ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ 《〈ᠮᠢᠩᠭ᠋ᠠᠨ ᠲᠣᠰᠬᠣᠨ ᠵᠶ᠋ᠠᠷ ᠵᠢᠱ᠌ᠢᠶ᠎ᠡ ᠦᠵᠡᠭᠦᠯᠵᠦ᠂ ᠲᠦᠮᠡᠨ ᠲᠣᠰᠬᠣᠨ᠎ᠢ ᠴᠡᠭᠴᠡᠯᠡᠨ ᠵᠠᠰᠠᠬᠤ〉 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠬᠡᠷᠡᠭᠵᠢᠭᠦᠯᠬᠦ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-04-03

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠎ᠠᠴᠠ 《〈ᠮᠢᠩᠭ᠋ᠠᠨ ᠲᠣᠰᠬᠣᠨ ᠵᠶ᠋ᠠᠷ ᠵᠢᠱ᠌ᠢᠶ᠎ᠡ ᠦᠵᠡᠭᠦᠯᠵᠦ᠂ ᠲᠦᠮᠡᠨ ᠲᠣᠰᠬᠣᠨ᠎ᠢ ᠴᠡᠭᠴᠡᠯᠡᠨ ᠵᠠᠰᠠᠬᠤ〉 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)  ᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ 《ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠠᠰᠠᠭᠤᠯᠲᠠ᠄ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠣᠶ?

      ᠬᠠᠷᠢᠭᠤᠯᠲᠠ᠄ ᠶᠡᠷᠦᠩᠬᠡᠢ ᠱᠦᠵᠢ ᠰᠢ ᠵᠢᠨ ᠫᠢᠩ 《  ᠲᠠᠷᠢᠶᠠᠯᠠᠩ ᠲᠠᠷᠢᠶᠠᠯᠠᠬᠤ ᠣᠷᠣᠨ  ᠲᠠᠷᠢᠶᠠᠴᠢᠨ 》᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠨᠢᠳᠤᠨᠤᠨ᠎ᠤ ᠵᠢᠯ᠎ᠤᠨ ᠰᠡᠭᠦᠯᠴᠢ᠎ᠪᠠᠷ ᠬᠤᠷᠠᠯᠳᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ ᠂ 《  ᠲᠠᠷᠢᠶᠠᠯᠠᠩ ᠲᠠᠷᠢᠶᠠᠯᠠᠬᠤ ᠣᠷᠣᠨ  ᠲᠠᠷᠢᠶᠠᠴᠢᠨ 》᠎ᠤ ᠠᠵᠢᠯ᠎ᠢ ᠴᠥᠬᠥᠷᠡᠰᠢ ᠦᠭᠡᠢ ᠰᠠᠢ᠌ᠲᠤᠷ ᠠᠳᠬᠤᠵᠤ ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠳᠡᠭᠡᠷ᠎ᠡ ᠴᠢᠬᠤᠯᠠ ᠵᠢᠭ᠋ᠠᠪᠤᠷᠢ ᠥᠭᠴᠦ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ  ᠲᠠᠷᠢᠶᠠᠯᠠᠩ᠎ᠤᠨ ᠰᠠᠭᠤᠷᠢ ᠵᠢ ᠴᠥᠬᠥᠷᠡᠰᠢ ᠦᠭᠡᠢ ᠪᠠᠲᠤᠳᠬᠠᠵᠤ ᠂ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ ᠨᠢᠳᠤᠨᠤᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠳᠤ ᠪᠡᠶ᠎ᠡ᠎ᠪᠠᠷ ᠵᠶ᠋ᠡᠨ  ᠢᠷᠡᠵᠦ  ᠂ ᠲᠠᠷᠢᠶᠠᠯᠠᠩ ᠮᠠᠯ ᠠᠵᠤ ᠠᠬᠤᠢ ᠵᠢᠨ  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠥᠭᠴᠡᠢ ᠃ ᠪᠦᠬᠦ ᠣᠷᠣᠨ ᠵᠶ᠋ᠠᠷ ᠵᠶ᠋ᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ ᠂ ᠬᠦᠴᠦᠨ ᠵᠶ᠋ᠡᠨ ᠲᠥᠪᠯᠡᠷᠡᠭᠦᠯᠦᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ ᠰᠢᠨ᠎ᠡ ᠵᠠᠮ᠎ᠢ ᠨᠡᠭᠡᠭᠡᠬᠦ ᠂ ᠳᠤᠮᠳᠠ ᠤᠷᠤᠰᠬᠠᠯ᠎ᠳᠤ ᠣᠷᠣᠬᠤ ᠬᠠᠷᠠᠯᠲᠠ ᠵᠢ ᠪᠡᠶᠡᠯᠡᠭᠦᠯᠵᠦ ᠂ 《ᠮᠠᠯ ᠠᠵᠤ ᠠᠬᠤᠢ  ᠲᠠᠷᠢᠶᠠᠯᠠᠩ  ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ 》᠎ᠤ  ᠠᠵᠢᠯ ᠰᠢᠨ᠎ᠡ ᠠᠬᠢᠴᠠ᠎ᠲᠠᠢ ᠰᠢᠨ᠎ᠡ ᠦᠷ᠎ᠡ ᠪᠦᠲᠦᠮᠵᠢ ᠣᠯᠪᠠ ᠃ 2023 ᠣᠨ᠎ᠳᠤ᠂ ᠪᠥᠬᠥ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ 《20 ᠵᠢᠯ ᠳᠠᠷᠠᠭ᠋ᠠᠯᠠᠨ ᠡᠯᠪᠡᠭ ᠬᠤᠷᠢᠶᠠᠯᠲᠠ》 ᠵᠢ ᠪᠡᠶᠡᠯᠡᠭᠦᠯᠵᠦ᠂ ᠠᠮᠤ ᠪᠤᠳᠠᠭ᠋ᠠᠨ᠎ᠤ ᠤᠨᠠᠯᠲᠠ 791.6 ᠳ᠋ᠦᠩᠰᠢᠭᠤᠷ ᠵᠢᠩ᠎ᠳᠤ ᠬᠦᠷᠴᠦ᠂ ᠵᠢᠷᠭᠤᠭ᠋ᠠᠨ ᠵᠢᠯ ᠳᠠᠷᠠᠭ᠋ᠠᠯᠠᠨ 700 ᠳ᠋ᠦᠩᠰᠢᠭᠤᠷ ᠵᠢᠩ᠎ᠠᠴᠠ ᠳᠡᠭᠡᠭᠰᠢ ᠪᠠᠢ᠌ᠬᠤ ᠵᠢ ᠪᠠᠲᠤᠯᠠᠵᠤ᠂ ᠠᠮᠤ ᠪᠤᠳᠠᠭ᠋ᠠᠨ᠎ᠤ ᠲᠠᠷᠢᠮᠠᠯ᠎ᠤᠨ ᠳᠤᠮᠳᠠᠴᠢ ᠲᠠᠯᠠᠪᠠᠶ ᠨᠢᠭᠡᠴᠢ ᠵᠢᠨ ᠤᠨᠠᠯᠲᠠ ᠮᠦ᠍᠎ᠳᠤ

755.5 ᠵᠢᠩ ᠬᠦᠷᠴᠦ᠂ 1.0% ᠨᠡᠮᠡᠭᠳᠡᠪᠡ; ᠮᠠᠯ ᠠᠵᠤ ᠠᠬᠤᠢ ᠵᠢᠨ ᠦᠢ᠍ᠯᠡᠳᠪᠦᠷᠢᠯᠡᠯ 《  ᠠᠷᠪᠠ ᠶᠢᠰᠦᠨ ᠵᠢᠯ ᠳᠠᠷᠠᠭ᠋ᠠᠯᠠᠨ ᠲᠣᠭᠲᠠᠭᠤᠨ 》  ᠪᠠᠢ᠌ᠬᠤ ᠵᠢ ᠪᠡᠶᠡᠯᠡᠭᠦᠯᠵᠦ ᠂ ᠪᠦᠬᠦ ᠣᠷᠣᠨ᠎ᠤ ᠭᠣᠣᠯ ᠪᠣᠯᠬᠤ ᠮᠢᠬᠠᠨ᠎ᠤ ᠲᠦᠷᠦᠯ᠎ᠤᠨ ᠭᠠᠷᠤᠯᠲᠠ 285.4 ᠲᠦᠮᠡᠨ ᠲᠣᠨ᠎ᠳᠤ ᠬᠦᠷᠴᠦ ᠂ ᠦᠨᠢᠶᠡᠨ  ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠪᠡ ; ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠵᠢᠨ  ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 21221 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.0% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠣᠷᠣᠨ᠎ᠤ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠪᠠ GDP  ᠵᠢᠨ ᠨᠡᠮᠡᠭᠳᠡᠯ᠎ᠤᠨ ᠬᠤᠷᠳᠤᠴᠠ᠎ᠠᠴᠠ ᠥᠨᠳᠥᠷ ᠪᠣᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠪᠠ; ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠲᠣᠭᠲᠠᠭᠤᠨ ᠠᠮᠤᠷ ᠲᠣᠭᠲᠠᠭᠤᠨ᠎ᠢ ᠪᠠᠲᠤᠯᠠᠪᠠ᠃

      ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠮᠥᠨ ᠂ 《  ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ ᠂ 《  ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ 》᠎ᠤ ᠠᠵᠢᠯ᠎ᠢ ᠰᠠᠢ᠌ᠲᠤᠷ ᠬᠢᠬᠦ᠎ᠨᠢ ᠣᠨᠴᠠᠭ᠋ᠠᠶ ᠴᠢᠬᠤᠯᠠ ᠠᠴᠢ ᠬᠣᠯᠪᠣᠭᠳᠠᠯ᠎ᠲᠠᠢ ᠶᠤᠮ ᠃ 2 ᠰᠠᠷ᠎ᠠ ᠵᠢᠨ 3᠎ᠤ ᠡᠳᠦᠷ᠂ 《〈ᠮᠢᠩᠭ᠋ᠠᠨ ᠲᠣᠰᠬᠣᠨ ᠵᠶ᠋ᠠᠷ ᠵᠢᠱ᠌ᠢᠶ᠎ᠡ ᠦᠵᠡᠭᠦᠯᠵᠦ᠂ ᠲᠦᠮᠡᠨ ᠲᠣᠰᠬᠣᠨ᠎ᠢ ᠴᠡᠭᠴᠡᠯᠡᠨ ᠵᠠᠰᠠᠬᠤ〉 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠵᠢᠩᠬᠢᠨᠢ᠎ᠪᠠᠷ ᠨᠡᠢ᠌ᠲᠡᠯᠡᠪᠡ᠂ ᠡᠨᠡ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ  ᠨᠠᠭ᠋ᠠᠰᠢᠬᠢ 〈ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ〉᠎ᠤ ᠠᠵᠢᠯ᠎ᠢ ᠵᠢᠯᠣᠭᠣᠳᠤᠭᠰᠠᠨ 12 ᠳ᠋ᠤᠭ᠋ᠠᠷ ᠲᠥᠪ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠣᠯᠣᠨ᠎ᠠ᠂ ᠡᠨᠡ᠎ᠨᠢ ᠨᠠᠮ᠎ᠤᠨ ᠲᠥᠪ ᠬᠣᠷᠢᠶᠠᠨ᠎ᠤ 〈ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ 〉᠎ᠤ ᠠᠵᠢᠯ᠎ᠢ ᠴᠢᠩᠭ᠋ᠠᠳᠬᠠᠬᠤ ᠢᠯᠡ ᠲᠣᠳᠣ ᠣᠪᠣᠷ᠎ᠢ ᠳᠠᠬᠢᠨᠲᠠ ᠬᠠᠷᠠᠭᠤᠯᠵᠤ᠂ ᠲᠠᠷᠢᠶᠠᠯᠠᠩ᠎ᠢ ᠴᠢᠬᠤᠯᠠᠴᠢᠯᠠᠨ ᠲᠠᠷᠢᠶᠠᠯᠠᠩ᠎ᠢ ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠵᠢ ᠲᠠᠯᠪᠢᠭᠰᠠᠨ  ᠪᠠᠢ᠌ᠨ᠎ᠠ᠃

      ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠪᠣᠯᠣᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠪᠡ᠃ 《ᠬᠡᠷᠡᠭᠵᠢᠭᠦᠯᠬᠦ ᠰᠠᠨᠠᠯ》᠎ᠨᠢ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠴᠢᠨᠠᠷ ᠰᠠᠢ᠌ᠲᠠᠢ ᠪᠦᠲᠦᠭᠡᠨ ᠪᠠᠶ᠋ᠢᠭᠤᠯᠬᠤ ᠬᠠᠷᠠᠯᠲᠠ ᠵᠢᠨ ᠲᠣᠭᠣᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ᠎ᠪᠠᠷ ᠵᠢᠯᠣᠭᠣᠳᠤᠮᠵᠢ ᠪᠣᠯᠭ᠋ᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠬᠡᠪᠴᠢᠶᠡᠵᠢᠯ ᠦ᠋᠊ᠨ  ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠢ᠌ᠬᠤ ᠵᠢ ᠪᠠᠲᠤᠯᠠᠬᠤ᠎ᠪᠠᠷ ᠰᠠᠭᠤᠷᠢ ᠱᠤᠭᠤᠮ ᠪᠣᠯᠭ᠋ᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠂ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠂ ᠥᠭᠡᠷᠡᠴᠢᠯᠡᠯᠲᠡ ᠵᠢᠨ ᠬᠣᠶᠠᠷ ᠬᠦᠷᠳᠦ᠎ᠪᠠᠷ ᠬᠥᠳᠡᠯᠭᠡᠭᠦᠷ ᠪᠣᠯᠭ᠋ᠠᠬᠤ ᠪᠠ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠡᠭᠦᠷᠭᠡ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ 《  ᠮᠠᠯ ᠠᠵᠤ ᠠᠬᠤᠢ ᠲᠠᠷᠢᠶᠠᠯᠠᠩ  ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠢᠮᠠᠭᠲᠠ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠵᠢᠨ ᠪᠠᠢ᠌ᠷᠢᠨ᠎ᠳᠤ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠬᠤ ᠡᠷᠡᠰ ᠵᠣᠷᠢᠭ᠎ᠢ ᠭᠦᠢ᠍ᠴᠡᠳ ᠢᠯᠡᠷᠡᠭᠦᠯᠪᠡ᠃

      ᠠᠰᠠᠭᠤᠯᠲᠠ᠄ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ᠎ᠨᠢ ᠶᠠᠭᠤ ᠪᠣᠶ?

      ᠬᠠᠷᠢᠭᠤᠯᠲᠠ᠄ 《ᠬᠡᠷᠡᠭᠵᠢᠭᠦᠯᠬᠦ ᠰᠠᠨᠠᠯ》᠎ᠨᠢ ᠨᠡᠶ᠋ᠢᠲᠡ 7 ᠬᠡᠰᠡᠭ 30  ᠵᠣᠷᠪᠣᠰ  ᠪᠠᠢ᠌ᠵᠤ᠂ ᠭᠣᠣᠯ ᠠᠭᠤᠯᠭ᠎ᠠ ᠵᠢ 《ᠬᠣᠶᠠᠷ᠎ᠢ ᠯᠠᠪᠲᠠᠢ ᠪᠠᠲᠤᠯᠠᠬᠤ᠂ ᠭᠤᠷᠪᠠ ᠵᠢ ᠳᠡᠭᠡᠭᠰᠢᠯᠡᠭᠦᠯᠬᠦ᠂ ᠬᠣᠶᠠᠷ᠎ᠢ ᠴᠢᠩᠭ᠋ᠠᠷᠠᠭᠤᠯᠬᠤ》 ᠭᠡᠵᠦ ᠬᠤᠷᠢᠶᠠᠩᠭᠤᠢ᠌ᠯᠠᠵᠤ ᠪᠣᠯᠣᠨ᠎ᠠ᠃

      《ᠬᠣᠶᠠᠷ᠎ᠢ ᠯᠠᠪᠲᠠᠢ ᠪᠠᠲᠤᠯᠠᠬᠤ》 ᠭᠡᠳᠡᠭ᠎ᠨᠢ ᠳᠠᠷᠤᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠯ  ᠳᠠᠬᠢᠨ  ᠡᠬᠦᠰᠬᠦ  ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠶᠠᠪᠤᠳᠠᠯ ᠪᠣᠯᠣᠨ᠎ᠠ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠭᠣᠣᠯᠳᠠᠯᠭ᠎ᠠ᠎ᠨᠢ ᠲᠠᠯᠠᠪᠠᠢ ᠵᠢ ᠲᠣᠭᠲᠠᠪᠤᠷᠢᠵᠢᠭᠤᠯᠬᠤ ᠂ ᠲᠠᠯᠠᠪᠠᠢ ᠨᠢᠭᠡᠴᠢ ᠵᠢᠨ ᠤᠨᠠᠯᠲᠠ ᠵᠢ ᠨᠡᠮᠡᠭᠳᠡᠭᠦᠯᠬᠦ ᠬᠣᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠵᠤ ᠂ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠬᠤ  ᠪᠣᠯᠤᠨ᠎ᠠ; ᠬᠡᠪᠴᠢᠶᠡᠵᠢᠯ᠎ᠤᠨ  ᠴᠢᠨᠠᠷᠲᠠᠢ ᠶᠠᠳᠠᠭᠤᠷᠠᠯ  ᠳᠠᠬᠢᠨ  ᠡᠬᠦᠰᠬᠦ  ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠵᠢᠨ ᠭᠣᠣᠯᠳᠠᠯᠭ᠎ᠠ᠎ᠨᠢ ᠶᠠᠳᠠᠭᠤᠷᠠᠯ  ᠳᠠᠬᠢᠨ  ᠡᠬᠦᠰᠬᠦ ᠵᠢ ᠰᠡᠷᠭᠡᠢ᠌ᠯᠡᠨ ᠬᠣᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠵᠤ ᠂ ᠠᠵᠤ ᠦᠢ᠍ᠯᠡᠰ ᠪᠠ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠵᠢ ᠴᠢᠩᠭ᠋ᠠᠳᠬᠠᠵᠤ ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠦᠴᠦᠯᠡᠨ ᠴᠢᠩᠭ᠋ᠠᠳᠬᠠᠬᠤ ᠶᠠᠪᠤᠳᠠᠯ ᠪᠣᠯᠣᠨ᠎ᠠ ᠃

