᠳᠡᠪᠰᠢᠭᠦᠯᠬᠦ》 ᠵᠢ ᠲᠣᠭᠲᠠᠭ᠋ᠠᠵᠤ᠂ ᠴᠢᠨᠠᠷ ᠰᠠᠢ᠌ᠲᠠᠢ ᠴᠠᠷᠭ᠋ᠠᠰᠤ ᠵᠢᠨ ᠨᠥᠬᠥᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 1000 ᠲᠥᠭᠥᠷᠢᠭ ᠬᠦᠷᠲᠡᠯ᠎ᠡ ᠳᠡᠭᠡᠭᠰᠢᠯᠡᠭᠦᠯᠵᠦ᠂ 3000 ᠲᠣᠯᠣᠭ᠋ᠠᠢ ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢ 16 ᠰᠢᠨ᠎ᠡ᠎ᠪᠠᠷ ᠪᠠᠶ᠋ᠢᠭᠤᠯᠬᠤ ᠵᠢ ᠦᠨᠡᠨᠬᠦ ᠪᠠᠲᠤᠯᠠᠵᠤ᠂ 《ᠨᠢᠭᠡ ᠲᠠᠯᠠᠪᠤᠷ ᠨᠢᠭᠡ ᠲᠦᠷᠦ ᠵᠢᠨ ᠪᠣᠳᠣᠯᠭ᠎ᠠ》᠎ᠪᠠᠷ 58 ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠪᠠ ᠃ ᠢᠯᠢ ᠵᠢᠨ ᠣᠲᠣ ᠦᠶ᠎ᠡ ᠵᠢᠨ ᠣᠶᠤᠨᠲᠤ ᠵᠢᠶᠠᠨ ᠺᠠᠩ ᠭᠦ᠋ ᠂ ᠮᠧᠩ ᠨᠢᠦ ᠳᠤᠮᠳᠠᠳᠤ ᠤᠯᠤᠰ᠎ᠤᠨ ᠰᠦᠨ᠎ᠤ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ 8 ᠰᠦᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠵᠢ ᠪᠥᠬᠥ ᠰᠢᠶᠠᠨ ᠵᠶ᠋ᠠᠷ ᠠᠬᠢᠭᠤᠯᠬᠤ ᠪᠠ 100 ᠣᠷᠣᠨ ᠨᠤᠲᠤᠭ᠎ᠤᠨ ᠣᠨᠴᠠᠯᠢᠭ᠎ᠲᠠᠢ ᠴᠠᠭ᠋ᠠᠨ ᠢᠳᠡᠭᠡᠨ ᠪᠣᠯᠪᠠᠰᠤᠷᠠᠭᠤᠯᠬᠤ ᠪᠠᠷᠢᠮᠵᠢᠶᠠᠵᠢᠭᠤᠯᠤᠭᠰᠠᠨ ᠲᠤᠷᠰᠢᠯᠲᠠ ᠵᠢ ᠬᠡᠷᠡᠭᠵᠢᠭᠦᠯᠪᠡ ᠃ ᠮᠠᠨ᠎ᠤ ᠣᠷᠣᠨ᠎ᠤ ᠪᠣᠳᠠᠲᠠᠢ᠎ᠳᠤ ᠨᠡᠢ᠌ᠴᠡᠭᠰᠡᠨ ᠲᠦᠭᠦᠬᠡᠢ ᠰᠢᠨ᠎ᠡ ᠰᠦ ᠵᠢᠨ ᠦᠨ᠎ᠡ ᠬᠠᠩᠰᠢ ᠵᠢᠨ ᠵᠥᠪᠳᠡᠯᠴᠡᠬᠦ ᠲᠣᠭᠲᠠᠴᠠ ᠵᠢ ᠪᠠᠢ᠌ᠭᠤᠯᠵᠤ᠂ ᠰᠦ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠡᠯ᠎ᠡ ᠭᠣᠣᠯ ᠴᠣᠭᠴᠠ ᠵᠢᠨ ᠠᠰᠢᠭ ᠲᠤᠰᠠ ᠵᠢ ᠬᠠᠮᠠᠭ᠋ᠠᠯᠠᠪᠠ ᠃ ᠪᠥᠬᠥ ᠵᠢᠯ᠎ᠳᠤ ᠰᠠᠭ᠋ᠠᠯᠢ ᠵᠢᠨ ᠦᠨᠢᠶ᠎ᠡ ᠵᠢ 170 ᠲᠦᠮᠡ᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠵᠤ᠂ ᠦᠨᠢᠶᠡᠨ ᠰᠦ ᠵᠢᠨ ᠭᠠᠷᠤᠯᠲᠠ ᠵᠢ 785 ᠲᠦᠮᠡᠨ ᠲᠣᠨ᠎ᠳᠤ ᠬᠦᠷᠦᠭᠦᠯᠦᠨ᠎ᠡ᠃
ᠭᠤᠷᠪᠠ ᠂ ᠬᠡᠯᠬᠢᠶ᠎ᠡ ᠵᠢ ᠴᠢᠩᠭ᠋ᠠᠳᠬᠠᠵᠤ ᠤᠷᠳᠤᠳᠬᠠᠵᠤ ᠨᠦᠬᠦᠪᠦᠷᠢᠯᠡᠵᠦ᠂ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠶᠡᠬᠡᠪᠡᠷ ᠠᠬᠢᠭᠤᠯᠪᠠ
ᠬᠡᠯᠬᠢᠶᠡᠵᠢᠭᠰᠡᠨ ᠰᠡᠳᠬᠢᠬᠦᠢ᠂ ᠠᠵᠤ ᠦᠢ᠍ᠯᠡᠳᠪᠦᠷᠢᠵᠢᠭᠰᠡᠨ ᠰᠡᠳᠬᠢᠬᠦᠢ ᠵᠢ ᠪᠣᠶ ᠪᠣᠯᠭ᠋ᠠᠵᠤ᠂ ᠳᠠᠭ᠋ᠠᠭᠤᠯᠤᠭᠴᠢ ᠠᠵᠤ ᠠᠬᠤᠢ᠌ᠯᠠᠯ ᠪᠠ ᠬᠡᠯᠬᠢᠶᠡᠵᠢᠭᠰᠡᠨ ᠠᠵᠤ ᠠᠬᠤᠢ᠌ᠯᠠᠯ᠎ᠢ ᠬᠠᠨᠳᠤᠯᠭ᠎ᠠ᠎ᠲᠠᠢ᠎ᠪᠠᠷ ᠣᠷᠣᠭᠤᠯᠤᠨ ᠠᠪᠴᠢᠷᠠᠵᠤ᠂ ᠡᠷᠳᠡᠨᠢ ᠰᠢᠰᠢ᠂ ᠰᠦ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ ᠨᠤᠤᠯᠤᠭᠤᠷ ᠂ ᠲᠥᠮᠥᠰᠥ᠂ ᠲᠡᠵᠢᠭᠡᠯ ᠡᠪᠡᠰᠦ ᠵᠡᠷᠭᠡ 7 ᠵᠦᠢ᠍ᠯ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶᠡᠵᠢᠯ᠎ᠤᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠬᠤᠪᠢᠰᠬᠠᠵᠦ ᠥᠷᠲᠡᠭ ᠨᠡᠮᠡᠭᠳᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠠᠢ᠌ᠴᠢᠯᠠᠪᠠ ᠃
ᠨᠢᠭᠡᠳᠦᠭᠡᠷ᠎ᠲᠤ ᠂ ᠠᠵᠤ ᠠᠬᠤᠢ᠌ᠯᠠᠯ᠎ᠢ ᠤᠷᠲᠤᠳᠬᠠᠨ ᠪᠣᠢ᠌ᠵᠢᠭᠤᠯᠬᠤ ᠬᠡᠯᠬᠢᠶ᠎ᠡ ᠵᠢ ᠠᠳᠬᠤᠪᠠ ᠃ ᠰᠢᠨ᠎ᠡ᠎ᠪᠠᠷ ᠨᠤᠲᠠᠯᠠᠨ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠳᠠᠭ᠋ᠠᠭᠤᠯᠤᠭᠴᠢ ᠠᠵᠤ ᠠᠬᠤᠢ᠌ᠯᠠᠯ 149 ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠳᠠᠭ᠋ᠠᠭᠤᠯᠤᠭᠴᠢ ᠠᠵᠤ ᠠᠬᠤᠢ᠌ᠯᠠᠯ 770 ᠪᠠᠢ᠌ᠵᠤ ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠢ᠌ᠯᠠᠯ 711᠂ ᠤᠯᠤᠰ᠎ᠤᠨ ᠲᠠᠰ᠎ᠤᠨ ᠠᠵᠤ ᠠᠬᠤᠢ᠌ᠯᠠᠯ 59 ᠪᠣᠯᠤᠨ᠎ᠠ ᠃ ᠲᠣᠰ ᠭᠠᠵᠠᠷ ᠣᠷᠣᠨ᠎ᠤ ᠠᠵᠤ ᠠᠬᠤᠢ᠌ᠯᠠᠯ᠎ᠤᠨ ᠴᠢ ᠱ᠌ᠢ ᠰᠦ ᠵᠢᠨ ᠦᠢ᠍ᠯᠡᠰ ᠪᠠ ᠶᠠᠨ ᠬᠥ᠋ ᠹᠠᠩ᠎ᠤᠨ ᠠᠮᠧᠷᠢᠺᠠ᠎ᠳᠤ ᠵᠠᠬ᠎ᠠ ᠳᠡᠯᠭᠡᠭᠦᠷ᠎ᠲᠤ ᠭᠠᠷᠬᠤ ᠵᠢ ᠳᠡᠮᠵᠢᠨ᠎ᠡ᠂ ᠡᠭᠦᠨ᠎ᠳᠤ ᠶᠠᠨ ᠬᠥ᠋ ᠹᠠᠩ᠎ᠤᠨ᠎ᠬᠢᠨ ᠨᠢᠭᠡᠨᠲᠡ ᠫᠠᠢ᠌ᠰᠠ ᠡᠯᠭᠦᠨ ᠠᠷᠠᠯᠵᠢᠶᠠᠯᠠᠪᠠ᠃ ᠤᠯᠤᠰ᠎ᠤᠨ ᠪᠡᠯᠡ ᠮᠥᠩᠭᠥ ᠵᠢ 8.2 ᠳ᠋ᠦᠩᠰᠢᠭᠤᠷ ᠲᠥᠭᠥᠷᠢᠭ ᠴᠢᠷᠮᠠᠢ᠌ᠨ ᠣᠯᠵᠤ᠂ ᠰᠦ ᠵᠢᠨ ᠦᠢ᠍ᠯᠡᠰ᠂ ᠲᠥᠮᠥᠰᠥ ᠵᠡᠷᠭᠡ 2 ᠤᠯᠤᠰ᠎ᠤᠨ ᠲᠠᠰ᠎ᠤᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠰᠦᠷᠦᠭᠵᠢᠯ᠎ᠢ ᠰᠢᠨ᠎ᠡ᠎ᠪᠠᠷ ᠡᠭᠦᠳᠦᠨ ᠪᠠᠢ᠌ᠭᠤᠯᠵᠤ᠂ ᠬᠣᠷᠢᠨᠭᠡᠷ ᠰᠢᠶᠠᠨ᠂ ᠳᠠᠷᠬᠠᠨ ᠮᠣᠣᠮᠢᠩᠭ᠋ᠠᠨ ᠬᠣᠯᠪᠤᠭ᠋ᠠᠲᠤ ᠬᠣᠰᠢᠭᠤ᠂ ᠬᠠᠩᠭᠢᠨ ᠬᠣᠢ᠌ᠲᠤ ᠬᠤᠰᠢᠭᠤ 3 ᠤᠯᠤᠰ᠎ᠤᠨ ᠲᠠᠰ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ ᠪᠠ 8 ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠰᠢᠨ᠎ᠡ᠎ᠪᠠᠷ ᠡᠭᠦᠳᠦᠨ ᠪᠠᠢ᠌ᠭᠤᠯᠵᠤ᠂ ᠡᠭᠦᠳᠦᠨ ᠪᠠᠢ᠌ᠭᠤᠯᠤᠭᠰᠠᠨ ᠲᠣᠭ᠎ᠠ ᠬᠡᠮᠵᠢᠶ᠎ᠡ ᠵᠢ ᠪᠥᠬᠥ ᠤᠯᠤᠰ᠎ᠤᠨ ᠨᠢᠭᠡᠳᠦᠭᠡᠷ᠎ᠲᠤ ᠤᠷᠤᠵᠠᠢ ᠃ 《 ᠬᠣᠶᠠᠷ᠎ᠢ ᠬᠣᠯᠪᠣᠵᠤ ᠭᠤᠷᠪᠠ ᠵᠢ ᠳᠠᠭ᠋ᠠᠭᠤᠯᠵᠤ ᠨᠢᠭᠡ ᠵᠢ ᠳᠠᠢ᠌ᠴᠢᠯᠠᠬᠤ 》᠎ᠪᠠᠷ ᠳᠠᠮᠵᠢᠭᠤᠯᠤᠨ ᠂ ᠰᠤᠳᠤᠯᠤᠨ ᠨᠡᠭᠡᠭᠡᠬᠦ ᠂ ᠪᠣᠯᠪᠠᠰᠤᠷᠠᠭᠤᠯᠬᠤ ᠂ ᠨᠡᠷᠡᠲᠦ ᠲᠡᠮᠳᠡᠭ ᠵᠡᠷᠭᠡ ᠵᠠᠩᠭᠢᠯᠠᠭ᠎ᠠ ᠵᠢᠨ ᠳᠤᠲᠠᠭᠤᠳᠠᠯ᠎ᠢ ᠨᠥᠬᠥᠪᠦᠷᠢᠯᠡᠵᠦ ᠂ ᠨᠢᠭᠡᠳᠦᠭᠡᠷ ᠠᠵᠤ ᠦᠢ᠍ᠯᠡᠰ᠎ᠢ ᠤᠷᠲᠤᠳᠬᠠᠬᠤ᠂ ᠬᠣᠶᠠᠳᠤᠭ᠋ᠠᠷ ᠠᠵᠤ ᠦᠢ᠍ᠯᠡᠰ᠎ᠤᠨ ᠬᠣᠶᠠᠷ ᠲᠦᠷᠦᠭᠦᠦ ᠵᠢ ᠵᠠᠯᠭ᠋ᠠᠬᠤ ᠂ ᠭᠤᠷᠪᠠᠳᠤᠭ᠋ᠠᠷ ᠠᠵᠤ ᠦᠢ᠍ᠯᠡᠰ᠎ᠢ ᠳᠡᠭᠡᠳᠦ ᠲᠦᠪᠰᠢᠨ᠎ᠳᠤ ᠬᠦᠷᠭᠡᠬᠦ ᠵᠢ ᠠᠬᠢᠭᠤᠯᠪᠠ ᠃
ᠬᠣᠶᠠᠳᠤᠭ᠋ᠠᠷ᠎ᠲᠤ ᠂ ᠨᠠᠷᠢᠯᠢᠭ ᠪᠣᠯᠪᠠᠰᠤᠷᠠᠭᠤᠯᠬᠤ ᠠᠵᠢᠯ᠎ᠢ ᠠᠳᠬᠤᠪᠠ ᠃ ᠶᠡᠬᠡ ᠵᠢ ᠤᠷᠢᠨ ᠬᠦᠴᠦᠷᠬᠡᠭ᠎ᠢ ᠣᠷᠤᠭᠤᠯᠬᠤ ᠂ ᠰᠢᠨ᠎ᠡ ᠵᠢ ᠡᠯᠰᠡᠨ ᠰᠢᠯᠢᠳᠡᠭ᠎ᠢ ᠣᠷᠣᠭᠤᠯᠬᠤ ᠵᠢ ᠪᠠᠷᠢᠮᠲᠠᠯᠠᠵᠤ᠂ ᠨᠢᠭᠡ ᠪᠦᠯᠦᠭ ᠴᠢᠳᠠᠪᠤᠷᠢ ᠵᠢᠨ ᠲᠠᠰ ᠵᠶ᠋ᠠᠷ ᠥᠨᠳᠥᠷ᠂ ᠬᠡᠪᠴᠢᠶ᠎ᠡ᠎ᠪᠠᠷ ᠶᠡᠬᠡ᠂ ᠨᠥᠯᠥᠭᠡᠯᠡᠨ ᠳᠠᠢ᠌ᠴᠢᠯᠠᠬᠤ᠎ᠪᠠᠷ ᠴᠢᠩᠭ᠎ᠠ ᠪᠣᠯᠪᠠᠰᠤᠷᠠᠭᠤᠯᠬᠤ ᠲᠥᠷᠥᠯ ᠵᠦᠢ᠍ᠯ᠎ᠢ ᠪᠥᠬᠥ ᠬᠦᠴᠦᠨ ᠵᠶ᠋ᠡᠷ ᠵᠶ᠋ᠡᠨ ᠣᠷᠣᠭᠤᠯᠤᠨ ᠠᠪᠴᠢᠷᠠᠵᠤ᠂ ᠴᠢᠨ ᠶᠤᠸᠠᠨ ᠮᠢᠬᠠᠨ᠎ᠤ ᠢᠳᠡᠭᠡᠨ᠎ᠤ ᠦᠬᠡᠷ ᠬᠣᠨᠢ ᠨᠢᠲᠤᠯᠵᠤ ᠪᠣᠯᠪᠠᠰᠤᠷᠠᠭᠤᠯᠬᠤ ᠪᠦᠲᠦᠭᠡᠨ ᠪᠠᠢ᠌ᠭᠤᠯᠤᠯᠲᠠ᠂ ᠰᠢᠯᠢ ᠵᠢᠨ ᠬᠣᠲᠠ ᠵᠢᠨ ᠮᠤᠳᠤᠨ ᠮᠠᠯᠵᠢᠯ᠎ᠤᠨ ᠲᠠᠯᠠᠪᠠᠶ ᠵᠢᠨ ᠣᠲᠣ ᠦᠶ᠎ᠡ ᠵᠢᠨ ᠠᠯᠠᠰᠢᠨ ᠬᠣᠨᠢᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ ᠵᠡᠷᠭᠡ ᠮᠢᠬᠠᠨ᠎ᠤ ᠲᠥᠷᠥᠯ᠎ᠢ ᠪᠣᠯᠪᠠᠰᠤᠷᠠᠭᠤᠯᠬᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠪᠤᠯᠪᠠᠰᠤᠷᠠᠭᠤᠯᠤᠨ ᠬᠤᠪᠢᠰᠬᠠᠬᠤ ᠨᠣᠷᠮ᠎ᠠ ᠵᠢ ᠤᠯᠠᠮ ᠨᠢᠭᠡ ᠠᠯᠬᠤᠮ ᠲᠡᠭᠡᠭᠰᠢᠯᠡᠭᠦᠯᠪᠡ ᠃ 《 ᠨᠤᠲᠤᠭ᠎ᠤᠨ ᠣᠨᠴᠠ ᠭᠠᠷᠤᠯᠲᠠ 》 ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠣᠭᠣᠷᠢᠨ᠎ᠳᠤ ᠂ ᠵᠣᠯᠭ᠋ᠠᠭᠤᠯᠬᠤ ᠪᠡᠯᠡ ᠮᠥᠩᠭᠥ ᠵᠢ 9.5 ᠳ᠋ᠦᠩᠰᠢᠭᠤᠷ ᠲᠥᠭᠥᠷᠢᠭ ᠲᠣᠬᠢᠷᠠᠭᠤᠯᠵᠤ ᠂ ᠲᠡᠵᠢᠭᠡᠯ ᠡᠪᠡᠰᠦ ᠪᠣᠷᠳᠣᠭ᠎ᠠ ᠵᠢ ᠪᠣᠯᠪᠠᠰᠤᠷᠠᠭᠤᠯᠬᠤ ᠂ ᠴᠠᠭ᠋ᠠᠨ ᠢᠳᠡᠭᠡᠨ᠎ᠢ ᠪᠣᠯᠪᠠᠰᠤᠷᠠᠭᠤᠯᠬᠤ ᠂ ᠡᠯᠳᠡᠪ ᠠᠮᠤ ᠡᠯᠳᠡᠪ ᠪᠤᠷᠴᠠᠭ᠎ᠢ ᠦᠢ᠍ᠯᠡᠳᠪᠦᠷᠢᠯᠡᠵᠦ ᠪᠣᠯᠪᠠᠰᠤᠷᠠᠭᠤᠯᠬᠤ ᠂ ᠬᠢᠲᠠᠳ ᠡᠮ᠎ᠤᠨ ᠮᠠᠲ᠋ᠧᠷᠢᠶᠠᠯ᠎ᠢ ᠲᠠᠷᠢᠵᠤ ᠪᠣᠯᠪᠠᠰᠤᠷᠠᠭᠤᠯᠬᠤ ᠂ ᠭᠠᠬᠠᠢ ᠲᠡᠵᠢᠭᠡᠨ ᠦᠷᠡᠵᠢᠭᠦᠯᠬᠦ ᠂ ᠲᠦᠭᠦᠭᠡᠷᠦᠮᠵᠢᠲᠦ ᠵᠢᠮᠢᠰ ᠨᠣᠭᠣᠭ᠎ᠠ ᠵᠢ ᠬᠥᠭᠵᠢᠭᠦᠯᠬᠦ ᠵᠡᠷᠭᠡ 161 ᠵᠦᠢ᠍ᠯᠡᠰ᠎ᠢ ᠭᠣᠣᠯᠳᠠᠯᠭ᠎ᠠ᠎ᠲᠠᠢ᠎ᠪᠠᠷ ᠲᠡᠮᠵᠢᠪᠡ ᠃ ᠲᠤᠲᠤᠷᠭ᠎ᠠ ᠵᠢᠨ ᠬᠠᠯᠢᠰᠤᠨ ᠠᠭ᠋ᠠᠭ ᠂ ᠵᠢᠮᠢᠰ ᠢᠳᠡᠰᠢᠨ ᠨᠣᠭᠣᠭ᠎ᠠ ᠵᠢᠨ ᠬᠠᠯᠢᠰᠤᠨ᠎ᠤ ᠰᠢᠭ᠋ᠠᠷᠤ᠂ ᠠᠷᠠᠰᠤ ᠨᠣᠣᠰᠣ ᠶᠠᠰᠤ ᠴᠢᠰᠤ ᠵᠡᠷᠭᠡ ᠳᠠᠭ᠋ᠠᠯᠲᠠ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠶᠡᠬᠡᠪᠡᠷ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠦᠭᠡᠢ ᠤᠷᠲᠤᠳᠬᠠᠨ᠂ ᠠᠮᠤ ᠪᠤᠳᠠᠭ᠎ᠠ ᠲᠣᠰᠣ᠂ ᠮᠠᠯ ᠵᠢᠭᠦᠷᠲᠡᠨ᠎ᠤ ᠳᠠᠭ᠋ᠠᠯᠲᠠ ᠪᠦᠲᠦᠭᠡᠭᠳᠡᠬᠦᠨ᠂ ᠬᠣᠨᠢᠨ ᠠᠷᠠᠰᠤ ᠵᠢ ᠢᠳᠡᠭᠡᠨᠵᠢᠭᠦᠯᠬᠦ᠂ ᠪᠡᠯᠡᠨ ᠵᠠᠭᠤᠰᠢ ᠂ ᠲᠥᠬᠥᠮ ᠢᠳᠡᠭᠡᠨ ᠪᠠ ᠴᠢᠳᠠᠮᠵᠢᠲᠤ ᠢᠳᠡᠭᠡᠨ ᠡᠮ᠎ᠤᠨ ᠵᠦᠢ᠍ᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠬᠤᠪᠢᠷᠠᠭᠤᠯᠵᠤ ᠥᠷᠲᠡᠭ ᠨᠡᠮᠡᠭᠳᠡᠭᠦᠯᠬᠦ ᠵᠢ ᠲᠠᠢ᠌ᠴᠢᠯᠠᠪᠠ ᠃
ᠭᠤᠷᠪᠠᠳᠤᠭ᠋ᠠᠷ᠎ᠲᠤ᠂ ᠨᠠᠷᠠᠲᠤ ᠲᠡᠮᠳᠡᠭᠲᠦ ᠵᠢᠨ ᠪᠣᠷᠤᠯᠠᠭᠤᠯᠭ᠎ᠠ ᠵᠢ ᠠᠳᠬᠤᠪᠠ ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠠᠬᠢᠭᠤᠯᠬᠤ ᠠᠵᠢᠯᠯᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ ᠂ ᠬᠣᠷᠴᠢᠨ ᠦᠬᠡᠷ᠂ ᠰᠢᠯᠢ ᠵᠢᠨ ᠭᠣᠣᠯ ᠬᠣᠨᠢ ᠵᠡᠷᠭᠡ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠶᠡᠬᠡᠪᠡᠷ ᠪᠣᠢ᠌ᠵᠢᠭᠤᠯᠤᠨ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠨ᠂ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠰᠢ ᠭᠠᠷᠭ᠋ᠠᠬᠤ ᠵᠢ ᠠᠬᠢᠭᠤᠯᠵᠤ᠂ ᠮᠠᠨ᠎ᠤ ᠣᠷᠣᠨ᠎ᠤ ᠴᠢᠨᠠᠷ ᠰᠠᠢ᠌ᠲᠠᠢ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠥᠯᠥᠭᠡᠯᠡᠬᠦ ᠬᠦᠴᠦᠨ᠎ᠢ ᠦᠷᠭᠦᠯᠵᠢᠯᠡᠨ ᠨᠡᠮᠡᠭᠳᠡᠭᠦᠯᠪᠡ ᠃ ᠲᠦᠷᠦᠭᠦᠸ᠋ ᠬᠠᠭ᠋ᠠᠰ ᠵᠢᠯ᠎ᠳᠤ᠂ ᠨᠡᠶ᠋ᠢᠲᠡ 370 ᠭᠠᠷᠤᠢ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠤᠷᠢᠳ ᠬᠣᠵᠢᠳ ᠱᠧᠨᠵᠧᠨ᠂ ᠳ᠋ᠦᠩ ᠭᠤᠸᠠᠨ᠂ ᠪᠡᠭᠡᠵᠢᠩ᠂ ᠦᠬᠠᠨ᠂ ᠱᠠᠩᠬᠠᠢ᠂ ᠴᠢᠩᠳᠣᠣ᠂ ᠬᠠᠩᠵᠧᠦ ᠵᠡᠷᠭᠡ ᠭᠠᠵᠠᠷ᠎ᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠵᠡᠭᠦᠯᠭᠡ᠎ᠳᠤ ᠣᠷᠣᠯᠴᠠᠭᠤᠯᠵᠤ᠂ ᠥᠪᠥᠷ ᠮᠣᠩᠭᠣᠯ᠎ᠤᠨ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠨᠢᠯᠴᠠᠭᠤᠯᠭ᠎ᠠ ᠵᠢᠨ ᠬᠤᠷᠠᠯ᠎ᠢ 5 ᠤᠳᠠᠭ᠎ᠠ ᠬᠤᠷᠠᠯᠳᠤᠭᠤᠯᠵᠤ᠂ ᠨᠡᠶ᠋ᠢᠲᠡ 44 ᠳ᠋ᠦᠩᠰᠢᠭᠤᠷ ᠲᠥᠭᠥᠷᠢᠭ᠎ᠤᠨ ᠭᠡᠷ᠎ᠡ ᠲᠣᠭᠲᠠᠭᠰᠠᠨ ᠪᠠᠢ᠌ᠨ᠎ᠠ᠃ 《ᠨᠠᠷᠠᠲᠤ ᠲᠡᠮᠳᠡᠭᠲᠦ ᠵᠢᠨ ᠵᠣᠴᠢᠳ᠎ᠤᠨ ᠲᠢᠩᠬᠢᠮ》᠎ᠢ 49 ᠬᠤᠭᠤᠴᠠᠭ᠎ᠠ ᠰᠢᠩᠭᠡᠬᠡᠨ ᠦᠢ᠍ᠯᠡᠳᠴᠦ᠂ ᠶᠡᠷᠦᠩᠬᠡᠢ ᠤᠷᠤᠰᠴᠠ᠎ᠨᠢ 1200 ᠭᠠᠷᠤᠢ ᠲᠦᠮᠡᠨ ᠬᠥᠮᠥᠨ ᠤᠳᠠᠭ᠎ᠠ᠎ᠳᠤ ᠬᠥᠷᠪᠡ᠃ ᠱᠦᠸᠠᠩ ᠫᠢᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠬᠣᠯᠪᠣᠭᠳᠠᠯ ᠪᠦᠬᠦᠢ ᠠᠵᠢᠯᠯᠠᠭ᠎ᠠ᠎ᠳᠤ ᠰᠦ ᠮᠢᠬᠠᠨ᠎ᠤ ᠪᠦᠲᠦᠭᠡᠭᠳᠡᠬᠦᠨ᠎ᠢ ᠰᠦᠯᠵᠢᠶᠡᠨ ᠳᠡᠭᠡᠷ᠎ᠡ ᠪᠣᠷᠣᠯᠠᠭᠤᠯᠬᠤ ᠲᠤᠰᠬᠠᠢ ᠣᠷᠣᠨ᠎ᠢ ᠨᠡᠭᠡᠭᠡᠵᠦ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 29.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 26.3%᠎ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠬᠤ ᠲᠥᠪ ᠪᠠ ᠤᠯᠠᠭ᠋ᠠᠨᠰᠤᠬᠠᠢ ᠵᠢᠨ ᠬᠤᠪᠢᠶᠠᠷᠢ ᠲᠥᠪ᠎ᠢ ᠪᠠᠢ᠌ᠭᠤᠯᠵᠤ᠂ ᠪᠥᠬᠥ ᠣᠷᠣᠨ᠎ᠤ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ 《ᠨᠢᠭᠡ ᠦᠷᠳᠡᠭᠡᠴᠢᠯᠡᠨ 》 ᠬᠤᠳᠠᠯᠳᠤᠨ ᠠᠪᠬᠤ ᠰᠢᠨ᠎ᠡ ᠠᠷᠭ᠎ᠠ ᠵᠠᠮ᠎ᠢ ᠨᠡᠭᠡᠭᠡᠭᠰᠡᠨ ᠪᠠᠢ᠌ᠨ᠎ᠠ ᠃ ᠰᠢᠨ᠎ᠡ ᠵᠠᠭᠤᠴᠢᠯᠠᠭᠤᠷ᠎ᠤᠨ ᠲᠤᠰᠬᠠᠢ ᠠᠩᠭᠢ ᠵᠢ ᠵᠣᠬᠢᠶᠠᠨ ᠪᠠᠢ᠌ᠭᠤᠯᠵᠤ᠂ 《 ᠮᠸᠩ ᠨᠤᠩ ᠬᠢᠨᠠᠨ ᠰᠤᠩᠭᠤᠯᠲᠠ 》 ᠵᠢᠨ ᠸᠢᠳᠢᠣ᠋ ᠵᠢᠨ ᠳ᠋ᠤᠭ᠋ᠠᠷ ᠭᠠᠷᠭ᠋ᠠᠵᠤ᠂ 《 1 ᠡᠩᠨᠡᠭᠡ ᠠᠯᠪᠠᠨ᠎ᠤ ᠲᠠᠯ᠎ᠠ ᠵᠢᠨ ᠲᠠᠷᠢᠶᠠᠯᠠᠩ᠎ᠤᠨ ᠲᠠᠨᠢᠯᠴᠠᠭᠤᠯᠤᠭᠴᠢ + 12 ᠠᠢ᠌ᠮᠠᠭ ᠬᠣᠲᠠ ᠵᠢᠨ ᠰᠦᠯᠵᠢᠶᠡᠨ᠎ᠤ ᠣᠳᠣᠨ ᠲᠠᠷᠢᠶᠠᠯᠠᠩ᠎ᠤᠨ ᠲᠠᠨᠢᠯᠴᠠᠭᠤᠯᠤᠭᠴᠢ ᠵᠢ ᠰᠣᠩᠭᠣᠨ ᠤᠷᠢᠬᠤ》 ᠵᠠᠭᠪᠤᠷ᠎ᠢ ᠪᠣᠶ ᠪᠣᠯᠭ᠋ᠠᠵᠤ᠂ ᠠᠤᠬᠠᠨ᠎ᠤ ᠨᠠᠷᠢᠮᠤ ᠵᠢᠨ ᠰᠠᠷ᠎ᠠ ᠵᠢᠨ ᠴᠤᠭᠯᠠᠭ᠋ᠠᠨ᠎ᠤ ᠭᠠᠵᠠᠷ᠎ᠢ ᠲᠦᠯᠬᠢᠨ ᠠᠬᠢᠭᠤᠯᠵᠤ᠂ ᠰᠠᠨ ᠫᠠᠩ ᠳ᠋ᠠᠨ ᠨᠠᠷᠠᠨ ᠬᠤᠸᠠᠷ᠎ᠤᠨ ᠦᠷ᠎ᠡ᠂ ᠰᠥᠨᠢᠳ᠎ᠤᠨ ᠬᠣᠨᠢᠨ ᠮᠢᠬ᠎ᠠ ᠵᠢ ᠽᠢ ᠪᠥᠸᠧ᠎ᠳᠤ ᠤᠷᠤᠭᠤᠯᠪᠠ ᠃
