ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠬᠥᠳᠡᠭᠡ ᠠᠵᠤ ᠠᠬᠤᠢ ᠵᠢᠨ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠦᠴᠦᠯᠡᠨ ᠠᠬᠢᠭᠤᠯᠤᠨ᠎ᠠ—2025 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-02-27

      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠢ ᠵᠢᠯᠤᠭᠣᠳᠬᠤ 13 ᠳ᠋ᠤᠭ᠋ᠠᠷ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ—《ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠵᠶ᠋ᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠢ 23᠎ᠤ ᠡᠳᠦᠷ ᠰᠢᠨᠬᠤᠸᠠ ᠬᠣᠷᠢᠶ᠎ᠠ᠎ᠠᠴᠠ ᠡᠷᠬᠡ ᠣᠯᠭᠣᠯᠲᠠ᠎ᠪᠠᠷ ᠨᠡᠢ᠌ᠲᠡᠯᠡᠪᠡ᠃

ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠥᠨ ᠴᠦ᠍ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠎ᠠ ᠵᠢᠨ ᠬᠠᠮᠤᠭ᠎ᠤᠨ ᠰᠡᠭᠦᠯᠴᠢ ᠵᠢᠨ ᠨᠢᠭᠡ ᠵᠢᠯ ᠪᠣᠯᠣᠨ᠎ᠠ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠠᠯᠢ ᠲᠠᠯ᠎ᠠ᠎ᠪᠠᠷ ᠬᠦᠴᠦᠯᠡᠬᠦ ᠪᠤᠢ? ᠡᠨᠡ ᠲᠤᠬᠠᠢ ᠰᠤᠷᠪᠤᠯᠵᠢᠯᠠᠬ᠍ᠴᠢ ᠲᠤᠰᠬᠠᠢ ᠮᠡᠷᠭᠡᠵᠢᠯᠲᠡᠳ ᠡᠷᠳᠡᠮᠲᠡᠳ᠎ᠢ ᠰᠤᠷᠪᠤᠯᠵᠢᠯᠠᠪᠠ᠃

      《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠴᠢᠩᠭ᠎ᠠ ᠠᠳᠬᠤᠵᠤ᠂ ᠠᠮᠤ ᠪᠤᠳᠠᠭ᠋ᠠᠨ᠎ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠣᠯᠬᠤ ᠵᠢ ᠦᠨᠡᠨ ᠬᠦ᠌ ᠪᠠᠲᠤᠯᠠᠨ᠎ᠠ

      2024 ᠣᠨ᠎ᠳᠤ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ᠎ᠢ ᠳᠠᠪᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠨᠡᠩ ᠪᠠᠲᠤ ᠪᠡᠬᠢ ᠪᠣᠯᠪᠠ᠃ ᠬᠡᠷᠬᠢᠨ ᠨᠡᠯᠢᠶᠡᠳ ᠥᠨᠳᠥᠷ ᠰᠠᠭᠤᠷᠢ ᠲᠣᠭ᠎ᠠ ᠳᠡᠭᠡᠷ᠎ᠡ ᠠᠮᠤ ᠪᠤᠳᠠᠭ᠋ᠠᠨ᠎ᠤ ᠬᠤᠷᠢᠶᠠᠯᠲᠠ ᠵᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠵᠢ ᠪᠡᠶᠡᠯᠡᠭᠦᠯᠬᠦ ᠪᠤᠢ?

      ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ 《ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠨ᠎ᠠ》 ᠭᠡᠵᠦ ᠲᠣᠳᠣᠷᠬᠠᠢ ᠱᠠᠭ᠋ᠠᠷᠳᠠᠵᠠᠢ᠃