      《ᠭᠤᠷᠪᠠ ᠵᠢ ᠳᠡᠭᠡᠭᠰᠢᠯᠡᠭᠦᠯᠬᠦ》 ᠭᠡᠳᠡᠭ᠎ᠨᠢ ᠳᠠᠷᠤᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂  ᠲᠦᠭᠦᠭᠡᠷᠦᠮᠵᠢᠲᠦ  ᠲᠠᠷᠢᠶᠠᠯᠠᠩ ᠮᠠᠯ ᠠᠵᠤ ᠠᠬᠤᠢ᠂ ᠨᠠᠷᠢᠯᠢᠭ ᠭᠦᠨᠵᠡᠭᠡᠢ  ᠪᠣᠯᠪᠠᠰᠤᠷᠠᠭᠤᠯᠬᠤ ᠂ ᠬᠠᠰᠢᠶᠠᠯᠠᠨ ᠲᠡᠵᠢᠭᠡᠬᠦ᠂ ᠣᠨᠴᠠᠯᠢᠭᠲᠤ ᠨᠠᠷᠠᠲᠤ ᠲᠡᠮᠳᠡᠭᠲᠦ ᠵᠡᠷᠭᠡ ᠵᠢ ᠶᠡᠬᠡᠪᠡᠷ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ᠎ᠪᠠᠷ ᠤᠳᠤᠷᠢᠳᠤᠮᠵᠢ ᠪᠣᠯᠭ᠋ᠠᠭᠰᠠᠨ᠂ 7 ᠵᠤᠷᠪᠤᠰ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠣᠯᠠᠨ  ᠪᠣᠯᠪᠠᠰᠤᠷᠠᠭᠤᠯᠤᠨ  ᠬᠥᠭᠵᠢᠭᠦᠯᠦᠭᠰᠡᠨ 《1+7+N》 ᠲᠣᠮᠣ ᠲᠠᠷᠢᠶᠠᠯᠠᠩ᠎ᠤᠨ ᠰᠢᠰᠲ᠋ᠧᠮᠵᠢ ᠵᠢ ᠪᠠᠢ᠌ᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠭᠰᠡᠨ᠂ ᠠᠵᠤ  ᠦᠢ᠍ᠯᠡᠰᠵᠢᠭᠰᠡᠨ ᠂ ᠨᠠᠷᠠᠲᠤ ᠲᠡᠮᠳᠡᠭᠵᠢᠭᠰᠡᠨ ᠬᠥᠭᠵᠢᠯᠲᠡ ᠵᠢ  ᠠᠬᠢᠭᠤᠯᠤᠨ᠎ᠠ ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠢ ᠣᠲᠣ ᠦᠶ᠎ᠡ ᠵᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ᠎ᠳᠡᠭᠡᠨ ᠪᠦᠷᠢᠯᠳᠦᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ  ᠲᠦᠭᠦᠭᠡᠷᠦᠮᠵᠢ ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠠᠰᠤᠷᠠᠯᠲᠠ ᠦᠭᠡᠢ ᠰᠠᠢ᠌ᠵᠢᠷᠠᠭᠤᠯᠤᠨ᠎ᠠ᠃ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠲᠣᠭᠲᠠᠭᠤᠨ ᠠᠮᠤᠷ ᠲᠣᠭᠲᠠᠭᠤᠨ᠎ᠢ ᠦᠨᠡᠨᠬᠦ  ᠪᠠᠲᠤᠯᠠᠨ᠎ᠠ᠃

      《ᠬᠣᠶᠠᠷ᠎ᠢ ᠴᠢᠩᠭ᠋ᠠᠳᠬᠠᠬᠤ》  ᠭᠡᠳᠡᠭ᠎ᠨᠢ ᠳᠠᠷᠤᠢ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ ᠪᠣᠯᠣᠨ ᠥᠭᠡᠷᠡᠴᠢᠯᠡᠯᠲᠡ ᠵᠢᠨ ᠬᠣᠶᠠᠷ ᠬᠦᠷᠳᠦ᠎ᠪᠠᠷ ᠬᠥᠳᠡᠯᠭᠡᠭᠦᠷ ᠪᠣᠯᠭ᠋ᠠᠬᠤ ᠵᠢ ᠴᠢᠩᠭ᠋ᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ ᠪᠣᠯᠣᠨ ᠥᠭᠡᠷᠡᠴᠢᠯᠡᠯᠲᠡ ᠵᠢᠨ ᠬᠣᠶᠠᠷ ᠬᠦᠷᠳᠦ᠎ᠪᠠᠷ ᠬᠥᠳᠡᠯᠭᠡᠭᠦᠷ ᠪᠣᠯᠭ᠋ᠠᠬᠤ ᠵᠢ ᠴᠢᠩᠭ᠋ᠠᠳᠬᠠᠵᠤ ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠪᠠ ᠳᠦᠷᠢᠮ᠎ᠤᠨ ᠰᠢᠨ᠎ᠡ ᠵᠢ ᠡᠭᠦᠳᠬᠦ ᠵᠢ ᠬᠠᠮᠵᠢᠯᠴᠠᠨ ᠠᠬᠢᠭᠤᠯᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠥᠳᠡᠯᠭᠡᠬᠦ ᠬᠦᠴᠦᠨ ᠂ ᠠᠮᠢᠵᠢᠷᠠᠯ᠎ᠤᠨ ᠬᠦᠴᠦᠨ ᠨᠡᠮᠡᠷᠢᠯᠡᠨ᠎ᠡ ᠃ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠬᠤ ᠵᠢᠨ ᠭᠣᠣᠯᠳᠠᠯᠭ᠎ᠠ᠎ᠨᠢ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠶᠡᠬᠡᠪᠡᠷ ᠬᠥᠭᠵᠢᠭᠦᠯᠦᠨ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠦᠷᠭᠦᠯᠵᠢᠯᠡᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠵᠢ ᠳᠡᠮᠵᠢᠵᠦ᠂ ᠠᠮᠢᠳᠤᠷᠠᠯ ᠡᠳᠦᠷ᠎ᠠᠴᠠ ᠡᠳᠦᠷ ᠥᠭᠡᠳᠡᠯᠡᠨ ᠰᠠᠢ᠌ᠵᠢᠷᠠᠨ᠎ᠠ᠃

      ᠠᠰᠠᠭᠤᠯᠲᠠ᠄ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠬᠤ ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠤᠢ ?

      ᠬᠠᠷᠢᠭᠤᠯᠲᠠ᠄ ᠠᠮᠤ ᠪᠤᠳᠠᠭ᠋ᠠᠨ᠎ᠤ ᠠᠮᠤᠷ ᠲᠦᠪᠰᠢᠨ ᠪᠣᠯ 《  ᠤᠯᠤᠰ᠎ᠤᠨ ᠲᠤᠮᠤ ᠶᠠᠪᠤᠳᠠᠯ 》 ᠮᠥᠨ ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠲᠦᠷᠭᠡᠳᠬᠡᠨ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠣᠰᠢᠭᠤᠴᠢ ᠪᠣᠯᠵᠤ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢ ᠰᠠᠢ᠌ᠲᠤᠷ ᠠᠳᠬᠤᠬᠤ᠎ᠪᠠᠷ ᠭᠣᠣᠯᠳᠠᠯᠭ᠎ᠠ ᠪᠣᠯᠭ᠋ᠠᠵᠤ᠂ ᠲᠠᠯᠠᠪᠠᠶ ᠵᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠵᠢᠨ ᠤᠨᠠᠯᠲᠠ ᠵᠢ ᠨᠡᠮᠡᠭᠳᠡᠭᠦᠯᠬᠦ ᠭᠣᠣᠯ ᠰᠢᠪᠲᠤᠯᠤᠯᠲᠠ ᠵᠢᠨ ᠴᠢᠭᠯᠡᠯ᠎ᠢ ᠲᠣᠳᠣᠷᠬᠠᠢ ᠲᠣᠭᠲᠠᠭ᠋ᠠᠪᠠ᠃

      ᠨᠢᠭᠡ᠎ᠳᠤ ᠳᠠᠷᠢᠬᠤ ᠲᠠᠯᠠᠪᠠᠶ ᠵᠢ  ᠲᠣᠭᠲᠠᠪᠤᠷᠢᠵᠢᠭᠤᠯᠤᠨ᠎ᠠ ᠃ ᠤᠯᠤᠰ᠎ᠤᠨ ᠨᠥᠬᠥᠪᠦᠷᠢ᠂ ᠦᠨ᠎ᠡ ᠬᠠᠩᠰᠢ᠂ ᠳᠠᠭ᠋ᠠᠳᠬᠠᠯ ᠵᠡᠷᠭᠡ ᠵᠢᠨ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂  ᠲᠠᠷᠢᠶᠠᠴᠢᠨ᠎ᠤ  ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠮᠤ ᠪᠤᠳᠠᠭ᠎ᠠ᠂ ᠰᠢᠷ᠎ᠠ ᠪᠤᠷᠴᠠᠭ ᠳᠠᠷᠢᠬᠤ ᠲᠠᠯᠠᠪᠠᠶ ᠵᠢ ᠲᠣᠰ ᠲᠣᠰ 1 ᠳ᠋ᠦᠩᠰᠢᠭᠤᠷ ᠮᠦ᠍᠂ 1800 ᠲᠦᠮᠡᠨ ᠮᠦ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠬᠤ ᠵᠢ ᠦᠨᠡᠨᠬᠦ  ᠪᠠᠲᠤᠯᠠᠨ᠎ᠠ ᠃

      ᠬᠣᠶᠠᠷ᠎ᠲᠤ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ᠎ᠪᠠᠷ  ᠭᠣᠣᠯᠯᠠᠭᠤᠯᠤᠨ᠎ᠠ᠃ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢᠨ ᠭᠣᠣᠯᠳᠠᠯᠭ᠎ᠠ ᠵᠢ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠲᠠᠯᠠᠪᠠᠢ᠎ᠪᠠᠷ ᠳᠡᠭᠡᠭᠰᠢᠯᠡᠭᠦᠯᠬᠦ ᠳᠡᠭᠡᠷ᠎ᠡ ᠲᠠᠯᠪᠢᠵᠤ ᠂ ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠲᠠᠯᠠᠪᠠᠢ᠎ᠪᠠᠷ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ ᠂ ᠰᠠᠢ᠌ᠨ  ᠲᠠᠷᠢᠶ᠎ᠠ  ᠰᠠᠢ᠌ᠨ ᠡᠭᠦᠯᠳᠡᠷ ᠰᠠᠢ᠌ᠨ ᠲᠣᠬᠢᠶᠠᠯ ᠰᠠᠢ᠌ᠨ ᠬᠠᠤᠯᠢ ᠰᠠᠢ᠌ᠨ ᠳᠦᠷᠢᠮ᠎ᠢ ᠲᠥᠪᠯᠡᠷᠡᠭᠦᠯᠦᠨ ᠳᠡᠯᠭᠡᠷᠡᠭᠦᠯᠵᠦ ᠂ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠦᠬᠦᠯᠢ ᠴᠣᠭᠴᠠ᠎ᠪᠠᠷ᠎ᠨᠢ 600 ᠲᠦᠮᠡᠨ  ᠮᠦ᠍ ᠪᠠᠢ᠌ᠭᠤᠯᠤᠨ᠎ᠠ᠃ ᠦᠷ᠎ᠡ ᠪᠠ ᠲᠠᠷᠢᠶᠠᠨ ᠭᠠᠵᠠᠷ᠎ᠤᠨ ᠬᠣᠶᠠᠷ ᠵᠠᠩᠭᠢᠯᠠᠭ᠎ᠠ ᠵᠢ ᠴᠢᠩᠭ᠎ᠠ ᠠᠳᠬᠤᠵᠤ ᠂ ᠦᠷ᠎ᠡ ᠵᠢᠨ ᠲᠠᠯ᠎ᠠ᠎ᠪᠠᠷ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠢ ᠲᠦᠯᠬᠢᠨ ᠠᠬᠢᠭᠤᠯᠵᠤ ᠂ ᠦᠷ᠎ᠡ ᠪᠣᠢ᠌ᠵᠢᠭᠤᠯᠬᠤ ᠠᠵᠢᠯ᠎ᠢ ᠬᠠᠮᠲᠤᠷᠠᠨ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ  ᠬᠡᠷᠡᠭᠵᠢᠭᠦᠯᠦᠨ᠎ᠡ ᠃ ᠲᠠᠷᠢᠶᠠᠨ ᠭᠠᠵᠠᠷ᠎ᠤᠨ ᠲᠠᠯ᠎ᠠ᠎ᠪᠠᠷ᠂ ᠲᠠᠷᠢᠶᠠᠯᠠᠩ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠬᠦᠴᠦ ᠰᠢᠮ᠎ᠡ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠂ 850 ᠲᠦᠮᠡᠨ ᠮᠦ᠍ ᠣᠷᠴᠢᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠎ᠪᠠᠷ  ᠴᠢᠷᠮᠠᠢ᠌ᠨ᠎ᠠ ᠃

      ᠭᠤᠷᠪᠠ᠎ᠳᠤ ᠢᠳᠡᠭᠡᠨ᠎ᠤ ᠵᠦᠢ᠍ᠯ᠎ᠤᠨ ᠢᠷᠡᠯᠲᠡ ᠵᠢ  ᠦᠷᠭᠡᠳᠭᠡᠨ᠎ᠡ ᠃ ᠲᠣᠮᠣ ᠲᠠᠷᠢᠶᠠᠯᠠᠩ᠎ᠤᠨ ᠦᠵᠡᠯᠲᠡ ᠂ ᠲᠣᠮᠣ ᠢᠳᠡᠭᠡᠨ᠎ᠤ ᠵᠦᠢ᠍ᠯ᠎ᠤᠨ ᠦᠵᠡᠯᠲᠡ ᠵᠢ ᠪᠤᠢ ᠪᠣᠯᠭ᠋ᠠᠵᠤ ᠂ ᠤᠯᠠᠨ ᠡᠰᠢᠴᠢᠯᠡᠭᠰᠡᠨ ᠢᠳᠡᠭᠡᠨ᠎ᠤ ᠵᠦᠢ᠍ᠯ᠎ᠤᠨ ᠬᠠᠩᠭ᠋ᠠᠯᠭ᠎ᠠ ᠵᠢᠨ ᠰᠢᠰᠲ᠋ᠧᠮ᠎ᠢ ᠪᠠᠢ᠌ᠭᠤᠯᠤᠨ᠎ᠠ ᠃ ᠮᠢᠬᠠᠨ᠎ᠤ ᠲᠥᠷᠥᠯ᠂  ᠰᠦ ᠵᠢᠨ ᠲᠥᠷᠥᠯ᠎ᠤᠨ ᠢᠳᠡᠭᠡᠨ᠎ᠤ ᠬᠠᠩᠭ᠋ᠠᠯᠭ᠎ᠠ ᠵᠢ ᠲᠣᠭᠲᠠᠪᠤᠷᠢᠵᠢᠭᠤᠯᠵᠤ᠂ 《ᠢᠳᠡᠰᠢᠨ ᠨᠣᠭᠣᠭ᠎ᠠ》᠂ 《ᠵᠢᠮᠢᠰ᠎ᠤᠨ ᠰᠠᠭᠰᠤ》᠂ 《  ᠮᠦᠭᠦ ᠵᠢᠨ  ᠰᠠᠭᠰᠤ》᠂ 《  ᠴᠡᠴᠡᠭ᠎ᠤᠨ  ᠰᠠᠭᠰᠤ》᠂ 《ᠡᠮ᠎ᠤᠨ ᠰᠠᠭᠰᠤ》 ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠵᠤ᠂ ᠠᠮᠢ ᠠᠬᠤᠢ ᠵᠢᠨ ᠡᠷᠡᠭᠦᠯ ᠵᠶ᠋ᠡᠷ ᠲᠡᠵᠢᠭᠡᠨ ᠦᠷᠡᠵᠢᠭᠦᠯᠬᠦ᠎ᠪᠠᠷ ᠭᠣᠣᠯ ᠪᠣᠯᠭ᠋ᠠᠭᠰᠠᠨ ᠣᠲᠣ ᠦᠶ᠎ᠡ ᠵᠢᠨ  ᠲᠦᠭᠦᠭᠡᠷᠦᠮᠵᠢᠲᠦ  ᠵᠢᠭ᠋ᠠᠰᠤᠨ᠎ᠤ  ᠠᠵᠤ  ᠦᠢ᠍ᠯᠡᠰ᠎ᠢ  ᠠᠬᠢᠭᠤᠯᠤᠨ᠂ ᠣᠨᠴᠠᠯᠢᠭᠲᠤ ᠣᠶ ᠵᠢᠮᠢᠰ᠂ ᠣᠶ ᠰᠢᠭᠤᠢ ᠵᠢᠨ ᠢᠳᠡᠭᠡᠨ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠠᠷᠠᠳ᠎ᠤᠨ ᠬᠣᠭᠣᠯᠠᠨ ᠰᠢᠷᠡᠭᠡ ᠵᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃

      ᠳᠥᠷᠪᠡ᠎ᠳᠤ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ ᠃ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠲᠦᠷᠭᠡᠳᠬᠡᠨ᠂ ᠤᠯᠤᠰ᠎ᠤᠨ ᠲᠠᠷᠢᠶᠠᠯᠠᠩ᠎ᠤᠨ ᠳᠡᠭᠡᠳᠦ ᠵᠡᠷᠭᠡ ᠵᠢᠨ ᠣᠷᠣᠨ᠂  ᠰᠦ  ᠰᠠᠭ᠋ᠠᠯᠢ ᠵᠢᠨ ᠰᠢᠨ᠎ᠡ ᠵᠢ ᠡᠭᠦᠳᠬᠦ ᠲᠥᠪ᠂ ᠡᠪᠡᠰᠦ ᠪᠡᠯᠴᠢᠭᠡᠷ᠎ᠤᠨ ᠰᠢᠨ᠎ᠡ ᠵᠢ ᠡᠭᠦᠳᠬᠦ ᠲᠥᠪ᠂ ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠰᠢᠨ᠎ᠡ ᠵᠢ ᠡᠭᠦᠳᠬᠦ ᠲᠥᠪ᠎ᠢ ᠴᠢᠨᠠᠷ ᠰᠠᠢ᠌ᠲᠠᠢ ᠪᠦᠲᠦᠭᠡᠨ ᠪᠠᠢ᠌ᠭᠤᠯᠵᠤ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠪᠠᠭ᠎ᠠ ᠬᠦᠷᠢᠶᠡᠯᠡᠩ᠎ᠢ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠳᠡᠮᠵᠢᠨ᠎ᠡ᠃ 《  ᠮᠸᠩ ᠺᠸ ᠵᠢᠦᠢ》 ᠵᠢᠨ  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠳᠤ ᠲᠦᠰᠢᠭᠯᠡᠨ᠂ ᠰᠦᠯᠵᠢᠶᠡᠨ ᠳᠡᠭᠡᠷᠡᠬᠢ 《ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ 110》 ᠵᠢᠨ ᠦᠢ᠍ᠯᠡᠴᠢᠯᠡᠭᠡᠨ᠎ᠤ ᠡᠩᠨᠡᠭᠡ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ ᠵᠶ᠋ᠡᠷ ᠲᠠᠷᠢᠶᠠᠯᠠᠩ᠎ᠢ ᠲᠤᠰᠠᠯᠠᠬᠤ 《ᠡᠴᠦᠰ᠎ᠤᠨ ᠨᠢᠭᠡ ᠺᠢᠯᠣᠮᠧᠲᠷ》᠎ᠤᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠨ᠎ᠡ᠃

      ᠲᠠᠪᠤ᠎ᠳᠤ ᠠᠮᠤ ᠪᠤᠳᠠᠭ᠎ᠠ ᠵᠢ ᠠᠷᠪᠢᠯᠠᠵᠤ ᠬᠣᠬᠢᠷᠠᠯ᠎ᠢ ᠪᠠᠭ᠋ᠠᠰᠬᠠᠬᠤ ᠵᠢ ᠴᠢᠩᠭ᠋ᠠᠳᠬᠠᠨ᠎ᠠ ᠃ ᠪᠢᠴᠢᠭ ᠮᠠᠲ᠋ᠧᠷᠢᠶᠠᠯ᠎ᠳᠤ᠂ 《ᠦᠢ᠍ᠯᠡᠳᠪᠦᠷᠢᠯᠡᠬᠦ ᠲᠡᠭᠡᠭᠡᠪᠦᠷᠢᠯᠡᠬᠦ ᠬᠠᠳᠠᠭ᠋ᠠᠯᠠᠬᠤ  ᠪᠣᠯᠪᠠᠰᠤᠷᠠᠭᠤᠯᠬᠤ ᠪᠣᠷᠤᠯᠠᠭᠤᠯᠬᠤ 》 ᠪᠥᠬᠥ ᠬᠡᠯᠬᠢᠶᠡᠨ᠎ᠤ ᠠᠮᠤ ᠪᠤᠳᠠᠭ᠋ᠠᠨ᠎ᠤ ᠬᠣᠬᠢᠷᠠᠯ᠎ᠢ ᠪᠠᠭ᠋ᠠᠰᠬᠠᠬᠤ ᠵᠢ ᠲᠦᠯᠬᠢᠨ  ᠠᠬᠢᠭᠤᠯᠬᠤ ᠵᠢ ᠴᠢᠬᠤᠯᠠᠴᠢᠯᠠᠪᠠ ᠃ ᠪᠣᠯᠪᠠᠰᠤᠨ ᠬᠣᠭᠣᠯᠠᠨ ᠰᠢᠷᠡᠭᠡᠨ᠎ᠤ ᠠᠵᠢᠯᠯᠠᠭ᠎ᠠ ᠵᠢ ᠥᠷᠨᠢᠭᠦᠯᠵᠦ ᠂ 《  ᠠᠷᠪᠢᠳᠠᠢ ᠬᠤᠭᠤᠯᠠᠯᠠᠬᠤ  ᠠᠵᠢᠯᠯᠠᠭ᠎ᠠ 》 ᠵᠢ ᠶᠡᠬᠡ᠎ᠪᠠᠷ ᠰᠠᠨᠠᠭ᠋ᠠᠴᠢᠯᠠᠵᠤ ᠂ ᠡᠷᠡᠭᠦᠯ ᠢᠳᠡᠭᠡᠨ ᠤᠮᠳᠠᠭ᠋ᠠᠨ ᠪᠠ ᠢᠳᠡᠭᠡᠨ ᠤᠮᠳᠠᠭ᠋ᠠᠨ᠎ᠤ ᠪᠦᠷᠢᠯᠭᠡᠯᠲᠡ ᠵᠢ ᠬᠣᠷᠢᠭᠯᠠᠬᠤ ᠵᠢ ᠪᠣᠯᠪᠠᠰᠤᠨ ᠵᠶ᠋ᠠᠷ ᠪᠣᠢ᠌ᠵᠢᠭᠤᠯᠬᠤ ᠂ ᠪᠣᠯᠪᠠᠰᠤᠨ ᠵᠶ᠋ᠠᠷ ᠦᠢ᠍ᠯᠡᠳᠦᠯᠭᠡᠵᠢᠭᠦᠯᠬᠦ ᠂ ᠪᠣᠯᠪᠠᠰᠤᠨ ᠵᠶ᠋ᠠᠷ ᠡᠭᠦᠳᠦᠨ ᠪᠠᠶ᠋ᠢᠭᠤᠯᠬᠤ ᠠᠭᠤᠯᠭ᠎ᠠ᠎ᠳᠤ ᠣᠷᠣᠭᠤᠯᠵᠤ ᠂ ᠠᠮᠤ ᠪᠤᠳᠠᠭ᠎ᠠ ᠵᠢ ᠠᠷᠪᠢᠯᠠᠨ ᠭᠠᠮᠨᠠᠬᠤ ᠵᠢ ᠨᠡᠢ᠌ᠭᠡᠮ ᠳᠠᠶᠠᠭ᠋ᠠᠷ᠎ᠤᠨ ᠬᠡᠪ ᠵᠠᠩᠰᠢᠯ ᠪᠣᠯᠭ᠋ᠠᠨ᠎ᠠ ᠃

      ᠠᠰᠠᠭᠤᠯᠲᠠ᠄ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?

      ᠬᠠᠷᠢᠭᠤᠯᠲᠠ᠄ ᠠᠵᠤ ᠦᠢ᠍ᠯᠡᠰ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠰᠠᠭᠤᠷᠢ ᠲᠤᠯᠭ᠋ᠠᠭᠤᠷᠢᠯᠠᠯ ᠮᠥᠨ ᠃ ᠮᠠᠨ᠎ᠤ ᠣᠷᠣᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠣᠷᠣᠰᠢᠵᠤ ᠪᠠᠢ᠌ᠭ᠎ᠠ ᠠᠵᠤ ᠦᠢ᠍ᠯᠡᠰ᠎ᠤᠨ ᠬᠡᠯᠬᠢᠶ᠎ᠡ ᠣᠬᠣᠷ᠂ ᠪᠣᠯᠪᠠᠰᠤᠷᠠᠭᠤᠯᠬᠤ  ᠴᠢᠳᠠᠪᠤᠷᠢ ᠪᠠᠭᠤᠷᠠᠢ᠂ ᠭᠣᠣᠯ ᠴᠣᠭᠴᠠ ᠵᠢᠨ ᠳᠠᠢ᠌ᠴᠢᠯᠠᠬᠤ ᠴᠢᠳᠠᠪᠤᠷᠢ ᠴᠢᠩᠭ᠎ᠠ ᠪᠤᠰᠤ ᠵᠡᠷᠭᠡ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠳᠠ᠂ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠤᠷᠢᠳᠠᠪᠠᠷ ᠬᠡᠷᠡᠭᠵᠢᠭᠦᠯᠬᠦ ᠣᠷᠣᠨ᠎ᠢ ᠪᠦᠲᠦᠭᠡᠨ ᠪᠠᠶ᠋ᠢᠭᠤᠯᠬᠤ ᠵᠢ ᠳᠤᠷᠠᠳᠴᠤ᠂ ᠳᠣᠣᠷᠠᠬᠢ ᠬᠡᠳᠦᠨ ᠲᠠᠯ᠎ᠠ᠎ᠪᠠᠷ ᠭᠣᠣᠯᠳᠠᠯᠭ᠎ᠠ᠎ᠲᠠᠢ ᠪᠠᠢ᠌ᠷᠢᠯᠠᠭᠤᠯᠪᠠ᠃

      ᠨᠢᠭᠡ᠎ᠳᠤ ᠠᠵᠤ ᠠᠬᠤᠢ᠌ᠯᠠᠯ᠎ᠤᠨ ᠬᠡᠯᠬᠢᠶ᠎ᠡ ᠵᠢ ᠤᠷᠲᠤᠳᠬᠠᠬᠤ ᠵᠢ ᠴᠢᠬᠤᠯᠠᠴᠢᠯᠠᠨ᠎ᠠ ᠃  ᠬᠡᠯᠬᠢᠶᠡᠵᠢᠭᠦᠯᠦᠭᠰᠡᠨ  ᠰᠡᠳᠬᠢᠬᠦᠢ ᠪᠠ ᠠᠵᠤ  ᠦᠢ᠍ᠯᠡᠳᠪᠦᠷᠢᠵᠢᠭᠦᠯᠦᠭᠰᠡᠨ  ᠰᠡᠳᠬᠢᠬᠦᠢ ᠵᠢ ᠪᠠᠷᠢᠮᠲᠠᠯᠠᠵᠤ᠂ 100 ᠡᠷᠦᠬᠡ᠎ᠠᠴᠠ ᠳᠡᠭᠡᠭᠰᠢᠬᠢ ᠠᠵᠤ ᠦᠢ᠍ᠯᠡᠰ᠎ᠤᠨ ᠬᠡᠯᠬᠢᠶᠡᠵᠢᠭᠦᠯᠬᠦ ᠳᠠᠭ᠋ᠠᠭᠤᠯᠤᠭᠴᠢ ᠠᠵᠤ ᠠᠬᠤᠢ᠌ᠯᠠᠯ᠎ᠢ ᠲᠣᠪᠣᠢ᠌ᠮ᠎ᠠ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ 100 ᠣᠷᠴᠢᠮ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠨ᠎ᠠ᠃ ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠣᠨᠢ ᠵᠡᠷᠭᠡ 7 ᠵᠦᠢ᠍ᠯ᠎ᠤᠨ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠡᠷᠳᠡᠨᠢ ᠰᠢᠰᠢ ᠵᠢᠨ ᠠᠵᠤ ᠦᠢ᠍ᠯᠡᠰ᠎ᠲᠤ ᠥᠩᠭᠡᠲᠦ ᠰᠢᠪᠲᠦᠷᠲᠦ ᠬᠦᠴᠢᠯ᠂ ᠨᠠᠷᠢᠯᠢᠭ ᠰᠢᠪᠲᠦᠷᠲᠦ ᠬᠦᠴᠢᠯ᠂ ᠬᠤᠸᠠᠩ ᠶᠤᠸᠠᠨ ᠵᠢᠶᠣᠣ ᠵᠡᠷᠭᠡ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠤᠷᠲᠤᠳᠬᠠᠨ ᠬᠥᠭᠵᠢᠭᠦᠯᠵᠦ᠂ ᠠᠯᠠᠰᠢᠨ ᠦᠬᠡᠷ ᠠᠯᠠᠰᠢᠨ ᠬᠣᠨᠢᠨ᠎ᠤ ᠠᠵᠤ ᠦᠢ᠍ᠯᠡᠰ᠎ᠲᠤ ᠳᠠᠭ᠋ᠠᠭᠤᠯᠤᠭᠴᠢ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠨ ᠪᠤᠵᠠᠭ᠋ᠠᠢ᠌ᠷᠠᠭᠤᠯᠵᠤ᠂ 《ᠠᠯᠠᠰᠢᠨ ᠬᠣᠨᠢ ᠠᠯᠠᠰᠢᠨ ᠦᠬᠡᠷ》᠎ᠢ ᠬᠤᠪᠢᠷᠠᠭᠤᠯᠤᠨ 《ᠬᠣᠨᠢᠨ ᠮᠢᠬ᠎ᠠ ᠦᠬᠡᠷ᠎ᠤᠨ ᠮᠢᠬ᠎ᠠ》 ᠪᠣᠯᠭ᠋ᠠᠵᠤ᠂ ᠦᠢ᠍ᠯᠡᠳᠬᠦᠨ᠎ᠤ ᠥᠷᠲᠡᠭ᠎ᠤᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠨ᠎ᠡ᠃

      ᠬᠣᠶᠠᠷ᠎ᠲᠤ ᠪᠣᠬᠢᠷᠲᠤᠯ ᠦᠭᠡᠢ ᠬᠡᠯᠪᠡᠷᠢ ᠵᠢᠨ  ᠬᠣᠪᠢᠷᠠᠯᠲᠠ ᠵᠢ ᠴᠢᠬᠤᠯᠠᠴᠢᠯᠠᠨ᠎ᠠ ᠃ ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠬᠢᠭᠡᠳ ᠰᠠᠯᠬᠢᠨ ᠬᠦᠴᠦᠨ ᠵᠶ᠋ᠡᠷ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠯᠠᠪᠳᠠᠭᠤᠨ ᠵᠶ᠋ᠠᠷ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠎ᠢ ᠶᠡᠬᠡᠪᠡᠷ ᠬᠥᠭᠵᠢᠭᠦᠯᠦᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ ᠵᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠎ᠡ᠃ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠤᠨ᠎ᠠ ᠃ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ  ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ᠎ᠢ ᠨᠠᠢ᠌ᠳᠠᠪᠤᠷᠢᠵᠢᠭᠤᠯᠵᠤ ᠂ ᠨᠤᠲᠤᠭ ᠪᠡᠯᠴᠢᠭᠡᠷ᠎ᠤᠨ ᠬᠡᠳᠤ ᠮᠠᠯᠵᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ  ᠴᠢᠭ᠋᠎ᠢ ᠥᠷᠨᠢᠭᠦᠯᠦᠨ᠎ᠡ ᠃ ᠬᠢᠩᠭ᠋ᠠᠨ ᠠᠢ᠌ᠮᠠᠭ᠎ᠤᠨ  ᠤᠯᠤᠰ᠎ᠤᠨ  ᠲᠡᠰ᠎ᠤᠨ  ᠤᠳᠤ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ᠎ᠢ  ᠴᠢᠨᠠᠷ ᠰᠠᠢ᠌ᠲᠠᠢ ᠪᠦᠲᠦᠭᠡᠨ ᠪᠠᠢ᠌ᠭᠤᠯᠤᠨ᠎ᠠ ᠃

      ᠭᠤᠷᠪᠠ᠎ᠳᠤ  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ  ᠪᠣᠯᠪᠠᠰᠤᠷᠠᠭᠤᠯᠬᠤ ᠵᠢ ᠴᠢᠩᠭ᠋ᠠᠳᠬᠠᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠪᠣᠯᠪᠠᠰᠤᠷᠠᠭᠤᠯᠬᠤ  ᠲᠦᠭᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠵᠦ᠂ ᠪᠥᠬᠥ ᠣᠷᠣᠨ᠎ᠤ ᠮᠠᠯ᠎ᠤᠨ ᠠᠰᠢᠭ ᠰᠢᠮ᠎ᠡ  ᠲᠠᠷᠢᠶᠠᠯᠠᠩ᠎ᠤᠨ  ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠪᠣᠯᠪᠠᠰᠤᠷᠠᠭᠤᠯᠬᠤ ᠵᠢᠨ ᠥᠷᠭᠡᠴᠡ ᠪᠠ ᠭᠦᠨᠴᠡ ᠵᠢ ᠤᠯᠠᠮ ᠨᠢᠭᠡ ᠠᠯᠬᠤᠮ ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠲᠦᠷᠭᠡᠬᠡᠨ ᠪᠡᠶᠡᠯᠡᠭᠦᠯᠦᠨ᠎ᠡ᠃

      ᠳᠥᠷᠪᠡ᠎ᠳᠤ ᠣᠨᠴᠠᠯᠢᠭᠲᠤ  ᠨᠡᠷᠡᠲᠦ ᠲᠡᠮᠳᠡᠭᠲᠦ ᠵᠢ  ᠡᠭᠦᠳᠦᠨ᠎ᠡ ᠃ ᠪᠣᠬᠢᠷᠲᠤᠯ ᠦᠭᠡᠢ ᠣᠷᠭ᠋ᠠᠨᠢᠭ ᠨᠠᠷᠠᠲᠤ ᠲᠡᠮᠳᠡᠭᠲᠦ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠣᠳᠣᠨ ᠨᠠᠷᠠᠲᠤ ᠲᠡᠮᠳᠡᠭᠲᠦ ᠵᠢᠨ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠵᠢ ᠬᠡᠷᠡᠭᠯᠡᠬᠦ ᠵᠢ ᠪᠠᠷᠢᠮᠲᠠᠯᠠᠵᠤ᠂ ᠪᠥᠬᠥ ᠤᠯᠤᠰ᠎ᠤᠨ ᠭᠣᠣᠯᠳᠠᠯᠭ᠎ᠠ᠎ᠲᠠᠢ ᠬᠣᠲᠠ᠎ᠳᠤ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠬᠤ ᠲᠤᠭᠴᠢ ᠳᠡᠯᠭᠡᠭᠦᠷ᠎ᠢ 100 ᠣᠷᠴᠢᠮ ᠪᠠᠢ᠌ᠷᠢᠰᠢᠭᠤᠯᠤᠨ ᠪᠠᠢ᠌ᠭᠤᠯᠵᠤ᠂ ᠪᠦᠲᠦᠭᠡᠭᠳᠡᠬᠦᠨ᠎ᠤ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠡᠭᠦᠨ᠎ᠤ ᠬᠠᠮᠲᠤ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮᠵᠢ ᠵᠢᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠂ 《  ᠦᠪᠦᠷ  ᠮᠣᠩᠭᠣᠯ》 ᠥᠰᠥᠭ᠎ᠤᠨ ᠲᠡᠮᠳᠡᠭ — ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠬᠦᠨ᠎ᠢ ᠬᠥᠮᠥᠨ ᠪᠦᠬᠦᠨ᠎ᠤ ᠮᠡᠳᠡᠳᠡᠭ ᠨᠠᠷᠠᠲᠤ ᠲᠡᠮᠳᠡᠭ ᠪᠣᠯᠭ᠋ᠠᠨ᠎ᠠ᠃

      ᠠᠰᠠᠭᠤᠯᠲᠠ᠄ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠣᠶ?