ᠳᠥᠷᠪᠡ ᠂ ᠬᠥᠭᠵᠢᠯᠲᠡ ᠵᠢᠨ ᠣᠨᠣᠯᠵᠢᠬᠤᠨ᠎ᠤ ᠰᠢᠨ᠎ᠡ ᠵᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠠ ᠲᠣᠨᠣᠭ ᠲᠥᠬᠦᠭᠡᠷᠦᠮᠵᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠪᠠ
ᠡᠨᠡ ᠵᠢᠯ᠎ᠠᠴᠠ ᠨᠠᠭ᠋ᠠᠰᠢ ᠂ ᠮᠠᠨ᠎ᠤ ᠣᠷᠣᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠡᠯ᠎ᠡ ᠭᠣᠭᠴᠣᠭ᠎ᠠ ᠵᠢᠨ ᠪᠠᠭᠤᠷᠠᠢ ᠲᠠᠯ᠎ᠠ᠎ᠳᠤ ᠴᠢᠭᠯᠡᠭᠦᠯᠦᠨ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠷ ᠬᠦᠴᠦᠯᠡᠨ ᠴᠢᠷᠮᠠᠢ᠌ᠵᠤ᠂ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠢ᠌ᠯᠡᠭᠰᠡᠨ ᠦᠷ᠎ᠡ ᠠᠰᠢᠭ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠥᠷᠢᠰᠦᠯᠳᠦᠬᠦ ᠬᠦᠴᠦᠨ ᠵᠶ᠋ᠡᠨ ᠲᠠᠰᠤᠷᠠᠯᠲᠠ ᠦᠭᠡᠢ
ᠳᠡᠭᠡᠭᠰᠢᠯᠡᠭᠦᠯᠪᠡ ᠃
ᠨᠢᠭᠡᠳᠦᠭᠡᠷ᠎ᠲᠤ ᠂ ᠦᠷ᠎ᠡ ᠵᠢᠨ ᠦᠢ᠍ᠯᠡᠰ᠎ᠤᠨ ᠬᠦᠭᠵᠢᠯ ᠮᠠᠨᠳᠤᠯᠲᠠ ᠵᠢ ᠦᠷᠭᠦᠯᠵᠢᠯᠡᠨ ᠠᠬᠢᠭᠤᠯᠪᠠ ᠃ ᠰᠠᠭ᠋ᠠᠯᠢ ᠵᠢᠨ ᠦᠢ᠍ᠯᠡᠰ᠂ ᠡᠪᠡᠰᠦᠨ᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ 2 ᠲᠥᠪ᠎ᠢ ᠡᠭᠦᠳᠦᠨ ᠪᠠᠢ᠌ᠭᠤᠯᠵᠤ᠂ ᠤᠯᠤᠰ᠎ᠤᠨ ᠠᠯᠠᠰᠢᠨ ᠬᠣᠨᠢᠨ᠎ᠤ ᠤᠳᠤᠮᠰᠢᠯ᠎ᠢ ᠦᠨᠡᠯᠡᠨ ᠵᠢᠱ᠌ᠢᠬᠦ ᠲᠥᠪ᠂ ᠠᠯᠠᠰᠢᠨ ᠬᠣᠨᠢᠨ᠎ᠤ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠥᠪ᠎ᠢ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠨᠠᠢ᠌ᠳᠠᠪᠤᠷᠢᠵᠢᠭᠤᠯᠤᠨ᠂ ᠤᠯᠤᠰ᠎ᠤᠨ ᠠᠯᠠᠰᠢᠨ ᠦᠬᠡᠷ ᠦᠢ᠍ᠯᠡᠳᠪᠦᠷᠢᠯᠡᠬᠦ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠥᠪ᠎ᠢ ᠰᠢᠯᠢ ᠵᠢᠨ ᠭᠣᠣᠯ ᠠᠢ᠌ᠮᠠᠭ᠎ᠲᠤ ᠨᠠᠢ᠌ᠳᠠᠪᠤᠷᠢᠵᠢᠭᠤᠯᠪᠠ ᠃ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠨ ᠡᠭᠦᠯᠳᠡᠷ ᠪᠣᠢ᠌ᠵᠢᠭᠤᠯᠬᠤ ᠪᠣᠭᠣᠮᠲᠠ ᠰᠢᠪᠲᠤᠯᠬᠤ ᠵᠢ ᠡᠬᠢᠯᠡᠭᠦᠯᠵᠦ᠂ ᠬᠢᠩᠭ᠋ᠠᠨ ᠠᠢ᠌ᠮᠠᠭ᠎ᠤᠨ ᠰᠢᠷ᠎ᠠ ᠪᠤᠷᠴᠠᠭ᠂ ᠤᠯᠠᠭ᠋ᠠᠨᠬᠠᠳᠠ ᠬᠣᠲᠠ ᠵᠢᠨ ᠡᠷᠳᠡᠨᠢ ᠰᠢᠰᠢ 2 ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ ᠃ ᠤᠯᠠᠭ᠋ᠠᠨᠴᠠᠪ ᠬᠣᠲᠠ ᠵᠢᠨ ᠲᠥᠮᠥᠰᠥ ᠵᠢᠨ ᠰᠢᠯᠢᠳᠡᠭ ᠡᠭᠦᠯᠳᠡᠷ᠎ᠢ ᠪᠣᠢ᠌ᠵᠢᠭᠤᠯᠬᠤ ᠵᠢ ᠳᠡᠮᠵᠢᠵᠦ᠂ ᠰᠢᠯᠢ ᠵᠢᠨ ᠭᠣᠣᠯ ᠠᠢ᠌ᠮᠠᠭ᠎ᠤᠨ ᠬᠤᠸᠠᠰᠢ ᠦᠬᠡᠷ᠎ᠤᠨ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠢ ᠪᠠᠢ᠌ᠭᠤᠯᠪᠠ ᠃ ᠰᠠᠢ᠌ᠨ ᠡᠭᠦᠯᠳᠡᠷ᠎ᠢ ᠦᠷᠡᠵᠢᠭᠦᠯᠦᠨ ᠪᠤᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠴᠢᠩᠭ᠋ᠠᠳᠬᠠᠵᠤ᠂ ᠤᠯᠤᠰ᠎ᠤᠨ ᠲᠠᠰ᠎ᠤᠨ ᠡᠭᠦᠯᠳᠡᠷ ᠪᠣᠢ᠌ᠵᠢᠭᠤᠯᠬᠤ 9 ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠭᠦᠯᠳᠡᠷ ᠪᠣᠢ᠌ᠵᠢᠭᠤᠯᠬᠤ 2 ᠲᠣᠮᠣ ᠰᠢᠶᠠᠨ ᠪᠠ ᠤᠯᠤᠰ᠎ᠤᠨ ᠲᠠᠰ᠎ᠤᠨ 15᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 19 ᠮᠠᠯ ᠵᠢᠭᠦᠷᠲᠡᠨ᠎ᠤ ᠭᠣᠣᠯᠯᠠᠬᠤ ᠡᠭᠦᠯᠳᠡᠷ ᠪᠣᠢ᠌ᠵᠢᠭᠤᠯᠬᠤ ᠲᠠᠯᠠᠪᠠᠶ ᠵᠢ ᠰᠠᠢ᠌ᠲᠤᠷ ᠪᠦᠲᠦᠭᠡᠨ ᠪᠠᠢ᠌ᠭᠤᠯᠪᠠ ᠃ ᠪᠥᠬᠥ ᠣᠷᠣᠨ᠎ᠳᠤ ᠰᠢᠯᠢᠳᠡᠭ ᠡᠭᠦᠯᠳᠡᠷ᠎ᠢ ᠳᠡᠯᠭᠡᠷᠡᠭᠦᠯᠬᠦ ᠵᠢ ᠲᠦᠷᠭᠡᠳᠬᠡᠵᠦ᠂ 60 《 ᠭᠠᠵᠠᠷ ᠦᠵᠡᠵᠦ ᠦᠷ᠎ᠡ ᠰᠣᠩᠭᠣᠬᠤ 》 ᠲᠠᠪᠴᠠᠩ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠷᠣᠨ ᠪᠦᠰᠡ ᠵᠢᠨ ᠴᠢᠨᠠᠷᠲᠠᠢ ᠵᠢᠱ᠌ᠢᠶ᠎ᠡ ᠦᠵᠡᠭᠦᠯᠬᠦ ᠴᠡᠭ᠎ᠢ ᠭᠣᠣᠯᠳᠠᠯᠭ᠎ᠠ᠎ᠲᠠᠢ ᠴᠣᠭᠴᠠᠯᠠᠵᠤ ᠂ ᠬᠠᠮᠤᠭ᠎ᠤᠨ ᠰᠢᠯᠢᠳᠡᠭ ᠬᠠᠮᠤᠭ᠎ᠤᠨ ᠲᠣᠬᠢᠷᠠᠮᠵᠢᠲᠠᠢ ᠡᠭᠦᠯᠳᠡᠷ᠎ᠢ 60᠎ᠠᠴᠠ ᠳᠡᠭᠡᠭᠰᠢ ᠰᠢᠯᠢᠨ ᠰᠣᠩᠭᠣᠨ᠎ᠠ᠃ ᠦᠵᠦᠮᠦᠴᠢᠨ ᠬᠣᠨᠢ᠂ ᠮᠣᠩᠭᠣᠯ ᠮᠣᠷᠢ᠂ ᠬᠤᠸᠠ ᠽᠢ ᠵᠢᠭ᠋ᠠᠰᠤ ᠲᠣᠰ ᠲᠣᠰ ᠤᠯᠤᠰ᠎ᠤᠨ ᠠᠷᠪᠠᠨ ᠶᠡᠬᠡ ᠰᠢᠯᠢᠳᠡᠭ ᠮᠠᠯ ᠵᠢᠭᠦᠷᠲᠡᠨ᠂ ᠤᠰᠤᠨ ᠭᠠᠷᠤᠯᠲᠠ ᠵᠢᠨ ᠡᠭᠦᠯᠳᠡᠷ᠎ᠤᠨ ᠡᠬᠢ ᠪᠠᠶᠠᠯᠢᠭ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠪᠠᠢ᠌ᠨ᠎ᠠ ᠃
ᠬᠣᠶᠠᠳᠤᠭ᠋ᠠᠷ᠎ᠲᠤ ᠂ ᠲᠦᠭᠦᠭᠡᠷᠦᠮᠵᠢ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠪᠠ ᠃ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠎ᠳᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠨᠳᠥᠷ ᠴᠢᠳᠠᠮᠵᠢᠲᠤ ᠨᠠᠷᠢᠯᠢᠭ ᠬᠡᠮᠵᠢᠶᠡᠨ᠎ᠤ ᠦᠷ᠎ᠡ ᠰᠠᠴᠤᠬᠤ ᠮᠠᠰᠢᠨ ᠵᠢᠴᠢ ᠥᠨᠳᠥᠷ ᠦᠷ᠎ᠡ ᠠᠰᠢᠭ᠎ᠲᠤ ᠬᠣᠬᠢᠷᠠᠯ ᠪᠠᠭ᠋ᠠᠲᠠᠢ ᠬᠤᠷᠢᠶᠠᠬᠤ ᠮᠠᠰᠢᠨ ᠬᠤᠳᠠᠯᠳᠤᠨ ᠠᠪᠬᠤ ᠵᠢ ᠬᠥᠲᠥᠯᠥᠨ ᠵᠢᠯᠤᠭᠣᠳᠴᠤ᠂ ᠪᠸᠢ ᠳ᠋ᠸᠦ ᠵᠠᠮᠴᠢᠯᠠᠬᠤ ᠠᠵᠢᠯ᠎ᠤᠨ ᠦᠵᠦᠭᠦᠷ᠎ᠢ ᠢᠳᠡᠪᠬᠢᠲᠡᠢ ᠳᠡᠯᠭᠡᠷᠡᠭᠦᠯᠦᠨ᠂ ᠪᠥᠬᠥ ᠣᠷᠣᠨ᠎ᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠳᠤ ᠣᠷᠣᠭᠤᠯᠤᠭᠰᠠᠨ ᠲᠷᠠᠺᠲ᠋ᠣᠷ 83 ᠲᠦᠮᠡ᠎ᠠᠴᠠ ᠳᠡᠭᠡᠭᠰᠢ᠂ ᠢᠵᠢ ᠪᠦᠷᠢᠳᠦᠭᠦᠯᠦᠭᠰᠡᠨ ᠲᠠᠷᠢᠶᠠᠯᠠᠩ᠎ᠤᠨ ᠮᠠᠰᠢᠨ ᠪᠠᠭ᠋ᠠᠵᠢ 113 ᠲᠦᠮᠡ᠎ᠠᠴᠠ ᠳᠡᠭᠡᠭᠰᠢ (ᠢᠵᠢ) ᠪᠠᠢ᠌ᠯᠭ᠋ᠠᠨ᠎ᠠ ᠃ 8 ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠎ᠤᠨ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ 22 ᠵᠦᠢ᠍ᠯ᠎ᠤᠨ ᠴᠢᠬᠤᠯᠠ ᠶᠡᠬᠡ ᠬᠥᠲᠥᠯᠥᠨ ᠳᠠᠭ᠋ᠠᠭᠤᠯᠬᠤ ᠴᠢᠨᠠᠷᠲᠠᠢ ᠮᠡᠷᠭᠡᠵᠢᠯ᠂ 4 ᠭᠣᠣᠯᠯᠠᠬᠤ ᠲᠥᠷᠥᠯ ᠵᠦᠢ᠍ᠯ᠂ 5 ᠵᠦᠢ᠍ᠯ᠎ᠤᠨ ᠭᠣᠣᠯ ᠳᠡᠯᠭᠡᠷᠡᠭᠦᠯᠬᠦ ᠮᠡᠷᠭᠡᠵᠢᠯ᠎ᠢ ᠤᠯᠤᠰ᠎ᠤᠨ ᠲᠠᠨᠢᠯᠴᠠᠭᠤᠯᠵᠤ ᠨᠡᠢ᠌ᠲᠡᠯᠡᠬᠦ ᠬᠡᠪᠴᠢᠶᠡᠨ᠎ᠳᠤ ᠣᠷᠣᠭᠤᠯᠵᠤ᠂ ᠪᠥᠬᠥ ᠵᠢᠯ᠎ᠳᠤ ᠵᠢᠯ᠎ᠤᠨ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯᠲᠡᠨ᠎ᠤ ᠮᠡᠳᠡᠯᠭᠡ ᠵᠢᠨ ᠰᠢᠨᠡᠴᠢᠯᠡᠯᠲᠡ ᠵᠢᠨ ᠪᠣᠯᠪᠠᠰᠤᠷᠠᠯ᠎ᠢ 3000 ᠬᠥᠮᠥᠨ᠎ᠳᠤ ᠪᠡᠶᠡᠯᠡᠭᠦᠯᠬᠦ᠎ᠪᠠᠷ ᠲᠥᠯᠥᠪᠯᠡᠵᠦ᠂ ᠣᠷᠳᠣ ᠬᠤᠭᠤᠴᠠᠭ᠋ᠠᠨ᠎ᠤ ᠲᠣᠭᠲᠠᠪᠤᠷᠢᠲᠠᠢ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ 180᠎ᠠᠴᠠ ᠳᠡᠭᠡᠭᠰᠢ ᠪᠦᠲᠦᠭᠡᠨ ᠪᠠᠢ᠌ᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠭ᠎ᠠ ᠬᠦᠷᠢᠶᠡᠯᠡᠩ᠎ᠢ ᠡᠭᠦᠳᠦᠨ ᠪᠠᠶ᠋ᠢᠭᠤᠯᠬᠤ ᠵᠢ ᠳᠡᠮᠵᠢᠵᠦ᠂ ᠡᠨᠡ ᠵᠢᠯ 50 ᠵᠢ ᠡᠭᠦᠳᠦᠨ ᠪᠠᠢ᠌ᠭᠤᠯᠵᠤ᠂ ᠣᠢ᠌ᠷ᠎ᠠ ᠵᠢᠨ ᠬᠤᠭᠤᠴᠠᠭ᠋ᠠᠨ᠎ᠳᠤ 《ᠲᠠᠷᠢᠶᠠᠯᠠᠩ᠎ᠢ ᠲᠤᠰᠠᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠷᠪᠠᠨ ᠰᠢᠯᠢᠳᠡᠭ ᠪᠠᠭ᠎ᠠ ᠬᠦᠷᠢᠶᠡᠯᠡᠩ》᠎ᠤᠨ ᠫᠠᠢ᠌ᠰᠠ ᠡᠯᠭᠦᠬᠦ᠎ᠪᠠᠷ ᠪᠣᠶ᠃
ᠭᠤᠷᠪᠠᠳᠤᠭ᠋ᠠᠷ᠎ᠲᠤ ᠂ ᠴᠢᠳᠠᠪᠤᠷᠢᠲᠠᠨ᠎ᠤ ᠡᠩᠨᠡᠭᠡ ᠵᠢ ᠢᠳᠡᠪᠬᠢᠲᠡᠢ᠎ᠪᠠᠷ ᠪᠤᠢ᠌ᠵᠢᠭᠤᠯᠪᠠ ᠃ 8924 ᠲᠦᠮᠡᠨ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ᠂ ᠥᠪᠥᠷ ᠮᠣᠩᠭᠣᠯ᠎ᠤᠨ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠪᠣᠢ᠌ᠵᠢᠭᠤᠯᠬᠤ ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠵᠢᠯ᠎ᠤᠨ ᠳᠣᠲᠣᠷ᠎ᠠ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ 2.27 ᠲᠦᠮᠡ ᠪᠤᠯᠪᠠᠰᠤᠷᠠᠭᠤᠯᠤᠨ ᠪᠤᠢ᠌ᠵᠢᠭᠤᠯᠪᠠ ᠃ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶ᠎ᠡ ᠴᠠᠷᠠᠭ᠋ᠠᠨ᠎ᠳᠠᠬᠢ 7 ᠳᠠᠭ᠋ᠠᠭᠤᠯᠤᠭᠴᠢ ᠴᠢᠳᠠᠪᠤᠷᠢᠲᠠᠨ ᠠᠷᠪᠠᠨ ᠬᠣᠶᠠᠳᠤᠭ᠋ᠠᠷ ᠪᠦᠯᠦᠭ᠎ᠤᠨ 《ᠲᠠᠯ᠎ᠠ ᠨᠤᠲᠤᠭ᠎ᠤᠨ ᠭᠠᠷᠮᠠᠭ᠋ᠠᠢ ᠴᠢᠳᠠᠪᠤᠷᠢᠲᠠᠨ》᠎ᠳᠤ ᠰᠣᠩᠭᠣᠭᠳᠠᠪᠠ᠃ 《ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠡᠷ ᠲᠠᠲᠠᠵᠤ᠂ ᠲᠠᠯ᠎ᠠ ᠨᠤᠲᠤᠭ᠎ᠲᠤ ᠣᠶᠤᠨ᠎ᠢ ᠬᠤᠷᠠᠭᠤᠯᠤᠨ᠎ᠠ — ᠬᠥᠬᠡᠮᠥ᠋ᠷᠡᠨ᠎ᠤ ᠭᠤᠷᠪᠠᠯᠵᠢᠨ ᠬᠣᠢ᠌ᠭᠢ ᠬᠣᠯᠪᠤᠶ᠎ᠠ 》 ᠭᠡᠬᠦ᠎ᠪᠠᠷ ᠭᠣᠣᠯ ᠰᠡᠳᠦᠪ ᠪᠣᠯᠭ᠋ᠠᠵᠤ᠂ ᠱᠠᠩᠬᠠᠢ ᠬᠣᠲᠠ᠎ᠳᠤ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠥᠪᠥᠷ ᠮᠣᠩᠭᠣᠯ᠎ᠤᠨ ᠴᠢᠳᠠᠪᠤᠷᠢᠲᠠᠨ᠎ᠤ ᠬᠥᠭᠵᠢᠯᠲᠡ ᠵᠢ ᠲᠠᠨᠢᠯᠴᠠᠭᠤᠯᠬᠤ ᠪᠠ ᠬᠠᠮᠲᠤᠷᠠᠯᠴᠠᠨ ᠰᠣᠯᠢᠯᠴᠠᠬᠤ ᠠᠵᠢᠯᠯᠠᠭ᠎ᠠ ᠵᠢ ᠡᠷᠭᠢᠯᠡᠵᠦ᠂ ᠴᠢᠳᠠᠪᠤᠷᠢᠲᠠᠨ᠎ᠤ ᠰᠣᠯᠢᠯᠴᠠᠭ᠎ᠠ ᠪᠠ ᠮᠡᠷᠭᠡᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠦᠢ᠍ᠯᠡᠳᠪᠦᠷᠢᠯᠡᠬᠦ ᠰᠤᠷᠤᠯᠴᠠᠬᠤ ᠰᠣᠳᠤᠯᠬᠤ ᠵᠢ ᠨᠢᠭᠡ ᠴᠣᠭᠴᠠᠵᠢᠭᠤᠯᠬᠤ ᠵᠢ ᠠᠬᠢᠭᠤᠯᠵᠤ᠂ ᠪᠣᠳᠠᠲᠤ ᠠᠵᠢᠯᠯᠠᠭ᠎ᠠ ᠪᠠ ᠪᠣᠳᠠᠲᠠᠢ ᠵᠢ ᠡᠷᠬᠢᠮᠯᠡᠬᠦ ᠠᠷᠭ᠎ᠠ ᠬᠡᠮᠵᠢᠶ᠎ᠡ᠎ᠪᠠᠷ ᠣᠷᠣᠨ᠎ᠤ ᠭᠠᠳᠠᠨᠠᠬᠢ ᠲᠤᠰᠬᠠᠢ ᠮᠡᠷᠭᠡᠵᠢᠯᠲᠡᠨ᠂ ᠰᠢᠯᠢᠳᠡᠭ ᠴᠢᠳᠠᠪᠤᠷᠢᠲᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠵᠢ ᠵᠤᠷᠢᠭᠵᠢᠭᠤᠯᠪᠠ ᠃