      《ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠣᠯ ᠨᠢᠭᠡᠨ ᠮᠥᠩᠬᠡ ᠵᠢᠨ ᠰᠡᠳᠦᠪ ᠮᠥᠨ᠂ ᠠᠮᠤ ᠪᠤᠳᠠᠭ᠋ᠠᠨ᠎ᠤ ᠤᠨᠠᠯᠲᠠ ᠰᠢᠨ᠎ᠡ ᠳᠡᠭᠲᠡᠷ᠎ᠲᠤ ᠭᠠᠷᠤᠭᠰᠠᠨ᠎ᠤ ᠳᠠᠷᠠᠭ᠎ᠠ ᠴᠤ᠌ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠵᠤ ᠪᠤᠯᠬᠤ ᠦᠭᠡᠢ》᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠥᠳᠡᠭᠡ ᠲᠣᠰᠬᠣᠨ᠎ᠤ ᠬᠥᠭᠵᠢᠯᠲᠡ ᠵᠢᠨ ᠰᠤᠳᠤᠯᠭ᠋ᠠᠨ᠎ᠤ ᠭᠠᠵᠠᠷ᠎ᠤᠨ ᠰᠤᠳᠤᠯᠤᠭᠴᠢ ᠯᠢ ᠭᠦᠸᠧ ᠰᠢᠶᠠᠩ᠂ ᠨᠢᠳᠤᠨᠤᠨ ᠲᠠᠯᠠᠪᠠᠢ ᠨᠢᠭᠡᠴᠢ ᠵᠢᠨ ᠤᠨᠠᠯᠲᠠ ᠵᠢᠨ ᠳᠡᠭᠡᠭᠰᠢᠯᠡᠯᠲᠡ ᠵᠢᠨ ᠭᠠᠷᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ ᠨᠠᠢ᠍ᠮᠠᠨ ᠬᠤᠪᠢ᠎ᠳᠤ ᠬᠦᠷᠴᠡᠢ᠂ ᠲᠤᠰ ᠤᠳᠠᠭ᠎ᠠ ᠵᠢᠨ ᠪᠢᠴᠢᠭ ᠮᠠᠲ᠋ᠧᠷᠢᠶᠠᠯ᠎ᠳᠤ ᠠᠮᠤ ᠪᠤᠳᠠᠭ᠎ᠠ ᠳᠤᠰᠤᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠭᠦ ᠠᠵᠢᠯᠯᠠᠭ᠎ᠠ ᠵᠢ ᠭᠦᠨᠵᠡᠭᠡᠢ᠌ᠷᠡᠭᠦᠯᠬᠦ ᠲᠤᠬᠠᠢ ᠪᠠᠢ᠌ᠷᠢᠯᠠᠭᠤᠯᠤᠯᠲᠠ ᠬᠢᠪᠡ᠃ ᠡᠨᠡ᠎ᠨᠢ ᠳᠠᠷᠤᠢ ᠪᠢᠳᠡᠨ᠎ᠤ ᠭᠣᠣᠯᠳᠠᠯᠭ᠎ᠠ᠎ᠪᠠᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ ᠰᠢᠯᠢᠳᠡᠭ ᠡᠭᠦᠯᠳᠡᠷ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠡᠷᠡᠭᠯᠡᠭᠡ ᠵᠡᠷᠭᠡ᠎ᠪᠠᠷ ᠳᠠᠮᠵᠢᠭᠤᠯᠤᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠵᠢ ᠱᠠᠭ᠋ᠠᠷᠳᠠᠵᠤ ᠪᠠᠢ᠌ᠨ᠎ᠠ᠃ ᠡᠭᠦᠨ᠎ᠤ ᠬᠠᠮᠲᠤ᠂ ᠠᠷᠠᠳ ᠤᠯᠠᠨ᠎ᠤ ᠬᠡᠷᠡᠭᠯᠡᠭᠡᠨ᠎ᠤ ᠬᠠᠨᠳᠤᠰᠢ ᠵᠢᠨ ᠬᠤᠪᠢᠷᠠᠯᠲᠠ᠎ᠳᠤ ᠵᠣᠬᠢᠴᠠᠭᠤᠯᠤᠨ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃

      ᠲᠡᠷᠡ᠂ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠦᠭᠰᠡᠨ ᠴᠦ᠍ ᠲᠡᠷᠡ᠂ ᠶᠠᠰᠤ ᠴᠢᠨᠠᠷ᠎ᠢ ᠳᠡᠭᠡᠭᠰᠢᠯᠡᠭᠦᠯᠦᠭᠰᠡᠨ ᠴᠦ᠍ ᠲᠡᠷᠡ᠂ ᠡᠭᠦᠯᠳᠡᠷ᠎ᠨᠢ ᠴᠥᠮ ᠲᠤᠢ᠌ᠯ᠎ᠤᠨ ᠴᠢᠬᠤᠯᠠ ᠶᠤᠮ᠂ ᠦᠷ᠎ᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠨᠡᠩ ᠤᠯᠠᠨ ᠥᠨᠳᠥᠷ ᠤᠨᠠᠯᠲᠠ᠎ᠲᠠᠢ ᠰᠢᠯᠢᠳᠡᠭ ᠡᠭᠦᠯᠳᠡᠷ᠎ᠢ ᠪᠣᠢ᠌ᠵᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ᠎ᠤᠨ ᠮᠠᠰᠢᠨ ᠵᠡᠷᠭᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠳᠡᠭᠡᠭᠰᠢᠯᠡᠭᠦᠯᠦᠨ ᠰᠠᠢ᠌ᠵᠢᠷᠠᠭᠤᠯᠬᠤ ᠵᠢᠴᠢ ᠦᠢ᠍ᠯᠡᠳᠪᠦᠷᠢᠯᠡᠭᠰᠡᠨ᠎ᠤ ᠳᠠᠷᠠᠭ᠋ᠠᠬᠢ ᠬᠠᠳᠤᠵᠤ ᠬᠤᠷᠢᠶᠠᠬᠤ᠂ ᠲᠡᠭᠡᠭᠡᠪᠦᠷᠢᠯᠡᠬᠦ᠂ ᠬᠠᠳᠠᠭ᠋ᠠᠯᠠᠬᠤ ᠵᠡᠷᠭᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠴᠢᠨᠠᠷ ᠰᠠᠢ᠌ᠲᠠᠢ ᠠᠬᠢᠭᠤᠯᠬᠤ᠎ᠪᠠᠷ ᠳᠠᠮᠵᠢᠭᠤᠯᠤᠨ ᠬᠠᠮᠵᠢᠯᠴᠠᠨ ᠬᠦᠴᠦᠯᠡᠵᠦ᠂ ᠠᠮᠤ ᠪᠤᠳᠠᠭ᠋ᠠᠨ᠎ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠵᠢ ᠠᠬᠢᠭᠤᠯᠬᠤ ᠬᠡᠷᠡᠭᠲᠡᠢ ᠭᠡᠵᠦ ᠦᠵᠡᠪᠡ᠃

      ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ᠃ ᠪᠢᠴᠢᠭ ᠮᠠᠲ᠋ᠧᠷᠢᠶᠠᠯ᠎ᠳᠤ᠂ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠨᠢᠭᠡᠳᠦᠯᠲᠡᠢ ᠬᠠᠮᠢᠶᠠᠷᠤᠯᠲᠠ᠎ᠳᠤ ᠣᠷᠣᠭᠤᠯᠵᠤ᠂ 《〈ᠬᠦᠯᠡᠮᠵᠢ ᠵᠢᠨ ᠨᠡᠷ᠎ᠡ᠎ᠪᠠᠷ ᠪᠠᠢ᠌ᠭᠤᠯᠤᠭᠰᠠᠨ ᠬᠠᠤᠯᠢ ᠪᠤᠰᠤ ᠪᠠᠷᠢᠯᠭ᠎ᠠ〉 ᠵᠢ ᠦᠷᠭᠦᠯᠵᠢᠯᠡᠨ ᠴᠡᠭᠴᠡᠯᠡᠨ ᠵᠠᠰᠠᠬᠤ᠂ ᠲᠠᠷᠢᠶᠠᠨ ᠭᠠᠵᠠᠷ᠎ᠢ ᠡᠵᠡᠯᠡᠨ 〈ᠨᠠᠭᠤᠷ ᠮᠠᠯᠲᠠᠵᠤ ᠦᠵᠡᠮᠵᠢ ᠪᠠᠢ᠌ᠭᠤᠯᠬᠤ〉᠂ ᠲᠠᠷᠢᠶᠠᠨ ᠭᠠᠵᠠᠷ᠎ᠢ ᠳᠤᠷ᠎ᠠ᠎ᠪᠠᠷ ᠡᠵᠡᠯᠡᠨ ᠭᠡᠷ ᠪᠠᠢ᠌ᠰᠢᠩ ᠪᠠᠷᠢᠬᠤ ᠵᠡᠷᠭᠡ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ》 ᠭᠡᠵᠦ ᠲᠣᠳᠣᠷᠬᠠᠢ ᠱᠠᠭ᠋ᠠᠷᠳᠠᠭᠰᠠᠨ ᠪᠠᠢ᠌ᠨ᠎ᠠ᠃