      ᠬᠠᠷᠢᠭᠤᠯᠲᠠ᠄ ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ ᠂ ᠲᠠᠷᠢᠶᠠᠨ ᠭᠠᠵᠠᠷ᠎ᠤᠨ ᠠᠮᠤᠷ ᠲᠦᠪᠰᠢᠨ ᠪᠠᠢ᠌ᠬᠤ ᠦᠭᠡᠢ ᠪᠣᠯ ᠠᠮᠤ ᠪᠤᠳᠠᠭ᠋ᠠᠨ᠎ᠤ ᠠᠮᠤᠷ ᠲᠦᠪᠰᠢᠨ ᠪᠠᠢ᠌ᠵᠤ ᠴᠢᠳᠠᠬᠤ ᠦᠭᠡᠢ ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠷᠪᠠᠨ ᠲᠠᠯ᠎ᠠ᠎ᠪᠠᠷ ᠭᠣᠣᠯᠳᠠᠯᠭ᠎ᠠ᠎ᠲᠠᠢ ᠬᠦᠴᠦᠯᠡᠵᠦ ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠵᠢ ᠪᠠᠲᠤᠯᠠᠭ᠎ᠠ᠎ᠲᠠᠢ ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠦᠨᠡᠨ ᠬᠦ᠌  ᠪᠠᠳᠤᠯᠠᠨ᠎ᠠ ᠃

      ᠨᠢᠭᠡ᠎ᠳᠤ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠴᠢᠩᠭ᠎ᠠ ᠰᠠᠬᠢᠬᠤ ᠬᠡᠷᠡᠭᠲᠡᠢ ᠃ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠠᠷᠢᠮᠲᠠᠯᠠᠵᠤ ᠂ ᠲᠠᠷᠢᠶᠠᠨ ᠭᠠᠵᠠᠷ᠎ᠤᠨ  ᠬᠣᠷᠢᠭ᠎ᠠ  ᠱᠤᠭᠤᠮ᠎ᠢ ᠴᠢᠩᠭ᠎ᠠ ᠰᠠᠬᠢᠵᠤ ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ  ᠨᠠᠢ᠌ᠳᠠᠪᠤᠷᠢᠵᠢᠭᠤᠯᠬᠤ ᠬᠡᠷᠡᠭᠲᠡᠢ᠃ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠡᠵᠡᠯᠡᠨ ᠬᠡᠷᠡᠭᠯᠡᠬᠦ ᠵᠢᠨ ᠭᠣᠣᠯᠳᠠᠯᠭ᠎ᠠ᠎ᠨᠢ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠵᠢ ᠪᠣᠳᠠᠲᠠᠢ ᠠᠳᠬᠤᠵᠤ ᠂ 《ᠨᠥᠬᠥᠪᠦᠷᠢᠯᠡᠬᠦ᠎ᠪᠠᠷ ᠡᠵᠡᠯᠡᠨ ᠬᠡᠷᠡᠭᠯᠡᠬᠦ ᠵᠢ ᠲᠣᠭᠲᠠᠭ᠋ᠠᠬᠤ 》 ᠵᠢ  ᠪᠠᠷᠢᠮᠳᠠᠯᠠᠬᠤ ᠬᠡᠷᠡᠭᠲᠡᠢ᠃ ᠲᠠᠷᠢᠶᠠᠨ ᠭᠠᠵᠠᠷ᠎ᠢ ᠨᠥᠬᠥᠪᠦᠷᠢᠯᠡᠬᠦ ᠶᠠᠰᠤ ᠴᠢᠨᠠᠷ᠎ᠢ ᠰᠢᠯᠭ᠋ᠠᠨ ᠠᠪᠬᠤ ᠵᠢ ᠴᠢᠩᠭ᠋ᠠᠳᠬᠠᠵᠤ ᠂ ᠲᠠᠷᠢᠶᠠᠨ ᠭᠠᠵᠠᠷ᠎ᠢ ᠨᠥᠬᠥᠪᠦᠷᠢᠯᠡᠬᠦ ᠵᠠᠯᠭ᠋ᠠᠮᠵᠢ ᠬᠠᠮᠢᠶᠠᠷᠤᠨ ᠬᠠᠮᠠᠭ᠋ᠠᠯᠠᠬᠤ ᠪᠠ ᠲᠠᠬᠢᠨ ᠦᠨᠡᠯᠡᠬᠦ ᠵᠡᠷᠭᠡ ᠲᠣᠭᠲᠠᠴᠠ ᠵᠢ  ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠭᠰᠡᠨ ᠂ ᠡᠪᠳᠡᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠂  ᠡᠭᠦᠨ᠎ᠳᠤ  ᠳᠤᠷ᠎ᠠ᠎ᠪᠠᠷ ᠵᠶ᠋ᠠᠨ 《  ᠲᠣᠮᠣ ᠰᠠᠷᠠᠪᠴᠢᠨ ᠭᠡᠷ 》᠎ᠢ ᠪᠠᠢ᠌ᠭᠤᠯᠤᠭᠰᠠᠨ ᠂ ᠬᠠᠷ᠎ᠠ ᠬᠥᠷᠥᠰᠥ ᠵᠢ ᠡᠪᠳᠡᠭᠰᠡᠨ ᠂ ᠬᠠᠤᠯᠢ ᠪᠤᠰᠤ᠎ᠪᠠᠷ ᠰᠢᠷᠣᠢ ᠠᠪᠤᠭᠰᠠᠨ ᠵᠡᠷᠭᠡ ᠵᠢ ᠪᠠᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠡᠷᠡᠰ ᠵᠶ᠋ᠡᠷ ᠴᠡᠭᠴᠡᠯᠡᠨ ᠵᠠᠰᠠᠵᠤ ᠂ ᠴᠢᠩᠭ᠎ᠠ ᠴᠣᠬᠢᠯᠲᠠ  ᠦᠭᠬᠦ ᠬᠡᠷᠡᠭᠲᠡᠢ᠃ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》᠎ᠳᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠠᠲᠤᠯᠠᠭ᠎ᠠ᠂ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠷᠥᠯ ᠬᠤᠪᠢᠶᠠᠨ ᠯᠠᠪᠳᠠᠭᠤᠨ ᠵᠶ᠋ᠠᠷ ᠰᠢᠢ᠍ᠳᠪᠦᠷᠢᠯᠡᠬᠦ ᠬᠡᠷᠡᠭᠲᠡᠢ᠃

      ᠬᠣᠶᠠᠷ᠎ᠲᠤ ᠲᠠᠷᠢᠶᠠᠨ ᠭᠠᠵᠠᠷ᠎ᠤᠨ ᠶᠠᠰᠤ ᠴᠢᠨᠠᠷ᠎ᠢ  ᠳᠡᠭᠡᠭᠰᠢᠯᠡᠭᠦᠯᠬᠦ  ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ᠂ ᠲᠠᠷᠢᠶᠠᠨ ᠭᠠᠵᠠᠷ᠎ᠤᠨ  ᠰᠢᠮ᠎ᠡ ᠵᠢ  ᠳᠡᠭᠡᠭᠰᠢᠯᠡᠭᠦᠯᠬᠦ ᠠᠵᠢᠯᠯᠠᠭ᠎ᠠ ᠵᠢ  ᠬᠡᠷᠡᠭᠵᠢᠭᠦᠯᠬᠦ ᠬᠡᠷᠡᠭᠲᠡᠢ ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠬᠦᠯᠢ ᠣᠷᠣᠨ ᠪᠦᠰᠡ ᠵᠢᠨ ᠲᠤᠷᠰᠢᠯᠲᠠ ᠵᠢᠨ ᠴᠢᠭ᠋᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ  ᠠᠬᠢᠭᠤᠯᠬᠤ ᠬᠡᠷᠡᠭᠲᠡᠢ ᠃ ᠬᠠᠷ᠎ᠠ ᠬᠥᠷᠥᠰᠥ ᠵᠢ ᠬᠠᠮᠠᠭ᠋ᠠᠯᠠᠬᠤ ᠢᠨᠵᠧᠨᠧᠷᠢᠩ ᠪᠠ ᠬᠠᠷ᠎ᠠ ᠬᠥᠷᠥᠰᠥ ᠵᠢ ᠬᠠᠮᠠᠭ᠋ᠠᠯᠠᠬᠤ ᠴᠢᠨᠠᠷᠲᠠᠢ ᠲᠠᠷᠢᠶᠠᠯᠠᠬᠤ ᠡᠭᠦᠷᠭᠡ ᠵᠢ  ᠪᠡᠶᠡᠯᠡᠬᠦᠯᠬᠦ ᠬᠡᠷᠡᠭᠲᠡᠢ᠃ ᠡᠭᠦᠨ᠎ᠤ ᠬᠠᠮᠲᠤ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠷ᠎ᠡ ᠨᠢᠳᠡᠷ᠎ᠲᠡᠭᠡᠨ ᠨᠡᠢ᠌ᠴᠡᠭᠦᠯᠵᠦ᠂ ᠨᠢᠭᠡ ᠬᠡᠰᠡᠭ ᠪᠠᠢ᠌ᠭᠤᠯᠵᠤ ᠨᠢᠭᠡ ᠬᠡᠰᠡᠭ ᠪᠣᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ᠃

      ᠭᠤᠷᠪᠠ᠎ᠳᠤ ᠪᠡᠯᠡᠳᠬᠡᠯ ᠲᠠᠷᠢᠶᠠᠨ ᠭᠠᠵᠠᠷ᠎ᠤᠨ ᠡᠬᠢ ᠪᠠᠶᠠᠯᠢᠭ᠎ᠢ  ᠠᠭᠤᠳᠠᠯᠬᠤ ᠬᠡᠷᠡᠭᠲᠡᠢ᠃ 《ᠬᠣᠶᠠᠷ ᠬᠡᠰᠡᠭ ᠭᠠᠵᠠᠷ》᠎ᠤᠨ ᠠᠵᠢᠯ᠎ᠢ ᠰᠠᠢ᠌ᠲᠤᠷ ᠬᠢᠬᠦ᠎ᠪᠠᠷ ᠭᠣᠣᠯᠳᠠᠯᠭ᠎ᠠ ᠪᠣᠯᠭ᠋ᠠᠵᠤ᠂ ᠨᠢᠭᠡ ᠬᠡᠰᠡᠭ᠎ᠨᠢ ᠠᠲᠠᠷᠰᠢᠭᠤᠯᠤᠭᠰᠠᠨ ᠭᠠᠵᠠᠷ᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ᠎ᠪᠠᠨ ᠪᠠᠢ᠌ᠳᠠᠯ᠎ᠳᠤ ᠲᠣᠬᠢᠷᠠᠭᠤᠯᠤᠨ ᠠᠲᠠᠷᠰᠢᠭᠤᠯᠤᠭᠰᠠᠨ ᠭᠠᠵᠠᠷ ᠵᠶ᠋ᠠᠨ ᠠᠰᠢᠭᠯᠠᠬᠤ ᠵᠢ ᠵᠣᠷᠢᠭᠵᠢᠭᠤᠯᠵᠤ᠂ ᠠᠮᠤ ᠪᠤᠳᠠᠭ᠎ᠠ᠎ᠳᠤ ᠲᠣᠬᠢᠷᠠᠪᠠᠯ ᠠᠮᠤ ᠪᠤᠳᠠᠭ᠎ᠠ  ᠲᠠᠷᠢᠵᠤ ᠂ ᠠᠵᠤ ᠠᠬᠤᠢ᠎ᠳᠤ ᠲᠣᠬᠢᠷᠠᠪᠠᠯ ᠠᠵᠤ ᠠᠬᠤᠢ᠎ᠳᠤ  ᠬᠡᠷᠡᠭᠯᠡᠵᠦ ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠣᠯᠠᠨ ᠠᠷᠭ᠎ᠠ ᠵᠠᠮ ᠵᠶ᠋ᠠᠷ ᠰᠠᠢ᠌ᠲᠤᠷ ᠳᠠᠷᠢᠵᠤ ᠰᠠᠢ᠌ᠲᠤᠷ ᠬᠡᠷᠡᠭᠯᠡᠬᠦ ᠵᠢ ᠳᠡᠮᠵᠢᠬᠦ ᠬᠡᠷᠡᠭᠲᠡᠢ; ᠨᠥᠭᠥᠭᠡ ᠨᠢᠭᠡ ᠬᠡᠰᠡᠭ᠎ᠨᠢ ᠬᠤᠵᠢᠷᠯᠢᠭ ᠭᠠᠵᠠᠷ᠂ ᠪᠠᠶᠠᠨᠨᠠᠭᠤᠷ ᠬᠣᠲᠠ᠎ᠳᠤ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢᠨ ᠴᠢᠭ᠋᠎ᠤᠨ ᠠᠵᠢᠯ᠎ᠢ ᠡᠬᠢᠯᠡᠭᠦᠯᠵᠦ᠂ 《ᠳᠠᠷᠢᠬᠤ᠎ᠳᠤ  ᠲᠣᠬᠢᠷᠠᠮᠵᠢᠲᠠᠢ ᠭᠠᠵᠠᠷ᠎ᠢ  ᠰᠤᠩᠭᠤᠬᠤ》᠎ᠢ 《ᠭᠠᠵᠠᠷ᠎ᠲᠤᠨᠢ  ᠲᠣᠬᠢᠷᠠᠮᠵᠢᠲᠠᠢ ᠳᠠᠷᠢᠬᠤ》᠎ᠲᠠᠢ ᠤᠶᠠᠯᠳᠤᠭᠤᠯᠵᠤ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ᠃

      ᠠᠰᠠᠭᠤᠯᠲᠠ᠄ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠬᠤ ᠲᠠᠯ᠎ᠠ᠎ᠪᠠᠷ ᠶᠠᠮᠠᠷ ᠪᠠᠢ᠌ᠷᠢᠯᠠᠭᠤᠯᠤᠯᠲᠠ ᠬᠢᠭᠰᠡᠨ ᠪᠣᠶ?