ᠲᠠᠪᠤ᠂ ᠥᠭᠡᠷᠡᠴᠢᠯᠡᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠰᠢᠰᠲᠸᠮᠵᠢ ᠵᠢ ᠪᠠᠢ᠌ᠭᠤᠯᠪᠠ
ᠡᠨᠡ ᠵᠢᠯ᠎ᠠᠴᠠ ᠨᠠᠭ᠋ᠠᠰᠢ ᠂ ᠮᠠᠨ᠎ᠤ ᠣᠷᠣᠨ ᠲᠠᠷᠢᠶᠠᠴᠢᠨ ᠡᠷᠦᠬᠡ ᠵᠢᠨ ᠭᠡᠷ ᠪᠦᠯᠢ ᠵᠢᠨ ᠡᠵᠡᠩᠨᠡᠯᠲᠡ᠎ᠪᠠᠷ ᠰᠠᠭᠤᠷᠢ ᠪᠣᠯᠭ᠋ᠠᠭᠰᠠᠨ᠂ ᠬᠠᠮᠲᠤᠷᠠᠯᠴᠠᠬᠤ ᠪᠠ ᠬᠣᠯᠪᠣᠭ᠋ᠠᠯᠠᠬᠤ᠎ᠪᠠᠷ ᠬᠣᠯᠪᠣᠭ᠋ᠠᠰᠤ ᠪᠣᠯᠭ᠋ᠠᠭᠰᠠᠨ᠂ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠲᠤᠯᠭ᠋ᠠᠭᠤᠷᠢᠯᠠᠯ ᠪᠣᠯᠭ᠋ᠠᠭᠰᠠᠨ ᠪᠣᠰᠣᠭ᠎ᠠ ᠴᠣᠭᠴᠠᠲᠤ ᠬᠠᠮ ᠬᠡᠯᠪᠡᠷᠢ ᠵᠢᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠨᠢᠭᠡ ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ᠂ ᠮᠠᠯᠴᠢᠨ ᠲᠠᠷᠢᠶᠠᠴᠢᠨ᠎ᠤ ᠪᠠᠶᠠᠵᠢᠨ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠪᠡ᠃
ᠨᠢᠭᠡᠳᠦᠭᠡᠷ᠎ᠲᠤ ᠂ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠶᠡᠬᠡᠪᠡᠷ ᠬᠦᠭᠵᠢᠭᠦᠯᠪᠡ ᠃ 《ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠬᠦ ᠨᠠᠢ᠍ᠮᠠᠨ ᠵᠦᠢ᠍ᠯ᠎ᠤᠨ ᠬᠡᠷᠡᠭᠵᠢᠭᠦᠯᠬᠦ ᠰᠠᠨᠠᠯ》᠎ᠢ ᠨᠡᠢ᠌ᠲᠡᠯᠡᠵᠦ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠤᠬᠠᠢ ᠵᠢᠨ ᠲᠠᠯᠠᠪᠤᠷ᠎ᠤᠨ ᠬᠤᠷᠠᠯ᠎ᠢ ᠬᠤᠷᠠᠯᠳᠤᠭᠤᠯᠵᠤ᠂ ᠣᠷᠣᠨ ᠪᠦᠰᠡ ᠵᠢᠨ ᠦᠢ᠍ᠯᠡᠴᠢᠯᠡᠭᠡᠨ᠎ᠤ ᠲᠥᠪ᠎ᠤᠨ ᠵᠠᠭᠪᠤᠷ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠵᠠᠭᠪᠤᠷ᠂ ᠬᠣᠷᠰᠢᠶ᠎ᠠ ᠵᠢᠨ ᠬᠠᠮᠲᠤᠷᠠᠭᠰᠠᠨ ᠦᠢ᠍ᠯᠡᠴᠢᠯᠡᠭᠡᠨ᠎ᠤ ᠵᠠᠭᠪᠤᠷ᠂ ᠲᠤᠰᠬᠠᠢ ᠵᠦᠢ᠍ᠯ᠎ᠤᠨ ᠦᠢ᠍ᠯᠡᠴᠢᠯᠡᠭᠡᠨ᠎ᠤ ᠵᠠᠭᠪᠤᠷ ᠵᠡᠷᠭᠡ 4 ᠵᠦᠢ᠍ᠯ᠎ᠤᠨ ᠵᠠᠭᠪᠤᠷ᠎ᠢ ᠳ᠋ᠦᠩᠨᠡᠨ ᠪᠣᠯᠪᠠᠰᠤᠷᠠᠭᠤᠯᠵᠤ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ 10 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠳᠡᠯᠭᠡᠷᠡᠭᠦᠯᠦᠨ᠂ 5 ᠬᠣᠰᠢᠭᠤ ᠰᠢᠶᠠᠨ᠂ 20 ᠰᠢᠶᠠᠩ ᠪᠠᠯᠭ᠋ᠠᠰᠤ᠂ 100 ᠲᠣᠰᠬᠣᠨ᠎ᠳᠤ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠥᠪᠯᠡᠷᠡᠨ ᠵᠠᠯᠭ᠋ᠠᠯᠳᠤᠭᠰᠠᠨ ᠵᠢᠱ᠌ᠢᠶ᠎ᠡ ᠦᠵᠡᠭᠦᠯᠬᠦ ᠠᠵᠢᠯᠯᠠᠭ᠎ᠠ ᠦᠷᠨᠢᠭᠦᠯᠪᠡ ᠃ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠥᠷᠭᠡᠳᠬᠡᠬᠦ ᠵᠢ ᠵᠣᠷᠢᠭᠵᠢᠭᠤᠯᠤᠨ ᠲᠡᠮᠵᠢᠵᠤ ᠂ ᠲᠠᠷᠢᠶᠠᠯᠠᠵᠤ ᠬᠤᠷᠢᠶᠠᠬᠤ ᠵᠢ ᠰᠡᠷᠭᠡᠢ᠌ᠯᠡᠬᠦ ᠳᠤᠮᠳᠠᠬᠢ ᠦᠢ᠍ᠯᠡᠴᠢᠯᠡᠭᠡ ᠵᠢ ᠦᠢ᠍ᠯᠡᠳᠪᠦᠷᠢᠯᠡᠬᠦ᠎ᠠᠴᠠ ᠡᠮᠦᠨᠡᠬᠢ ᠂ ᠦᠢ᠍ᠯᠡᠳᠪᠦᠷᠢᠯᠡᠭᠰᠡᠨ᠎ᠤ ᠳᠠᠷᠠᠭ᠋ᠠᠬᠢ ᠲᠡᠢ᠌ᠰᠢ ᠥᠷᠭᠡᠳᠬᠡᠨ ᠤᠷᠲᠤᠳᠬᠠᠵᠤ ᠂ ᠲᠠᠷᠢᠶᠠᠯᠠᠩ᠎ᠤᠨ ᠥᠪᠡᠷ᠎ᠤᠨ ᠦᠷᠳᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠠᠬᠢᠭᠤᠯᠪᠠ ᠃ ᠪᠦᠬᠦᠶ᠋ᠢᠯᠡ ᠰᠢᠶᠠᠩ ᠂ ᠪᠦᠬᠦᠶ᠋ᠢᠯᠡ ᠲᠣᠰᠬᠣᠨ ᠵᠶ᠋ᠠᠷ ᠵᠶ᠋ᠠᠨ ᠲᠥᠪᠯᠡᠷᠡᠨ ᠵᠠᠯᠭ᠋ᠠᠯᠳᠤᠭᠰᠠᠨ ᠨᠡᠢ᠌ᠭᠡᠮᠴᠢᠯᠡᠭᠰᠡᠨ ᠦᠢ᠍ᠯᠡᠴᠢᠯᠡᠭᠡ ᠥᠷᠨᠢᠭᠦᠯᠬᠦ ᠵᠢ ᠲᠡᠮᠵᠢᠵᠤ ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠢ ᠨᠢᠭᠡᠳᠦᠯᠲᠡᠢ ᠬᠤᠳᠠᠯᠳᠤᠨ ᠠᠪᠬᠤ ᠪᠠ ᠲᠠᠩᠨᠠᠬᠤ᠂ ᠲᠠᠷᠢᠬᠤ ᠂ ᠬᠠᠮᠢᠶᠠᠷᠬᠤ ᠂ ᠬᠤᠷᠢᠶᠠᠬᠤ ᠂ ᠨᠥᠭᠡᠴᠡᠯᠡᠬᠦ ᠂ ᠪᠣᠷᠣᠯᠠᠭᠤᠯᠬᠤ ᠵᠡᠷᠭᠡ ᠪᠦᠬᠥ ᠶᠠᠪᠤᠴᠠ ᠵᠢᠨ ᠦᠢ᠍ᠯᠡᠴᠢᠯᠡᠭᠡ ᠵᠢ ᠳᠡᠯᠭᠡᠷᠡᠭᠦᠯᠵᠦ ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠡᠪᠴᠢᠶ᠎ᠡ ᠵᠢ ᠲᠠᠰᠤᠷᠠᠯᠳᠠ ᠦᠭᠡᠢ ᠥᠷᠭᠡᠳᠬᠡᠵᠦ ᠂ ᠵᠢᠯ᠎ᠤᠨ ᠳᠣᠲᠣᠷ᠎ᠠ ᠲᠠᠬᠢᠭ᠋ᠠᠳ 300 ᠲᠦᠮᠡᠨ ᠮᠦ᠍ ᠦᠢ᠍ᠯᠡᠴᠢᠯᠡᠭᠡᠨ᠎ᠤ ᠲᠠᠯᠠᠪᠠᠢ ᠵᠢ ᠨᠡᠮᠡᠭᠳᠡᠭᠦᠯᠵᠦ ᠂ 2400 ᠲᠦᠮᠡᠨ ᠮᠦ᠍᠎ᠳᠤ ᠬᠦᠷᠭᠡᠵᠦ ᠂ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ 1.7 ᠲᠦᠮᠡ᠎ᠳᠤ ᠬᠦᠷᠭᠡᠨ᠎ᠡ ᠃
ᠬᠣᠶᠠᠳᠤᠭ᠋ᠠᠷ᠎ᠲᠤ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠪᠤᠢ᠌ᠵᠢᠭᠤᠯᠪᠠ ᠃ ᠵᠥᠩ ᠬᠤᠸᠠ ᠪᠦᠯᠦᠭᠯᠡᠯ ᠵᠡᠷᠭᠡ ᠣᠲᠣ ᠦᠶ᠎ᠡ ᠵᠢᠨ ᠲᠠᠷᠢᠶᠠᠯᠠᠩ᠎ᠤᠨ ᠦᠢ᠍ᠯᠡᠴᠢᠯᠡᠭᠡᠨ᠎ᠤ ᠲᠠᠪᠴᠠᠩ᠎ᠢ ᠣᠷᠣᠭᠤᠯᠤᠨ ᠠᠪᠴᠢᠷᠠᠵᠤ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ ᠮᠠᠯᠴᠢᠨ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢ ᠶᠡᠬᠡᠪᠡᠷ ᠬᠥᠭᠵᠢᠭᠦᠯᠦᠨ᠂ ᠮᠠᠯᠴᠢᠨ ᠲᠠᠷᠢᠶᠠᠴᠢᠨ᠎ᠤ ᠬᠣᠷᠰᠢᠶ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠰᠠᠨᠠᠯ᠎ᠢ ᠨᠡᠢ᠌ᠲᠡᠯᠡᠵᠦ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠣᠯᠠᠨ ᠵᠦᠢ᠍ᠯ᠎ᠤᠨ ᠬᠡᠯᠪᠡᠷᠢ ᠮᠠᠶᠢᠭ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠬᠦ ᠵᠢ ᠳᠡᠮᠵᠢᠵᠦ᠂ ᠭᠠᠵᠠᠷ ᠰᠢᠷᠣᠢ ᠵᠢ ᠵᠢᠷᠤᠮᠵᠢᠯ᠎ᠲᠠᠢ ᠡᠮᠬᠢ ᠵᠢᠷᠤᠮ᠎ᠲᠠᠢ᠎ᠪᠠᠷ ᠡᠷᠭᠢᠯᠳᠦᠭᠦᠯᠬᠦ᠂ ᠲᠥᠪᠯᠡᠷᠡᠭᠦᠯᠦᠨ ᠡᠵᠡᠩᠨᠡᠬᠦ ᠵᠢ ᠠᠬᠢᠭᠤᠯᠪᠠ ᠃ ᠲᠡᠳᠬᠦᠨ ᠳᠡᠮᠵᠢᠬᠦ ᠬᠣᠷᠰᠢᠶ᠎ᠠ ᠵᠢᠨ ᠬᠥᠭᠵᠢᠯᠲᠡ ᠵᠢᠨ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠵᠤ᠂ 《ᠲᠠᠪᠤᠨ ᠣᠳᠣᠨ ᠲᠠᠰ》᠎ᠤᠨ ᠨᠡᠢ᠌ᠲᠡᠯᠢᠭ ᠬᠣᠷᠰᠢᠶ᠎ᠠ ᠵᠢ 100 ᠮᠠᠭ᠋ᠠᠳᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠣᠷᠰᠢᠶ᠎ᠠ ᠵᠢᠨ ᠵᠢᠱ᠌ᠢᠶ᠎ᠡ ᠦᠵᠡᠭᠦᠯᠬᠦ ᠬᠣᠷᠰᠢᠶ᠎ᠠ ᠵᠢ 300 ᠰᠢᠨ᠎ᠡ᠎ᠪᠠᠷ ᠮᠠᠭ᠋ᠠᠳᠯᠠᠨ ᠲᠣᠭᠲᠠᠭ᠋ᠠᠵᠤ᠂ ᠪᠥᠬᠥ ᠣᠷᠣᠨ᠎ᠤ ᠵᠢᠱ᠌ᠢᠶ᠎ᠡ ᠦᠵᠡᠭᠦᠯᠬᠦ ᠬᠣᠷᠰᠢᠶ᠎ᠠ ᠵᠢ 6100᠎ᠳᠤ ᠬᠦᠷᠦᠭᠦᠯᠵᠠᠢ ᠃
ᠭᠤᠷᠪᠠᠳᠤᠭ᠋ᠠᠷ᠎ᠲᠤ ᠂ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠪᠠ ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠡᠳ᠋᠎ᠤᠨ ᠵᠠᠰᠠᠭ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ 《ᠲᠡᠳᠬᠦᠨ ᠬᠥᠲᠥᠯᠥᠨ ᠳᠠᠭ᠋ᠠᠭᠤᠯᠬᠤ》 ᠠᠵᠢᠯᠯᠠᠭ᠎ᠠ ᠪᠠ ᠬᠤᠪᠢᠰᠬᠠᠯ᠎ᠤᠨ ᠦᠵᠡᠰᠬᠦᠯᠡᠩᠲᠦ ᠰᠠᠢ᠌ᠬᠠᠨ ᠠᠢ᠌ᠯ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ᠂ ᠭᠠᠴᠠᠭ᠎ᠠ ᠲᠣᠰᠬᠣᠨ᠎ᠤ ᠡᠬᠢ ᠪᠠᠶᠠᠯᠢᠭ᠎ᠢ ᠳᠠᠭ᠋ᠠᠭ᠋ᠠᠴᠢᠯᠠᠭᠤᠯᠬᠤ᠂ ᠠᠳᠠᠯ ᠠᠬᠤᠢ ᠵᠢ ᠲᠦᠷᠢᠶᠡᠰᠦᠯᠡᠭᠦᠯᠬᠦ᠂ ᠵᠠᠭᠤᠴᠢᠯᠠᠬᠤ ᠦᠢ᠍ᠯᠡᠴᠢᠯᠡᠭᠡ᠂ ᠡᠳ᠋ ᠬᠥᠷᠥᠩᠭᠡ ᠵᠢ ᠬᠤᠪᠢ ᠣᠷᠣᠭᠤᠯᠬᠤ᠂ ᠠᠵᠤ ᠦᠢ᠍ᠯᠡᠰ᠎ᠢ ᠡᠵᠡᠩᠨᠡᠬᠦ ᠵᠡᠷᠭᠡ ᠣᠯᠠᠨ ᠵᠦᠢ᠍ᠯ᠎ᠤᠨ ᠬᠥᠭᠵᠢᠯᠲᠡ ᠵᠢᠨ ᠠᠷᠭ᠎ᠠ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠬᠦ ᠵᠢ ᠳᠡᠮᠵᠢᠵᠦ᠂ ᠬᠤᠪᠢᠶᠠᠷᠢᠯᠠᠯᠲᠠ ᠵᠢᠨ ᠲᠣᠭᠲᠠᠴᠠ ᠵᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠵᠢᠯ᠎ᠤᠨ ᠳᠣᠲᠣᠷ᠎ᠠ ᠪᠥᠬᠥ ᠣᠷᠣᠨ᠎ᠤ ᠭᠠᠴᠠᠭ᠎ᠠ ᠲᠣᠰᠬᠣᠨ᠎ᠤ 50% ᠵᠢᠨ ᠬᠠᠮᠲᠤ ᠵᠢᠨ ᠠᠵᠤ ᠠᠬᠤᠢ ᠵᠢᠨ ᠣᠷᠣᠯᠭ᠎ᠠ ᠵᠢ 20 ᠲᠦᠮᠡᠨ ᠲᠥᠭᠥᠷᠢᠭ᠎ᠲᠤ ᠬᠦᠷᠦᠭᠦᠯᠦᠨ᠎ᠡ᠃ ᠰᠠᠭᠤᠷᠢ ᠨᠥᠬᠥᠴᠡᠯ ᠵᠶ᠋ᠡᠷ ᠨᠡᠯᠢᠶᠡᠳ ᠰᠠᠢ᠌ᠨ 57 ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢ ᠰᠣᠩᠭᠣᠨ᠂ ᠬᠤᠪᠢ ᠣᠷᠣᠭᠤᠯᠤᠭᠰᠠᠨ ᠠᠵᠤ ᠠᠬᠤᠢ ᠵᠢᠨ ᠬᠣᠷᠰᠢᠶ᠎ᠠ ᠵᠢᠨ ᠰᠢᠨ᠎ᠡ ᠵᠢ ᠡᠭᠦᠳᠦᠨ ᠬᠥᠭᠵᠢᠭᠦᠯᠬᠦ ᠲᠤᠷᠰᠢᠯᠲᠠ ᠵᠢᠨ ᠴᠡᠭ᠎ᠢ ᠥᠷᠨᠢᠭᠦᠯᠵᠦ᠂ ᠲᠠᠷᠢᠶᠠᠴᠢᠳ᠎ᠤᠨ ᠬᠣᠷᠰᠢᠶ᠎ᠠ ᠵᠢᠨ 《ᠭᠤᠷᠪᠠ ᠬᠤᠪᠢᠷᠠᠭᠤᠯᠬᠤ》 ᠥᠭᠡᠷᠡᠴᠢᠯᠡᠯᠲᠡ ᠵᠢ ᠰᠦᠪᠡᠭᠴᠢᠯᠡᠨ᠂ 《ᠡᠬᠢ ᠪᠠᠶᠠᠯᠢᠭ᠎ᠢ ᠡᠳ᠋ ᠬᠥᠷᠥᠩᠭᠡ ᠪᠣᠯᠭ᠋ᠠᠨ ᠬᠤᠪᠢᠷᠠᠭᠤᠯᠬᠤ᠂ ᠪᠡᠯᠡ ᠮᠥᠩᠭᠥ ᠵᠢ ᠬᠤᠪᠢ ᠣᠷᠣᠭᠤᠯᠤᠭᠰᠠᠨ ᠮᠥᠩᠭᠥ ᠪᠣᠯᠭ᠋ᠠᠨ ᠬᠤᠪᠢᠷᠠᠭᠤᠯᠬᠤ᠂ ᠲᠠᠷᠢᠶᠠᠴᠢᠳ᠎ᠢ ᠬᠤᠪᠢ ᠣᠷᠣᠭᠤᠯᠤᠭᠴᠢ ᠪᠣᠯᠭ᠋ᠠᠬᠤ》 ᠵᠢ ᠪᠡᠶᠡᠯᠡᠭᠦᠯᠵᠦ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠬᠢᠭᠡᠳ ᠮᠠᠯᠴᠢᠨ ᠲᠠᠷᠢᠶᠠᠴᠢᠨ᠎ᠤ ᠠᠰᠢᠭ ᠲᠤᠰᠠ ᠵᠢᠨ ᠨᠢᠭᠲᠠ ᠬᠣᠯᠪᠣᠯᠳᠤᠭᠰᠠᠨ ᠲᠣᠭᠲᠠᠴᠠ ᠵᠢ ᠪᠠᠢ᠌ᠭᠤᠯᠤᠨ᠎ᠠ᠃ ᠪᠥᠬᠥ ᠣᠷᠣᠨ᠎ᠳᠤ 《ᠨᠢᠭᠡᠳᠦᠯᠲᠡᠢ ᠳᠠᠷᠢᠵᠤ ᠬᠠᠮᠲᠤ᠎ᠪᠠᠷ ᠲᠡᠵᠢᠭᠡᠵᠦ ᠬᠠᠮᠲᠤ᠎ᠪᠠᠷ ᠪᠠᠶᠠᠵᠢᠬᠤ》 ᠵᠠᠭᠪᠤᠷ᠎ᠢ ᠲᠤᠷᠰᠢᠨ ᠳᠡᠯᠭᠡᠷᠡᠭᠦᠯᠵᠦ᠂ ᠭᠠᠵᠠᠷ ᠰᠢᠷᠣᠢ ᠵᠢ ᠲᠥᠪᠯᠡᠷᠡᠭᠦᠯᠦᠨ ᠡᠵᠡᠩᠨᠡᠬᠦ᠂ ᠮᠠᠯ᠎ᠢ ᠲᠥᠪᠯᠡᠷᠡᠭᠦᠯᠦᠨ ᠲᠡᠵᠢᠭᠡᠬᠦ ᠵᠢ ᠠᠬᠢᠭᠤᠯᠤᠨ᠂ ᠬᠤᠷᠰᠢᠨ ᠡᠵᠡᠩᠨᠡᠬᠦ ᠵᠢ ᠬᠠᠮᠲᠤ᠎ᠪᠠᠷ ᠵᠠᠰᠠᠵᠤ ᠬᠠᠮᠲᠤ᠎ᠪᠠᠷ ᠪᠠᠶᠠᠵᠢᠬᠤ ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠵᠤ᠂ ᠮᠠᠯᠴᠢᠨ ᠲᠠᠷᠢᠶᠠᠴᠢᠨ᠎ᠤ ᠳᠠᠶ᠋ᠢᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ᠎ᠡ᠃
ᠵᠢᠷᠭᠤᠭ᠎ᠠ ᠂ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ ᠵᠢ ᠭᠦᠨᠵᠡᠭᠡᠢ ᠠᠬᠢᠭᠤᠯᠪᠠ
ᠡᠨᠡ ᠵᠢᠯ᠎ᠠᠴᠠ ᠨᠠᠭ᠋ᠠᠰᠢ ᠂ ᠮᠠᠨ᠎ᠤ ᠣᠷᠣᠨ 《ᠤᠰᠤᠨ᠎ᠤ ᠬᠡᠮᠵᠢᠶ᠎ᠡ ᠵᠢ ᠦᠵᠡᠵᠦ᠂ ᠤᠰᠤ᠎ᠪᠠᠷ ᠠᠮᠤ ᠪᠤᠳᠠᠭ᠎ᠠ ᠵᠢ ᠲᠣᠭᠲᠠᠭ᠋ᠠᠬᠤ》 ᠵᠢ ᠢᠮᠠᠭᠲᠠ ᠪᠠᠷᠢᠮᠲᠠᠯᠠᠵᠤ᠂ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠢ ᠶᠡᠬᠡᠪᠡᠷ ᠠᠬᠢᠭᠤᠯᠵᠤ᠂ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ ᠵᠢ ᠦᠷᠭᠦᠯᠵᠢᠯᠡᠨ ᠠᠬᠢᠭᠤᠯᠵᠤ᠂ ᠠᠮᠢ ᠠᠬᠤᠢ ᠵᠢᠨ ᠮᠠᠯ ᠠᠵᠤ ᠠᠬᠤᠢ ᠵᠢ ᠴᠢᠨᠠᠷ ᠰᠠᠢ᠌ᠲᠠᠢ ᠬᠥᠭᠵᠢᠭᠦᠯᠵᠦ᠂ ᠲᠠᠷᠢᠶᠠᠯᠠᠩ᠎ᠳᠤ ᠬᠡᠷᠡᠭᠯᠡᠬᠦ ᠰᠦᠯᠢᠶᠥᠦ ᠪᠦᠷᠬᠦᠪᠴᠢ ᠵᠢ ᠬᠣᠷᠢᠶᠠᠨ ᠠᠪᠬᠤ ᠡᠷᠴᠢᠮ ᠵᠶ᠋ᠡᠨ ᠴᠢᠩᠭ᠋ᠠᠷᠠᠭᠤᠯᠵᠤ᠂ ᠪᠥᠬᠥ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ ᠪᠠ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠡᠷᠴᠢᠮᠯᠢᠭ ᠥᠨᠳᠥᠷ ᠪᠦᠲᠦᠮᠵᠢᠲᠡᠶ ᠬᠥᠭᠵᠢᠯᠲᠡ ᠵᠢᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠪᠡ᠃