      ᠰᠣᠷᠪᠤᠯᠵᠢᠯᠠᠭ᠎ᠠ ᠬᠦᠯᠢᠶᠡᠭᠰᠡᠨ ᠲᠤᠰᠬᠠᠢ ᠮᠡᠷᠭᠡᠵᠢᠯᠲᠡᠨ᠂ ᠲᠠᠷᠢᠶᠠᠨ ᠭᠠᠵᠠᠷ ᠬᠦᠨᠳᠦ ᠨᠣᠴᠢᠲᠠᠢ ᠡᠪᠳᠡᠯᠡᠭᠡ᠎ᠳᠤ ᠤᠴᠠᠷᠠᠭᠰᠠᠨ᠎ᠤ ᠳᠠᠷᠠᠭ᠎ᠠ᠂ ᠰᠡᠷᠭᠦᠭᠡᠬᠦ᠎ᠳᠤ ᠬᠦᠴᠢᠷᠲᠡᠢ ᠪᠥᠭᠡᠳ ᠥᠪᠡᠷ᠎ᠤᠨ ᠥᠷᠲᠡᠭ᠎ᠨᠢ ᠥᠨᠳᠥᠷ ᠪᠠᠢ᠌ᠳᠠᠭ᠂ ᠡᠯ᠎ᠡ ᠭᠠᠵᠠᠷ᠎ᠤᠨ᠎ᠬᠢᠨ ᠲᠤᠷᠰᠢᠯᠭ᠎ᠠ ᠰᠤᠷᠭ᠋ᠠᠮᠵᠢ᠎ᠪᠠᠨ ᠳ᠋ᠦᠩᠨᠡᠵᠦ᠂ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠬᠠᠮᠢᠶᠠᠷᠤᠨ ᠡᠵᠡᠮᠳᠡᠬᠦ ᠪᠠ 《ᠨᠥᠬᠥᠪᠦᠷᠢᠯᠡᠬᠦ᠎ᠪᠠᠷ ᠡᠵᠡᠯᠡᠯᠲᠡ ᠵᠢ ᠲᠣᠭᠲᠠᠭ᠋ᠠᠬᠤ》 ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠤᠯᠭ᠋ᠠᠬᠤ》 ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠥᠷᠥᠯ ᠬᠤᠪᠢᠶᠠᠨ ᠡᠮᠬᠢ ᠵᠢᠷᠤᠮ᠎ᠲᠠᠢ ᠰᠠᠢ᠌ᠲᠤᠷ ᠬᠢᠬᠦ ᠬᠡᠷᠡᠭᠲᠡᠢ ᠭᠡᠵᠦ ᠢᠯᠡᠳᠬᠡᠪᠡ᠃

      ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠬᠤ᠌ ᠱᠤ᠌ ᠸᠸᠨ ᠣᠷᠳᠣ ᠬᠤᠭᠤᠴᠠᠭ᠎ᠠ᠎ᠪᠠᠷ ᠬᠤᠵᠢᠷᠯᠢᠭ ᠭᠠᠵᠠᠷ᠎ᠤᠨ 《ᠳᠠᠪᠤᠰᠤ》 ᠵᠢ ᠬᠥᠭᠡᠭᠡᠵᠦ 《ᠬᠤᠵᠢᠷ》᠎ᠢ ᠠᠷᠢᠯᠭ᠋ᠠᠬᠤ᠎ᠪᠠᠷ ᠴᠢᠷᠮᠠᠢ᠌ᠭᠰᠠᠭ᠋ᠠᠷ ᠢᠷᠡᠵᠡᠶ᠃ ᠲᠡᠷᠡ᠂ ᠪᠢᠴᠢᠭ ᠮᠠᠲ᠋ᠧᠷᠢᠶᠠᠯ᠎ᠳᠤ ᠳᠤᠷᠠᠳᠤᠭᠰᠠᠨ《ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢ ᠲᠣᠭᠲᠠᠭᠤᠨ ᠵᠶ᠋ᠠᠷ ᠠᠬᠢᠭᠤᠯᠬᠤ》  ᠵᠢ ᠨᠠᠢ᠌ᠳᠠᠪᠤᠷᠢᠵᠢᠭᠤᠯᠬᠤ᠎ᠳᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠵᠤ᠂ ᠤᠯᠠᠨ ᠲᠠᠯ᠎ᠠ ᠵᠢᠨ ᠠᠷᠭ᠎ᠠ ᠵᠢ ᠵᠡᠷᠭᠡ᠎ᠪᠠᠷ ᠬᠡᠷᠡᠭᠯᠡᠵᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ᠎ᠲᠠᠢ ᠬᠠᠮᠵᠢᠯᠴᠠᠨ ᠪᠣᠭᠣᠮᠲᠠ ᠰᠢᠪᠲᠤᠯᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠶᠡᠬᠡ ᠬᠡᠪᠴᠢᠶ᠎ᠡ᠎ᠪᠠᠷ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠬᠤᠵᠢᠷᠯᠢᠭ ᠭᠠᠵᠠᠷ᠎ᠢ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠬᠢᠵᠦ᠂ ᠨᠡᠩ ᠤᠯᠠᠨ ᠬᠤᠵᠢᠷᠯᠢᠭ ᠭᠠᠵᠠᠷ᠎ᠢ ᠥᠨᠳᠥᠷ ᠤᠨᠠᠯᠲᠠ᠎ᠲᠠᠢ ᠲᠠᠷᠢᠶᠠᠨ ᠭᠠᠵᠠᠷ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ᠃

      ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠧᠩ ᠭᠦᠸᠧ ᠴᠢᠶᠠᠩ᠂ ᠪᠢᠴᠢᠭ ᠮᠠᠲ᠋ᠧᠷᠢᠶᠠᠯ᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠬᠦ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠡᠯ᠎ᠡ ᠭᠠᠵᠠᠷ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠳᠠᠢ᠌ᠴᠢᠯᠠᠭᠰᠠᠨ ᠵᠢᠡᠷ ᠪᠠᠷᠠᠬᠤ ᠦᠭᠡᠢ ᠪᠠᠰᠠ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶ᠎ᠠ ᠪᠣᠯᠣᠨ ᠦᠢ᠍ᠯᠡᠳᠪᠦᠷᠢᠯᠡᠯ᠎ᠢ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠦᠨ᠎ᠡ ᠲᠣᠳᠣᠷᠬᠠᠢ ᠲᠣᠭᠲᠠᠭ᠋ᠠᠭᠰᠠᠨ᠎ᠢ ᠠᠩᠬᠠᠷᠴᠤ ᠣᠯᠵᠠᠢ᠃