      ᠬᠠᠷᠢᠭᠤᠯᠲᠠ᠄ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠪᠣᠯ《  ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ᠎ᠤ  ᠠᠵᠢᠯ᠎ᠤᠨ ᠭᠣᠣᠯ ᠡᠭᠦᠷᠭᠡ ᠪᠣᠯᠣᠨ᠎ᠠ᠂ ᠭᠣᠣᠯᠳᠠᠭᠤ ᠳᠣᠣᠷᠠᠬᠢ ᠳᠥᠷᠪᠡᠨ ᠲᠠᠯ᠎ᠠ᠎ᠪᠠᠷ  ᠪᠠᠢ᠌ᠷᠢᠯᠠᠭᠤᠯᠪᠠ ᠃

      ᠨᠢᠭᠡ᠎ᠳᠤ ᠮᠠᠯᠴᠢᠨ ᠲᠠᠷᠢᠶᠠᠴᠢᠨ᠎ᠤ ᠡᠵᠡᠩᠨᠡᠯᠲᠡ ᠣᠷᠣᠯᠭ᠎ᠠ ᠵᠢᠨ ᠨᠡᠮᠡᠭᠳᠡᠯ᠎ᠢ  ᠠᠬᠢᠭᠤᠯᠬᠤ ᠬᠡᠷᠡᠭᠲᠡᠢ᠃  ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ 《ᠵᠠᠭᠤᠨ ᠰᠢᠶᠠᠩ ᠮᠢᠩᠭ᠋ᠠᠨ ᠲᠣᠰᠬᠣᠨ ᠲᠦᠮᠡᠨ ᠬᠦᠷᠢᠶ᠎ᠡ》 ᠵᠢᠨ ᠠᠵᠢᠯᠯᠠᠭ᠎ᠠ ᠵᠢ ᠥᠷᠨᠢᠭᠦᠯᠦᠨ᠂ ᠮᠠᠯᠴᠢᠨ ᠲᠠᠷᠢᠶᠠᠴᠢᠳ᠎ᠤᠨ ᠭᠡᠷ ᠪᠠᠢ᠌ᠰᠢᠩ᠎ᠤᠨ ᠡᠮᠦᠨ᠎ᠡ ᠬᠣᠢ᠌ᠨ᠎ᠠ ᠵᠡᠷᠭᠡ ᠰᠤᠯᠠ ᠪᠠᠢ᠌ᠭ᠎ᠠ ᠬᠦᠷᠢᠶ᠎ᠡ ᠬᠠᠰᠢᠶ᠎ᠠ ᠵᠢᠨ ᠣᠷᠣᠨ ᠵᠠᠢ ᠵᠢ ᠠᠰᠢᠭᠯᠠᠨ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠣᠨᠴᠠᠯᠢᠭᠲᠤ ᠳᠠᠷᠢᠵᠤ ᠲᠡᠵᠢᠭᠡᠬᠦ᠂ ᠣᠨᠴᠠᠯᠢᠭᠲᠤ ᠠᠷᠠᠳ᠎ᠤᠨ ᠣᠷᠣᠨ ᠰᠠᠭᠤᠴᠠ᠂ ᠭᠠᠷ ᠦᠢ᠍ᠯᠡᠳᠬᠡᠯ᠎ᠤᠨ ᠭᠠᠵᠠᠷ ᠵᠡᠷᠭᠡ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠬᠦ ᠵᠢ  ᠵᠣᠷᠢᠭᠵᠢᠭᠤᠯᠬᠤ ᠬᠡᠷᠡᠭᠲᠡᠢ ᠃ 《ᠨᠢᠭᠡᠳᠦᠯᠲᠡᠢ ᠳᠠᠷᠢᠵᠤ (ᠲᠡᠵᠢᠭᠡᠬᠦ) ᠬᠠᠮᠲᠤᠪᠠᠷ ᠪᠠᠶᠠᠵᠢᠬᠤ》 ᠵᠠᠭᠪᠤᠷ᠎ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ᠎ᠤ ᠡᠵᠡᠩᠨᠡᠯᠲᠡ ᠵᠢᠨ ᠣᠷᠣᠯᠭ᠎ᠠ ᠵᠢᠨ ᠨᠡᠮᠡᠭᠳᠡᠯ᠎ᠢ  ᠠᠬᠢᠭᠤᠯᠬᠤ ᠬᠡᠷᠡᠭᠲᠡᠢ ᠃

      ᠬᠣᠶᠠᠷ᠎ᠲᠤ ᠮᠠᠯᠴᠢᠨ ᠲᠠᠷᠢᠶᠠᠴᠢᠨ᠎ᠤ ᠠᠵᠢᠯ ᠬᠥᠳᠡᠯᠮᠦᠷᠢ ᠵᠢᠨ ᠣᠷᠣᠯᠭ᠎ᠠ ᠵᠢ  ᠲᠣᠭᠲᠠᠪᠤᠷᠢᠵᠢᠭᠤᠯᠬᠤ ᠬᠡᠷᠡᠭᠲᠡᠢ ᠃ ᠠᠵᠢᠯ  ᠤᠯᠭᠤᠯᠳᠠ᠎ᠪᠠᠷ ᠲᠡᠳᠬᠦᠮᠵᠢ ᠵᠢ ᠣᠷᠣᠯᠠᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢ ᠥᠷᠭᠡᠳᠬᠡᠨ᠂ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ 《ᠭᠤᠷᠪᠠᠨ ᠤᠮᠠᠷᠠᠲᠤ》 ᠵᠢᠨ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠣᠮᠵᠢ ᠵᠢᠨ ᠬᠡᠪᠴᠢᠶ᠎ᠡ ᠵᠢ ᠭᠡᠷ᠎ᠡ ᠵᠢᠨ ᠲᠣᠭ᠋ᠠᠨ᠎ᠤ 10%᠎ᠠᠴᠠ ᠳᠣᠣᠷ᠎ᠠ ᠪᠠᠢ᠌ᠯᠭ᠋ᠠᠬᠤ ᠦᠭᠡᠢ᠃ ᠨᠠᠰᠤ ᠠᠬᠢᠭᠰᠠᠨ ᠮᠠᠯᠴᠢᠨ ᠲᠠᠷᠢᠶᠠᠴᠢᠨ᠎ᠤ  ᠠᠵᠢᠯ  ᠤᠯᠭᠤᠯᠳᠠ ᠵᠢ ᠲᠡᠳᠬᠦᠵᠦ᠂ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠳ᠎ᠲᠤ ᠵᠠᠬᠢᠶᠠᠯᠠᠭ᠎ᠠ᠂ ᠬᠠᠨᠳᠤᠯᠭ᠎ᠠ᠎ᠲᠠᠢ᠂ ᠠᠵᠢᠯ᠎ᠤᠨ ᠪᠠᠢ᠌ᠷᠢ ᠲᠣᠭᠲᠠᠭ᠋ᠠᠨ ᠪᠣᠯᠪᠠᠰᠤᠷᠠᠭᠤᠯᠬᠤ ᠵᠢ ᠵᠣᠬᠢᠶᠠᠨ ᠪᠠᠢ᠌ᠭᠤᠯᠵᠤ᠂ ᠮᠠᠯᠴᠢᠨ ᠲᠠᠷᠢᠶᠠᠴᠢᠳ᠎ᠤᠨ ᠴᠠᠯᠢᠩ᠎ᠤᠨ ᠴᠢᠨᠠᠷᠲᠠᠢ ᠣᠷᠣᠯᠭ᠎ᠠ ᠵᠢ  ᠨᠡᠮᠡᠭᠳᠡᠭᠦᠯᠬᠦ ᠬᠡᠷᠡᠭᠲᠡᠢ ᠃

      ᠭᠤᠷᠪᠠ᠎ᠳᠤ ᠮᠠᠯᠴᠢᠨ ᠲᠠᠷᠢᠶᠠᠴᠢᠨ᠎ᠤ ᠰᠢᠯᠵᠢᠯᠲᠡ ᠵᠢᠨ ᠴᠢᠨᠠᠷᠲᠠᠢ ᠣᠷᠣᠯᠭ᠎ᠠ ᠵᠢ  ᠦᠷᠭᠡᠳᠭᠡᠬᠦ ᠬᠡᠷᠡᠭᠲᠡᠢ ᠃ ᠰᠢᠯᠵᠢᠯᠲᠡ ᠵᠢᠨ ᠴᠢᠨᠠᠷᠲᠠᠢ ᠣᠷᠣᠯᠭ᠎ᠠ ᠪᠣᠯ ᠡᠩ᠎ᠤᠨ ᠲᠠᠷᠢᠶᠠᠯᠠᠬᠤ ᠮᠠᠯᠵᠢᠬᠤ ᠡᠷᠦᠬᠡ ᠢᠯᠠᠩᠭᠤᠶ᠎ᠠ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠣᠷᠣᠯᠭ᠎ᠠ ᠵᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠳ᠎ᠲᠤ ᠠᠰᠢᠭ ᠬᠦᠷᠲᠡᠭᠡᠬᠦ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢᠨ ᠪᠥᠬᠥ ᠶᠠᠪᠤᠴᠠ ᠵᠢᠨ ᠬᠠᠮᠢᠶᠠᠷᠤᠯᠲᠠ ᠬᠢᠨᠠᠯᠲᠠ ᠲᠠᠯᠪᠢᠵᠤ ᠰᠡᠷᠡᠮᠵᠢᠯᠡᠭᠦᠯᠬᠦ ᠳᠦᠷᠢᠮ᠎ᠢ ᠲᠣᠭᠲᠠᠭ᠋ᠠᠵᠤ᠂ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠲᠥᠰᠥᠪ᠎ᠤᠨ ᠬᠡᠷᠡᠭᠵᠢᠭᠦᠯᠦᠯᠲᠡ ᠵᠢ ᠴᠢᠩᠳᠠᠯᠠᠵᠤ᠂ ᠮᠠᠯᠴᠢᠨ ᠲᠠᠷᠢᠶᠠᠴᠢᠳ᠎ᠲᠤ ᠣᠯᠭᠣᠬᠤ ᠡᠯ᠎ᠡ ᠵᠦᠢ᠍ᠯ᠎ᠤᠨ ᠨᠥᠬᠥᠪᠦᠷᠢ  ᠮᠦᠩᠭᠦ ᠵᠢ ᠪᠣᠳᠠᠲᠠᠢ᠌ᠵᠢᠭᠤᠯᠵᠤ᠂ ᠮᠠᠯᠴᠢᠨ ᠲᠠᠷᠢᠶᠠᠴᠢᠳ᠎ᠲᠤ ᠦᠨᠡᠨᠬᠦ ᠪᠣᠳᠠᠲᠤ ᠠᠰᠢᠭ ᠬᠦᠷᠲᠡᠭᠡᠬᠦ ᠬᠡᠷᠡᠭᠲᠡᠢ᠃

      ᠳᠥᠷᠪᠡ᠎ᠳᠤ ᠮᠠᠯᠴᠢᠨ ᠲᠠᠷᠢᠶᠠᠴᠢᠨ᠎ᠳᠤ ᠨᠠᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ  ᠣᠯᠭᠤᠯᠬᠤ ᠬᠡᠷᠡᠭᠲᠡᠢ ᠃ ᠰᠢᠨ᠎ᠡ ᠨᠢᠭᠡᠨ ᠡᠭᠡᠯᠵᠢ ᠵᠢᠨ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠲᠡᠳᠬᠦᠨ ᠳᠡᠮᠵᠢᠬᠦ ᠠᠵᠢᠯᠯᠠᠭ᠎ᠠ ᠵᠢ ᠬᠡᠷᠡᠭᠵᠢᠭᠦᠯᠵᠦ᠂ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠰᠤᠯᠠ ᠪᠠᠢ᠌ᠭ᠎ᠠ ᠲᠠᠷᠢᠶᠠᠴᠢᠨ᠎ᠤ ᠭᠡᠷ ᠪᠠᠢ᠌ᠰᠢᠩ ᠪᠠ ᠣᠷᠣᠨ ᠰᠠᠭᠤᠴᠠ ᠵᠢᠨ ᠰᠠᠭᠤᠷᠢ ᠭᠠᠵᠠᠷ ᠵᠡᠷᠭᠡ ᠡᠬᠢ ᠪᠠᠶᠠᠯᠢᠭ᠎ᠢ ᠠᠮᠢᠳᠤᠯᠢᠭᠵᠢᠭᠤᠯᠤᠨ ᠠᠰᠢᠭᠯᠠᠵᠤ᠂ ᠨᠥᠬᠥᠴᠡᠯ ᠡᠭᠦᠳᠴᠦ ᠪᠠᠢ᠌ᠭ᠋ᠠᠳ ᠮᠠᠯᠴᠢᠨ ᠲᠠᠷᠢᠶᠠᠴᠢᠨ᠎ᠤ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠬᠦ ᠬᠡᠷᠡᠭᠲᠡᠢ ᠃

      ᠠᠰᠠᠭᠤᠯᠲᠠ᠄ ᠬᠡᠪᠴᠢᠶᠡᠵᠢᠯ᠎ᠤᠨ ᠴᠢᠨᠠᠷᠲᠠᠢ ᠶᠠᠳᠠᠭᠤᠷᠠᠯ  ᠳᠠᠬᠢᠨ  ᠡᠬᠦᠰᠬᠦ ᠵᠢ ᠦᠨᠡᠨ ᠬᠦ᠌ ᠪᠠᠲᠤᠯᠠᠬᠤ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠬᠡᠷᠬᠢᠨ ᠰᠠᠬᠢᠬᠤ ᠪᠣᠶ?

      ᠬᠠᠷᠢᠭᠤᠯᠲᠠ᠄ ᠬᠡᠪᠴᠢᠶᠡᠵᠢᠯ᠎ᠤᠨ  ᠴᠢᠨᠠᠷᠲᠠᠢ ᠶᠠᠳᠠᠭᠤᠷᠠᠯ  ᠳᠠᠬᠢᠨ  ᠡᠬᠦᠰᠬᠦ ᠵᠢ ᠰᠡᠷᠭᠡᠢ᠌ᠯᠡᠬᠦ ᠪᠣᠯ ᠴᠢᠬᠤᠯᠠ ᠶᠡᠬᠡ ᠠᠵᠤ ᠠᠬᠤᠢ ᠵᠢᠨ ᠡᠭᠦᠷᠭᠡ ᠮᠥᠨ ᠪᠥᠭᠡᠳ ᠪᠠᠰᠠ ᠴᠤ᠌ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠮᠥᠨ ᠪᠣᠯᠬᠣᠷ ᠡᠷᠬᠡᠪᠰᠢ ᠦᠷᠭᠦᠯᠵᠢᠯᠡᠨ ᠬᠦᠴᠦᠯᠡᠬᠦ ᠬᠡᠷᠡᠭᠲᠡᠢ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠳᠣᠣᠷᠠᠬᠢ ᠭᠤᠷᠪᠠᠨ ᠲᠠᠯ᠎ᠠ ᠵᠢ ᠭᠣᠣᠯᠳᠠᠯᠭ᠎ᠠ᠎ᠲᠠᠢ ᠴᠢᠬᠤᠯᠠᠴᠢᠯᠠᠪᠠ᠃

      ᠨᠢᠭᠡ᠎ᠳᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ  ᠲᠡᠭᠦᠯᠳᠡᠷᠵᠢᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠯᠦᠩᠭᠦᠢ᠎ᠪᠠᠷ ᠬᠢᠨᠠᠨ  ᠬᠡᠮᠵᠢᠵᠦ  ᠵᠢᠭᠰᠠᠭ᠋ᠠᠨ ᠪᠠᠢ᠌ᠴᠠᠭ᠋ᠠᠬᠤ ᠪᠠ  ᠴᠢᠭᠯᠡᠭᠦᠯᠦᠭᠰᠡᠨ  ᠴᠢᠨᠠᠷᠲᠠᠢ᠎ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠭᠠᠮᠰᠢᠭ᠂ ᠡᠪᠡᠳᠴᠢᠨ᠎ᠠᠴᠠ ᠪᠣᠯᠵᠤ  ᠶᠠᠳᠠᠭᠤᠷᠠᠯ ᠳᠠᠬᠢᠨ ᠡᠭᠦᠰᠬᠦ᠎ᠠᠴᠠ ᠪᠣᠯᠵᠤ ᠶᠠᠳᠠᠭᠤᠷᠠᠬᠤ  ᠠᠶᠤᠯ  ᠲᠦᠭᠰᠢᠭᠦᠷᠢ ᠵᠢ ᠬᠦᠴᠦᠯᠡᠨ ᠠᠷᠢᠯᠭ᠋ᠠᠵᠤ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠨᠡᠢ᠌ᠴᠡᠬᠦ ᠭᠠᠮᠰᠢᠭᠳᠠᠭᠰᠠᠨ ᠮᠠᠯᠵᠢᠬᠤ ᠲᠠᠷᠢᠶᠠᠯᠠᠬᠤ ᠡᠷᠦᠬᠡ᠎ᠳᠤ ᠤᠷᠢᠳᠠᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠠᠪᠤᠷᠠᠨ ᠲᠤᠰᠠᠯᠠᠬᠤ ᠨᠥᠬᠥᠴᠡᠯ᠎ᠳᠤ ᠨᠡᠢ᠌ᠴᠡᠬᠦ ᠶᠡᠬᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠡᠭᠦᠷᠭᠡᠯᠡᠯ᠎ᠲᠠᠢ ᠡᠪᠡᠳᠴᠢᠲᠡᠨ᠎ᠳᠤ ᠶᠡᠷᠦᠩᠬᠡᠢ᠌ᠯᠡᠭᠰᠡᠨ ᠪᠠᠲᠤᠯᠠᠭ᠎ᠠ ᠵᠢ ᠬᠡᠷᠡᠭᠵᠢᠭᠦᠯᠵᠦ᠂ ᠶᠠᠳᠠᠭᠤᠷᠠᠯ ᠳᠠᠬᠢᠨ ᠡᠭᠦᠰᠬᠦ ᠵᠢ ᠰᠡᠷᠭᠡᠢ᠌ᠯᠡᠬᠦ ᠬᠣᠷᠢᠭ᠎ᠠ ᠱᠤᠭᠤᠮ᠎ᠢ ᠪᠠᠲᠤ  ᠰᠠᠬᠢᠬᠤ ᠬᠡᠷᠡᠭᠲᠡᠢ ᠃ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠵᠢ ᠡᠮᠬᠢᠯᠡᠨ ᠨᠡᠢ᠌ᠯᠡᠭᠦᠯᠵᠦ ᠬᠠᠮᠲᠤᠪᠠᠷ ᠡᠳ᠋ᠯᠡᠬᠦ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ  ᠬᠡᠮᠵᠢᠬᠦ  ᠡᠲᠡᠭᠡᠳ᠎ᠤᠨ ᠰᠤᠷᠭ᠋ᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠪᠠ ᠤᠰᠤ ᠤᠮᠳᠠ ᠵᠢᠨ  ᠠᠶᠤᠯᠭᠦᠢ  ᠪᠠᠢ᠌ᠳᠠᠯ᠎ᠤᠨ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠮᠲᠤᠪᠠᠷ ᠡᠳ᠋ᠯᠡᠬᠦ ᠵᠢ  ᠠᠬᠢᠭᠤᠯᠬᠤ ᠬᠡᠷᠡᠭᠲᠡᠢ ᠃