ᠨᠢᠭᠡᠳᠦᠭᠡᠷ᠎ᠲᠤ ᠂ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠢ ᠶᠡᠬᠡ᠎ᠪᠠᠷ ᠠᠬᠢᠭᠤᠯᠪᠠ ᠃ ᠪᠥᠬᠥ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠥᠷᠥᠯᠬᠢ ᠪᠠᠢ᠌ᠳᠠᠯ ᠪᠠ ᠠᠮᠤ ᠪᠤᠳᠠᠭ᠋ᠠᠨ᠎ᠤ ᠤᠨᠠᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ 《 ᠪᠣᠷᠤᠭ᠋ᠠᠨᠤ ᠤᠰᠤ ᠵᠢ ᠤᠷᠢᠳᠠᠪᠠᠷ ᠠᠰᠢᠭᠯᠠᠵᠤ᠂ ᠭᠠᠵᠠᠷ ᠳᠡᠭᠡᠷᠡᠬᠢ ᠤᠰᠤ ᠵᠢ ᠥᠨᠳᠥᠷ ᠦᠷ᠎ᠡ ᠪᠦᠲᠦᠮᠵᠢᠲᠡᠶ᠎ᠪᠠᠷ ᠰᠠᠢ᠌ᠲᠤᠷ ᠬᠡᠷᠡᠭᠯᠡᠵᠦ᠂ ᠭᠠᠵᠠᠷ ᠳᠣᠣᠷᠠᠬᠢ ᠤᠰᠤ ᠵᠢ ᠬᠡᠷᠡᠭᠯᠡᠬᠦ ᠵᠢ ᠬᠢᠵᠠᠭ᠋ᠠᠷᠯᠠᠬᠤ》 ᠣᠨᠣᠯᠵᠢᠬᠤᠨ᠎ᠢ ᠲᠣᠪᠤᠢ᠌ᠯᠭ᠋ᠠᠨ᠂ 《ᠤᠰᠤ ᠠᠷᠪᠢᠯᠠᠵᠤ ᠠᠮᠤ ᠪᠤᠳᠠᠭ᠎ᠠ ᠵᠢ ᠲᠣᠭᠲᠠᠪᠤᠷᠢᠵᠢᠭᠤᠯᠤᠨ ᠦᠷ᠎ᠡ ᠠᠰᠢᠭ᠎ᠢ ᠨᠡᠮᠡᠭᠳᠡᠭᠦᠯᠬᠦ》᠎ᠪᠠᠷ ᠬᠠᠷᠠᠯᠲᠠ ᠪᠣᠯᠭ᠋ᠠᠵᠤ᠂ 12 ᠠᠢ᠌ᠮᠠᠭ ᠬᠣᠲᠠ ᠵᠢᠨ 60 ᠬᠣᠰᠢᠭᠤ ᠰᠢᠶᠠᠨ᠎ᠳᠤ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠦᠷᠨᠢᠭᠦᠯᠪᠡ ᠃ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ 《 ᠲᠠᠪᠤ ᠠᠷᠪᠢᠯᠠᠬᠤ》 ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠬᠠᠲᠤᠨ ᠭᠣᠣᠯ᠎ᠤᠨ ᠤᠰᠤ ᠵᠢ ᠲᠠᠲᠠᠵᠤ ᠤᠰᠤᠯᠠᠬᠤ ᠣᠷᠣᠨ᠎ᠤ ᠰᠢᠯᠵᠢᠮᠡᠯ ᠮᠠᠶᠢᠭ᠎ᠤᠨ ᠰᠢᠭᠤᠳ ᠱᠦᠭᠦᠵᠦ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠬᠠᠲᠤᠨ ᠭᠣᠣᠯ᠎ᠤᠨ ᠤᠰᠤ ᠵᠢ ᠲᠠᠲᠠᠵᠤ ᠤᠰᠤ ᠬᠠᠳᠠᠭ᠋ᠠᠯᠠᠬᠤ ᠵᠢ ᠬᠣᠶᠠᠳᠠᠭᠢ ᠤᠳᠠᠭ᠎ᠠ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠬᠦᠴᠢᠯ ᠱᠦᠯᠲᠦ ᠵᠢ ᠲᠣᠬᠢᠷᠠᠭᠤᠯᠤᠨ ᠡᠵᠡᠮᠳᠡᠬᠦ 3 ᠵᠦᠢ᠍ᠯ᠎ᠤᠨ ᠮᠡᠷᠭᠡᠵᠢᠯ᠎ᠤᠨ ᠵᠠᠭᠪᠤᠷ᠎ᠢ ᠳ᠋ᠦᠩᠨᠡᠨ ᠳᠡᠯᠭᠡᠷᠡᠭᠦᠯᠵᠦ᠂ ᠮᠠᠨ᠎ᠤ ᠣᠷᠣᠨ᠎ᠤ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠪᠥᠭᠡᠳ ᠦᠷ᠎ᠡ ᠠᠰᠢᠭ ᠵᠶ᠋ᠠᠷ ᠳᠣᠣᠷ᠎ᠠ ᠪᠠᠢ᠌ᠭᠰᠠᠨ᠎ᠠᠴᠠ ᠠᠷᠪᠢᠲᠠᠢ ᠡᠷᠴᠢᠮᠯᠢᠭ ᠲᠡᠢ᠌ᠰᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠲᠠᠷᠢᠶᠠᠯᠠᠩ᠎ᠤᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠰᠠᠭᠤᠷᠢ ᠲᠠᠯᠪᠢᠵᠤ᠂ ᠡᠨᠡ ᠵᠢᠯ ᠪᠥᠬᠥ ᠣᠷᠣᠨ᠎ᠳᠤ ᠲᠠᠷᠢᠶᠠᠯᠠᠩ᠎ᠤᠨ ᠤᠰᠤ ᠠᠷᠪᠢᠯᠠᠬᠤ ᠬᠡᠮᠵᠢᠶ᠎ᠡ ᠵᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠪᠡ ᠃
ᠬᠣᠶᠠᠳᠤᠭ᠋ᠠᠷ᠎ᠲᠤ ᠂ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ ᠵᠢ ᠦᠷᠭᠦᠯᠵᠢᠯᠡᠨ ᠠᠬᠢᠭᠤᠯᠪᠠ ᠃ ᠪᠥᠬᠥ ᠣᠷᠣᠨ᠎ᠳᠤ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠥᠬᠥ ᠣᠷᠣᠨ᠎ᠳᠤ 1.25 ᠳ᠋ᠦᠩᠰᠢᠭᠤᠷ ᠮᠦ᠍ ᠤᠳᠠᠭ᠎ᠠ ᠬᠦᠷᠦᠰᠦ ᠰᠢᠷᠣᠢ ᠵᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ᠂ 400 ᠲᠦᠮᠡᠨ ᠮᠦ᠍ ᠰᠢᠷ᠎ᠠ ᠪᠤᠷᠴᠠᠭ᠎ᠤᠨ ᠦᠨᠳᠦᠰᠦ ᠵᠢᠨ ᠪᠡᠲᠡᠭᠢ ᠵᠢᠨ ᠪᠠᠺᠲ᠋ᠧᠷᠢᠲᠦ ᠡᠮ᠂ 225 ᠲᠦᠮᠡᠨ ᠮᠦ᠍ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠬᠤ 《ᠭᠤᠷᠪᠠᠨ ᠰᠢᠨ᠎ᠡ》 ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠣᠷᠣᠨ ᠥᠷᠨᠢᠭᠦᠯᠬᠦ ᠵᠢ ᠲᠡᠮᠵᠢᠪᠡ ᠃ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ ᠮᠡᠷᠭᠡᠵᠢᠯ᠎ᠢ ᠢᠵᠢ ᠪᠦᠷᠢᠯᠳᠦᠭᠦᠯᠵᠦ᠂ ᠣᠷᠭ᠋ᠠᠨᠢᠭ ᠣᠷᠭ᠋ᠠᠨᠢᠭ ᠪᠤᠰᠤ ᠠᠭᠤᠰᠤᠯᠴᠠᠭᠤᠯᠵᠤ᠂ ᠨᠠᠢ᠌ᠷᠠᠯᠭ᠎ᠠ᠎ᠲᠠᠢ ᠪᠣᠷᠳᠣᠭᠤᠷ᠎ᠢ ᠰᠢᠨ᠎ᠡ ᠬᠡᠯᠪᠡᠷᠢ ᠵᠢᠨ ᠪᠣᠷᠳᠣᠭᠤᠷ᠎ᠲᠠᠢ ᠬᠠᠷᠢᠯᠴᠠᠨ ᠨᠥᠬᠥᠪᠦᠷᠢᠯᠡᠬᠦ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠵᠤ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠤᠨ ᠵᠠᠭᠪᠤᠷ᠎ᠢ ᠳᠡᠯᠭᠡᠷᠡᠭᠦᠯᠵᠦ ᠂ ᠨᠠᠢ᠌ᠷᠠᠯᠭ᠎ᠠ᠎ᠲᠠᠢ ᠪᠣᠷᠳᠣᠭᠤᠷ᠎ᠢ 5834 ᠲᠦᠮᠡᠨ ᠮᠦ᠍ ᠳᠤ ᠬᠡᠷᠡᠭᠯᠡᠪᠡ ᠃ ᠬᠦᠨᠳᠦ ᠶᠡᠬᠡ ᠡᠪᠡᠳᠴᠢᠨ ᠬᠣᠷᠣᠬᠠᠢ ᠵᠢ ᠰᠡᠷᠭᠡᠢ᠌ᠯᠡᠨ ᠡᠵᠡᠮᠳᠡᠬᠦ ᠮᠡᠷᠭᠡᠵᠢᠯ᠎ᠤᠨ ᠲᠥᠰᠥᠯ᠎ᠢ ᠲᠣᠭᠲᠠᠭ᠋ᠠᠵᠤ᠂ ᠪᠥᠬᠥ ᠣᠷᠣᠨ᠎ᠤ ᠲᠠᠷᠢᠮᠠᠯ᠎ᠤᠨ ᠬᠦᠨᠳᠦ ᠶᠡᠬᠡ ᠡᠪᠡᠳᠴᠢᠨ ᠬᠣᠷᠣᠬᠠᠢ ᠵᠢᠨ ᠬᠠᠨᠳᠤᠰᠢ ᠵᠢᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠪᠠ ᠨᠢᠭᠡᠳᠦᠯᠲᠡᠢ ᠰᠡᠷᠭᠡᠢ᠌ᠯᠡᠨ ᠵᠠᠰᠠᠬᠤ ᠲᠠᠯᠠᠪᠠᠶ ᠵᠢᠨ ᠡᠭᠦᠷᠭᠡ ᠵᠢ ᠲᠣᠰ ᠲᠣᠰ 5000 ᠲᠦᠮᠡᠨ ᠮᠦ᠍ ᠵᠠᠳᠠᠯᠤᠨ ᠪᠠᠭᠤᠯᠭ᠋ᠠᠵᠤ᠂ ᠪᠥᠬᠥ ᠣᠷᠣᠨ᠎ᠳᠤ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠲᠠᠯᠠᠪᠠᠶ 1478 ᠲᠦᠮᠡᠨ ᠮᠦ᠍᠂ ᠨᠢᠭᠡᠳᠦᠯᠲᠡᠢ ᠰᠡᠷᠭᠡᠢ᠌ᠯᠡᠨ ᠵᠠᠰᠠᠬᠤ ᠲᠠᠯᠠᠪᠠᠶ 1310 ᠲᠦᠮᠡᠨ ᠮᠦ᠍ ᠪᠡᠶᠡᠯᠡᠭᠦᠯᠪᠡ ᠃
ᠭᠤᠷᠪᠠᠳᠤᠭ᠋ᠠᠷ᠎ᠲᠤ ᠂ ᠠᠮᠢ ᠠᠬᠤᠢ ᠵᠢᠨ ᠮᠠᠯ ᠠᠵᠤ ᠠᠬᠤᠢ ᠵᠢ ᠴᠢᠨᠠᠷ ᠰᠠᠢ᠌ᠲᠠᠢ ᠬᠦᠭᠵᠢᠭᠦᠯᠪᠡ ᠃ ᠭᠤᠷᠪᠠᠳᠤᠭ᠋ᠠᠷ ᠡᠭᠡᠯᠵᠢ ᠵᠢᠨ ᠲᠠᠯ᠎ᠠ ᠨᠤᠲᠤᠭ᠎ᠤᠨ ᠠᠮᠢ ᠠᠬᠤᠢ ᠵᠢᠨ ᠨᠥᠬᠥᠪᠦᠷᠢ ᠪᠠ ᠱᠠᠩᠨᠠᠯ᠎ᠤᠨ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠰᠠᠢ᠌ᠲᠤᠷ ᠠᠳᠬᠤᠵᠤ᠂ 9.7 ᠳ᠋ᠦᠩᠰᠢᠭᠤᠷ ᠮᠦ᠍ ᠲᠠᠯ᠎ᠠ ᠨᠤᠲᠤᠭ᠎ᠢ 《ᠴᠠᠯᠢᠩ᠎ᠲᠠᠢ᠎ᠪᠠᠷ ᠠᠮᠠᠷᠠᠬᠤ》 ᠪᠣᠯᠭ᠋ᠠᠪᠠ᠃ ᠪᠠᠷᠠᠭᠤᠨ ᠦᠵᠦᠮᠦᠴᠢᠨ ᠬᠣᠰᠢᠭᠤ᠂ ᠵᠠᠯᠠᠢ᠌ᠳ ᠬᠣᠰᠢᠭᠤ᠂ ᠵᠠᠷᠤᠳ ᠬᠣᠰᠢᠭᠤᠨ᠎ᠳᠤ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠵᠢᠨ ᠴᠡᠭ᠎ᠢ ᠥᠷᠨᠢᠭᠦᠯᠵᠦ᠂ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠠᠵᠤ ᠦᠶ᠋ᠢᠯᠡᠰᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠵᠢ ᠵᠢᠱ᠌ᠢᠶ᠎ᠡ ᠦᠵᠡᠭᠦᠯᠦᠨ ᠲᠠᠢ᠌ᠴᠢᠯᠠᠪᠠ ᠃ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠬᠦᠴᠦᠨ ᠵᠦᠢ᠍ᠯ ᠵᠶ᠋ᠡᠷ ᠪᠠᠲᠤᠯᠠᠬᠤ᠎ᠪᠠᠷ ᠳᠠᠮᠵᠢᠭᠤᠯᠤᠨ᠂ ᠨᠣᠭᠤᠭ᠋ᠠᠨ ᠳᠠᠷᠤᠰᠢ ᠡᠷᠳᠡᠨᠢ ᠰᠢᠰᠢ᠂ ᠪᠣᠷᠳᠣᠭ᠋ᠠᠨ᠎ᠳᠤ ᠬᠡᠷᠡᠭᠯᠡᠬᠦ ᠨᠣᠬᠠᠢ ᠵᠢᠨ ᠬᠣᠰᠢᠭᠤ᠂ ᠠᠯᠢᠰᠤ ᠵᠡᠷᠭᠡ ᠴᠢᠨᠠᠷ ᠰᠠᠢ᠌ᠲᠠᠢ ᠡᠪᠡᠰᠦ ᠪᠣᠷᠳᠤᠭ᠎ᠠ ᠳᠠᠷᠢᠬᠤ ᠲᠠᠯᠠᠪᠠᠶ ᠵᠢ 1628 ᠲᠦᠮᠡᠨ ᠮᠦ᠍᠎ᠳᠤ ᠬᠦᠷᠦᠭᠦᠯᠪᠡ ᠃ ᠬᠥᠯᠥᠨ ᠪᠣᠶ᠋ᠢᠷ᠂ ᠰᠢᠯᠢ ᠵᠢᠨ ᠭᠣᠣᠯ ᠬᠣᠶᠠᠷ ᠶᠡᠬᠡ ᠮᠠᠯᠵᠢᠬᠤ ᠣᠷᠣᠨ᠎ᠳᠤ ᠣᠷᠣᠨ ᠪᠦᠰᠡ ᠵᠢᠨ ᠬᠡᠯᠪᠡᠷᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠦᠬᠡᠷ ᠬᠣᠨᠢᠨ᠎ᠤ ᠬᠠᠰᠢᠶᠠᠯᠠᠨ ᠲᠡᠵᠢᠭᠡᠬᠦ ᠲᠡᠵᠢᠭᠡᠯ ᠡᠪᠡᠰᠦ ᠪᠣᠷᠳᠤᠭ᠋ᠠᠨᠤ ᠪᠠᠲᠤᠯᠠᠭ᠎ᠠ ᠵᠢ ᠴᠢᠩᠭ᠋ᠠᠳᠬᠠᠪᠠ ᠃
ᠳᠥᠷᠪᠡᠳᠦᠭᠡᠷ᠎ᠲᠤ᠂ ᠲᠠᠷᠢᠶᠠᠯᠠᠩ᠎ᠳᠤ ᠬᠡᠷᠡᠭᠯᠡᠬᠦ ᠰᠦᠯᠢᠶᠥᠦ ᠪᠦᠷᠬᠦᠪᠴᠢ ᠵᠢ ᠬᠣᠷᠢᠶᠠᠨ ᠠᠪᠬᠤ ᠬᠢᠷᠢ ᠲᠦᠪᠰᠢᠨ᠎ᠢ ᠲᠡᠭᠡᠭᠰᠢᠯᠡᠭᠦᠯᠪᠡ ᠃ 《ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠵᠢ ᠬᠣᠷᠢᠶᠠᠨ ᠠᠪᠬᠤ ᠵᠢ ᠴᠢᠩᠭ᠋ᠠᠳᠬᠠᠬᠤ ᠠᠷᠪᠠᠨ ᠵᠦᠢ᠍ᠯ᠎ᠤᠨ ᠠᠷᠭ᠎ᠠ ᠬᠡᠮᠵᠢᠶ᠎ᠡ》 ᠵᠢ ᠨᠡᠢ᠌ᠲᠡᠯᠡᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ ᠂ ᠪᠦᠷᠬᠦᠪᠴᠢ᠎ᠲᠠᠢ ᠲᠠᠷᠢᠶᠠᠨ ᠭᠠᠵᠠᠷ᠎ᠤᠨ ᠦᠯᠡᠳᠡᠭᠳᠡᠯ ᠪᠦᠷᠬᠦᠪᠴᠢ ᠵᠢ ᠬᠣᠷᠢᠶᠠᠨ ᠠᠪᠬᠤ ᠵᠢ ᠲᠠᠷᠢᠶᠠᠨ ᠭᠠᠵᠠᠷ᠎ᠤᠨ ᠰᠢᠮ᠎ᠡ ᠵᠢᠨ ᠬᠠᠮᠠᠭ᠋ᠠᠯᠠᠯᠲᠠ ᠵᠢᠨ ᠨᠥᠬᠥᠪᠦᠷᠢ ᠣᠯᠭᠣᠬᠤᠯᠤᠭᠠ ᠬᠠᠷᠢᠯᠴᠠᠨ ᠬᠣᠯᠪᠣᠭᠳᠠᠭᠤᠯᠬᠤ ᠵᠢ ᠬᠣᠶᠠᠷ ᠵᠢᠯ ᠳᠠᠷᠠᠭ᠋ᠠᠯᠠᠨ ᠪᠡᠶᠡᠯᠡᠭᠦᠯᠵᠦ᠂ 《ᠲᠣᠰᠬᠣᠨ ᠭᠠᠴᠠᠭ᠎ᠠ ᠬᠣᠷᠢᠶᠠᠨ ᠴᠤᠭᠯᠠᠭᠤᠯᠬᠤ᠂ ᠰᠢᠶᠠᠩ ᠪᠠᠯᠭ᠋ᠠᠰᠤ ᠲᠥᠪᠯᠡᠷᠡᠭᠦᠯᠬᠦ᠂ ᠠᠵᠤ ᠠᠬᠤᠢ᠌ᠯᠠᠯ ᠬᠣᠷᠢᠶᠠᠨ ᠠᠪᠴᠤ ᠰᠢᠢ᠍ᠳᠪᠦᠷᠢᠯᠡᠬᠦ》 ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠵᠢ ᠪᠥᠬᠥ ᠶᠠᠪᠤᠴᠠ᠎ᠳᠤ ᠬᠣᠷᠢᠶᠠᠨ ᠠᠪᠬᠤ ᠲᠣᠣᠷ ᠰᠦᠯᠵᠢᠶ᠎ᠡ ᠵᠢ ᠪᠠᠢ᠌ᠭᠤᠯᠵᠤ᠂ ᠰᠦᠯᠢᠶᠥᠦ ᠪᠦᠷᠬᠦᠪᠴᠢ ᠵᠢ ᠲᠠᠷᠢᠶᠠᠨ ᠭᠠᠵᠠᠷ᠎ᠠᠴᠠ ᠰᠠᠯᠭ᠋ᠠᠬᠤ ᠠᠰᠠᠭᠤᠳᠠᠯ᠎ᠢ ᠰᠢᠢ᠍ᠳᠪᠦᠷᠢᠯᠡᠪᠡ ᠃ ᠤᠯᠤᠰ᠎ᠤᠨ ᠰᠦᠯᠢᠶᠥᠦ ᠪᠦᠷᠬᠦᠪᠴᠢ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ ᠬᠤᠷᠢᠶᠠᠨ ᠠᠪᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ 8 ᠦᠢ᠍ᠯᠡᠳᠪᠦᠷᠢ ᠵᠢᠨ 22 ᠪᠥᠬᠥ ᠠᠮᠢᠳᠤ ᠪᠣᠳᠠᠰ᠎ᠤᠨ ᠵᠠᠳᠠᠷᠠᠮᠠᠲᠠᠭ᠋ᠠᠢ ᠰᠦᠯᠢᠶᠥᠦ ᠪᠦᠷᠬᠦᠪᠴᠢ ᠵᠢᠨ ᠪᠦᠲᠦᠭᠡᠭᠳᠡᠬᠦᠨ᠎ᠢ ᠰᠣᠩᠭᠣᠨ᠂ 7 ᠠᠢ᠌ᠮᠠᠭ ᠬᠣᠲᠠ ᠵᠢᠨ 12 ᠬᠣᠰᠢᠭᠤ ᠰᠢᠶᠠᠨ᠎ᠳᠤ ᠰᠢᠯᠭ᠋ᠠᠨ ᠨᠤᠲᠠᠯᠠᠵᠤ ᠦᠨᠡᠯᠡᠬᠦ ᠠᠵᠢᠯ᠎ᠢ ᠥᠷᠨᠢᠭᠦᠯᠵᠦ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠠᠷᠢᠮᠠᠯ᠎ᠳᠤ ᠲᠣᠬᠢᠷᠠᠬᠤ ᠪᠥᠬᠥ ᠠᠮᠢᠳᠤ ᠪᠣᠳᠠᠰ᠎ᠤᠨ ᠵᠠᠳᠠᠷᠠᠮᠠᠲᠠᠭ᠋ᠠᠢ ᠰᠦᠯᠢᠶᠥᠦ ᠪᠦᠷᠬᠦᠪᠴᠢ ᠵᠢᠨ ᠪᠦᠲᠦᠭᠡᠭᠳᠡᠬᠦᠨ᠎ᠢ ᠰᠢᠯᠢᠨ ᠰᠣᠩᠭᠣᠵᠤ᠂ ᠰᠦᠯᠢᠶᠥᠦ ᠪᠦᠷᠬᠦᠪᠴᠢ ᠵᠢ ᠬᠡᠷᠡᠭᠯᠡᠬᠦ ᠡᠬᠢ ᠡᠭᠦᠰᠦᠯ᠎ᠤᠨ ᠬᠡᠮᠵᠢᠶ᠎ᠡ ᠵᠢ ᠪᠠᠭ᠋ᠠᠰᠬᠠᠨ ᠣᠷᠣᠯᠠᠭᠤᠯᠬᠤ ᠵᠢ ᠲᠦᠷᠭᠡᠳᠬᠡᠨ ᠠᠬᠢᠭᠤᠯᠵᠤ᠂ ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ᠎ᠠᠴᠠ ᠡᠮᠦᠨᠡᠬᠢ ᠦᠯᠡᠳᠡᠭᠳᠡᠯ ᠪᠦᠷᠬᠦᠪᠴᠢ ᠵᠢᠨ ᠬᠣᠷᠢᠶᠠᠨ ᠠᠪᠬᠤ ᠨᠣᠷᠮ᠎ᠠ ᠵᠢ 81%᠎ᠠᠴᠠ ᠳᠡᠭᠡᠭᠰᠢ᠎ᠳᠤ ᠬᠦᠷᠦᠭᠦᠯᠵᠡᠢ ᠃
ᠣᠢ᠌ᠷ᠎ᠠ ᠵᠢᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠳᠠᠬᠢᠨᠲᠠ ᠪᠡᠶ᠎ᠡ᠎ᠪᠠᠷ ᠵᠶ᠋ᠡᠨ ᠰᠢᠨᠵᠢᠯᠡᠨ ᠪᠠᠢ᠌ᠴᠠᠭ᠋ᠠᠵᠤ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ ᠵᠶ᠋ᠠᠨ ᠰᠠᠢ᠌ᠲᠤᠷ ᠪᠠᠳᠠᠷᠠᠭᠤᠯᠵᠤ᠂ ᠭᠠᠵᠠᠷ ᠰᠢᠷᠣᠢ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠦᠷ᠎ᠡ ᠵᠢᠨ ᠢᠷᠡᠯᠲᠡ᠂ ᠤᠰᠤ᠂ ᠡᠪᠡᠰᠦ ᠵᠡᠷᠭᠡ ᠲᠠᠯ᠎ᠠ᠎ᠠᠴᠠ ᠭᠠᠷᠳᠠᠵᠤ᠂ ᠲᠠᠷᠢᠶᠠᠯᠠᠩ ᠮᠠᠯ ᠠᠵᠤ ᠠᠬᠤᠢ ᠵᠢᠨ ᠣᠷᠣᠨ ᠪᠦᠰᠡ ᠵᠢᠨ ᠪᠠᠢ᠌ᠷᠢᠰᠢᠯ ᠪᠠ ᠦᠢ᠍ᠯᠡᠳᠪᠦᠷᠢᠯᠡᠯ᠎ᠤᠨ ᠪᠦᠲᠦᠴᠡ ᠵᠢ ᠲᠣᠭᠲᠠᠭᠤᠨ ᠵᠶ᠋ᠠᠷ ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭ᠋ᠠᠨᠢᠭ ᠨᠡᠷᠡᠲᠦ ᠲᠥᠷᠥᠯ ᠲᠡᠮᠳᠡᠭᠲᠦ ᠵᠢᠨ ᠴᠣᠭᠴᠠᠯᠠᠯᠲᠠ ᠵᠢ ᠰᠠᠢ᠌ᠲᠤᠷ ᠠᠳᠬᠤᠵᠤ᠂ ᠨᠢᠭᠡ ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠨ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠭᠣᠣᠯᠳᠠᠯᠭ᠎ᠠ᠎ᠲᠠᠢ ᠠᠵᠢᠯ᠎ᠤᠨ ᠬᠠᠷᠠᠯᠲᠠ ᠡᠭᠦᠷᠭᠡ᠂ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠭᠵᠢᠭᠤᠯᠵᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠂ ᠶᠡᠷᠦᠩᠬᠡᠢ ᠱᠦᠵᠢ ᠰᠢ ᠵᠢᠨ ᠫᠢᠩ ᠵᠢᠨ ᠴᠢᠬᠤᠯᠠ ᠶᠠᠷᠢᠶ᠎ᠡ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠢᠭᠡᠳ ᠨᠢᠭᠡ᠎ᠪᠠᠷ ᠪᠣᠲᠠᠲᠠᠢ᠌ᠵᠢᠭᠤᠯᠵᠤ ᠂ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