      ᠲᠡᠷᠡ᠂ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶ᠎ᠠ ᠬᠢᠭᠡᠳ ᠦᠢ᠍ᠯᠡᠳᠪᠦᠷᠢᠯᠡᠯ᠎ᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠎ᠳᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ᠎ᠪᠠᠷ ᠰᠠᠭᠤᠷᠢ ᠪᠤᠯᠭ᠋ᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠲᠡᠢ ᠪᠠᠢ᠌ᠯᠭ᠋ᠠᠬᠤ ᠪᠠ ᠪᠦᠭᠦ ᠬᠡᠯᠬᠢᠶ᠎ᠡ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠵᠢ ᠴᠢᠩᠭ᠋ᠠᠳᠬᠠᠵᠤ᠂ ᠬᠠᠩᠭ᠋ᠠᠯᠭ᠎ᠠ ᠬᠡᠷᠡᠭᠴᠡᠭᠡᠨ᠎ᠤ ᠳᠤᠲᠠᠭᠤᠳᠠᠯ ᠪᠠ ᠲᠣᠬᠢᠷᠠᠭᠤᠯᠤᠯ ᠡᠵᠡᠮᠳᠡᠯ᠎ᠤᠨ ᠬᠦᠴᠦᠯᠡᠬᠦ ᠴᠡᠭ᠎ᠢ ᠨᠠᠷᠢᠯᠢᠭ ᠣᠨᠣᠴᠠᠲᠠᠢ᠎ᠪᠠᠷ ᠢᠯᠭ᠋ᠠᠨ ᠲᠠᠨᠢᠵᠤ᠂ ᠭᠠᠳᠠᠭ᠋ᠠᠳᠤ᠎ᠠᠴᠠ ᠣᠷᠣᠭᠤᠯᠬᠤ ᠢᠷᠡᠯᠲᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠵᠢᠨ ᠬᠠᠮᠲᠤ ᠭᠠᠳᠠᠭ᠋ᠠᠳᠤ᠎ᠠᠴᠠ ᠣᠷᠣᠭᠤᠯᠬᠤ ᠬᠡᠪᠴᠢᠶ᠎ᠡ ᠪᠠ ᠠᠢ᠌ᠵᠠᠮ᠎ᠢ ᠬᠥᠳᠡᠯᠦᠩᠭᠦᠢ᠎ᠪᠠᠷ ᠲᠣᠬᠢᠷᠠᠭᠤᠯᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠪᠠ ᠦᠨ᠎ᠡ ᠬᠠᠩᠰᠢ ᠵᠢᠨ ᠲᠣᠭᠲᠠᠭᠤᠨ ᠪᠠᠢ᠌ᠳᠠᠯ᠎ᠢ ᠲᠡᠩᠴᠡᠭᠦᠷᠢᠰᠢᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠨᠡᠩ ᠥᠨᠳᠥᠷ ᠲᠦᠪᠰᠢᠨ ᠵᠶ᠋ᠡᠷ ᠨᠢᠭᠡᠳᠦᠯᠲᠡᠢ ᠲᠥᠯᠥᠪᠯᠡᠨ ᠰᠠᠭ᠋ᠠᠳ ᠦᠭᠡᠢ ᠨᠠᠪᠲᠠᠷᠡᠭᠦᠯᠵᠦ᠂ ᠲᠠᠷᠢᠶᠠᠴᠢᠳ᠎ᠤᠨ ᠠᠰᠢᠭ ᠲᠤᠰᠠ ᠪᠠ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭ᠋ᠠᠯᠠᠵᠤ᠂ ᠨᠡᠭᠡᠭᠡᠯᠲᠡ ᠬᠢᠬᠦ ᠳᠤᠮᠳᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠢᠵᠠᠭ᠋ᠠᠷ ᠱᠤᠭᠤᠮ᠎ᠢ ᠪᠡᠬᠢᠵᠢᠭᠦᠯᠬᠦ ᠬᠡᠷᠡᠭᠲᠡᠢ ᠭᠡᠵᠦ ᠢᠯᠡᠳᠬᠡᠪᠡ᠃

      ᠤᠯᠠᠨ ᠠᠷᠭ᠎ᠠ ᠬᠡᠮᠵᠢᠶ᠎ᠡ᠎ᠪᠠᠷ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ

      ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠪᠠᠢ᠌ᠳᠠᠯ ᠭᠠᠷᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠪᠣᠯ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠢ ᠰᠠᠢ᠌ᠲᠤᠷ ᠠᠳᠬᠤᠬᠤ ᠵᠢᠨ ᠬᠣᠷᠢᠭ᠎ᠠ ᠱᠤᠭᠤᠮ᠎ᠤᠨ ᠡᠭᠦᠷᠭᠡ ᠮᠥᠨ᠃