      ᠬᠣᠶᠠᠷ᠎ᠲᠤ ᠠᠵᠤ ᠦᠢ᠍ᠯᠡᠰ ᠪᠠ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ  ᠴᠢᠩᠭ᠋ᠠᠳᠬᠠᠬᠤ ᠬᠡᠷᠡᠭᠲᠡᠢ᠃ ᠠᠵᠤ ᠦᠢ᠍ᠯᠡᠰ ᠵᠶ᠋ᠡᠷ ᠬᠠᠪᠰᠤᠷᠤᠨ ᠲᠡᠳᠬᠦᠬᠦ ᠵᠢ ᠲᠥᠷᠥᠯ ᠬᠤᠪᠢᠶᠠᠨ ᠥᠷᠨᠢᠭᠦᠯᠵᠦ᠂ ᠬᠠᠪᠰᠤᠷᠤᠨ ᠲᠡᠳᠬᠦᠬᠦ ᠲᠥᠷᠥᠯ ᠵᠦᠢ᠍ᠯ᠎ᠤᠨ ᠬᠥᠮᠥᠷᠭᠡ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂  ᠦᠷᠭᠦᠯᠵᠢᠯᠡᠬᠦᠢ᠌ᠴᠡ  ᠬᠥᠭᠵᠢᠯᠲᠡ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠬᠤ ᠨᠥᠬᠥᠪᠦᠷᠢ ᠪᠡᠯᠡ ᠮᠥᠩᠭᠥ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠬᠤᠪᠢ ᠵᠢᠨ ᠵᠢᠩ᠎ᠢ 65%᠎ᠠᠴᠠ ᠳᠡᠭᠡᠭᠰᠢ ᠪᠣᠯᠲᠠᠯ᠎ᠠ  ᠳᠡᠭᠡᠭᠰᠢᠯᠡᠭᠦᠯᠬᠦ ᠪᠣᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠥᠬᠥᠴᠡᠯ᠎ᠳᠤ ᠨᠡᠢ᠌ᠴᠡᠬᠦ ᠵᠢ᠎ᠨᠢ ᠭᠠᠴᠠᠭ᠎ᠠ ᠲᠣᠰᠬᠣᠨ᠎ᠤ ᠬᠠᠮᠲᠤ ᠵᠢᠨ ᠡᠳ᠋ ᠬᠥᠷᠥᠩᠭᠡ ᠵᠢᠨ ᠨᠢᠭᠡᠳᠦᠯᠲᠡᠢ ᠬᠠᠮᠢᠶᠠᠷᠤᠯᠲᠠ᠎ᠳᠤ  ᠣᠷᠤᠭᠤᠯᠬᠤ ᠬᠡᠷᠡᠭᠲᠡᠢ ᠃  ᠶᠠᠳᠠᠭᠤᠷᠠᠯ  ᠲᠠᠬᠢᠨ  ᠡᠭᠦᠰᠬᠦ  ᠠᠵᠢᠯ ᠣᠯᠬᠤ ᠵᠢ ᠰᠡᠷᠭᠡᠢ᠌ᠯᠡᠬᠦ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠲᠦᠯᠬᠢᠨ ᠠᠬᠢᠭᠤᠯᠵᠤ ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠡᠷᠭᠡ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢᠨ ᠬᠡᠪᠴᠢᠶ᠎ᠡ ᠵᠢ  ᠲᠣᠭᠲᠠᠪᠤᠷᠢᠵᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ᠂ 《  ᠥᠪᠥᠷ ᠮᠣᠩᠭᠣᠯ᠎ᠤᠨ  ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ · ᠵᠠᠭᠤᠨ ᠠᠵᠤ ᠠᠬᠤᠢ᠌ᠯᠠᠯ᠎ᠢ ᠬᠠᠮᠲᠤ᠎ᠳᠤᠨᠢ ᠶᠠᠪᠤᠭᠤᠯᠬᠤ》 ᠵᠡᠷᠭᠡ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ  ᠦᠷᠭᠡᠳᠭᠡᠬᠦ ᠭᠡᠷᠡᠭᠲᠡᠢ ᠃

      ᠭᠤᠷᠪᠠ᠎ᠳᠤ ᠭᠣᠣᠯᠳᠠᠯᠭ᠎ᠠ᠎ᠲᠠᠢ ᠭᠠᠵᠠᠷ ᠣᠷᠣᠨ᠎ᠤ ᠬᠠᠪᠰᠤᠷᠤᠨ ᠲᠡᠳᠬᠦᠵᠦ ᠳᠡᠮᠵᠢᠬᠦ ᠵᠢ  ᠴᠢᠩᠭ᠋ᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠪᠡᠯᠡ ᠮᠥᠩᠭᠥ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ  ᠲᠡᠢ᠌ᠰᠢ  ᠬᠡᠯᠪᠡᠢ᠌ᠯᠭᠡᠵᠦ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠡᠷᠴᠢᠮ᠎ᠢ  ᠴᠢᠩᠭ᠋ᠠᠷᠠᠭᠤᠯᠬᠤ ᠬᠡᠷᠡᠭᠲᠡᠢ ᠃ ᠣᠨᠳᠣᠣ ᠭᠠᠵᠠᠷ᠎ᠲᠤ ᠨᠡᠭᠦᠭᠰᠡᠨ ᠤᠯᠠᠨ ᠲᠦᠮᠡᠨ᠎ᠤ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠪᠠ ᠠᠵᠤ ᠦᠢ᠍ᠯᠡᠰ᠎ᠢ ᠲᠡᠳᠬᠦᠨ ᠳᠡᠮᠵᠢᠬᠦ ᠵᠢ ᠴᠢᠩᠭ᠋ᠠᠳᠬᠠᠵᠤ ᠂ ᠲᠥᠪᠬᠢᠨᠡᠭᠦᠯᠬᠦ ᠣᠷᠣᠨ᠎ᠤ ᠢᠵᠢ ᠪᠦᠷᠢᠳᠦᠭᠦᠯᠬᠦ ᠲᠥᠬᠦᠭᠡᠷᠦᠮᠵᠢ ᠵᠢ  ᠲᠡᠭᠦᠯᠳᠡᠷᠵᠢᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠭᠠᠵᠠᠷ ᠣᠷᠣᠨ᠎ᠤ ᠬᠥᠭᠵᠢᠯᠲᠡ ᠵᠢᠨ ᠨᠥᠬᠥᠴᠡᠯ᠎ᠢ ᠬᠦᠴᠦᠯᠡᠨ ᠰᠠᠢ᠌ᠵᠢᠷᠠᠭᠤᠯᠵᠤ᠂ ᠬᠥᠭᠵᠢᠯᠲᠡ ᠵᠢᠨ ᠴᠢᠳᠠᠪᠤᠷᠢ ᠵᠢ ᠨᠡᠮᠡᠭᠳᠡᠭᠦᠯᠦᠨ᠂ ᠮᠠᠯᠴᠢᠨ ᠲᠠᠷᠢᠶᠠᠴᠢᠨ᠎ᠢ ᠬᠠᠪᠰᠤᠷᠤᠨ ᠥᠪᠡᠷ᠎ᠤᠨ ᠴᠢᠷᠮᠠᠢ᠌ᠯᠭ᠎ᠠ᠎ᠪᠠᠷ ᠵᠶ᠋ᠠᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠭᠤᠯᠬᠤ ᠵᠢ ᠨᠠᠩ ᠢᠯᠡᠭᠦᠦ  ᠪᠡᠶᠡᠯᠡᠬᠦᠯᠬᠦ ᠬᠡᠷᠡᠭᠲᠡᠢ ᠃

      ᠠᠰᠠᠭᠤᠯᠲᠠ᠄ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠶᠠᠮᠠᠷ ᠶᠠᠮᠠᠷ ᠪᠠᠢ᠌ᠷᠢᠯᠠᠭᠤᠯᠤᠯᠲᠠ ᠬᠢᠭᠰᠡᠨ ᠪᠣᠶ?

      ᠬᠠᠷᠢᠭᠤᠯᠲᠠ᠄ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠭᠤᠷᠪᠠᠨ ᠲᠠᠯ᠎ᠠ᠎ᠠᠴᠠ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠭᠣᠣᠯᠳᠠᠯᠭ᠎ᠠ᠎ᠲᠠᠢ ᠠᠵᠢᠯ᠎ᠳᠤ ᠪᠠᠢ᠌ᠷᠢᠯᠠᠭᠤᠯᠤᠯᠲᠠ ᠬᠢᠪᠡ᠃

      ᠨᠢᠭᠡ᠎ᠳᠤ ᠬᠥᠳᠡᠭᠡ ᠲᠣᠰᠬᠣᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ  ᠲᠡᠭᠦᠯᠳᠡᠷᠵᠢᠭᠦᠯᠦᠨ᠎ᠡ ᠃ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠨ 30 ᠵᠢᠯ ᠤᠷᠲᠤᠳᠬᠠᠬᠤ ᠤᠯᠤᠰ᠎ᠤᠨ ᠲᠤᠷᠰᠢᠯᠲᠠ ᠵᠢᠨ ᠴᠢᠭ᠋᠎ᠤᠨ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ 10 ᠰᠢᠶᠠᠩ ᠪᠠᠯᠭ᠋ᠠᠰᠤ ᠵᠢ ᠰᠣᠩᠭᠣᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠰᠢᠯᠲᠠ ᠵᠢᠨ ᠴᠢᠭ᠋᠎ᠢ  ᠦᠷᠨᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 100 ᠣᠷᠴᠢᠮ  ᠳᠠᠭ᠋ᠠᠭᠤᠯᠤᠭᠴᠢ  ᠠᠵᠤ ᠠᠬᠤᠢ᠌ᠯᠠᠯ᠎ᠤᠨ ᠬᠥᠭᠵᠢᠯᠲᠡ ᠵᠢ ᠭᠣᠣᠯᠳᠠᠯᠭ᠎ᠠ᠎ᠲᠠᠢ ᠳᠡᠮᠵᠢᠵᠦ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠵᠢᠨ ᠬᠣᠷᠰᠢᠶ᠎ᠠ ᠪᠠᠶ᠋ᠢᠭᠤᠯᠬᠤ ᠵᠢ ᠵᠣᠷᠢᠭᠵᠢᠭᠤᠯᠤᠨ᠂ 《ᠮᠢᠩᠭ᠋ᠠᠨ ᠬᠥᠮᠥᠨ ᠵᠶ᠋ᠡᠷ ᠲᠦᠮᠡᠨ ᠬᠣᠷᠰᠢᠶ᠎ᠠ ᠵᠢ ᠳᠠᠢ᠌ᠴᠢᠯᠠᠬᠤ》 ᠠᠵᠢᠯᠯᠠᠭ᠎ᠠ ᠵᠢ  ᠦᠷᠨᠢᠭᠦᠯᠦᠨ᠎ᠡ ᠃ ᠦᠨᠳᠦᠰᠦᠨ ᠱᠠᠲᠤᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢ ᠥᠭᠡᠷᠡᠴᠢᠯᠡᠨ ᠪᠠᠶ᠋ᠢᠭᠤᠯᠬᠤ ᠠᠵᠢᠯ᠎ᠢ ᠲᠦᠷᠭᠡᠳᠬᠡᠵᠦ ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠥᠪᠯᠡᠷᠡᠭᠦᠯᠦᠨ ᠵᠠᠯᠭ᠋ᠠᠯᠳᠤᠭᠤᠯᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠵᠦ ᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ ᠵᠢᠨ ᠲᠠᠷᠢᠶᠠᠯᠠᠩ᠎ᠤᠨ ᠣᠷᠭ᠋ᠠᠨᠢᠭ  ᠵᠤᠯᠭ᠋ᠠᠯᠴᠠᠭ᠎ᠠ ᠵᠢ ᠠᠬᠢᠭᠤᠯᠤᠨ᠎ᠠ ᠃

      ᠬᠣᠶᠠᠷ᠎ᠲᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ  ᠠᠬᠢᠭᠤᠯᠤᠨ᠎ᠠ ᠃ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠤᠷᠰᠢᠯᠭ᠎ᠠ ᠵᠢ ᠳᠡᠯᠭᠡᠷᠡᠭᠦᠯᠵᠦ ᠂ ᠰᠤᠯᠠ ᠪᠠᠢ᠌ᠭ᠎ᠠ ᠲᠠᠷᠢᠶᠠᠴᠢᠨ᠎ᠤ ᠭᠡᠷ ᠪᠠᠢ᠌ᠰᠢᠩ ᠪᠠ ᠣᠷᠣᠨ ᠰᠠᠭᠤᠴᠠ ᠵᠢᠨ ᠭᠠᠵᠠᠷ᠎ᠢ ᠠᠰᠢᠭᠯᠠᠨ ᠬᠥᠳᠡᠭᠡ ᠲᠣᠰᠬᠣᠨ᠎ᠤ ᠰᠡᠯᠡᠭᠦᠴᠡᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠠᠮᠢᠳᠤᠯᠢᠭ  ᠪᠤᠯᠭ᠋ᠠᠨ᠎ᠠ ᠃ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠨ᠂ 《ᠬᠣᠭᠣᠰᠤᠨ ᠲᠣᠰᠬᠣᠨ》᠎ᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢᠨ ᠡᠷᠡᠭᠦᠯ ᠬᠦᠭᠵᠢᠯᠳᠡ ᠵᠢ ᠠᠬᠢᠭᠤᠯᠤᠨ᠎ᠠ ᠃

      ᠭᠤᠷᠪᠠ᠎ᠳᠤ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠡᠷᠭᠢᠯᠲᠡ᠎ᠳᠤ ᠣᠷᠣᠭᠤᠯᠬᠤ ᠦᠢ᠍ᠯᠡᠴᠢᠯᠡᠭᠡᠨ᠎ᠤ ᠭᠠᠵᠠᠷ ᠰᠢᠷᠣᠢ ᠵᠢ ᠡᠷᠭᠢᠯᠲᠡ᠎ᠳᠤ ᠣᠷᠣᠭᠤᠯᠬᠤ ᠦᠢ᠍ᠯᠡᠴᠢᠯᠡᠭᠡᠨ᠎ᠤ ᠲᠥᠪ (ᠥᠷᠲᠡᠭᠡ ᠴᠢᠭ᠋)᠎ᠢ ᠰᠢᠨ᠎ᠡ᠎ᠪᠠᠷ ᠪᠠᠢ᠌ᠭᠤᠯᠵᠤ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢᠨ ᠡᠷᠭᠢᠯᠲᠡ ᠵᠢ 《ᠵᠣᠭᠣᠰ ᠵᠶ᠋ᠠᠷ ᠲᠦᠷᠢᠶᠡᠰᠦ ᠲᠣᠭᠲᠠᠭ᠋ᠠᠬᠤ》 ᠪᠠᠢ᠌ᠭᠰᠠᠨ᠎ᠠᠴᠠ 《ᠠᠮᠤ ᠪᠤᠳᠠᠭ᠎ᠠ (ᠮᠠᠯ)᠎ᠪᠠᠷ ᠲᠦᠷᠢᠶᠡᠰᠦ ᠲᠣᠭᠲᠠᠭ᠋ᠠᠬᠤ》  ᠲᠡᠢ᠌ᠰᠢ  ᠬᠤᠪᠢᠷᠠᠭᠤᠯᠬᠤ ᠵᠢ ᠠᠬᠢᠭᠤᠯᠤᠨ᠎ᠠ ᠃

      ᠠᠰᠠᠭᠤᠯᠲᠠ᠄ ᠣᠳᠣᠬᠠᠨ᠎ᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ᠎ᠨᠢ ᠶᠠᠭᠤ ᠪᠤᠢ ? ᠪᠦᠲᠦᠭᠡᠨ ᠪᠠᠢ᠌ᠭᠤᠯᠤᠯᠲᠠ ᠵᠢ ᠬᠡᠷᠬᠢᠨ ᠠᠬᠢᠭᠤᠯᠬᠤ ᠪᠤᠢ ?

      ᠬᠠᠷᠢᠭᠤᠯᠲᠠ᠄ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠣᠯ ᠬᠣᠲᠠ ᠬᠥᠳᠡᠭᠡ ᠵᠢᠨ ᠬᠥᠭᠵᠢᠯᠲᠡ ᠵᠢᠨ ᠲᠡᠩᠴᠡᠭᠦᠷᠢ ᠦᠭᠡᠢ ᠵᠥᠷᠢᠴᠡᠯ᠎ᠢ ᠰᠢᠢ᠍ᠳᠪᠦᠷᠢᠯᠡᠬᠦ ᠬᠦᠴᠦᠯᠡᠬᠦ ᠴᠡᠭ ᠮᠥᠨ ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠮᠢᠩᠭ᠋ᠠᠨ ᠲᠦᠮᠡᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠡᠯ᠎ᠡ ᠭᠠᠵᠠᠷ᠎ᠤᠨ ᠪᠣᠳᠠᠲᠠᠢ ᠪᠠᠢ᠌ᠳᠠᠯ ᠪᠠ ᠮᠠᠯᠴᠢᠨ ᠲᠠᠷᠢᠶᠠᠴᠢᠨ᠎ᠤ ᠬᠡᠷᠡᠭᠴᠡᠭᠡ ᠱᠠᠭ᠋ᠠᠷᠳᠠᠯᠭ᠎ᠠ᠎ᠠᠴᠠ ᠡᠭᠦᠰᠴᠦ᠂ ᠲᠦᠭᠡᠮᠡᠯᠵᠢᠭᠦᠯᠦᠨ ᠨᠡᠢ᠌ᠳᠡᠮ ᠠᠰᠢᠭ ᠬᠦᠷᠲᠡᠭᠡᠬᠦ ᠶᠠᠪᠤᠳᠠᠯ᠎ᠢ ᠠᠳᠬᠤᠨ᠂ ᠨᠢᠭᠡ ᠵᠦᠢ᠍ᠯ᠎ᠢ  ᠬᠢᠪᠡᠯ  ᠨᠢᠭᠡ ᠵᠦᠢ᠍ᠯ᠎ᠢ ᠪᠦᠲᠦᠭᠡᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃

      ᠨᠢᠭᠡ᠎ᠳᠤ ᠬᠥᠳᠡᠭᠡ ᠲᠣᠰᠬᠣᠨ᠎ᠤ ᠲᠥᠯᠦᠪᠵᠢᠭᠦᠯᠭᠡ ᠵᠢᠨ ᠬᠥᠲᠥᠯᠥᠨ ᠳᠠᠭ᠋ᠠᠭᠤᠯᠬᠤ ᠬᠢᠷᠢ ᠲᠦᠪᠰᠢᠨ᠎ᠢ  ᠲᠡᠭᠡᠭᠰᠢᠯᠡᠭᠦᠯᠦᠨ᠎ᠡ ᠃  ᠭᠠᠴᠠᠭ᠎ᠠ ᠲᠣᠰᠬᠣᠨ᠎ᠤ 《ᠣᠯᠠᠨ ᠲᠥᠯᠦᠪᠵᠢᠭᠦᠯᠭᠡ ᠵᠢ ᠨᠡᠢ᠌ᠯᠡᠭᠦᠯᠦᠨ ᠨᠢᠭᠡ ᠪᠣᠯᠭ᠋ᠠᠬᠤ》 ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢ ᠠᠬᠢᠭᠤᠯᠵᠤ᠂ ᠲᠥᠷᠥᠯ ᠬᠤᠪᠢᠶᠠᠨ ᠵᠢᠯᠤᠭᠣᠳᠬᠤ ᠵᠢ ᠴᠢᠩᠭ᠋ᠠᠳᠬᠠᠨ᠂ ᠨᠠᠢ᠌ᠷᠠᠭᠤᠯᠤᠨ ᠵᠣᠬᠢᠶᠠᠬᠤ ᠴᠢᠬᠤᠯᠠ ᠦᠭᠡᠢ ᠵᠢ᠎ᠨᠢ ᠰᠢᠶᠠᠨ ᠰᠢᠶᠠᠩ᠎ᠤᠨ ᠱᠠᠲᠤᠨ᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ᠎ᠳᠤ ᠶᠡᠷᠦᠩᠬᠡᠢ ᠳᠦᠷᠢᠮ᠎ᠤᠨ ᠮᠠᠶᠢᠭ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠲᠤᠳᠤᠷᠬᠠᠢ᠌ᠯᠠᠨ᠎ᠠ᠃ 《ᠡᠭᠦᠳᠡ᠎ᠪᠠᠨ ᠨᠡᠭᠡᠭᠡᠵᠦ ᠲᠥᠯᠦᠪᠵᠢᠭᠦᠯᠭᠡ ᠲᠣᠭᠲᠠᠭ᠋ᠠᠬᠤ》 ᠵᠢ ᠪᠠᠷᠢᠮᠲᠠᠯᠠᠵᠤ᠂ ᠲᠥᠯᠦᠪᠵᠢᠭᠦᠯᠭᠡ ᠵᠢ ᠭᠠᠴᠠᠭ᠎ᠠ ᠲᠣᠰᠬᠣᠨ᠎ᠤ ᠪᠣᠳᠠᠲᠤ ᠪᠠᠢ᠌ᠳᠠᠯ ᠪᠠ ᠮᠠᠯᠴᠢᠨ ᠲᠠᠷᠢᠶᠠᠴᠢᠨ᠎ᠤ ᠬᠦᠰᠡᠯ ᠰᠠᠨᠠᠭ᠎ᠠ᠎ᠳᠤ ᠨᠡᠢ᠌ᠴᠡᠭᠦᠯᠬᠦ ᠵᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ᠎ᠤ ᠺᠠᠳ᠋ᠷ ᠣᠯᠠᠨ ᠲᠦᠮᠡᠨ᠎ᠳᠤ ᠲᠥᠯᠦᠪᠵᠢᠭᠦᠯᠭᠡ ᠵᠢ ᠣᠢ᠌ᠯᠠᠭ᠋ᠠᠨ᠂ ᠲᠥᠯᠦᠪᠵᠢᠭᠦᠯᠭᠡ ᠵᠢ ᠰᠠᠬᠢᠵᠤ᠂ ᠲᠥᠯᠦᠪᠵᠢᠭᠦᠯᠭᠡ ᠵᠢ ᠰᠠᠢ᠌ᠲᠤᠷ ᠬᠡᠷᠡᠭᠯᠡᠭᠦᠯᠦᠨ᠎ᠡ ᠃

      ᠬᠣᠶᠠᠷ᠎ᠲᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠤᠨ ᠲᠠᠭ᠋ᠠᠯᠠᠮᠵᠢ ᠵᠢᠨ ᠬᠡᠮᠵᠢᠶ᠎ᠡ ᠵᠢ  ᠲᠡᠭᠡᠭᠰᠢᠯᠡᠭᠦᠯᠦᠨ᠎ᠡ  ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠴᠢ ᠡᠶᠡᠯᠳᠡᠭ ᠰᠠᠢ᠌ᠬᠠᠨ ᠬᠥᠳᠡᠭᠡ ᠲᠣᠰᠬᠣᠨ᠎ᠤ 《ᠠᠷᠪᠠᠨ ᠰᠢᠶᠠᠨ ᠵᠠᠭᠤᠨ ᠰᠢᠶᠠᠩ ᠮᠢᠩᠭ᠋ᠠᠨ ᠲᠣᠰᠬᠣᠨ》᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ᠂ ᠤᠮᠠᠷᠠᠲᠤ ᠬᠢᠯᠢ ᠵᠢᠨ ᠣᠨᠴᠠᠯᠢᠭ᠎ᠢ ᠢᠯᠡᠷᠡᠭᠦᠯᠦᠭᠰᠡᠨ ᠨᠢᠭᠡ ᠪᠦᠯᠦᠭ ᠵᠢᠱ᠌ᠢᠶ᠎ᠡ ᠦᠵᠡᠭᠦᠯᠬᠦ ᠵᠠᠭᠪᠤᠷ᠎ᠢ ᠪᠦᠯᠦᠭ ᠬᠤᠪᠢᠶᠠᠨ ᠡᠭᠦᠳᠦᠨ  ᠪᠠᠢ᠌ᠭᠤᠯᠤᠨ᠎ᠠ ᠃ ᠮᠠᠯᠵᠢᠬᠤ ᠲᠠᠷᠢᠶᠠᠯᠠᠬᠤ ᠡᠷᠦᠬᠡ ᠵᠢᠨ ᠰᠠᠢ᠌ᠨ ᠳᠤᠷ᠎ᠠ᠎ᠠᠴᠠ᠎ᠪᠠᠨ ᠪᠠᠷᠢᠮᠵᠢᠶ᠎ᠠ ᠶᠣᠰᠣᠭ᠋ᠠᠷ ᠵᠣᠷᠯᠣᠩ᠎ᠢ ᠥᠭᠡᠷᠡᠴᠢᠯᠡᠬᠦ᠂ ᠵᠠᠰᠠᠭ᠎ᠤᠨ ᠣᠷᠳᠣᠨ᠎ᠠᠴᠠ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠨᠥᠬᠥᠪᠦᠷᠢ ᠵᠢ ᠡᠷᠦᠬᠡ᠎ᠳᠤ ᠬᠦᠷᠲᠡᠯ᠎ᠡ ᠣᠯᠭᠣᠬᠤ ᠱᠠᠩᠨᠠᠵᠤ ᠨᠥᠬᠥᠪᠦᠷᠢᠯᠡᠬᠦ ᠵᠠᠭᠪᠤᠷ᠎ᠢ ᠰᠦᠪᠡᠭᠴᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠨ ᠠᠮᠠ ᠬᠠᠷᠢᠴᠠᠩᠭᠤᠢ᠎ᠪᠠᠷ ᠲᠥᠪᠯᠡᠷᠡᠭᠰᠡᠨ ᠭᠠᠵᠠᠷ ᠣᠷᠣᠨ᠎ᠤ ᠬᠣᠭ ᠨᠣᠪᠰᠢ ᠪᠠ ᠪᠣᠬᠢᠷ ᠤᠰᠤ ᠵᠢ ᠲᠥᠪᠯᠡᠷᠡᠭᠦᠯᠦᠨ ᠵᠠᠰᠠᠬᠤ 《135》 ᠵᠢᠨ ᠠᠵᠢᠯᠯᠠᠭ᠎ᠠ ᠵᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ 《ᠶᠡᠬᠡᠪᠡᠷ ᠵᠢᠭᠰᠠᠭ᠋ᠠᠨ ᠪᠠᠢ᠌ᠴᠠᠭ᠋ᠠᠬᠤ᠂ ᠶᠡᠬᠡᠪᠡᠷ ᠢᠯᠭ᠋ᠠᠷᠠᠭᠤᠯᠬᠤ᠂ ᠶᠡᠬᠡᠪᠡᠷ ᠴᠡᠭᠴᠡᠯᠡᠨ ᠵᠠᠰᠠᠬᠤ》 ᠲᠤᠰᠬᠠᠢ ᠠᠵᠢᠯᠯᠠᠭ᠎ᠠ ᠵᠢ ᠥᠷᠨᠢᠭᠦᠯᠵᠦ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠦᠷᠭᠦᠯᠵᠢᠯᠡᠨ  ᠠᠬᠢᠭᠤᠯᠤᠨ᠎ᠠ ᠃

      ᠭᠤᠷᠪᠠ᠎ᠳᠤ ᠰᠠᠭᠤᠷᠢ ᠲᠥᠬᠦᠭᠡᠷᠦᠮᠵᠢ ᠵᠢᠨ ᠲᠡᠭᠦᠯᠳᠡᠷᠵᠢᠯ᠎ᠤᠨ ᠬᠡᠮᠵᠢᠶ᠎ᠡ ᠵᠢ  ᠲᠡᠭᠡᠭᠰᠢᠯᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠤᠰᠤᠨ᠎ᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠤᠰᠤ ᠬᠠᠩᠭ᠋ᠠᠬᠤ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠲᠡᠭᠡᠭᠰᠢᠯᠡᠭᠦᠯᠦᠨ᠎ᠡ ᠃ ᠭᠣᠣᠯᠳᠠᠯᠭ᠎ᠠ᠎ᠲᠠᠢ ᠭᠠᠴᠠᠭ᠎ᠠ ᠪᠠᠯᠭ᠋ᠠᠰᠤᠨ᠎ᠤ ᠰᠢᠨ᠎ᠡ ᠡᠨᠧᠷᠭᠢ ᠵᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠵᠢᠨ ᠲᠥᠯᠦᠪᠵᠢᠭᠦᠯᠭᠡ ᠵᠢᠨ ᠪᠦᠲᠦᠭᠡᠨ  ᠪᠠᠢ᠌ᠭᠤᠯᠤᠯᠲᠠ ᠵᠢ ᠴᠢᠩᠭ᠋ᠠᠳᠬᠠᠨ᠎ᠠ ᠃  ᠮᠠᠯᠵᠢᠬᠤ ᠲᠠᠷᠢᠶᠠᠯᠠᠬᠤ ᠣᠷᠣᠨ᠎ᠤ ᠭᠡᠷ ᠪᠠᠢ᠌ᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠵᠢ ᠦᠷᠭᠦᠯᠵᠢᠯᠡᠨ ᠠᠬᠢᠭᠤᠯᠤᠨ᠎ᠠ᠃

      ᠳᠥᠷᠪᠡ᠎ᠳᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠭᠦᠯᠦᠨ᠎ᠡ ᠃ ᠰᠤᠷᠭ᠋ᠠᠨ ᠬᠥᠮᠦᠵᠢᠯ᠎ᠤᠨ  ᠲᠠᠯ᠎ᠠ᠎ᠪᠠᠷ ᠂ ᠮᠠᠯᠵᠢᠬᠤ ᠲᠠᠷᠢᠶᠠᠯᠠᠬᠤ ᠣᠷᠣᠨ᠎ᠤ  ᠪᠠᠢ᠌ᠷᠢ᠎ᠳᠤ  ᠰᠠᠭᠤᠬᠤ ᠳᠦᠷᠢᠮᠲᠦ ᠰᠤᠷᠭ᠋ᠠᠭᠤᠯᠢ ᠪᠣᠯᠣᠨ ᠴᠢᠬᠤᠯᠠ ᠪᠦᠬᠦᠢ ᠪᠠᠭ᠎ᠠ ᠬᠡᠪᠴᠢᠶᠡᠨ᠎ᠤ  ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠲᠡᠮᠵᠢᠵᠤ ᠂ ᠮᠠᠯᠵᠢᠬᠤ ᠲᠠᠷᠢᠶᠠᠯᠠᠬᠤ ᠣᠷᠣᠨ᠎ᠤ  ᠰᠤᠷᠭ᠋ᠠᠨ ᠬᠥᠮᠦᠵᠢᠯ᠎ᠤᠨ  ᠶᠠᠰᠤ ᠴᠢᠨᠠᠷ᠎ᠢ  ᠲᠡᠭᠡᠭᠰᠢᠯᠡᠭᠦᠯᠦᠨ᠎ᠡ ᠃ ᠡᠮᠴᠢᠯᠡᠭᠡᠨ᠎ᠤ ᠲᠠᠯ᠎ᠠ᠎ᠪᠠᠷ᠂ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠣᠯᠣᠨ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠶᠠᠨ᠎ᠤ ᠬᠡᠪᠴᠢᠶᠡᠨ᠎ᠳᠠᠬᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠬᠡᠷᠡᠭᠯᠡᠬᠦ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠥᠬᠥᠴᠡᠯ᠎ᠳᠤ ᠨᠡᠢ᠌ᠴᠡᠬᠦ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠢ ᠠᠯᠬᠤᠮ ᠠᠯᠬᠤᠮ ᠵᠶ᠋ᠠᠷ ᠡᠮᠴᠢᠯᠡᠭᠡᠨ᠎ᠤ ᠳᠠᠭ᠋ᠠᠳᠬᠠᠯ᠎ᠤᠨ ᠴᠢᠭ᠋ ᠲᠣᠭᠲᠠᠭ᠋ᠠᠨ ᠬᠠᠮᠢᠶᠠᠷᠬᠤ᠎ᠳᠤ ᠣᠷᠣᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ᠎ᠳᠤ ᠨᠠᠩ ᠲᠥᠬᠥᠮ  ᠪᠤᠯᠭ᠋ᠠᠨ᠎ᠠ ᠃ ᠨᠠᠰᠤᠵᠢᠯ᠎ᠤᠨ ᠠᠰᠠᠷᠠᠮᠵᠢ ᠵᠢᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂  ᠣᠨᠴᠠᠭ᠋ᠠᠢ  ᠬᠦᠴᠢᠷᠳᠡᠯᠲᠡᠢ ᠨᠠᠰᠤᠲᠠᠢ᠌ᠴᠤᠳ᠎ᠢ ᠡᠷᠬᠢᠨ ᠦᠵᠡᠵᠦ ᠬᠠᠯᠠᠮᠵᠢᠯᠠᠨ ᠬᠠᠢ᠌ᠷᠠᠯᠠᠬᠤ ᠲᠣᠭᠲᠠᠴᠠ ᠵᠢ ᠨᠠᠢ᠌ᠳᠠᠪᠤᠷᠢᠵᠢᠭᠤᠯᠤᠨ᠂ ᠨᠠᠰᠤᠵᠢᠯ᠎ᠤᠨ ᠠᠰᠠᠷᠠᠮᠵᠢ ᠵᠢᠨ  ᠦᠢ᠍ᠯᠡᠴᠢᠯᠡᠭᠡᠨ᠎ᠤ ᠬᠢᠷᠢ ᠲᠦᠪᠰᠢᠨ᠎ᠢ ᠬᠦᠴᠦᠯᠡᠨ  ᠲᠡᠭᠡᠭᠰᠢᠯᠡᠭᠦᠯᠦᠨ᠎ᠡ ᠃ 

      ᠲᠠᠪᠤ᠎ᠳᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠴᠠᠭ ᠦᠶ᠎ᠡ ᠵᠢᠨ ᠦᠷ᠎ᠡ ᠪᠦᠲᠦᠮᠵᠢ ᠵᠢ  ᠡᠵᠡᠮᠳᠡᠨ᠎ᠡ ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠮᠠᠯᠴᠢᠨ ᠲᠠᠷᠢᠶᠠᠴᠢᠨ᠎ᠤ ᠲᠥᠯᠥᠭᠡ ᠪᠦᠲᠦᠭᠡᠨ ᠪᠠᠶ᠋ᠢᠭᠤᠯᠬᠤ ᠵᠢ ᠲᠤᠪᠤᠢ᠍ᠢ᠍ᠯᠭ᠋ᠠᠵᠤ ᠂  ᠦᠷᠭᠦᠯᠵᠢᠯᠡᠬᠦᠢ᠌ᠴᠡ᠎ᠪᠠᠷ ᠭᠣᠣᠯᠳᠠᠯᠭ᠎ᠠ ᠪᠣᠯᠭ᠋ᠠᠵᠤ ᠂ ᠥᠩᠭᠡᠪᠴᠢ ᠠᠵᠢᠯ ᠬᠢᠬᠦ ᠂ ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ ᠂ 《  ᠨᠢᠭᠡ ᠯᠡ ᠠᠳᠠᠯᠢ᠎ᠪᠠᠷ ᠱᠠᠭ᠋ᠠᠷᠳᠠᠬᠤ 》 ᠂ ᠠᠯᠪᠠᠳᠠᠨ ᠵᠠᠷᠯᠢᠭᠳᠠᠬᠤ ᠦᠵᠡᠭᠳᠡᠯ ᠭᠠᠷᠬᠤ᠎ᠠᠴᠠ ᠵᠠᠢ᠌ᠯᠠᠰᠬᠢᠨ᠎ᠠ ᠃ ᠡᠷᠬᠡᠪᠰᠢ ᠪᠣᠳᠠᠲᠤ ᠪᠠᠢ᠌ᠳᠠᠯ᠎ᠠᠴᠠ ᠡᠭᠦᠰᠬᠦ ᠂ ᠲᠣᠭ᠎ᠠ ᠬᠡᠮᠵᠢᠶ᠎ᠡ᠎ᠨᠢ ᠶᠠᠰᠤ ᠴᠢᠨᠠᠷ᠎ᠢ ᠳᠠᠭ᠋ᠠᠬᠤ ᠂ ᠠᠬᠢᠴᠠ᠎ᠨᠢ ᠪᠣᠳᠠᠲᠤ ᠦᠷ᠎ᠡ ᠪᠦᠲᠦᠮᠵᠢ ᠵᠢ ᠳᠠᠭ᠋ᠠᠬᠤ ᠵᠢ ᠪᠠᠷᠢᠮᠲᠠᠯᠠᠬᠤ ᠬᠡᠷᠡᠭᠲᠡᠢ ᠂ ᠬᠥᠭᠵᠢᠯᠲᠡ ᠵᠢᠨ ᠱᠠᠲᠤ ᠦᠶ᠎ᠡ᠎ᠠᠴᠠ ᠳᠠᠪᠠᠵᠤ ᠰᠣᠬᠣᠷ ᠪᠠᠯᠠᠢ᠎ᠪᠠᠷ ᠥᠷᠢ ᠲᠠᠯᠪᠢᠵᠤ ᠪᠦᠲᠦᠭᠡᠨ ᠪᠠᠢ᠌ᠭᠤᠯᠤᠯᠲᠠ ᠬᠢᠵᠦ ᠪᠣᠯᠬᠤ ᠦᠭᠡᠢ ᠂ ᠬᠡᠯᠪᠡᠷᠢ ᠵᠢᠨ ᠦᠵᠡᠯ᠎ᠤᠨ ᠰᠢᠨ᠎ᠡ ᠠᠰᠠᠭᠤᠳᠠᠯ ᠭᠠᠷᠬᠤ ᠵᠢ ᠡᠷᠡᠰ ᠬᠤᠷᠢᠭᠯᠠᠨ᠎ᠠ ᠃

      ᠠᠰᠠᠭᠤᠯᠲᠠ᠄ ᠣᠳᠣᠬᠠᠨ᠎ᠤ ᠬᠥᠳᠡᠭᠡ ᠲᠣᠰᠬᠣᠨ᠎ᠤ ᠵᠠᠰᠠᠯᠲᠠ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠬᠡᠷᠬᠢᠨ ᠰᠢᠢ᠍ᠳᠪᠦᠷᠢᠯᠡᠵᠦ ᠂ ᠬᠥᠳᠡᠭᠡ ᠲᠣᠰᠬᠣᠨ᠎ᠤ ᠵᠠᠰᠠᠯᠲᠠ ᠵᠢᠨ  ᠬᠢᠷᠢ  ᠲᠦᠪᠰᠢᠨ᠎ᠢ ᠬᠡᠷᠬᠢᠨ ᠳᠡᠭᠡᠭᠰᠢᠯᠡᠭᠦᠯᠬᠦ ᠪᠤᠢ ?