ᠳᠡᠭᠡᠷᠡᠬᠢ ᠪᠣᠯ ᠳᠠᠷᠤᠢ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠳᠠ ᠵᠢᠨ ᠦᠨᠳᠦᠰᠦᠨ ᠪᠠᠢ᠌ᠳᠠᠯ ᠪᠣᠯᠣᠨ᠎ᠠ᠂ ᠳᠣᠣᠷ᠎ᠠ᠂ ᠰᠤᠷᠪᠤᠯᠵᠢᠯᠠᠭᠴᠢ ᠨᠠᠢ᠌ᠵᠠ ᠨᠠᠷ᠎ᠤᠨ ᠬᠣᠯᠪᠣᠭᠳᠠᠯ ᠪᠦᠬᠦᠢ ᠭᠣᠣᠯᠳᠠᠯᠭ᠎ᠠ᠎ᠲᠠᠢ ᠠᠵᠢᠯ᠎ᠤᠨ ᠲᠤᠬᠠᠢ ᠠᠰᠠᠭᠤᠯᠲᠠ ᠳᠤᠷᠠᠳᠬᠤ ᠵᠢ ᠴᠢᠩ ᠰᠡᠳᠬᠢᠯ᠎ᠠᠴᠠ᠎ᠪᠠᠨ ᠪᠠᠶᠠᠷᠯᠠᠨ ᠤᠭᠲᠤᠵᠤ ᠪᠠᠢ᠌ᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠯᠤᠰ᠎ᠤᠨ ᠴᠢᠬᠤᠯᠠ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ
ᠰᠠᠭᠤᠷᠢᠨ ᠭᠠᠵᠠᠷ᠎ᠢ ᠬᠡᠮᠵᠢᠶ᠎ᠡ ᠶᠡᠬᠡ ᠴᠢᠨᠠᠷ ᠰᠢᠯᠢᠳᠡᠭ ᠪᠦᠲᠦᠭᠡᠨ ᠪᠠᠶ᠋ᠢᠭᠤᠯᠬᠤ》
ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠲᠠᠷᠢᠶᠠᠴᠢᠨ᠎ᠤ ᠡᠳᠦᠷ᠎ᠤᠨ ᠰᠣᠨᠢᠨ᠎ᠤ ᠰᠤᠷᠪᠤᠯᠵᠢᠯᠠᠭᠴᠢ ᠄ ᠡᠨᠡ ᠵᠢᠯ ᠮᠠᠨ᠎ᠤ ᠣᠷᠣᠨ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠲᠠᠷᠢᠶᠠᠯᠠᠩ᠎ᠤᠨ ᠤᠰᠤ ᠠᠷᠪᠢᠯᠠᠬᠤ ᠵᠢ ᠪᠡᠶᠡᠯᠡᠭᠦᠯᠬᠦ᠎ᠪᠠᠷ ᠴᠢᠷᠮᠠᠢ᠌ᠨ᠎ᠠ ᠭᠡᠳᠡᠭ᠎ᠢ ᠪᠢᠳᠡ ᠠᠩᠬᠠᠷᠤᠯ᠎ᠳᠠᠭᠠᠨ ᠠᠪᠤᠪᠠ ᠃ ᠲᠡᠭᠡᠪᠡᠯ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠳᠤᠮᠳᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠢ᠌ᠭ᠋ᠠᠳ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠢ ᠪᠡᠶᠡᠯᠡᠭᠦᠯᠬᠦ ᠪᠣᠶ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠬᠦᠷᠦᠰᠦ ᠰᠢᠷᠣᠢ ᠪᠣᠷᠳᠣᠭᠤᠷ᠎ᠤᠨ ᠭᠠᠵᠠᠷ᠎ᠤᠨ ᠳᠡᠳ᠋ ᠳᠠᠷᠤᠭ᠎ᠠ ᠭᠣᠸ᠋ ᠹᠠᠨ ᠱᠧᠨ᠄ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ ᠬᠣᠲᠠ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠳᠤ ᠬᠡᠷᠡᠭᠯᠡᠬᠦ ᠤᠰᠤᠨ᠎ᠤ ᠪᠠᠢ᠌ᠳᠠᠯ᠎ᠢ ᠲᠤᠰᠬᠠᠢ᠌ᠯᠠᠨ ᠪᠠᠢ᠌ᠴᠠᠭ᠋ᠠᠨ ᠦᠵᠡᠵᠦ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ ᠬᠠᠲᠠᠭᠤ ᠬᠢᠵᠠᠭ᠋ᠠᠷᠯᠠᠯ ᠪᠣᠯᠭ᠋ᠠᠵᠤ᠂ 《ᠤᠰᠤ᠎ᠪᠠᠷ ᠨᠣᠭᠣᠭ᠋ᠠᠷᠠᠭᠤᠯᠤᠯᠲᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠬᠥᠮᠥᠨ᠎ᠢ ᠲᠣᠭᠲᠠᠭ᠋ᠠᠬᠤ᠂ ᠤᠰᠤ᠎ᠪᠠᠷ ᠤᠨᠠᠯᠲᠠ ᠵᠢ ᠲᠣᠭᠲᠠᠭ᠋ᠠᠬᠤ》 ᠵᠢ ᠪᠠᠷᠢᠮᠲᠠᠯᠠᠨ᠂ ᠶᠡᠬᠡ ᠤᠰᠤ᠎ᠪᠠᠷ ᠨᠡᠯᠦᠢ᠌ᠳᠡᠯᠡ ᠤᠰᠤᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠵᠢᠨ ᠵᠢᠭ᠋ᠠᠪᠤᠷᠢ ᠴᠣᠬᠣᠯᠠᠪᠤᠷᠢ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠬᠡᠯᠪᠡᠷᠢ ᠵᠢ ᠪᠦᠳᠦᠭᠦᠯᠢᠭ ᠪᠥᠭᠡᠳ ᠦᠷ᠎ᠡ ᠠᠰᠢᠭ ᠵᠶ᠋ᠠᠷ ᠳᠣᠣᠷ᠎ᠠ ᠪᠠᠢ᠌ᠭᠰᠠᠨ᠎ᠠᠴᠠ ᠡᠷᠴᠢᠮᠵᠢᠭᠦᠯᠦᠨ ᠠᠷᠪᠢᠯᠠᠬᠤ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠪᠥᠬᠥ ᠣᠷᠣᠨ᠎ᠤ ᠲᠠᠷᠢᠶᠠᠯᠠᠩ᠎ᠤᠨ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠬᠠᠷᠠᠯᠲᠠ ᠵᠢ ᠰᠤᠳᠤᠯᠤᠨ ᠲᠣᠭᠲᠠᠭ᠋ᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠡᠷᠳᠡᠨᠢ ᠰᠢᠰᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ ᠂ ᠴᠢᠨᠠᠷ ᠰᠠᠢ᠌ᠲᠠᠢ ᠥᠨᠳᠥᠷ ᠦᠷ᠎ᠡ ᠠᠰᠢᠭᠲᠠᠢ ᠠᠮᠤ ᠪᠤᠳᠠᠭ᠎ᠠ ᠵᠢ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠂ ᠪᠣᠬᠢᠷᠲᠤᠯ ᠦᠭᠡᠢ ᠴᠢᠨᠠᠷ ᠰᠠᠢ᠌ᠲᠠᠢ ᠥᠨᠳᠥᠷ ᠦᠷ᠎ᠡ ᠠᠰᠢᠭᠲᠠᠢ ᠪᠣᠯᠤᠨ ᠲᠠᠷᠢᠶᠠᠨ ᠭᠠᠵᠠᠷ᠎ᠢ ᠡᠭᠡᠯᠵᠢᠯᠡᠨ ᠲᠠᠷᠢᠬᠤ ᠵᠡᠷᠭᠡ ᠴᠢᠬᠤᠯᠠ ᠶᠡᠬᠡ ᠲᠦᠷᠦᠯ ᠵᠦᠢ᠍ᠯ᠎ᠳᠤ ᠂ ᠢᠨᠵᠸᠨ᠋ᠸᠷᠢᠩ᠎ᠤᠨ ᠤᠰᠤ ᠠᠷᠪᠢᠯᠠᠬᠤ ᠂ ᠲᠠᠷᠢᠶᠠᠯᠠᠩ᠎ᠤᠨ ᠮᠡᠷᠭᠡᠵᠢᠯ᠎ᠢ ᠰᠢᠯᠢᠳᠡᠭᠵᠢᠭᠦᠯᠬᠦ ᠤᠰᠤ ᠠᠷᠪᠢᠯᠠᠬᠤ ᠂ ᠲᠦᠷᠦᠯ ᠵᠦᠢ᠍ᠯ᠎ᠢ ᠰᠣᠩᠭᠣᠵᠤ ᠤᠰᠤ ᠠᠷᠪᠢᠯᠠᠬᠤ ᠂ ᠪᠦᠲᠦᠴᠡ ᠵᠢ ᠲᠣᠬᠢᠷᠠᠭᠤᠯᠵᠤ ᠤᠰᠤ ᠠᠷᠪᠢᠯᠠᠬᠤ ᠂ ᠲᠣᠭᠲᠠᠴᠠ᠎ᠪᠠᠷ ᠤᠰᠤ ᠠᠷᠪᠢᠯᠠᠬᠤ ᠵᠢ ᠠᠳᠬᠤᠬᠤ 《 ᠲᠠᠪᠤ ᠠᠷᠪᠢᠯᠠᠬᠤ》 ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠂ ᠪᠦᠬᠦ ᠣᠷᠣᠨ᠎ᠤ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ ᠵᠢ 3273 ᠲᠦᠮᠡᠨ ᠮᠦ᠍᠎ᠳᠤ ᠬᠦᠷᠭᠡᠵᠦ ᠂ ᠪᠦᠬᠦ ᠵᠢᠯ᠎ᠳᠤ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠤᠰᠤ ᠠᠷᠪᠢᠯᠠᠬᠤ ᠵᠢ ᠪᠡᠶᠡᠯᠡᠭᠦᠯᠦᠨ᠎ᠡ ᠃ ᠪᠣᠳᠠᠲᠠᠢ ᠠᠷᠭ᠎ᠠ ᠬᠡᠮᠵᠢᠶ᠎ᠡ᠎ᠨᠢ ᠳᠣᠣᠷᠠᠬᠢ ᠮᠡᠲᠦ᠄
ᠨᠢᠭᠡ᠎ᠳᠤ ᠢᠨᠵᠸᠨ᠋ᠸᠷᠢᠩ ᠪᠠᠶ᠋ᠢᠭᠤᠯᠬᠤ᠎ᠳᠤ ᠤᠰᠤ ᠠᠷᠪᠢᠯᠠᠨ᠎ᠠ᠃ ᠰᠢᠨ᠎ᠡ᠎ᠪᠠᠷ ᠪᠠᠶ᠋ᠢᠭᠤᠯᠬᠤ ᠲᠠᠷᠢᠶᠠᠨ ᠭᠠᠵᠠᠷ᠎ᠤᠨ ᠢᠨᠵᠧᠨᠧᠷᠢᠩ᠎ᠤᠨ ᠤᠰᠤ ᠠᠷᠪᠢᠯᠠᠬᠤ᠎ᠪᠠᠷ ᠭᠣᠣᠯ ᠪᠣᠯᠭ᠋ᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠲᠦᠷᠭᠡᠳᠬᠡᠵᠦ ᠂ ᠡᠨᠡ ᠵᠢᠯ ᠤᠰᠤ ᠠᠷᠪᠢᠯᠠᠬᠤ ᠢᠨᠵᠧᠨᠧᠷᠢᠩ᠎ᠢ 158 ᠲᠦᠮᠡᠨ ᠮᠦ᠍ ᠂ ᠤᠰᠤ ᠠᠷᠪᠢᠯᠠᠬᠤ ᠢᠨᠵᠧᠨᠧᠷᠢᠩ᠎ᠢ 1.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠣᠷᠴᠢᠮ ᠰᠢᠨ᠎ᠡ᠎ᠪᠠᠷ ᠨᠡᠮᠡᠭᠳᠡᠭᠦᠯᠦᠨ᠎ᠡ ᠃ ᠡᠭᠦᠨ᠎ᠳᠤ᠂ ᠭᠠᠵᠠᠷ ᠰᠢᠷᠣᠢ ᠵᠢ ᠲᠡᠭᠰᠢᠯᠡᠬᠦ ᠰᠤᠪᠠᠭ᠎ᠤᠨ ᠳᠣᠲᠣᠷᠯᠠᠭᠰᠠᠨ ᠭᠠᠵᠠᠷ᠎ᠤᠨ ᠭᠠᠳᠠᠷᠭᠤ ᠵᠢᠨ ᠤᠰᠤ᠎ᠪᠠᠷ 39 ᠲᠦᠮᠡᠨ ᠮᠦ᠍ ᠤᠰᠤᠯᠠᠵᠤ᠂ ᠮᠦ᠍ ᠪᠦᠷᠢ ᠵᠢᠨ ᠳᠤᠮᠳᠠᠴᠢ ᠤᠰᠤ᠎ᠨᠢ ᠪᠠᠷᠤᠭ 20 ᠳᠥᠷᠪᠡᠯᠵᠢᠨ ᠮᠧᠲᠷ ᠪᠠᠢ᠌ᠵᠤ᠂ ᠭᠣᠣᠯᠳᠠᠭᠤ ᠪᠠᠶᠠᠨᠨᠠᠭᠤᠷ ᠬᠣᠲᠠ᠂ ᠬᠢᠩᠭ᠋ᠠᠨ ᠠᠢ᠌ᠮᠠᠭ ᠵᠡᠷᠭᠡ 6 ᠠᠢ᠌ᠮᠠᠭ ᠬᠣᠲᠠ᠎ᠳᠤ ᠲᠠᠷᠬᠠᠵᠤ ᠪᠣᠶ; ᠨᠡᠯᠦᠩᠬᠡᠢ ᠤᠰᠤᠯᠠᠯᠲᠠ ᠵᠢ 103 ᠲᠦᠮᠡᠨ ᠮᠦ᠍᠎ᠳᠤ ᠳᠤᠰᠤᠯᠭ᠋ᠠᠨ ᠤᠰᠤᠯᠠᠬᠤ ᠪᠣᠯᠭ᠋ᠠᠨ ᠥᠭᠡᠷᠡᠴᠢᠯᠡᠵᠦ᠂ ᠮᠦ᠍ ᠪᠦᠷᠢ ᠵᠢᠨ ᠳᠤᠮᠳᠠᠴᠢ ᠤᠰᠤ ᠠᠷᠪᠢᠯᠠᠬᠤ ᠬᠡᠮᠵᠢᠶ᠎ᠡ᠎ᠨᠢ ᠪᠠᠷᠤᠭ 150 ᠳᠥᠷᠪᠡᠯᠵᠢᠨ ᠮᠧᠲᠷ ᠪᠠᠢ᠌ᠵᠤ᠂ ᠭᠣᠣᠯᠳᠠᠭᠤ ᠤᠯᠠᠭ᠋ᠠᠨᠬᠠᠳᠠ ᠬᠣᠲᠠ᠂ ᠬᠥᠬᠡᠬᠣᠲᠠ ᠵᠡᠷᠭᠡ 8 ᠠᠢ᠌ᠮᠠᠭ ᠬᠣᠲᠠ᠎ᠳᠤ ᠲᠠᠷᠬᠠᠵᠤ ᠪᠣᠶ; ᠬᠠᠲᠤᠨ ᠭᠣᠣᠯ᠎ᠤᠨ ᠤᠰᠤ ᠵᠢ ᠲᠠᠲᠠᠵᠤ 15 ᠲᠦᠮᠡᠨ ᠮᠦ᠍ ᠵᠢ ᠳᠤᠰᠤᠯᠭ᠋ᠠᠨ ᠤᠰᠤᠯᠠᠵᠤ᠂ ᠮᠦ᠍ ᠪᠦᠷᠢ ᠵᠢᠨ ᠳᠤᠮᠳᠠᠴᠢ ᠤᠰᠤ ᠠᠷᠪᠢᠯᠠᠬᠤ ᠬᠡᠮᠵᠢᠶ᠎ᠡ᠎ᠨᠢ ᠪᠠᠷᠤᠭ 66 ᠳᠥᠷᠪᠡᠯᠵᠢᠨ ᠮᠧᠲᠷ ᠪᠠᠢ᠌ᠵᠤ᠂ ᠪᠠᠶᠠᠨᠨᠠᠭᠤᠷ ᠬᠣᠲᠠ ᠪᠠ ᠣᠷᠳᠣᠰ ᠬᠣᠲᠠ᠎ᠳᠤ ᠲᠦᠪᠯᠡᠷᠡᠵᠦ ᠪᠠᠢ᠌ᠨ᠎ᠠ ᠃
ᠬᠣᠶᠠᠷ᠎ᠲᠤ ᠲᠠᠷᠢᠶᠠᠯᠠᠩ᠎ᠤᠨ ᠮᠡᠷᠭᠡᠵᠢᠯ᠎ᠢ ᠰᠢᠯᠢᠳᠡᠭᠵᠢᠭᠦᠯᠵᠦ ᠤᠰᠤ ᠠᠷᠪᠢᠯᠠᠨ᠎ᠠ ᠃ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠡᠷᠭᠡ ᠲᠠᠷᠢᠶᠠᠯᠠᠩ᠎ᠤᠨ ᠮᠡᠷᠭᠡᠵᠢᠯ᠎ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠶᠡᠬᠡᠪᠡᠷ ᠳᠡᠯᠭᠡᠷᠡᠭᠦᠯᠵᠦ ᠂ ᠤᠰᠤ ᠪᠣᠷᠳᠣᠭᠤᠷ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ᠎ᠪᠠᠷ ᠳᠠᠮᠵᠢᠭᠤᠯᠤᠨ ᠂ ᠲᠠᠷᠢᠶᠠᠴᠢᠨ ᠡᠷᠦᠬᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ ᠃ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠲᠠᠯᠠᠪᠠᠢ ᠵᠢ 134 ᠲᠦᠮᠡᠨ ᠮᠦ᠍᠎ᠳᠤ ᠰᠢᠨ᠎ᠡ᠎ᠪᠠᠷ ᠨᠡᠮᠡᠭᠳᠡᠭᠦᠯᠦᠨ ᠳᠡᠯᠭᠡᠷᠡᠭᠦᠯᠵᠦ ᠂ 1 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠣᠷᠴᠢᠮ ᠤᠰᠤ ᠠᠷᠪᠢᠯᠠᠨ᠎ᠠ ᠃ ᠡᠭᠦᠨ᠎ᠳᠤ᠂ ᠬᠣᠭᠣᠯᠠᠢ᠎ᠪᠠᠷ ᠤᠰᠤᠯᠠᠬᠤ ᠵᠢ ᠦᠭᠡᠷᠡᠴᠢᠯᠡᠨ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ 38 ᠲᠦᠮᠡᠨ ᠮᠦ᠍᠂ ᠮᠦ᠍ ᠪᠦᠷᠢ᠎ᠳᠤ ᠳᠤᠮᠳᠠᠴᠢ᠎ᠪᠠᠷ ᠪᠠᠷᠤᠭ 105 ᠳᠥᠷᠪᠡᠯᠵᠢᠨ ᠮᠧᠲᠷ ᠤᠰᠤ ᠠᠷᠪᠢᠯᠠᠵᠤ᠂ ᠭᠣᠣᠯᠳᠠᠭᠤ ᠤᠯᠠᠭ᠋ᠠᠨᠬᠠᠳᠠ ᠬᠣᠲᠠ᠂ ᠬᠥᠬᠡᠬᠣᠲᠠ ᠵᠡᠷᠭᠡ 8 ᠠᠢ᠌ᠮᠠᠭ ᠬᠣᠲᠠ᠎ᠳᠤ ᠲᠠᠷᠬᠠᠵᠤ ᠪᠣᠶ; ᠬᠠᠲᠤᠨ ᠭᠣᠣᠯ᠎ᠤᠨ ᠤᠰᠤ ᠵᠢ ᠰᠢᠯᠵᠢᠭᠦᠯᠦᠨ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ 95.9 ᠲᠦᠮᠡᠨ ᠮᠦ᠍᠂ ᠮᠦ᠍ ᠪᠦᠷᠢ᠎ᠳᠤ ᠳᠤᠮᠳᠠᠴᠢ᠎ᠪᠠᠷ ᠪᠠᠷᠤᠭ 66 ᠳᠥᠷᠪᠡᠯᠵᠢᠨ ᠮᠧᠲᠷ ᠤᠰᠤ ᠠᠷᠪᠢᠯᠠᠵᠤ᠂ ᠭᠣᠣᠯᠳᠠᠭᠤ ᠪᠠᠶᠠᠨᠨᠠᠭᠤᠷ ᠬᠣᠲᠠ᠂ ᠣᠷᠳᠣᠰ ᠬᠣᠲᠠ ᠪᠠ ᠬᠥᠬᠡᠬᠣᠲᠠ᠎ᠳᠤ ᠲᠠᠷᠬᠠᠵᠤ ᠪᠠᠢ᠌ᠨ᠎ᠠ᠃
ᠭᠤᠷᠪᠠ᠎ᠳᠤ ᠡᠭᠦᠯᠳᠡᠷ᠎ᠢ ᠰᠣᠩᠭᠣᠵᠤ ᠤᠰᠤ ᠠᠷᠪᠢᠯᠠᠨ᠎ᠠ ᠃ ᠤᠰᠤ ᠠᠷᠪᠢᠯᠠᠵᠤ ᠭᠠᠩ᠎ᠲᠠᠢ ᠲᠡᠮᠡᠴᠡᠬᠦ ᠡᠭᠦᠯᠳᠡᠷ᠎ᠢ ᠰᠢᠯᠢᠳᠡᠭᠴᠢᠯᠡᠨ ᠰᠤᠩᠭᠤᠵᠤ ᠂ ᠵᠢᠱ᠌ᠢᠶ᠎ᠡ ᠦᠵᠡᠭᠦᠯᠬᠦ᠎ᠪᠠᠷ ᠳᠠᠮᠵᠢᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠭᠠᠩ᠎ᠲᠠᠢ ᠲᠡᠮᠡᠴᠡᠬᠦ ᠰᠢᠨ᠎ᠡ ᠡᠭᠦᠯᠳᠡᠷ᠎ᠢ ᠳᠡᠯᠭᠡᠷᠡᠭᠦᠯᠵᠦ᠂ ᠵᠢᠯ᠎ᠤᠨ ᠳᠣᠲᠣᠷ᠎ᠠ ᠰᠢᠨ᠎ᠡ᠎ᠪᠠᠷ ᠨᠡᠮᠡᠭᠳᠡᠭᠦᠯᠬᠦ ᠲᠠᠯᠠᠪᠠᠶ ᠵᠢ 120 ᠲᠦᠮᠡᠨ ᠮᠦ᠍᠂ ᠰᠢᠨ᠎ᠡ᠎ᠪᠠᠷ ᠨᠡᠮᠡᠭᠳᠡᠭᠦᠯᠬᠦ ᠤᠰᠤ ᠠᠷᠪᠢᠯᠠᠬᠤ ᠲᠠᠯᠠᠪᠠᠶ ᠵᠢ 0.12 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠣᠷᠴᠢᠮ ᠨᠡᠮᠡᠭᠳᠡᠭᠦᠯᠵᠦ᠂ ᠭᠣᠣᠯᠳᠠᠭᠤ ᠤᠯᠠᠭ᠋ᠠᠨᠬᠠᠳᠠ ᠬᠣᠲᠠ᠂ ᠰᠢᠯᠢ ᠵᠢᠨ ᠭᠣᠣᠯ ᠠᠢ᠌ᠮᠠᠭ᠂ ᠬᠢᠩᠭ᠋ᠠᠨ ᠠᠢ᠌ᠮᠠᠭ ᠵᠡᠷᠭᠡ 7 ᠠᠢ᠌ᠮᠠᠭ ᠬᠣᠲᠠ᠎ᠳᠤ ᠪᠠᠢ᠌ᠷᠢᠯᠠᠭᠤᠯᠤᠨ᠎ᠠ᠃