      ᠬᠠᠷᠢᠭᠤᠯᠲᠠ᠄ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ  ᠮᠠᠲᠸᠷᠢᠶᠠᠯ ᠎ᠨᠢ ᠬᠥᠳᠡᠭᠡ ᠲᠣᠰᠬᠣᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠂ ᠭᠣᠣᠯᠳᠠᠯᠭ᠎ᠠ᠎ᠲᠠᠢ ᠬᠡᠳᠦᠨ ᠲᠠᠯ᠎ᠠ ᠵᠢᠨ ᠪᠠᠢ᠌ᠷᠢᠯᠠᠭᠤᠯᠤᠯᠲᠠ ᠬᠢᠵᠡᠢ ᠃

      ᠨᠢᠭᠡ᠎ᠳᠤ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ ᠃ ᠦᠨᠳᠦᠰᠦᠨ ᠱᠠᠲᠤ ᠵᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠵᠢ ᠪᠠᠷᠢᠮᠲᠠᠯᠠᠵᠤ᠂ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠢᠨ ᠰᠢᠶᠠᠩ᠎ᠢ ᠠᠳᠬᠤᠵᠤ ᠲᠣᠰᠬᠣᠨ᠎ᠢ ᠠᠬᠢᠭᠤᠯᠬᠤ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠦᠨᠡᠨᠬᠦ  ᠴᠢᠩᠭ᠋ᠠᠳᠬᠠᠨ᠎ᠠ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ  ᠰᠢᠰᠲᠸᠮᠵᠢ ᠵᠢ  ᠪᠦᠷᠢᠨᠰᠢᠭᠦᠯᠵᠦ ᠂ ᠲᠣᠣᠷᠵᠢᠭᠤᠯᠤᠭᠰᠠᠨ ᠵᠠᠰᠠᠯᠲᠠ ᠂  ᠶᠡᠬᠡ᠎ᠪᠠᠷ ᠳᠡᠯᠭᠡᠷᠡᠭᠦᠯᠦᠨ  ᠪᠢᠴᠢᠯ ᠵᠠᠰᠠᠯᠲᠠ ᠂ ᠬᠤᠪᠢ ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠵᠢᠨ ᠠᠷᠭ᠎ᠠ ᠬᠡᠯᠪᠡᠷᠢ ᠵᠢ ᠵᠢ ᠪᠦᠬᠦ ᠲᠠᠯ᠎ᠠ᠎ᠪᠠᠷ ᠠᠬᠢᠭᠤᠯᠵᠤ ᠂ ᠬᠥᠳᠡᠭᠡ ᠲᠣᠰᠬᠣᠨ᠎ᠤ ᠵᠠᠰᠠᠯᠲᠠ ᠵᠢᠨ ᠦᠷ᠎ᠡ ᠪᠦᠲᠦᠮᠵᠢ ᠵᠢ  ᠲᠡᠭᠡᠭᠰᠢᠯᠡᠭᠦᠯᠦᠨ᠎ᠡ ᠃ 《ᠵᠡᠭᠡᠯᠢ ᠬᠥᠳᠡᠭᠡ᠎ᠳᠤ ᠱᠦᠭᠯᠦ ᠦᠯᠢᠶᠡᠬᠦ᠂ ᠰᠠᠯᠠᠭ᠎ᠠ ᠮᠥᠴᠢᠷ᠎ᠤᠳ ᠨᠡᠷ᠎ᠡ ᠮᠡᠳᠡᠭᠦᠯᠬᠦ》 ᠵᠡᠷᠭᠡ ᠪᠦᠲᠦᠮᠵᠢᠲᠡᠶ ᠠᠷᠭ᠎ᠠ ᠬᠢᠳᠡᠯ᠎ᠢ ᠳᠡᠯᠭᠡᠷᠡᠭᠦᠯᠵᠦ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠡᠭᠦᠷᠭᠡ ᠬᠠᠷᠢᠭᠤᠴᠠᠯᠭ᠎ᠠ ᠵᠢᠨ ᠵᠥᠪᠰᠢᠶᠡᠷᠡᠯ᠎ᠢ ᠴᠢᠩᠳᠠᠯᠠᠵᠤ᠂ 《ᠵᠢᠵᠢᠭ  ᠮᠣᠷᠢ᠎ᠪᠠᠷ ᠲᠣᠮᠦ  ᠲᠡᠷᠭᠡ  ᠴᠢᠩᠭ᠋ᠠᠬᠤ 》 ᠵᠡᠷᠭᠡ ᠦᠨᠳᠦᠰᠦᠨ ᠱᠠᠲᠤᠨ᠎ᠤ ᠵᠠᠰᠠᠯᠲᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ ᠃ ᠡᠬᠢ ᠡᠭᠦᠰᠦᠯ᠎ᠠᠴᠠ᠎ᠨᠢ ᠵᠠᠰᠠᠬᠤ ᠪᠠ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠦᠷ᠎ᠡ ᠪᠦᠲᠦᠭᠡᠯ᠎ᠢ ᠭᠦᠨᠵᠡᠭᠡᠢ᠌ᠷᠡᠭᠦᠯᠦᠨ ᠥᠷᠭᠡᠳᠬᠡᠵᠦ ᠂ ᠦᠨᠳᠦᠰᠦᠨ ᠱᠠᠲᠤᠨ᠎ᠤ ᠨᠡᠩ ᠤᠯᠠᠨ ᠤᠶᠤᠨ ᠴᠢᠳᠠᠯ᠎ᠢ ᠤᠯᠠᠨ ᠲᠦᠮᠡᠨ᠎ᠲᠠᠢ ᠬᠠᠷᠢᠯᠴᠠᠬᠤ ᠂ ᠠᠷᠠᠳ ᠲᠦᠮᠡᠨ᠎ᠳᠤ ᠦᠢ᠍ᠯᠡᠴᠢᠯᠡᠬᠦ ᠳᠡᠭᠡᠷ᠎ᠡ ᠲᠠᠯᠪᠢᠨ᠎ᠠ ᠃

      ᠬᠣᠶᠠᠷ᠎ᠲᠤ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ  ᠴᠢᠩᠭ᠋ᠠᠳᠬᠠᠨ᠎ᠠ ᠃  ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠵᠣᠬᠢᠴᠠᠯᠳᠤᠯ᠎ᠢ ᠲᠦᠯᠬᠢᠨ ᠠᠬᠢᠭᠤᠯᠵᠤ ᠂ ᠬᠣᠶᠠᠷ ᠲᠠᠯ᠎ᠠ ᠵᠢ ᠠᠳᠬᠤᠬᠤ ᠂ ᠬᠣᠶᠠᠷ ᠲᠠᠯ᠎ᠠ ᠵᠢ ᠴᠢᠩᠭ᠎ᠠ ᠠᠳᠬᠤᠬᠤ ᠵᠢ  ᠪᠠᠷᠢᠮᠳᠠᠯᠠᠨ᠎ᠠ ᠃ ᠴᠢᠨᠠᠷ ᠰᠠᠢ᠌ᠲᠠᠢ ᠤᠶᠤᠨ᠎ᠤ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠰᠠᠢ᠌ᠲᠤᠷ ᠠᠳᠬᠤᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠥᠮᠦᠵᠢᠯ ᠪᠣᠯᠪᠠᠰᠤᠷᠠᠯ᠎ᠢ ᠪᠠᠲᠤ ᠪᠡᠬᠢ ᠪᠤᠢ ᠪᠣᠯᠭ᠋ᠠᠬᠤ ᠵᠢ ᠴᠢᠩᠭ᠋ᠠᠳᠬᠠᠵᠤ ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠥᠷᠭᠡᠳᠬᠡᠵᠦ ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠂ ᠴᠢᠨᠠᠷ ᠰᠠᠢ᠌ᠲᠠᠢ ᠰᠣᠶᠣᠯ᠎ᠤᠨ ᠦᠢ᠍ᠯᠡᠴᠢᠯᠡᠭᠡ ᠵᠢ ᠮᠠᠯᠵᠢᠬᠤ ᠲᠠᠷᠢᠶᠠᠯᠠᠬᠤ ᠣᠷᠣᠨ  ᠲᠡᠢ᠌ᠰᠢ  ᠥᠷᠭᠡᠳᠬᠡᠬᠦ ᠵᠢ ᠠᠬᠢᠭᠤᠯᠤᠨ᠎ᠠ ᠃ 《ᠨᠠᠮ᠎ᠤᠨ ᠠᠴᠢ ᠵᠢ ᠣᠢ᠌ᠯᠠᠭ᠋ᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠯᠠᠭ᠋ᠠᠨᠮᠥ᠋ᠴᠢᠷ᠎ᠤᠨ ᠦᠢ᠍ᠯᠡᠳᠦᠯ᠎ᠢ ᠨᠠᠩ ᠰᠠᠢ᠌ᠲᠤᠷ  ᠪᠠᠳᠠᠷᠠᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠠᠭᠤᠳᠠᠯᠤᠨ ᠳᠡᠯᠭᠡᠷᠡᠭᠦᠯᠵᠦ᠂ 《ᠨᠢᠭᠡ ᠭᠡᠷ᠎ᠡ ᠳᠥᠷᠪᠡᠨ  ᠴᠢᠳᠠᠯ 》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠣᠷᠣᠭ᠎ᠤᠨ ᠶᠠᠪᠤᠳᠠᠯ᠎ᠢ ᠰᠢᠨ᠎ᠡ᠎ᠪᠠᠷ ᠡᠷᠭᠢᠯᠡᠬᠦ᠂ ᠪᠡᠯᠪᠡᠰᠦᠷᠡᠯ᠎ᠤᠨ ᠶᠠᠪᠤᠳᠠᠯ᠎ᠢ ᠳᠥᠭᠥᠮᠴᠢᠯᠡᠨ ᠭᠦᠢ᠍ᠴᠡᠳᠬᠡᠬᠦ᠂ ᠨᠠᠰᠤᠲᠠᠨ ᠵᠶ᠋ᠠᠨ ᠠᠴᠢᠯᠠᠵᠤ ᠲᠥᠷᠥᠯ ᠰᠠᠳᠤᠨ ᠵᠶ᠋ᠠᠨ ᠬᠦᠨᠳᠦᠯᠡᠬᠦ᠂ ᠦᠨᠡᠨᠴᠢ ᠢᠲᠡᠭᠡᠮᠵᠢᠲᠡᠢ ᠨᠥᠬᠥᠷᠰᠡᠭ ᠪᠠᠢ᠌ᠬᠤ ᠵᠡᠷᠭᠡ ᠪᠣᠯᠪᠠᠰᠤᠨ ᠰᠢᠨ᠎ᠡ ᠰᠤᠷᠲᠠᠯ᠎ᠢ ᠪᠠᠳᠠᠷᠠᠭᠤᠯᠵᠤ᠂ ᠮᠠᠯᠴᠢᠨ ᠲᠠᠷᠢᠶᠠᠴᠢᠨ᠎ᠤ ᠬᠤᠷᠢᠮ ᠪᠡᠯᠪᠡᠰᠦᠷᠡᠯ ᠵᠡᠷᠭᠡ᠎ᠳᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ᠂ ᠨᠠᠢ᠌ᠷ ᠲᠠᠯ᠎ᠠ ᠪᠠ ᠶᠣᠰᠣ ᠵᠠᠩᠰᠢᠯ᠎ᠤᠨ ᠳᠠᠷᠤᠭ᠋ᠠᠰᠤ ᠵᠢ ᠬᠦᠩᠭᠡᠷᠡᠭᠦᠯᠦᠨ᠎ᠡ᠃

      ᠭᠤᠷᠪᠠ᠎ᠳᠤ ᠠᠮᠤᠷ ᠠᠮᠤᠭᠤᠯᠠᠩ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃ ᠰᠢᠨ᠎ᠡ ᠴᠠᠭ ᠦᠶ᠎ᠡ ᠵᠢᠨ 《  ᠹᠸᠩᠴᠢᠶᠣᠣ  ᠵᠢᠨ ᠲᠤᠷᠰᠢᠯᠭ᠎ᠠ 》  ᠵᠢ ᠪᠠᠷᠢᠮᠲᠠᠯᠠᠨ ᠬᠥᠭᠵᠢᠭᠦᠯᠵᠦ ᠂ 《  ᠳᠥᠷᠪᠡ ᠵᠢ  ᠦᠨᠳᠦᠰᠦᠨ  ᠱᠠᠲᠤᠨ᠎ᠳᠤ ᠪᠠᠭᠤᠯᠭ᠋ᠠᠬᠤ 》  ᠳᠦᠷᠢᠮ᠎ᠢ ᠨᠠᠢ᠌ᠳᠠᠪᠤᠷᠢᠵᠢᠭᠤᠯᠵᠤ ᠂ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ ᠂ ᠵᠥᠷᠢᠴᠡᠯ ᠵᠢᠭᠤᠷᠠᠯᠳᠤᠭ᠋ᠠᠨ᠎ᠢ ᠦᠨᠳᠦᠰᠦᠨ ᠱᠠᠲᠤᠨ᠎ᠤ ᠬᠠᠷᠢᠶ᠎ᠠ ᠣᠷᠣᠨ᠎ᠳᠤ ᠰᠢᠢ᠍ᠳᠪᠦᠷᠢᠯᠡᠬᠦ ᠵᠢ ᠠᠬᠢᠭᠤᠯᠤᠨ᠎ᠠ ᠃ ᠪᠢᠴᠢᠭ ᠮᠠᠲ᠋ᠧᠷᠢᠶᠠᠯ᠎ᠳᠤ ᠱᠠᠭ᠋ᠠᠷᠳᠠᠭᠰᠠᠨ᠎ᠨᠢ᠂ ᠮᠠᠯᠵᠢᠬᠤ ᠲᠠᠷᠢᠶᠠᠯᠠᠬᠤ ᠣᠷᠣᠨ᠎ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠤᠨᠲᠠᠷᠠᠭ᠋ᠠᠬᠤ᠂ ᠵᠢᠭ᠋ᠠᠰᠤᠨ ᠣᠩᠭᠣᠴᠠ ᠵᠡᠷᠭᠡ ᠭᠣᠣᠯᠳᠠᠯᠭ᠎ᠠ᠎ᠲᠠᠢ  ᠬᠦᠷᠢᠶ᠎ᠡ ᠴᠠᠷᠠᠭ᠋ᠠᠨ᠎ᠳᠠᠬᠢ ᠠᠮᠤᠷ ᠲᠦᠪᠰᠢᠨ᠎ᠤ ᠬᠡᠮ ᠰᠣᠭᠣᠭ᠎ᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠥᠷᠨᠢᠭᠦᠯᠬᠦ ᠬᠡᠷᠡᠭᠲᠡᠢ᠃ ᠡᠭᠦᠨ᠎ᠤ ᠬᠠᠮᠲᠤ ᠂ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠦᠷᠭᠦᠯᠵᠢᠯᠡᠨ ᠴᠣᠬᠢᠯᠲᠠ ᠥᠭᠴᠦ ᠂ ᠠᠮᠤᠷ ᠠᠮᠤᠭᠤᠯᠠᠩ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠬᠡᠷᠡᠭᠲᠡᠢ  ᠭᠡᠪᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            