ᠳᠥᠷᠪᠡ᠎ᠳᠤ ᠪᠦᠲᠦᠴᠡ ᠵᠢ ᠲᠣᠬᠢᠷᠠᠭᠤᠯᠤᠨ ᠤᠰᠤ ᠠᠷᠪᠢᠯᠠᠨ᠎ᠠ ᠃ ᠤᠰᠤᠨ᠎ᠤ ᠡᠬᠢ ᠪᠠᠶᠠᠯᠢᠭ᠎ᠤᠨ ᠪᠣᠳᠠᠲᠤ ᠪᠠᠢ᠌ᠳᠠᠯ᠎ᠳᠤ ᠰᠠᠭᠤᠷᠢᠯᠠᠨ᠂ ᠤᠰᠤᠨ᠎ᠤ ᠪᠠᠢ᠌ᠳᠠᠯᠳᠤᠨᠢ ᠲᠣᠬᠢᠷᠠᠭᠤᠯᠤᠨ ᠪᠠᠢ᠌ᠷᠢᠯᠠᠭᠤᠯᠬᠤ᠂ ᠤᠰᠤᠨ᠎ᠤ ᠬᠡᠮᠵᠢᠶ᠎ᠡ᠎ᠪᠠᠷ ᠦᠢ᠍ᠯᠡᠳᠪᠦᠷᠢᠯᠡᠬᠦ᠂ ᠤᠰᠤᠨ᠎ᠳᠤ ᠲᠣᠬᠢᠷᠠᠭᠤᠯᠤᠨ ᠳᠠᠷᠢᠬᠤ ᠬᠥᠭᠵᠢᠯᠲᠡ ᠵᠢᠨ ᠣᠨᠣᠯᠵᠢᠬᠤᠨ᠎ᠢ ᠳᠣᠪᠣᠶ᠋ᠢᠯᠭ᠋ᠠᠵᠤ᠂ ᠤᠯᠤᠰ᠎ᠤᠨ ᠪᠤᠷᠴᠠᠭ᠎ᠢ ᠥᠷᠭᠡᠳᠬᠡᠬᠦ᠂ ᠲᠣᠰᠣᠯᠢᠭ ᠲᠠᠷᠢᠮᠠᠯ᠎ᠢ ᠥᠷᠭᠡᠳᠬᠡᠬᠦ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠲᠠᠷᠢᠶᠠᠨ ᠭᠠᠵᠠᠷ᠎ᠢ ᠡᠭᠡᠯᠵᠢᠯᠡᠨ ᠳᠠᠷᠢᠬᠤ ᠵᠡᠷᠭᠡ ᠬᠥᠲᠥᠯᠥᠨ ᠵᠢᠯᠤᠭᠣᠳᠬᠤ ᠠᠷᠭ᠎ᠠ ᠬᠡᠮᠵᠢᠶ᠎ᠡ ᠵᠢ ᠠᠪᠴᠤ᠂ ᠤᠰᠤ ᠶᠡᠬᠡ ᠬᠣᠷᠣᠭᠳᠠᠭᠤᠯᠬᠤ ᠲᠠᠷᠢᠮᠠᠯ᠎ᠢ 34 ᠲᠦᠮᠡᠨ ᠮᠦ᠍ ᠲᠣᠬᠢᠷᠠᠭᠤᠯᠤᠨ ᠪᠠᠭ᠋ᠠᠰᠬᠠᠵᠤ᠂ ᠤᠰᠤ ᠠᠷᠪᠢᠯᠠᠬᠤ ᠵᠢ 0.17 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠣᠷᠴᠢᠮ ᠰᠢᠨ᠎ᠡ᠎ᠪᠠᠷ ᠨᠡᠮᠡᠭᠳᠡᠭᠦᠯᠦᠨ᠂ ᠭᠣᠣᠯᠳᠠᠭᠤ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠣᠲᠠ ᠵᠡᠷᠭᠡ ᠭᠠᠵᠠᠷ ᠳᠣᠣᠷᠠᠬᠢ ᠤᠰᠤ ᠵᠢ ᠬᠡᠲᠦ ᠮᠠᠯᠲᠠᠭᠰᠠᠨ ᠪᠠ ᠠᠮᠢ ᠠᠬᠤᠢ ᠵᠢᠨ ᠵᠠᠰᠠᠯᠲᠠ ᠵᠢᠨ ᠭᠣᠣᠯᠳᠠᠯᠭ᠎ᠠ᠎ᠲᠠᠢ ᠭᠠᠵᠠᠷ ᠣᠷᠣᠨ᠎ᠳᠤ ᠬᠡᠷᠡᠭᠵᠢᠭᠦᠯᠦᠨ᠎ᠡ᠃
ᠲᠠᠪᠤ᠎ᠳᠤ ᠲᠣᠭᠲᠠᠴᠠ ᠵᠢ ᠠᠳᠬᠤᠵᠤ ᠤᠰᠤ ᠠᠷᠪᠢᠯᠠᠨ᠎ᠠ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠲᠠᠢ ᠬᠠᠮᠵᠢᠯᠴᠠᠨ ᠲᠠᠷᠢᠶᠠᠯᠠᠩ᠎ᠤᠨ ᠲᠣᠭᠲᠠᠴᠠ ᠵᠢᠨ ᠤᠰᠤ ᠠᠷᠪᠢᠯᠠᠬᠤ ᠠᠵᠢᠯ᠎ᠢ ᠰᠠᠢ᠌ᠲᠤᠷ ᠬᠢᠵᠦ ᠂ ᠤᠰᠤ ᠲᠠᠲᠠᠬᠤ ᠵᠢ ᠬᠢᠵᠠᠭ᠋ᠠᠷᠯᠠᠬᠤ ᠂ ᠪᠣᠯᠪᠠᠰᠤᠷᠠᠯ᠎ᠢ ᠴᠢᠩᠭ᠋ᠠᠳᠬᠠᠬᠤ ᠂ ᠵᠦᠢ ᠵᠣᠬᠢᠰᠲᠠᠢ ᠤᠰᠤᠯᠠᠬᠤ ᠵᠢ ᠵᠢᠯᠤᠭᠣᠳᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠂ ᠬᠠᠳᠤᠨ ᠭᠣᠣᠯ᠎ᠤᠨ ᠰᠠᠪᠠ ᠭᠠᠵᠠᠷ᠎ᠤᠨ 839 ᠲᠦᠮᠡᠨ ᠮᠦ᠍ ᠨᠠᠮᠤᠷ᠎ᠤᠨ ᠤᠯᠠᠷᠢᠯ᠎ᠤᠨ 《 ᠬᠤᠭᠤᠷᠰᠤᠨ ᠭᠠᠵᠠᠷ᠎ᠤᠨ ᠤᠰᠤᠯᠠᠯᠲᠠ》 ᠵᠢᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠨᠠᠮᠤᠷ᠎ᠤᠨ ᠤᠰᠤᠯᠠᠯᠲᠠ ᠵᠢᠨ ᠤᠰᠤ ᠠᠷᠪᠢᠯᠠᠬᠤ ᠵᠢ ᠰᠠᠢ᠌ᠲᠤᠷ ᠠᠳᠬᠤᠵᠤ᠂ ᠤᠰᠤ ᠠᠷᠪᠢᠯᠠᠬᠤ ᠵᠢ 0.67 ᠊ᠦ᠋ᠩᠰᠢᠭᠤᠷ ᠳᠥᠷᠪᠡᠯᠵᠢᠨ ᠮᠧᠲᠷ ᠣᠷᠴᠢᠮ ᠰᠢᠨ᠎ᠡ᠎ᠪᠠᠷ ᠨᠡᠮᠡᠭᠳᠡᠭᠦᠯᠵᠦ ᠪᠣᠯᠣᠨ᠎ᠠ ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠰᠤᠷᠪᠤᠯᠵᠢᠯᠠᠭᠴᠢ ᠄ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠂ ᠭᠠᠵᠠᠷ ᠰᠢᠷᠣᠢ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠂ ᠦᠷ᠎ᠡ ᠵᠢᠨ ᠢᠷᠡᠯᠲᠡ ᠂ ᠤᠰᠤ ᠂ ᠡᠪᠡᠰᠦ ᠵᠡᠷᠭᠡ ᠲᠠᠯ᠎ᠠ᠎ᠠᠴᠠ ᠭᠠᠷᠳᠠᠵᠤ ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠰᠠᠢ᠌ᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠲᠡᠭᠡᠪᠡᠯ᠂ ᠡᠨᠡ ᠵᠢᠯ ᠮᠠᠨ᠎ᠤ ᠣᠷᠣᠨ ᠲᠠᠷᠢᠶᠠᠯᠠᠩ ᠮᠠᠯ ᠠᠵᠤ ᠠᠬᠤᠢ ᠵᠢᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢ ᠴᠢᠩᠭ᠋ᠠᠳᠬᠠᠬᠤ ᠲᠠᠯ᠎ᠠ᠎ᠪᠠᠷ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠢᠨ ᠯᠢ ᠯᠦᠩ᠄ ᠪᠢᠳᠡ 《ᠨᠢᠭᠡ ᠬᠡᠰᠡᠭ ᠲᠠᠷᠢᠶ᠎ᠠ ᠂ ᠬᠣᠶᠠᠷ ᠬᠡᠰᠡᠭ ᠭᠠᠵᠠᠷ᠂ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠢ᠌ᠳᠡᠮ᠎ᠤᠨ ᠪᠠᠢ᠌ᠴᠠᠭ᠋ᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠢ᠌ᠳᠠᠯ᠎ᠢ ᠣᠢ᠌ᠯᠠᠭ᠋ᠠᠨ᠂ ᠪᠦᠲᠦᠭᠡᠨ ᠪᠠᠢ᠌ᠭᠤᠯᠤᠯᠲᠠ ᠬᠢᠵᠦ᠂ ᠭᠠᠵᠠᠷ᠎ᠤᠨ ᠰᠢᠮ᠎ᠡ ᠵᠢ ᠨᠡᠮᠡᠭᠳᠡᠭᠦᠯᠦᠨ᠂ ᠠᠵᠢᠯ ᠵᠶ᠋ᠠᠨ ᠠᠬᠢᠭᠤᠯᠵᠤ ᠪᠠᠢ᠌ᠨ᠎ᠠ᠃ (《 ᠲᠠᠷᠢᠶ᠎ᠠ 》 ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 《ᠭᠠᠵᠠᠷ》 ᠪᠣᠯ ᠬᠤᠵᠢᠷᠯᠢᠭ ᠭᠠᠵᠠᠷ ᠪᠠ ᠬᠠᠷ᠎ᠠ ᠬᠥᠷᠥᠰᠥᠲᠦ ᠭᠠᠵᠠᠷ᠂ 《ᠭᠤᠷᠪᠠᠳᠤᠭ᠋ᠠᠷ ᠤᠳᠠᠭ᠋ᠠᠨ᠎ᠤ ᠨᠡᠢ᠌ᠳᠡᠮ ᠤᠨ ᠪᠠᠢ᠌ᠴᠠᠭ᠋ᠠᠯᠲᠠ》 ᠪᠣᠯ ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠷᠥᠰᠥ ᠰᠢᠷᠣᠢ ᠵᠢᠨ ᠨᠡᠢ᠌ᠳᠡᠮ᠎ᠤᠨ ᠪᠠᠢ᠌ᠴᠠᠭ᠋ᠠᠯᠲᠠ》 ) ᠃
ᠡᠩ ᠲᠡᠷᠢᠭᠦᠨ᠎ᠳᠤ ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠷᠥᠰᠥ ᠰᠢᠷᠣᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢ ᠥᠷᠨᠢᠭᠦᠯᠵᠦ᠂ ᠲᠠᠷᠢᠶᠠᠨ ᠭᠠᠵᠠᠷ᠎ᠤᠨ ᠪᠠᠢ᠌ᠳᠠᠯ᠎ᠢ ᠲᠣᠳᠣᠷᠬᠠᠢ ᠤᠢ᠌ᠯᠠᠭ᠋ᠠᠪᠠ ᠃ ᠮᠠᠨ᠎ᠤ ᠣᠷᠣᠨ᠎ᠤ 45 ᠬᠣᠰᠢᠭᠤ ᠰᠢᠶᠠᠨ᠎ᠢ ᠨᠡᠢ᠌ᠳᠡᠮ᠎ᠤᠨ ᠪᠠᠢ᠌ᠴᠠᠭ᠋ᠠᠯᠲᠠ ᠵᠢᠨ ᠬᠦᠷᠢᠶ᠎ᠡ ᠬᠡᠪᠴᠢᠶᠡᠨ᠎ᠳᠤ ᠵᠢᠭᠰᠠᠭ᠋ᠠᠨ ᠣᠷᠣᠭᠤᠯᠵᠤ᠂ 《ᠨᠢᠭᠡ ᠲᠠᠯ᠎ᠠ᠎ᠪᠠᠷ ᠨᠡᠢ᠌ᠳᠡᠮ ᠪᠠᠢ᠌ᠴᠠᠭ᠋ᠠᠵᠤ᠂ ᠨᠢᠭᠡ ᠲᠠᠯ᠎ᠠ᠎ᠪᠠᠷ ᠬᠤᠷᠢᠶᠠᠩᠭᠤᠢ᠌ᠯᠠᠵᠤ᠂ ᠨᠢᠭᠡ ᠲᠠᠯ᠎ᠠ᠎ᠪᠠᠷ ᠬᠡᠷᠡᠭᠯᠡᠬᠦ》 ᠵᠠᠷᠴᠢᠮ᠎ᠢ ᠪᠠᠷᠢᠮᠲᠠᠯᠠᠨ᠂ ᠬᠥᠷᠥᠰᠥ ᠰᠢᠷᠣᠢ ᠵᠢᠨ ᠶᠠᠰᠤ ᠴᠢᠨᠠᠷ᠎ᠤᠨ ᠪᠠᠢ᠌ᠳᠠᠯ᠎ᠢ ᠠᠯᠬᠤᠮ ᠠᠯᠬᠤᠮ ᠵᠶ᠋ᠠᠷ ᠣᠢ᠌ᠯᠠᠭ᠋ᠠᠵᠤ᠂ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠪᠠ ᠃ ᠨᠢᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠤᠷᠢᠳᠠᠪᠠᠷ ᠪᠠᠢ᠌ᠴᠠᠭ᠋ᠠᠪᠠ ᠃ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠬᠠᠷ᠎ᠠ ᠬᠥᠷᠥᠰᠥᠲᠦ ᠣᠷᠣᠨ᠂ ᠬᠤᠵᠢᠷᠯᠢᠭ ᠣᠷᠣᠨ᠂ ᠬᠠᠲᠤᠨ ᠭᠣᠣᠯ᠎ᠤᠨ ᠰᠠᠪᠠ ᠭᠠᠵᠠᠷ᠎ᠤᠨ ᠣᠷᠣᠨ ᠵᠡᠷᠭᠡ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠥᠷᠥᠰᠥ ᠰᠢᠷᠣᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢ ᠡᠩ ᠲᠡᠷᠢᠭᠦᠨ᠎ᠳᠤ ᠥᠷᠨᠢᠭᠦᠯᠵᠦ᠂ ᠲᠠᠷᠢᠶᠠᠨ ᠭᠠᠵᠠᠷ᠎ᠢ ᠥᠨᠳᠥᠷ ᠪᠦᠲᠦᠮᠵᠢᠲᠡᠶ ᠠᠰᠢᠭᠯᠠᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠪᠠ ᠃ ᠬᠣᠶᠠᠷ᠎ᠲᠤ ᠦᠨᠡᠯᠡᠯᠳᠡ ᠵᠢ ᠴᠢᠬᠤᠯᠠᠴᠢᠯᠠᠬᠤ ᠵᠢ ᠲᠤᠪᠤᠢ᠌ᠯᠭ᠋ᠠᠪᠠ ᠃ ᠬᠥᠷᠥᠰᠥ ᠰᠢᠷᠣᠢ ᠵᠢᠨ ᠶᠠᠰᠤ ᠴᠢᠨᠠᠷ᠎ᠢ ᠪᠠᠢ᠌ᠴᠠᠭ᠋ᠠᠨ ᠲᠣᠳᠣᠯᠠᠭᠰᠠᠨ ᠰᠠᠭᠤᠷᠢᠨ ᠳᠡᠭᠡᠷ᠎ᠡ᠂ ᠬᠥᠷᠥᠰᠥ ᠰᠢᠷᠣᠢ ᠵᠢᠨ ᠲᠠᠷᠢᠶᠠᠯᠠᠩ᠎ᠤᠨ ᠠᠰᠢᠭᠯᠠᠯᠲᠠ ᠵᠢᠨ ᠵᠣᠬᠢᠴᠠᠬᠤ ᠴᠢᠨᠠᠷ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠨᠡᠭᠡᠭᠡᠨ ᠬᠥᠭᠵᠢᠭᠦᠯᠬᠦ ᠴᠢᠨᠠᠷ ᠵᠢᠴᠢ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠵᠡᠷᠭᠡ ᠳᠡᠰ᠎ᠤᠨ ᠦᠨᠡᠯᠡᠯᠲᠡ ᠵᠢ ᠳᠣᠪᠣᠶ᠋ᠢᠯᠭ᠋ᠠᠵᠤ᠂ ᠬᠠᠮᠠᠭ᠋ᠠᠯᠠᠨ ᠠᠰᠢᠭᠯᠠᠬᠤ᠎ᠳᠤ ᠰᠢᠨᠵᠢᠯᠡᠬᠦ ᠤᠬᠠᠭ᠋ᠠᠨᠴᠢ ᠲᠤᠯᠭ᠋ᠠᠭᠤᠷᠢᠯᠠᠯ ᠬᠠᠩᠭ᠋ᠠᠪᠠ᠃ ᠭᠤᠷᠪᠠ᠎ᠳᠤ ᠥᠨᠳᠥᠷ ᠪᠦᠲᠦᠮᠵᠢᠲᠡᠶ ᠬᠡᠷᠡᠭᠯᠡᠬᠦ᠎ᠳᠤ ᠰᠠᠭᠤᠷᠢᠯᠠᠪᠠ᠃ ᠪᠥᠬᠥ ᠣᠷᠣᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ 《 ᠬᠤᠷᠢᠶᠠᠩᠭᠤᠢ ᠵᠢᠷᠤᠭ》᠎ᠢ ᠪᠠᠢ᠌ᠭᠤᠯᠤᠨ ᠪᠦᠷᠢᠨᠰᠢᠭᠦᠯᠵᠦ ᠂ ᠨᠠᠷᠢᠯᠢᠭ ᠣᠨᠣᠴᠠᠲᠠᠢ᠎ᠪᠠᠷ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠵᠢᠯᠤᠭᠣᠳᠴᠤ ᠪᠠᠢ᠌ᠭ᠋ᠠᠳ ᠰᠢᠷᠣᠢ ᠵᠢᠨ ᠪᠠᠢ᠌ᠳᠠᠯᠳᠤᠨᠢ ᠲᠣᠬᠢᠷᠠᠭᠤᠯᠤᠨ ᠳᠠᠷᠢᠵᠤ᠂ ᠭᠠᠵᠠᠷ ᠰᠢᠷᠣᠢ ᠵᠢᠨ ᠪᠠᠢ᠌ᠳᠠᠯᠳᠤᠨᠢ ᠲᠣᠬᠢᠷᠠᠭᠤᠯᠤᠨ ᠬᠥᠷᠥᠰᠥ ᠰᠢᠷᠣᠢ ᠵᠢ ᠥᠭᠡᠷᠡᠴᠢᠯᠡᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠨᠵᠢᠯᠡᠬᠦ ᠤᠬᠠᠭ᠋ᠠᠨᠴᠢ᠎ᠪᠠᠷ ᠥᠨᠳᠥᠷ ᠦᠷ᠎ᠡ ᠪᠦᠲᠦᠮᠵᠢᠲᠡᠶ᠎ᠪᠠᠷ ᠲᠡᠭᠡᠭᠰᠢᠯᠡᠭᠦᠯᠪᠡ ᠃
ᠬᠣᠶᠠᠳᠤᠭ᠋ᠠᠷ᠎ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠲᠠᠷᠢᠶᠠᠨ ᠭᠠᠵᠠᠷ ᠵᠶ᠋ᠠᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢ ᠨᠠᠢ᠌ᠳᠠᠪᠤᠷᠢᠵᠢᠭᠤᠯᠪᠠ ᠃ 2023 ᠣᠨ᠎ᠳᠤ᠂ ᠤᠯᠤᠰ᠎ᠠᠴᠠ 395 ᠲᠦᠮᠡᠨ ᠮᠦ᠍ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠲᠡᠮᠡᠴᠡᠨ ᠣᠯᠵᠤ᠂ ᠵᠢᠯ᠎ᠤᠨ ᠡᠭᠦᠷᠭᠡ ᠵᠢᠨ ᠬᠡᠮᠵᠢᠶ᠎ᠡ᠎ᠨᠢ 15 ᠲᠦᠮᠡᠨ ᠮᠦ᠍᠎ᠠᠴᠠ ᠳᠡᠭᠡᠭᠰᠢᠬᠢ ᠠᠮᠤ ᠪᠤᠳᠠᠭ᠋ᠠᠨ᠎ᠤ ᠤᠨᠠᠯᠲᠠ ᠵᠢᠨ 20 ᠲᠣᠮᠣ ᠰᠢᠶᠠᠨ᠎ᠢ ᠲᠡᠮᠵᠢᠪᠡ ᠃ ᠠᠵᠢᠯ᠎ᠤᠨ ᠰᠡᠳᠬᠢᠴᠡ᠎ᠳᠤ 《ᠭᠤᠷᠪᠠ ᠵᠢ ᠲᠥᠪᠯᠡᠷᠡᠭᠦᠯᠬᠦ》 ᠵᠢ ᠪᠡᠶᠡᠯᠡᠭᠦᠯᠪᠡ ᠂ ᠲᠤᠬᠠᠢ᠌ᠯᠠᠪᠠᠯ ᠲᠠᠷᠢᠶᠠᠨ ᠭᠠᠵᠠᠷ ᠭᠡᠬᠦ ᠡᠨᠡ ᠬᠦ᠌ 《ᠠᠮᠢᠨ ᠭᠣᠣᠯ 》᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠦᠲᠦᠭᠡᠨ ᠪᠠᠢ᠌ᠭᠤᠯᠤᠯᠲᠠ ᠵᠢ ᠠᠳᠬᠤᠵᠤ᠂ ᠤᠰᠤᠨ ᠠᠰᠢᠭᠯᠠᠯᠲᠠ ᠭᠡᠬᠦ ᠡᠨᠡ ᠬᠦ᠌ 《ᠠᠮᠢᠨ ᠰᠤᠳᠠᠰᠤ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠤᠰᠤ ᠠᠷᠪᠢᠯᠠᠬᠤ ᠵᠢ ᠠᠳᠬᠤᠵᠤ᠂ ᠰᠠᠢ᠌ᠨ ᠲᠠᠷᠢᠶᠠᠨ ᠭᠠᠵᠠᠷ ᠭᠡᠬᠦ ᠡᠨᠡ ᠬᠦ᠌ 《ᠰᠠᠭᠤᠷᠢ ᠴᠢᠯᠠᠭᠤ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠡᠭᠡᠭᠰᠢᠯᠡᠭᠦᠯᠬᠦ ᠵᠢ ᠠᠳᠬᠤᠪᠠ ᠃ ᠨᠢᠭᠡ᠎ᠳᠤ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠲᠦᠷᠭᠡᠳᠭᠡᠪᠡ ᠃ ᠲᠥᠷᠥᠯ ᠵᠦᠢ᠍ᠯ᠎ᠤᠨ ᠨᠥᠭᠡᠴᠡ ᠵᠢᠨ ᠬᠥᠮᠥᠷᠭᠡ ᠪᠠᠶ᠋ᠢᠭᠤᠯᠬᠤ᠂ ᠤᠷᠢᠳᠴᠢᠯᠠᠨ ᠭᠠᠵᠠᠷ ᠰᠣᠩᠭᠣᠨ ᠵᠢᠷᠤᠵᠤ ᠲᠥᠯᠥᠪᠯᠡᠬᠦ᠂ ᠬᠢᠨᠠᠨ ᠵᠥᠪᠰᠢᠶᠡᠷᠡᠯ᠎ᠤᠨ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠬᠦ᠂ ᠭᠠᠵᠠᠷ ᠰᠢᠷᠣᠢ ᠵᠢ ᠲᠡᠭᠰᠢᠯᠡᠬᠦ ᠬᠠᠮ ᠳᠠᠢ᠌ᠯᠠᠯᠳᠤᠭ᠋ᠠᠨ᠎ᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠲᠥᠷᠥᠯ ᠵᠦᠢ᠍ᠯ᠎ᠤᠨ ᠠᠬᠢᠴᠠ ᠵᠢ ᠲᠦᠷᠭᠡᠳᠬᠡᠵᠦ᠂ ᠠᠵᠢᠯ ᠡᠬᠢᠯᠡᠭᠦᠯᠦᠭᠰᠡᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ 37%᠎ᠪᠠᠷ ᠨᠡᠮᠡᠭᠳᠡᠭᠦᠯᠪᠡ ᠃ ᠬᠣᠶᠠᠷ᠎ᠲᠤ ᠶᠠᠰᠤ ᠴᠢᠨᠠᠷ᠎ᠢ ᠳᠡᠭᠡᠭᠰᠢᠯᠡᠭᠦᠯᠵᠦ᠂ ᠶᠡᠷᠦᠩᠬᠡᠢ ᠴᠣᠭᠴᠠ ᠵᠢ ᠬᠠᠮᠢᠶᠠᠷᠤᠭᠰᠠᠨ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠂ ᠪᠣᠳᠠᠲᠠᠢ ᠬᠠᠮᠢᠶᠠᠷᠤᠭᠰᠠᠨ 《ᠶᠠᠰᠤ ᠴᠢᠨᠠᠷ᠎ᠤᠨ ᠠᠷᠪᠠᠨ ᠵᠤᠷᠪᠤᠰ》᠂ ᠭᠣᠣᠯ ᠴᠣᠭᠴᠠ ᠵᠢ ᠬᠠᠮᠢᠶᠠᠷᠤᠭᠰᠠᠨ 《ᠢᠲᠡᠭᠡᠮᠵᠢ ᠵᠢᠨ ᠦᠨᠡᠯᠡᠯᠲᠡ ᠵᠢᠨ ᠠᠷᠭ᠎ᠠ》 ᠵᠢ ᠨᠡᠢ᠌ᠲᠡᠯᠡᠵᠦ᠂ ᠡᠳᠦᠷ ᠲᠤᠲᠤᠮ᠎ᠤᠨ ᠬᠢᠨᠠᠯᠲᠠ ᠲᠠᠯᠪᠢᠭᠰᠠᠨ ᠰᠠᠭᠤᠷᠢᠨ ᠳᠡᠭᠡᠷ᠎ᠡ ᠳᠠᠷᠠᠭ᠋ᠠᠯᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠪᠠ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠠᠵᠤ ᠠᠬᠤᠢ᠌ᠯᠠᠯ᠎ᠤᠨ ᠢᠲᠡᠭᠡᠮᠵᠢ ᠵᠢᠨ ᠦᠨᠡᠯᠡᠯᠲᠡ ᠵᠢ ᠦᠷᠭᠦᠯᠵᠢᠯᠡᠨ ᠦᠷᠨᠢᠭᠦᠯᠪᠡ ᠃ ᠭᠤᠷᠪᠠ᠎ᠳᠤ ᠵᠠᠭᠪᠤᠷ᠎ᠤᠨ ᠰᠢᠨ᠎ᠡ ᠵᠢ ᠡᠭᠦᠳᠪᠡ ᠃ 《ᠭᠤᠷᠪᠠ ᠵᠢ ᠡᠪᠳᠡᠬᠦ᠂ ᠲᠠᠪᠤ ᠵᠢ ᠨᠢᠭᠡᠳᠬᠡᠬᠦ᠂ ᠨᠢᠭᠡ ᠵᠢ ᠰᠢᠨ᠎ᠡ᠎ᠪᠠᠷ ᠪᠠᠶ᠋ᠢᠭᠤᠯᠬᠤ》 ᠪᠦᠲᠦᠭᠡᠨ ᠪᠠᠢ᠌ᠭᠤᠯᠤᠯᠲᠠ ᠵᠢᠨ ᠵᠠᠭᠪᠤᠷ᠂ 《ᠨᠢᠭᠡ ᠲᠢᠩᠬᠢᠮ᠎ᠳᠤ ᠨᠡᠢ᠌ᠳᠡᠮ ᠭᠦᠢ᠍ᠴᠡᠳᠬᠡᠬᠦ》 ᠵᠡᠷᠭᠡ ᠦᠢ᠍ᠯᠡᠴᠢᠯᠡᠭᠡᠨ᠎ᠤ ᠵᠠᠭᠪᠤᠷ᠂ ᠲᠤᠰᠬᠠᠢ ᠲᠠᠩᠰᠠᠨ ᠡᠷᠦᠬᠡ᠎ᠪᠠᠷ ᠬᠠᠮᠢᠶᠠᠷᠬᠤ᠂ ᠮᠥᠩᠭᠥᠨ ᠭᠦᠢ᠍ᠯᠭᠡᠭᠡᠨ ᠵᠶ᠋ᠡᠷ ᠳᠡᠮᠵᠢᠬᠦ᠂ ᠣᠯᠠᠨ ᠡᠰᠢᠴᠢᠯᠡᠨ ᠪᠡᠯᠡ ᠴᠤᠭᠯᠠᠭᠤᠯᠬᠤ ᠪᠡᠯᠡ ᠮᠥᠩᠭᠥ ᠵᠢᠨ ᠪᠠᠲᠤᠯᠠᠭ᠎ᠠ ᠵᠢᠨ ᠵᠠᠭᠪᠤᠷ᠂ 《ᠭᠠᠵᠠᠷ ᠳᠣᠣᠷᠠᠬᠢ ᠤᠰᠤ ᠵᠢ ᠬᠡᠷᠡᠭᠯᠡᠬᠦ ᠵᠢ ᠬᠢᠵᠠᠭ᠋ᠠᠷᠯᠠᠬᠤ᠂ ᠭᠠᠵᠠᠷ ᠳᠡᠭᠡᠷᠡᠬᠢ ᠤᠰᠤ ᠵᠢ ᠥᠨᠳᠥᠷ ᠦᠷ᠎ᠡ ᠠᠰᠢᠭᠲᠠᠢᠪᠠᠷ ᠬᠡᠷᠡᠭᠯᠡᠬᠦ᠂ ᠪᠣᠷᠤᠭ᠋ᠠᠨᠤ ᠤᠰᠤ ᠵᠢ ᠬᠤᠷᠠᠮᠳᠤᠭᠤᠯᠤᠨ ᠠᠰᠢᠭᠯᠠᠬᠤ》 ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠪᠡ ᠃ ᠳᠥᠷᠪᠡ᠎ᠳᠤ ᠲᠠᠷᠢᠶᠠᠴᠢᠳ ᠢ ᠤᠷᠤᠯᠴᠠᠭᠤᠯᠪᠠ ᠃ ᠵᠢᠷᠤᠭ ᠲᠥᠯᠥᠪᠯᠡᠭᠡᠨ᠎ᠤ ᠦᠷ᠎ᠡ ᠪᠦᠲᠦᠭᠡᠯ᠎ᠤᠨ 《 ᠲᠦᠷᠪᠡᠨ ᠬᠤᠷᠠᠯ ᠂ ᠬᠣᠶᠠᠷ᠎ᠢ ᠨᠤᠲᠠᠯᠠᠬᠤ ᠂ ᠵᠢᠷᠭᠤᠭ᠎ᠠ᠎ᠳᠤ ᠭᠠᠷᠤᠨ ᠦᠰᠦᠭ ᠵᠢᠷᠤᠬᠤ 》 ᠵᠢ ᠬᠡᠷᠡᠭᠵᠢᠭᠦᠯᠵᠦ ᠂ ᠲᠠᠷᠢᠶᠠᠴᠢᠨ ᠬᠢᠨᠠᠯᠲᠠ ᠲᠠᠯᠪᠢᠭᠴᠢ ᠤᠷᠢᠬᠤ ᠂ ᠲᠠᠷᠢᠶᠠᠴᠢᠳ ᠪᠡᠯᠡ ᠮᠥᠩᠭᠥ ᠴᠤᠭᠯᠠᠭᠤᠯᠤᠨ ᠬᠦᠴᠦ ᠬᠥᠳᠡᠯᠮᠦᠷᠢ ᠣᠷᠣᠭᠤᠯᠬᠤ ᠂ ᠠᠵᠢᠯ ᠵᠶ᠋ᠠᠷ ᠲᠡᠳᠬᠦᠮᠵᠢ ᠵᠢ ᠣᠷᠣᠯᠠᠭᠤᠯᠬᠤ ᠵᠡᠷᠭᠡ ᠠᠷᠭ᠎ᠠ ᠮᠠᠶᠢᠭ᠎ᠢ ᠬᠡᠷᠡᠭᠵᠢᠭᠦᠯᠵᠦ ᠂ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠳᠡᠮᠵᠢᠭᠴᠢ ᠂ ᠣᠷᠣᠯᠴᠠᠭᠴᠢ ᠂ ᠠᠰᠢᠭ ᠬᠦᠷᠳᠡᠭᠴᠢ ᠪᠤᠯᠭ᠋ᠠᠪᠠ ᠃
ᠭᠤᠷᠪᠠᠳᠤᠭ᠋ᠠᠷ᠎ᠲᠤ᠂ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠵᠢ ᠬᠡᠷᠡᠭᠵᠢᠭᠦᠯᠵᠦ᠂ 《ᠲᠣᠮᠣ ᠮᠠᠯᠤᠷ ᠥᠲᠡᠭᠡ》 ᠵᠢ ᠰᠠᠢ᠌ᠲᠤᠷ ᠬᠠᠮᠠᠭ᠋ᠠᠯᠠᠪᠠ ᠃ ᠶᠡᠷᠦᠩᠬᠡᠢ ᠱᠦᠵᠢ ᠰᠢ ᠵᠢᠨ ᠫᠢᠩ᠎ᠤᠨ ᠬᠠᠷ᠎ᠠ ᠬᠥᠷᠥᠰᠥ ᠵᠢ ᠬᠠᠮᠠᠭ᠋ᠠᠯᠠᠬᠤ ᠠᠵᠢᠯ᠎ᠤᠨ ᠲᠤᠬᠠᠢ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ ᠃ ᠨᠢᠭᠡ᠎ᠳᠤ ᠬᠡᠪ ᠵᠠᠭᠪᠤᠷ᠎ᠢ ᠲᠡᠯᠭᠡᠷᠡᠭᠦᠯᠪᠡ ᠃ 《ᠪᠠᠢ᠌ᠭ᠋ᠠᠯᠢ ᠵᠢᠨ ᠬᠡᠪ ᠵᠠᠭᠪᠤᠷ》 《ᠶᠡᠬᠡ ᠭᠣᠣᠯ᠎ᠤᠨ ᠪᠤᠯᠤᠩ᠎ᠤᠨ ᠬᠡᠪ ᠵᠠᠭᠪᠤᠷ》 《ᠭᠤᠷᠪᠠ ᠵᠢ ᠦᠭᠡᠷᠡᠴᠢᠯᠡᠬᠦ ᠬᠣᠶᠠᠷ᠎ᠢ ᠵᠠᠰᠠᠬᠤ ᠨᠢᠭᠡ ᠡᠭᠡᠯᠵᠢᠯᠡᠬᠦ 》 ᠬᠡᠷᠡᠭᠯᠡᠬᠦ ᠪᠠ ᠲᠡᠵᠢᠭᠡᠬᠦ ᠵᠢ ᠤᠶᠠᠯᠳᠤᠭᠤᠯᠬᠤ ᠬᠡᠪ ᠵᠠᠭᠪᠤᠷ ᠪᠣᠯᠤᠨ 《ᠬᠣᠶᠠᠷ ᠬᠤᠷᠢᠶᠠᠵᠤ ᠬᠣᠶᠠᠷ ᠲᠠᠷᠢᠶᠠᠯᠠᠬᠤ 》 ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠵᠢ ᠪᠠᠶ᠋ᠢᠭᠤᠯᠬᠤ ᠬᠡᠪ ᠵᠠᠭᠪᠤᠷ᠎ᠢ ᠵᠢᠱ᠌ᠢᠶ᠎ᠡ ᠦᠵᠡᠭᠦᠯᠦᠨ ᠲᠡᠯᠭᠡᠷᠡᠭᠦᠯᠪᠡ ᠃ ᠬᠣᠶᠠᠷ᠎ᠲᠤ ᠲᠣᠭᠲᠠᠴᠠ ᠵᠢ ᠡᠭᠦᠳᠪᠡ ᠃ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠠᠵᠠᠷ᠎ᠤᠨ ᠰᠢᠮ᠎ᠡ ᠵᠢᠨ ᠨᠥᠬᠥᠪᠦᠷᠢ ᠵᠢᠨ ᠪᠡᠯᠡ ᠮᠥᠩᠭᠥ ᠵᠢ ᠬᠠᠷ᠎ᠠ ᠬᠥᠷᠥᠰᠥᠲᠦ ᠭᠠᠵᠠᠷ᠎ᠤᠨ ᠭᠠᠵᠠᠷ᠎ᠤᠨ ᠰᠢᠮ᠎ᠡ ᠵᠢ ᠳᠡᠭᠡᠭᠰᠢᠯᠡᠭᠦᠯᠬᠦ᠎ᠳᠤ ᠬᠡᠷᠡᠭᠯᠡᠬᠦ ᠠᠵᠢᠯ᠎ᠤᠨ ᠰᠢᠨ᠎ᠡ ᠲᠣᠭᠲᠠᠴᠠ ᠵᠢ ᠰᠦᠪᠡᠭᠴᠢᠯᠡᠪᠡ ᠃ ᠪᠡᠯᠡ ᠮᠥᠩᠭᠥ ᠪᠤᠶᠤ ᠪᠣᠳᠠᠰᠵᠢᠭᠰᠠᠨ ᠨᠥᠬᠥᠪᠦᠷᠢ᠎ᠪᠠᠷ ᠳᠠᠮᠵᠢᠭᠤᠯᠤᠨ ᠨᠡᠢ᠌ᠭᠡᠮ᠎ᠤᠨ ᠬᠥᠷᠥᠩᠭᠡ ᠵᠢᠨ ᠬᠠᠷ᠎ᠠ ᠬᠦᠷᠦᠰᠦ ᠵᠢᠨ ᠬᠠᠮᠠᠭ᠋ᠠᠯᠠᠯᠲᠠ᠎ᠳᠤ ᠣᠷᠣᠯᠴᠠᠬᠤ ᠵᠢ ᠬᠥᠲᠥᠯᠥᠨ ᠵᠢᠯᠤᠭᠤᠳᠪᠠ ᠃ ᠭᠤᠷᠪᠠ᠎ᠳᠤ ᠰᠢᠰᠲᠸᠮᠵᠢ ᠵᠢ ᠪᠠᠢ᠌ᠭᠤᠯᠪᠠ ᠃ ᠥᠪᠥᠷ ᠮᠣᠩᠭᠣᠯ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠨᠢᠭᠡᠴᠢ᠎ᠠᠴᠠ ᠥᠪᠥᠷ ᠮᠣᠩᠭᠣᠯ᠎ᠤᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠢ ᠵᠣᠬᠢᠶᠠᠨ ᠪᠠᠢ᠌ᠭᠤᠯᠵᠤ᠂ ᠵᠠᠰᠠᠭ᠎ᠤᠨ ᠣᠷᠳᠣᠨ ᠦᠢ᠍ᠯᠡᠳᠪᠦᠷᠢᠯᠡᠯ ᠰᠤᠷᠤᠯᠴᠠᠯᠭ᠎ᠠ ᠰᠤᠳᠤᠯᠭ᠋ᠠᠨ᠎ᠤ ᠰᠢᠨ᠎ᠡ ᠵᠢ ᠡᠭᠦᠳᠬᠦ ᠰᠢᠰᠲ᠋ᠧᠮᠵᠢ ᠵᠢ ᠪᠦᠷᠢᠯᠳᠦᠭᠦᠯᠪᠡ ᠃
ᠳᠥᠷᠪᠡᠳᠦᠭᠡᠷ᠎ᠲᠤ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ᠂ ᠠᠮᠤ ᠪᠤᠳᠠᠭ᠋ᠠᠨ᠎ᠤ ᠨᠡᠮᠡᠭᠳᠡᠯ᠎ᠤᠨ ᠣᠷᠣᠨ ᠵᠠᠢ ᠵᠢ ᠦᠷᠭᠡᠳᠭᠡᠪᠡ ᠃ ᠨᠢᠭᠡ᠎ᠳᠤ ᠰᠡᠳᠬᠢᠴᠡ᠎ᠪᠠᠨ ᠬᠤᠪᠢᠷᠠᠭᠤᠯᠪᠠ ᠃ 《 ᠰᠢᠯᠢᠳᠡᠭ ᠳᠠᠷᠢᠵᠤ ᠬᠥᠷᠥᠰᠥᠨ᠎ᠳᠤ ᠵᠤᠬᠢᠴᠠᠭᠤᠯᠬᠤ ᠂ ᠬᠥᠷᠥᠰᠥ ᠵᠢ ᠥᠭᠡᠷᠡᠴᠢᠯᠡᠨ ᠲᠠᠷᠢᠬᠤ᠎ᠳᠤ ᠵᠤᠬᠢᠴᠠᠭᠤᠯᠬᠤ 》 ᠪᠠ 《ᠵᠤᠬᠢᠴᠠᠭᠤᠯᠤᠨ ᠲᠠᠷᠢᠬᠤ ᠂ ᠬᠥᠳᠡᠯᠦᠩᠭᠦᠢ᠎ᠪᠠᠷ ᠠᠰᠢᠭᠯᠠᠬᠤ》 ᠠᠵᠢᠯ᠎ᠤᠨ ᠰᠡᠳᠬᠢᠮᠵᠢ ᠵᠢ ᠲᠣᠪᠤᠢ᠌ᠯᠭ᠋ᠠᠨ᠂ 8000 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 10 ᠬᠣᠰᠢᠭᠤ ᠰᠢᠶᠠᠨ᠎ᠳᠤ 10 ᠲᠦᠮᠡᠨ ᠮᠦ᠍ ᠵᠢᠨ 《ᠲᠠᠷᠢᠮᠠᠯ (ᠡᠭᠦᠯᠳᠡᠷ) + 《ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠵᠤ ᠤᠨᠠᠯᠲᠠ ᠵᠢ ᠨᠡᠮᠡᠭᠳᠡᠭᠦᠯᠦᠭᠰᠡᠨ ᠵᠢᠱ᠌ᠢᠶ᠎ᠡ ᠦᠵᠡᠭᠦᠯᠬᠦ ᠨᠡᠢ᠌ᠲᠡᠯᠢᠭ ᠵᠢᠱ᠌ᠢᠶ᠎ᠡ ᠵᠢ ᠪᠣᠶ ᠪᠤᠯᠭ᠋ᠠᠪᠠ ᠃ ᠬᠣᠶᠠᠷ᠎ᠲᠤ ᠲᠥᠯᠦᠪᠵᠢᠭᠦᠯᠭᠡ ᠵᠢ ᠲᠤᠭᠳᠠᠭ᠋ᠠᠪᠠ ᠃ ᠬᠤᠵᠢᠷᠯᠢᠭ ᠭᠠᠵᠠᠷ᠎ᠤᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠨ ᠂ 7 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦ ᠣᠷᠣᠨ᠎ᠤ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠲᠠᠭᠤᠰᠬᠠᠪᠠ ᠃ ᠭᠤᠷᠪᠠ᠎ᠳᠤ ᠬᠡᠷᠡᠭᠯᠡᠯᠲᠡ ᠵᠢ ᠴᠢᠩᠭ᠋ᠠᠳᠬᠠᠪᠠ ᠃ 《ᠲᠠᠪᠤ ᠵᠢ ᠨᠢᠭᠡ ᠴᠣᠭᠴᠠᠵᠢᠭᠤᠯᠬᠤ 》 ᠵᠡᠷᠭᠡ 9 ᠵᠦᠢ᠍ᠯ᠎ᠤᠨ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠮᠡᠷᠭᠡᠵᠢᠯ᠎ᠤᠨ ᠵᠠᠭᠪᠤᠷ ᠪᠣᠯᠣᠨ ᠠᠳᠠᠯᠢ ᠪᠤᠰᠤ ᠣᠷᠣᠨ ᠪᠦᠰᠡ᠎ᠳᠤ ᠲᠣᠬᠢᠷᠠᠬᠤ ᠬᠤᠵᠢᠷ᠎ᠲᠤ ᠲᠡᠰᠪᠦᠷᠢᠲᠡᠢ 13 ᠲᠠᠷᠢᠮᠠᠯ᠎ᠤᠨ ᠲᠦᠷᠦᠯ ᠵᠦᠢ᠍ᠯ᠎ᠢ ᠭᠣᠣᠯᠳᠠᠯᠭ᠎ᠠ᠎ᠲᠠᠢ᠎ᠪᠠᠷ ᠲᠡᠯᠭᠡᠷᠡᠭᠦᠯᠪᠡ ᠃ ᠳᠥᠷᠪᠡ᠎ᠳᠤ ᠰᠢᠰᠲᠸᠮᠵᠢ ᠵᠢ ᠪᠠᠢ᠌ᠭᠤᠯᠪᠠ᠃ ᠪᠥᠬᠥ ᠣᠷᠣᠨ᠎ᠤ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠢ ᠪᠠᠢ᠌ᠭᠤᠯᠵᠤ᠂ ᠵᠠᠰᠠᠭ᠎ᠤᠨ ᠣᠷᠳᠣᠨ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠠᠵᠤ ᠠᠬᠤᠢ᠌ᠯᠠᠯ᠎ᠤᠨ ᠭᠦᠨᠵᠡᠭᠡᠢ ᠠᠭᠤᠰᠤᠯᠴᠠᠬᠤ ᠵᠢ ᠤᠯᠠᠮ ᠨᠢᠭᠡ ᠠᠯᠬᠤᠮ ᠠᠬᠢᠭᠤᠯᠪᠠ ᠃ ᠲᠠᠪᠤ᠎ᠳᠤ ᠠᠵᠤ ᠦᠢ᠍ᠯᠡᠰ᠎ᠢ ᠲᠦᠯᠦᠪᠯᠡᠪᠡ ᠃ ᠬᠤᠵᠢᠷ᠎ᠲᠤ ᠲᠡᠰᠪᠦᠷᠢᠲᠡᠢ ᠲᠠᠷᠢᠮᠠᠯ᠎ᠤᠨ ᠦᠷ᠎ᠡ ᠵᠢ ᠪᠣᠢ᠌ᠵᠢᠭᠤᠯᠬᠤ ᠪᠠ ᠡᠭᠦᠯᠳᠡᠷ᠎ᠢ ᠰᠢᠯᠭ᠋ᠠᠨ ᠰᠣᠩᠭᠣᠬᠤ ᠵᠢ ᠲᠦᠷᠭᠡᠳᠬᠡᠵᠦ ᠂ ᠲᠠᠷᠢᠬᠤ ᠲᠠᠯᠠᠪᠠᠢ ᠵᠢ ᠥᠷᠭᠡᠳᠬᠡᠨ ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠬᠥᠭᠵᠢᠭᠦᠯᠵᠦ ᠂ ᠬᠤᠵᠢᠷᠯᠢᠭ ᠭᠠᠵᠠᠷ᠎ᠤᠨ ᠪᠦᠲᠦᠭᠡᠭᠳᠡᠬᠦᠨ᠎ᠤ ᠨᠡᠷᠡᠲᠦ ᠲᠦᠷᠦᠯ ᠲᠡᠮᠳᠡᠭ᠎ᠢ ᠪᠦᠲᠦᠭᠡᠵᠦ᠂ ᠬᠤᠵᠢᠷᠯᠢᠭ ᠭᠠᠵᠠᠷ᠎ᠤᠨ ᠣᠨᠴᠠᠯᠢᠭᠲᠤ ᠲᠠᠷᠢᠶᠠᠯᠠᠩ᠎ᠢ ᠬᠦᠭᠵᠢᠭᠦᠯᠪᠡ ᠃
ᠳᠤᠮᠳᠠᠳᠤ ᠤᠯᠤᠰ᠎ᠤᠨ ᠢᠳᠡᠭᠡᠨ᠎ᠤ ᠰᠣᠨᠢᠨ᠎ᠤ ᠰᠤᠷᠪᠤᠯᠵᠢᠯᠠᠭᠴᠢ᠄ ᠦᠷ᠎ᠡ ᠵᠢᠨ ᠦᠢ᠍ᠯᠡᠰ᠎ᠨᠢ ᠲᠠᠷᠢᠶᠠᠯᠠᠩ ᠮᠠᠯ ᠠᠵᠤ ᠠᠬᠤᠢ ᠵᠢᠨ ᠪᠦᠬᠦᠶ᠋ᠢᠯᠡ ᠠᠵᠤ ᠦᠢ᠍ᠯᠡᠰ᠎ᠤᠨ ᠬᠡᠯᠬᠢᠶ᠎ᠡ ᠵᠢᠨ ᠡᠬᠢ ᠰᠤᠷᠪᠤᠯᠵᠢ ᠪᠣᠯᠤᠭᠰᠠᠨ᠎ᠤ ᠬᠤᠪᠢ᠎ᠳᠤ᠂ ᠲᠠᠷᠢᠶᠠᠯᠠᠩ ᠮᠠᠯ ᠠᠵᠤ ᠠᠬᠤᠢ ᠵᠢᠨ ᠦᠷᠭᠦᠯᠵᠢᠬᠦᠢ᠌ᠴᠡ ᠬᠥᠭᠵᠢᠯᠲᠡ᠎ᠳᠤ ᠲᠤᠢ᠌ᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠲᠡᠭᠡᠪᠡᠯ᠂ ᠮᠠᠨ᠎ᠤ ᠣᠷᠣᠨ ᠦᠷ᠎ᠡ ᠵᠢᠨ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ᠂ ᠬᠣᠢ᠌ᠰᠢᠳᠠ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠮᠧᠩ ᡁᠢ ᠭᠠᠩ᠄ ᠮᠠᠨ᠎ᠤ ᠣᠷᠣᠨ ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠷ᠎ᠡ ᠵᠢᠨ ᠦᠢ᠍ᠯᠡᠰ᠎ᠤᠨ ᠬᠦᠭᠵᠢᠯ ᠮᠠᠨᠳᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠴᠢᠬᠤᠯᠠ ᠠᠭᠤᠯᠭ᠎ᠠ᠎ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤᠷᠢᠳ ᠬᠣᠵᠢᠳ 《ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ》 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 《ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠳᠤᠮᠳᠠ ᠣᠷᠳᠣ ᠬᠤᠭᠤᠴᠠᠭ᠋ᠠᠨ᠎ᠤ ᠬᠥᠭᠵᠢᠯᠲᠡ ᠵᠢᠨ ᠲᠥᠯᠦᠪᠵᠢᠭᠦᠯᠭᠡ》 ᠵᠢ ᠨᠡᠢ᠌ᠲᠡᠯᠡᠵᠦ᠂ ᠦᠷ᠎ᠡ ᠵᠢᠨ ᠦᠢ᠍ᠯᠡᠰ᠎ᠢ ᠬᠥᠭᠵᠢᠭᠦᠯᠬᠦ ᠴᠢᠩᠭ᠎ᠠ ᠬᠦᠴᠦᠲᠡᠢ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠥᠨᠳᠥᠷ ᠪᠠᠢ᠌ᠷᠢ ᠵᠢᠨ ᠠᠬᠢᠭᠤᠯᠤᠯ ᠳᠣᠣᠷ᠎ᠠ᠂ 《ᠰᠠᠢ᠌ᠨ ᠡᠭᠦᠯᠳᠡᠷ᠎ᠢ ᠪᠣᠢ᠌ᠵᠢᠭᠤᠯᠬᠤ᠂ ᠰᠠᠢ᠌ᠨ ᠡᠭᠦᠯᠳᠡᠷ᠎ᠢ ᠦᠢ᠍ᠯᠡᠳᠬᠦ᠂ ᠰᠠᠢ᠌ᠨ ᠡᠭᠦᠯᠳᠡᠷ᠎ᠢ ᠳᠡᠯᠭᠡᠷᠡᠭᠦᠯᠬᠦ》 ᠵᠠᠩᠭᠢᠯᠠᠭ᠎ᠠ ᠵᠢᠨ ᠭᠣᠭᠴᠣᠭ᠎ᠠ ᠵᠢᠨ ᠲᠣᠭᠣᠷᠢᠨ᠎ᠳᠤ᠂ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ᠂ ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠢ᠌ᠵᠢᠭᠤᠯᠬᠤ᠂ ᠰᠠᠢ᠌ᠨ ᠡᠭᠦᠯᠳᠡᠷ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠡᠷᠭᠡ 《ᠭᠤᠷᠪᠠᠨ ᠶᠡᠬᠡ ᠠᠵᠢᠯᠯᠠᠭ᠎ᠠ》 ᠵᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠠᠯ᠎ᠠ᠎ᠪᠠᠷ ᠰᠠᠢ᠌ᠨ ᠦᠷ᠎ᠡ ᠪᠦᠲᠦᠮᠵᠢ ᠣᠯᠤᠭᠰᠠᠨ ᠪᠠᠢ᠌ᠨ᠎ᠠ ᠃
ᠨᠢᠭᠡ᠎ᠳᠤ ᠰᠠᠢ᠌ᠨ ᠡᠭᠦᠯᠳᠡᠷ᠎ᠢ ᠪᠣᠢ᠌ᠵᠢᠭᠤᠯᠬᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠪᠠ᠃ ᠡᠭᠦᠯᠳᠡᠷ ᠪᠣᠢ᠌ᠵᠢᠭᠤᠯᠬᠤ ᠪᠣᠭᠣᠮᠲᠠ ᠰᠢᠪᠲᠤᠯᠬᠤ ᠵᠢ ᠥᠷᠨᠢᠭᠦᠯᠵᠦ᠂ ᠤᠯᠤᠰ᠎ᠤᠨ ᠨᠡᠷᠡᠨ ᠬᠤᠸᠠᠷ᠎ᠤᠨ ᠡᠭᠦᠯᠳᠡᠷ ᠪᠣᠢ᠌ᠵᠢᠭᠤᠯᠬᠤ ᠬᠠᠮᠲᠤᠷᠠᠭᠰᠠᠨ ᠪᠣᠭᠣᠮᠲᠠ ᠰᠢᠪᠲᠤᠯᠬᠤ ᠵᠢ ᠲᠦᠷᠦᠭᠦᠯᠡᠨ ᠬᠡᠷᠡᠭᠵᠢᠭᠦᠯᠵᠦ᠂ ᠰᠠᠭ᠋ᠠᠯᠢ ᠵᠢᠨ ᠦᠨᠢᠶ᠎ᠡ ᠵᠢᠨ ᠡᠭᠦᠯᠳᠡᠷ ᠪᠣᠢ᠌ᠵᠢᠭᠤᠯᠬᠤ ᠵᠢ ᠱᠠᠩᠨᠠᠬᠤ ᠲᠥᠷᠥ ᠵᠢᠨ ᠪᠣᠳᠣᠯᠭ᠎ᠠ ᠵᠢ ᠨᠡᠢ᠌ᠲᠡᠯᠡᠨ᠂ ᠰᠢᠷ᠎ᠠ ᠪᠤᠷᠴᠠᠭ᠂ ᠨᠠᠷᠢᠮᠤ᠂ ᠨᠡᠷᠡᠨ ᠬᠤᠸᠠᠷ᠂ ᠡᠷᠳᠡᠨᠢ ᠰᠢᠰᠢ᠂ ᠲᠥᠮᠥᠰᠥ᠂ ᠪᠤᠭᠤᠳᠠᠢ᠂ ᠤᠰᠤᠨ ᠲᠤᠲᠤᠷᠭ᠎ᠠ᠂ ᠨᠣᠬᠠᠢ ᠵᠢᠨ ᠬᠣᠰᠢᠭᠤ ᠵᠡᠷᠭᠡ 8 ᠲᠠᠷᠢᠮᠠᠯ ᠪᠠ ᠠᠯᠠᠰᠢᠨ ᠦᠬᠡᠷ᠂ ᠠᠯᠠᠰᠢᠨ ᠬᠣᠨᠢ᠂ ᠭᠠᠬᠠᠢ ᠵᠡᠷᠭᠡ 3 ᠮᠠᠯ᠎ᠤᠨ ᠡᠭᠦᠯᠳᠡᠷ ᠪᠣᠢ᠌ᠵᠢᠭᠤᠯᠬᠤ ᠵᠢᠨ ᠬᠠᠮᠲᠤᠷᠠᠭᠰᠠᠨ ᠪᠣᠭᠣᠮᠲᠠ ᠰᠢᠪᠲᠤᠯᠬᠤ ᠵᠢ ᠡᠬᠢᠯᠡᠭᠦᠯᠪᠡ ᠃ ᠨᠢᠭᠡ ᠪᠦᠯᠦᠭ ᠦᠪᠡᠰᠦᠪᠡᠨ ᠪᠣᠢ᠌ᠵᠢᠭᠤᠯᠤᠭᠰᠠᠨ ᠳᠠᠪᠠᠭᠤᠯᠢᠭ ᠣᠨᠴᠠᠯᠢᠭᠲᠤ ᠡᠭᠦᠯᠳᠡᠷ᠎ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ᠎ᠲᠠᠢ ᠪᠠᠢ᠌ᠵᠤ᠂ ᠨᠡᠷᠡᠨ ᠬᠤᠸᠠᠷ᠎ᠤᠨ ᠡᠭᠦᠯᠳᠡᠷ SH361᠂ SH363 ᠳᠡᠯᠭᠡᠷᠡᠭᠦᠯᠦᠭᠰᠡᠨ ᠲᠠᠯᠠᠪᠠᠶ᠎ᠨᠢ ᠪᠥᠬᠥ ᠤᠯᠤᠰ᠎ᠤᠨ ᠡᠮᠦᠨ᠎ᠡ ᠬᠣᠶᠠᠷ᠎ᠲᠤ ᠪᠠᠢ᠌ᠷᠢᠯᠠᠪᠠ ; ᠨᠠᠷᠢᠮᠤ ᠵᠢᠨ ᠡᠭᠦᠯᠳᠡᠷ᠎ᠤᠨ 《 ᠵᠢᠨ ᠮᠢᠶᠣᠣ K1》᠂ ᠰᠢᠷ᠎ᠠ ᠪᠤᠷᠴᠠᠭ᠎ᠤᠨ ᠡᠭᠦᠯᠳᠡᠷ᠎ᠤᠨ 《 ᠮᠸᠩ ᠳ᠋ᠸᠦ 1137》 ᠵᠢ ᠳᠡᠯᠭᠡᠷᠡᠭᠦᠯᠦᠭᠰᠡᠨ ᠲᠠᠯᠠᠪᠠᠶ᠎ᠨᠢ ᠲᠣᠰ ᠲᠣᠰ ᠪᠥᠬᠥ ᠤᠯᠤᠰ᠎ᠲᠤ 3 ᠪᠠ 8 ᠳ᠋ᠤᠭ᠋ᠠᠷ᠎ᠲᠤ ᠵᠢᠭᠰᠠᠭ᠋ᠠᠭᠳᠠᠵᠠᠢ᠃ ᠤᠯᠤᠰ᠎ᠤᠨ ᠳᠣᠲᠣᠭ᠋ᠠᠳᠤ ᠵᠢᠨ ᠡᠮᠦᠨ᠎ᠡ 100᠎ᠳᠤ ᠵᠢᠭᠰᠠᠭ᠋ᠠᠭᠳᠠᠭᠰᠠᠨ ᠰᠢᠮᠧᠨ᠋ᠲ᠋ᠠᠷ᠂ ᠡᠾᠸᠰᠲ᠋ᠠᠨ ᠪᠤᠬ᠎ᠠ ᠵᠢᠨ ᠲᠣᠭ᠎ᠠ᠂ ᠰᠠᠭ᠋ᠠᠯᠢ ᠵᠢᠨ ᠦᠨᠢᠶ᠎ᠡ ᠵᠢᠨ ᠦᠢ᠍ᠯᠡᠳᠪᠦᠷᠢᠯᠡᠯ ᠪᠣᠷᠤᠯᠠᠭᠤᠯᠭ᠎ᠠ ᠴᠥᠮ ᠪᠥᠬᠥ ᠤᠯᠤᠰ᠎ᠤᠨ ᠲᠡᠷᠢᠭᠦᠨ᠎ᠳᠤ ᠣᠷᠣᠪᠠ᠃ ᠦᠷ᠎ᠡ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠥᠷᠢᠰᠦᠯᠳᠦᠬᠦ ᠬᠦᠴᠦᠨ ᠠᠯᠬᠤᠮ ᠠᠯᠬᠤᠮ ᠵᠶ᠋ᠠᠷ ᠴᠢᠩᠭ᠋ᠠᠷᠠᠵᠤ ᠂ 8 ᠠᠵᠤ ᠠᠬᠤᠢ᠌ᠯᠠᠯ ᠤᠯᠤᠰ᠎ᠤᠨ ᠦᠷ᠎ᠡ ᠵᠢᠨ ᠦᠢ᠍ᠯᠡᠰ᠎ᠤᠨ ᠵᠢᠭᠰᠠᠭ᠋ᠠᠯ᠎ᠤᠨ ᠬᠡᠯᠪᠡᠷᠢ ᠵᠢᠨ ᠠᠵᠤ ᠠᠬᠤᠢ᠌ᠯᠠᠯ᠎ᠳᠤ ᠰᠣᠩᠭᠣᠭᠳᠠᠵᠤ ᠂ ᠪᠦᠬᠦ ᠤᠯᠤᠰ᠎ᠤᠨ ᠳᠣᠯᠣᠳᠤᠭ᠋ᠠᠷ᠎ᠲᠤ ᠣᠷᠣᠵᠤ ᠂ ᠲᠠᠷᠢᠮᠠᠯ᠎ᠤᠨ ᠵᠦᠢ᠍ᠯ᠎ᠢ 《 ᠪᠤᠢ᠌ᠵᠢᠭᠤᠯᠬᠤ ᠦᠷᠡᠵᠢᠭᠦᠯᠬᠦ ᠳᠡᠯᠭᠡᠷᠡᠭᠦᠯᠬᠦ 》 ᠵᠢ ᠨᠢᠭᠡ ᠴᠣᠭᠴᠠᠵᠢᠭᠤᠯᠤᠭᠰᠠᠨ ᠠᠵᠤ ᠠᠬᠤᠢ᠌ᠯᠠᠯ 4 ᠪᠣᠯᠤᠭᠰᠠᠨ ᠪᠠᠢ᠌ᠨ᠎ᠠ᠃
ᠬᠣᠶᠠᠷ᠎ᠲᠤ ᠰᠠᠢ᠌ᠨ ᠡᠭᠦᠯᠳᠡᠷ᠎ᠢ ᠦᠢ᠍ᠯᠡᠳᠬᠦ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠪᠠ ᠃ ᠤᠯᠤᠰ᠎ᠤᠨ ᠲᠠᠰ᠎ᠤᠨ 9 ᠲᠣᠮᠣ ᠰᠢᠶᠠᠨ ᠪᠠ ᠣᠷᠣᠨ ᠪᠦᠰᠡ ᠵᠢᠨ ᠴᠢᠨᠠᠷᠲᠠᠢ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠢ ᠡᠭᠦᠳᠦᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠷᠳᠡᠨᠢ ᠰᠢᠰᠢ᠂ ᠰᠢᠷ᠎ᠠ ᠪᠤᠷᠴᠠᠭ᠎ᠤᠨ 2 ᠲᠣᠮᠣ ᠰᠢᠶᠠᠨ᠎ᠢ ᠮᠠᠭ᠋ᠠᠳᠯᠠᠨ ᠲᠣᠭᠲᠠᠭ᠋ᠠᠪᠠ ᠃ ᠪᠥᠬᠥ ᠣᠷᠣᠨ᠎ᠤ ᠲᠥᠮᠥᠰᠥ ᠵᠢᠨ ᠰᠠᠢ᠌ᠨ ᠡᠭᠦᠯᠳᠡᠷ᠎ᠢ ᠦᠷᠡᠵᠢᠭᠦᠯᠦᠨ ᠪᠤᠢ᠌ᠵᠢᠭᠤᠯᠬᠤ ᠲᠠᠯᠠᠪᠠᠶ 70 ᠲᠦᠮᠡᠨ ᠮᠦ᠍᠎ᠳᠤ ᠬᠦᠷᠴᠦ᠂ ᠪᠥᠬᠥ ᠤᠯᠤᠰ᠎ᠤᠨ ᠨᠢᠭᠡᠳᠦᠭᠡᠷ᠎ᠲᠤ ᠣᠷᠣᠭᠰᠠᠨ ᠪᠠᠢ᠌ᠨ᠎ᠠ ᠃ ᠰᠢᠷ᠎ᠠ ᠪᠤᠷᠴᠠᠭ᠎ᠢ 35 ᠲᠦᠮᠡᠨ ᠮᠦ᠍ ᠳᠠᠷᠢᠵᠤ᠂ ᠪᠥᠬᠥ ᠤᠯᠤᠰ᠎ᠲᠤ ᠭᠤᠷᠪᠠᠳᠤᠭ᠋ᠠᠷ᠎ᠲᠤ ᠣᠷᠣᠭᠰᠠᠨ ᠪᠠᠢ᠌ᠨ᠎ᠠ ᠃ ᠡᠷᠳᠡᠨᠢ ᠰᠢᠰᠢ ᠳᠠᠷᠢᠬᠤ ᠲᠠᠯᠠᠪᠠᠶ 17 ᠲᠦᠮᠡᠨ ᠮᠦ᠍ ᠪᠠᠢ᠌ᠵᠤ᠂ ᠪᠥᠬᠥ ᠤᠯᠤᠰ᠎ᠤᠨ ᠲᠠᠪᠤᠳᠤᠭ᠋ᠠᠷ᠎ᠲᠤ ᠣᠷᠣᠭᠰᠠᠨ ᠪᠠᠢ᠌ᠨ᠎ᠠ ᠃ ᠵᠦᠩ ᠵᠢᠶᠠ ᠂ ᠺᠦᠨ ᠶᠤᠸᠠᠨ᠎ᠲᠠᠢ ᠾᠧ ᠬᠣᠶᠠᠷ ᠲᠥᠮᠥᠰᠥᠨ᠎ᠤ ᠠᠵᠤ ᠠᠬᠤᠢ᠌ᠯᠠᠯ᠎ᠤᠨ ᠦᠷ᠎ᠡ ᠵᠢᠨ ᠲᠥᠮᠥᠰᠥ ᠵᠢᠨ ᠪᠣᠷᠤᠯᠠᠭᠤᠯᠭ᠎ᠠ ᠵᠢᠨ ᠲᠣᠭ᠎ᠠ ᠪᠥᠬᠥ ᠤᠯᠤᠰ᠎ᠤᠨ ᠡᠮᠦᠨ᠎ᠡ 5᠎ᠳᠤ ᠣᠷᠣᠭᠰᠠᠨ ᠪᠠᠢ᠌ᠨ᠎ᠠ ᠃ ᠰᠠᠭ᠋ᠠᠯᠢ ᠵᠢᠨ ᠦᠨᠢᠶ᠎ᠡ ᠵᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠰᠠᠢ᠌ᠨ ᠡᠭᠦᠯᠳᠡᠷ᠎ᠤᠨ ᠪᠦᠷᠬᠦᠴᠡ ᠵᠢᠨ 9 ᠵᠦᠢ᠍ᠯ᠎ᠤᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠰᠢᠯᠢ ᠵᠢᠨ ᠭᠣᠣᠯ ᠠᠢ᠌ᠮᠠᠭ᠎ᠤᠨ ᠬᠤᠸᠠ ᠰᠢ ᠦᠬᠡᠷ᠎ᠤᠨ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠢ ᠪᠠᠢ᠌ᠭᠤᠯᠪᠠ ᠃ ᠤᠯᠤᠰ᠎ᠤᠨ ᠠᠯᠠᠰᠢᠨ ᠬᠣᠨᠢᠨ᠎ᠤ ᠤᠳᠤᠮᠰᠢᠯ᠎ᠢ ᠦᠨᠡᠯᠡᠨ ᠵᠢᠱ᠌ᠢᠬᠦ ᠲᠥᠪ ᠪᠠ ᠠᠯᠠᠰᠢᠨ ᠬᠣᠨᠢᠨ᠎ᠤ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠥᠪ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠰᠠᠭᠤᠷᠢᠰᠢᠵᠤ᠂ ᠤᠯᠤᠰ᠎ᠤᠨ ᠠᠯᠠᠰᠢᠨ ᠦᠬᠡᠷ᠎ᠤᠨ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠥᠪ ᠰᠢᠯᠢ ᠵᠢᠨ ᠭᠣᠣᠯ ᠠᠢ᠌ᠮᠠᠭ᠎ᠲᠤ ᠰᠠᠭᠤᠷᠢᠰᠢᠪᠠ ᠃ ᠮᠠᠯ ᠵᠢᠭᠦᠷᠲᠡᠨ᠎ᠤ 15 ᠠᠵᠤ ᠠᠬᠤᠢ᠌ᠯᠠᠯ᠎ᠨᠢ ᠤᠯᠤᠰ᠎ᠤᠨ ᠳᠡᠰ᠎ᠤᠨ ᠭᠣᠣᠯ ᠪᠣᠯᠬᠤ ᠡᠭᠦᠯᠳᠡᠷ ᠪᠣᠢ᠌ᠵᠢᠭᠤᠯᠬᠤ ᠲᠠᠯᠠᠪᠠᠢ᠎ᠪᠠᠷ ᠦᠨᠡᠯᠡᠭᠳᠡᠵᠦ ᠂ ᠪᠦᠬᠦ ᠤᠯᠤᠰ᠎ᠤᠨ ᠭᠤᠷᠪᠠᠳᠤᠭ᠋ᠠᠷ᠎ᠲᠤ ᠣᠷᠣᠭᠰᠠᠨ ᠪᠠᠢ᠌ᠨ᠎ᠠ᠃
ᠭᠤᠷᠪᠠ᠎ᠳᠤ ᠰᠠᠢ᠌ᠨ ᠡᠭᠦᠯᠳᠡᠷ᠎ᠢ ᠳᠡᠯᠭᠡᠷᠡᠭᠦᠯᠬᠦ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠪᠠ ᠃ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠠᠴᠠ ᠡᠮᠦᠨ᠎ᠡ 《 ᠭᠠᠵᠠᠷ ᠦᠵᠡᠵᠦ ᠦᠷ᠎ᠡ ᠰᠣᠩᠭᠣᠬᠤ 》 ᠲᠠᠪᠴᠠᠩ᠎ᠤᠨ ᠨᠢᠭᠡᠨᠲᠡ ᠳᠡᠯᠭᠡᠨ ᠦᠵᠡᠭᠦᠯᠵᠦ ᠵᠢᠱ᠌ᠢᠶ᠎ᠡ ᠦᠵᠡᠭᠦᠯᠦᠭᠰᠡᠨ 2190 ᠡᠭᠦᠯᠳᠡᠷ᠎ᠢ ᠨᠢᠭᠡᠳ ᠨᠢᠭᠡ᠎ᠪᠠᠷ ᠦᠨᠡᠯᠡᠵᠦ ᠂ ᠰᠢᠯᠢᠳᠡᠭ ᠴᠢᠨᠠᠷ᠎ᠤᠨ ᠡᠷᠳᠡᠨᠢ ᠰᠢᠰᠢ ᠂ ᠰᠢᠷ᠎ᠠ ᠪᠤᠷᠴᠠᠭ ᠂ ᠤᠰᠤᠨ ᠲᠤᠲᠤᠷᠭ᠎ᠠ ᠂ ᠲᠥᠮᠥᠰᠥ ᠵᠢᠨ 147 ᠡᠭᠦᠯᠳᠡᠷ᠎ᠢ ᠰᠣᠩᠭᠣᠨ ᠭᠠᠷᠭ᠋ᠠᠵᠤ ᠂ ᠨᠡᠢ᠌ᠭᠡᠮ ᠳᠠᠶᠠᠭ᠋ᠠᠷ᠎ᠲᠤ ᠬᠠᠨᠳᠤᠭᠤᠯᠤᠨ ᠢᠯᠡ᠎ᠪᠠᠷ ᠨᠡᠢ᠌ᠲᠡᠯᠡᠵᠦ ᠂ ᠰᠠᠢ᠌ᠨ ᠡᠭᠦᠯᠳᠡᠷ᠎ᠢ ᠠᠢ᠌ᠯ ᠲᠣᠰᠬᠣᠨ᠎ᠳᠤ ᠣᠷᠣᠭᠤᠯᠬᠤ ᠪᠠ ᠡᠷᠦᠭᠡ᠎ᠳᠤ ᠣᠷᠣᠭᠤᠯᠬᠤ ᠵᠢ ᠲᠦᠯᠬᠢᠨ ᠠᠬᠢᠭᠤᠯᠪᠠ ᠃ ᠪᠥᠬᠥ ᠣᠷᠣᠨ᠎ᠤ 12 ᠠᠢ᠌ᠮᠠᠭ ᠬᠣᠲᠠ᠎ᠳᠤ 60 《ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ ᠪᠠ ᠡᠯᠳᠡᠪ ᠠᠮᠤ ᠡᠯᠳᠡᠪ ᠪᠤᠷᠴᠠᠭ ᠵᠡᠷᠭᠡ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠷᠣᠨ ᠪᠦᠰᠡ ᠵᠢᠨ ᠴᠢᠨᠠᠷᠲᠠᠢ ᠭᠣᠣᠯᠳᠠᠯᠭ᠎ᠠ᠎ᠲᠠᠢ ᠲᠠᠷᠢᠮᠠᠯ᠎ᠤᠨ 《 ᠭᠠᠵᠠᠷ ᠦᠵᠡᠵᠦ ᠦᠷ᠎ᠡ ᠰᠣᠩᠭᠣᠬᠤ》 ᠲᠠᠪᠴᠠᠩ᠎ᠢ ᠭᠣᠣᠯᠳᠠᠯᠭ᠎ᠠ᠎ᠲᠠᠢ ᠪᠠᠢ᠌ᠭᠤᠯᠵᠤ᠂ ᠮᠠᠨ᠎ᠤ ᠣᠷᠣᠨ᠎ᠤ ᠭᠣᠣᠯ ᠪᠣᠯᠬᠤ ᠠᠮᠤ ᠪᠤᠳᠠᠭ᠋ᠠᠨ᠎ᠤ ᠲᠠᠷᠢᠮᠠᠯ ᠪᠠ ᠣᠨᠴᠠᠯᠢᠭᠲᠤ ᠳᠠᠪᠠᠭᠤᠯᠢᠭ ᠲᠠᠷᠢᠮᠠᠯ᠎ᠢ ᠬᠠᠮᠤᠷᠴᠤ᠂ ᠥᠷᠭᠡᠨ ᠵᠶ᠋ᠡᠷ ᠡᠯᠰᠡᠨ ᠴᠤᠭᠯᠠᠭᠤᠯᠬᠤ ᠪᠠ ᠰᠢᠯᠢᠨ ᠰᠣᠩᠭᠣᠬᠤ᠎ᠪᠠᠷ ᠳᠡᠮᠵᠢᠨ᠂ ᠡᠨᠡ ᠵᠢᠯ 2215 ᠰᠢᠯᠢᠳᠡᠭ ᠡᠭᠦᠯᠳᠡᠷ᠎ᠢ ᠳᠡᠯᠭᠡᠨ ᠦᠵᠡᠭᠦᠯᠬᠦ᠎ᠪᠠᠷ ᠲᠣᠭᠲᠠᠭ᠋ᠠᠵᠤ᠂ ᠲᠠᠪᠴᠠᠩ᠎ᠤᠨ ᠲᠠᠯᠠᠪᠠᠶ ᠵᠢ 6461 ᠮᠦ᠍ ᠨᠠᠢ᠌ᠳᠠᠪᠤᠷᠢᠵᠢᠭᠤᠯᠪᠠ ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠣᠷᠣᠨ ᠦᠷ᠎ᠡ ᠵᠢᠨ ᠦᠢ᠍ᠯᠡᠰ᠎ᠤᠨ ᠬᠦᠭᠵᠢᠯ ᠮᠠᠨᠳᠤᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠱᠠᠯᠠᠪᠳᠠᠨ ᠨᠡᠢ᠌ᠲᠡᠯᠡᠵᠦ᠂ ᠨᠠᠩ ᠶᠡᠬᠡ ᠡᠷᠴᠢᠮ ᠵᠶ᠋ᠡᠷ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃ ᠨᠢᠭᠡ᠎ᠳᠤ ᠡᠭᠦᠯᠳᠡᠷ ᠪᠣᠢ᠌ᠵᠢᠭᠤᠯᠬᠤ ᠵᠢ ᠴᠢᠩᠭ᠋ᠠᠳᠬᠠᠵᠤ᠂ ᠮᠠᠨ᠎ᠤ ᠣᠷᠣᠨ᠎ᠤ ᠬᠠᠷᠢᠴᠠᠩᠭᠤᠢ ᠳᠠᠪᠠᠭᠤᠯᠢᠭ᠎ᠲᠠᠢ ᠰᠢᠷ᠎ᠠ ᠪᠤᠷᠴᠠᠭ᠂ ᠨᠠᠷᠢᠮᠤ᠂ ᠨᠡᠷᠡᠨ ᠬᠤᠸᠠᠷ᠂ ᠠᠯᠠᠰᠢᠨ ᠦᠬᠡᠷ᠂ ᠠᠯᠠᠰᠢᠨ ᠬᠣᠨᠢ ᠵᠡᠷᠭᠡ ᠪᠣᠳᠠᠰ᠎ᠤᠨ ᠲᠥᠷᠥᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠭᠦᠯᠳᠡᠷ ᠪᠣᠢ᠌ᠵᠢᠭᠤᠯᠬᠤ ᠵᠢ ᠬᠠᠮᠲᠤᠷᠠᠨ ᠪᠣᠭᠣᠮᠲᠠ ᠰᠢᠪᠲᠤᠯᠬᠤ ᠵᠢ ᠡᠬᠢᠯᠡᠭᠦᠯᠵᠦ᠂ ᠲᠠᠷᠢᠮᠠᠯ᠎ᠤᠨ ᠵᠦᠢ᠍ᠯ᠎ᠢ ᠭᠣᠣᠯᠳᠠᠯᠭ᠎ᠠ᠎ᠲᠠᠢ᠎ᠪᠠᠷ ᠲᠠᠯᠠᠪᠠᠶ ᠨᠢᠭᠡᠴᠢ ᠵᠢᠨ ᠤᠨᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠲᠠᠯ᠎ᠠ᠎ᠪᠠᠷ ᠰᠢᠪᠲᠤᠯᠤᠯᠲᠠ᠎ᠲᠠᠢ ᠪᠣᠯᠭ᠋ᠠᠬᠤ ᠵᠢᠨ ᠬᠠᠮᠲᠤ ᠤᠰᠤ ᠠᠷᠪᠢᠯᠠᠵᠤ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠬᠤᠵᠢᠷ᠎ᠲᠤ ᠳᠠᠭ᠋ᠠᠭ᠋ᠠᠮᠠᠭ᠋ᠠᠢ ᠵᠡᠷᠭᠡ ᠲᠤᠰᠬᠠᠢ ᠬᠡᠷᠡᠭᠯᠡᠭᠡᠨ᠎ᠤ ᠡᠭᠦᠯᠳᠡᠷ᠎ᠢ ᠪᠣᠢ᠌ᠵᠢᠭᠤᠯᠬᠤ ᠵᠢ ᠬᠠᠮᠲᠤᠳᠤᠨᠢ ᠬᠠᠷᠠᠭ᠋ᠠᠯᠵᠠᠵᠤ᠂ ᠮᠠᠯ᠎ᠤᠨ ᠡᠭᠦᠯᠳᠡᠷ᠎ᠨᠢ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢᠨ ᠬᠢᠷᠢ ᠬᠡᠮᠵᠢᠶ᠎ᠡ ᠪᠠ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠭᠣᠣᠯ ᠰᠢᠪᠲᠤᠯᠤᠯᠲᠠ ᠵᠢᠨ ᠴᠢᠭᠯᠡᠯ ᠵᠶ᠋ᠠᠨ ᠪᠣᠯᠭ᠋ᠠᠨ᠎ᠠ᠃ ᠬᠣᠶᠠᠷ᠎ᠲᠤ ᠦᠷ᠎ᠡ ᠵᠢᠨ ᠦᠢ᠍ᠯᠡᠳᠪᠦᠷᠢᠯᠡᠯ᠎ᠢ ᠴᠢᠩᠭ᠋ᠠᠳᠬᠠᠨ᠎ᠠ ᠂ ᠤᠯᠠᠭ᠋ᠠᠨᠬᠠᠳᠠ ᠬᠣᠲᠠ ᠪᠣᠯᠣᠨ ᠪᠠᠶᠠᠨᠨᠠᠭᠤᠷ ᠬᠣᠲᠠ᠎ᠳᠤ ᠤᠯᠤᠰ᠎ᠤᠨ ᠡᠷᠳᠡᠨᠢ ᠰᠢᠰᠢ ᠳᠠᠷᠢᠵᠤ ᠪᠣᠢ᠌ᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠬᠥᠯᠥᠨ ᠪᠣᠶ᠋ᠢᠷ ᠬᠣᠲᠠ ᠪᠣᠯᠣᠨ ᠬᠢᠩᠭ᠋ᠠᠨ ᠠᠢ᠌ᠮᠠᠭ᠎ᠲᠤ ᠤᠯᠤᠰ᠎ᠤᠨ ᠰᠢᠷ᠎ᠠ ᠪᠤᠷᠴᠠᠭ ᠳᠠᠷᠢᠵᠤ ᠤᠷᠭᠤᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠤᠯᠠᠭ᠋ᠠᠨᠴᠠᠪ ᠬᠣᠲᠠ᠎ᠳᠤ ᠤᠯᠤᠰ᠎ᠤᠨ ᠲᠥᠮᠥᠰᠥ ᠳᠠᠷᠢᠵᠤ ᠤᠷᠭᠤᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠪᠥᠬᠥ ᠣᠷᠣᠨ᠎ᠤ ᠰᠠᠢ᠌ᠨ ᠡᠭᠦᠯᠳᠡᠷ ᠦᠷᠡᠵᠢᠭᠦᠯᠦᠨ ᠪᠤᠢ᠌ᠵᠢᠭᠤᠯᠬᠤ ᠲᠠᠯᠠᠪᠠᠶ ᠵᠢ 100 ᠲᠦᠮᠡᠨ ᠮᠦ᠍᠎ᠠᠴᠠ ᠳᠡᠭᠡᠭᠰᠢ ᠲᠣᠭᠲᠠᠪᠤᠷᠢᠵᠢᠭᠤᠯᠬᠤ ᠵᠢ ᠦᠨᠡᠨᠬᠦ ᠪᠠᠲᠤᠯᠠᠨ᠎ᠠ᠃ ᠭᠤᠷᠪᠠ᠎ᠳᠤ ᠳᠡᠯᠭᠡᠷᠡᠭᠦᠯᠦᠯᠲᠡ ᠵᠢ ᠴᠢᠩᠭ᠋ᠠᠳᠬᠠᠨ᠎ᠠ᠂ 60 《ᠭᠠᠵᠠᠷ ᠦᠵᠡᠵᠦ ᠦᠷ᠎ᠡ ᠰᠣᠩᠭᠣᠬᠤ》 ᠲᠠᠪᠴᠠᠩ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠷᠣᠨ ᠪᠦᠰᠡ ᠵᠢᠨ ᠴᠢᠨᠠᠷᠲᠠᠢ ᠵᠢᠱ᠌ᠢᠶ᠎ᠡ ᠦᠵᠡᠭᠦᠯᠬᠦ ᠴᠡᠭ᠎ᠢ ᠭᠣᠣᠯᠳᠠᠯᠭ᠎ᠠ᠎ᠲᠠᠢ ᠪᠦᠲᠦᠭᠡᠵᠦ ᠂ 60᠎ᠠᠴᠠ ᠳᠡᠭᠡᠭᠰᠢ ᠰᠢᠯᠢᠳᠡᠭ ᠡᠭᠦᠯᠳᠡᠷ᠎ᠢ ᠰᠢᠯᠢᠨ ᠰᠣᠩᠭᠣᠨ᠎ᠠ᠃ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠨᠢᠭᠡ ᠪᠦᠯᠦᠭ ᠨᠢᠭᠲᠠ ᠳᠠᠭ᠋ᠠᠭ᠋ᠠᠮᠠᠭ᠋ᠠᠢ ᠴᠢᠨᠠᠷ ᠰᠠᠢ᠌ᠲᠠᠢ ᠥᠨᠳᠥᠷ ᠤᠨᠠᠯᠲᠠ᠎ᠲᠠᠢ ᠡᠷᠳᠡᠨᠢ ᠰᠢᠰᠢ ᠵᠢᠨ ᠡᠭᠦᠯᠳᠡᠷ᠎ᠢ ᠰᠢᠯᠢᠨ ᠳᠡᠯᠭᠡᠷᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠎ᠤᠨ ᠴᠢᠬᠤᠯᠠ ᠶᠡᠬᠡ ᠡᠭᠦᠯᠳᠡᠷ᠎ᠢ ᠳᠡᠯᠭᠡᠷᠡᠭᠦᠯᠬᠦ᠎ᠳᠤ ᠨᠥᠬᠥᠪᠦᠷᠢ ᠥᠭᠴᠦ ᠱᠠᠩᠨᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠨ᠂ 7000 ᠲᠦᠮᠡᠨ ᠲᠥᠭᠥᠷᠢᠭ ᠣᠷᠣᠭᠤᠯᠵᠤ ᠲᠣᠰᠣ ᠶᠡᠬᠡᠲᠡᠢ ᠥᠨᠳᠥᠷ ᠤᠨᠠᠯᠲᠠ᠎ᠲᠠᠢ ᠰᠢᠷ᠎ᠠ ᠪᠤᠷᠴᠠᠭ᠂ ᠥᠨᠳᠥᠷ ᠤᠨᠠᠯᠲᠠ᠎ᠲᠠᠢ ᠮᠠᠰᠢᠨ ᠵᠶ᠋ᠠᠷ ᠬᠤᠷᠢᠶᠠᠬᠤ᠎ᠳᠤ ᠲᠣᠬᠢᠷᠠᠮᠵᠢᠲᠠᠢ ᠡᠷᠳᠡᠨᠢ ᠰᠢᠰᠢ ᠵᠢᠨ ᠡᠭᠦᠯᠳᠡᠷ᠎ᠢ ᠪᠣᠢ᠌ᠵᠢᠭᠤᠯᠤᠨ ᠳᠡᠯᠭᠡᠷᠡᠭᠦᠯᠬᠦ ᠵᠢ ᠳᠡᠮᠵᠢᠨ᠎ᠡ᠃