      《ᠲᠠᠭᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ᠎ᠲᠠᠢ ᠲᠠᠷᠢᠶᠠᠴᠢᠨ ᠡᠷᠦᠭᠡ ᠵᠢ ᠴᠠᠭ ᠲᠤᠬᠠᠢ᠎ᠳᠤᠨᠢ ᠬᠠᠪᠰᠤᠷᠤᠨ ᠲᠡᠳᠬᠦᠬᠦ᠎ᠳᠤ ᠣᠷᠣᠭᠤᠯᠤᠨ᠎ᠠ》᠂ 《ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠴᠢ ᠲᠠᠭᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠭᠡᠢ᠌ᠯᠡᠬᠦ ᠡᠲᠡᠭᠡᠳ᠎ᠢ ᠢᠯᠭ᠋ᠠᠨ ᠲᠠᠨᠢᠵᠤ ᠮᠠᠭ᠋ᠠᠳᠯᠠᠨ ᠲᠣᠭᠲᠠᠭ᠋ᠠᠬᠤ ᠵᠢ ᠨᠢᠭᠡᠳᠦᠯᠲᠡᠢ ᠲᠥᠯᠥᠪᠯᠡᠵᠦ ᠥᠷᠨᠢᠭᠦᠯᠦᠨ᠎ᠡ》᠂ 《ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ᠎ᠢ ᠪᠠᠢ᠌ᠭᠤᠯᠤᠨ᠎ᠠ》᠁ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠎ᠠ ᠵᠢᠨ ᠬᠠᠮᠤᠭ᠎ᠤᠨ ᠰᠡᠭᠦᠯᠴᠢ ᠵᠢᠨ ᠨᠢᠭᠡ ᠵᠢᠯ ᠬᠦᠷᠴᠦ ᠢᠷᠡᠬᠦ᠎ᠳᠤ᠂ ᠪᠢᠴᠢᠭ ᠮᠠᠲ᠋ᠧᠷᠢᠶᠠᠯ᠎ᠳᠤ ᠲᠤᠰ ᠠᠵᠢᠯ᠎ᠳᠤ ᠬᠠᠨᠳᠤᠯᠭ᠋ᠠᠲᠤ ᠴᠢᠨᠠᠷᠲᠠᠢ ᠪᠠᠢ᠌ᠷᠢᠯᠠᠭᠤᠯᠤᠯᠲᠠ ᠬᠢᠵᠡᠢ᠃

      ᠠᠨᠾᠦ᠋ᠢ ᠮᠤᠵᠢ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠵᠣᠣ ᠸᠠᠨ ᠫᠢᠩ᠂ ᠡᠲᠡᠭᠡᠷ ᠪᠠᠢ᠌ᠷᠢᠯᠠᠭᠤᠯᠤᠯᠲᠠ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠠᠪᠰᠤᠷᠤᠨ ᠲᠡᠳᠬᠦᠬᠦ ᠰᠢᠰᠲ᠋ᠧᠮ᠎ᠢ ᠪᠦᠷᠢᠨᠰᠢᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠨᠠᠩ ᠨᠠᠷᠢᠯᠢᠭ ᠣᠨᠣᠴᠠᠲᠠᠢ᠂ ᠨᠠᠩ ᠬᠠᠨᠳᠤᠯᠭ᠋ᠠᠲᠤ ᠴᠢᠨᠠᠷᠲᠠᠢ ᠬᠡᠷᠡᠭᠵᠢᠭᠦᠯᠬᠦ ᠵᠢ ᠠᠬᠢᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ᠂ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠪᠠᠢ᠌ᠩᠭᠤᠵᠢᠭᠰᠠᠨ ᠬᠠᠪᠰᠤᠷᠤᠨ ᠲᠡᠳᠬᠦᠬᠦ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠎ᠳᠤ ᠠᠰᠢᠭᠲᠠᠢ ᠶᠤᠮ ᠭᠡᠵᠦ ᠢᠯᠡᠳᠬᠡᠪᠡ᠃

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭ᠋ᠠᠯ》᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ᠎ᠳᠠᠬᠢ ᠤᠯᠤᠰ᠎ᠤᠨ ᠣᠷᠣᠭᠤᠯᠤᠯᠲᠠ᠎ᠠᠴᠠ ᠪᠦᠷᠢᠯᠳᠦᠭᠰᠡᠨ ᠡᠳ᠋ ᠬᠥᠷᠥᠩᠭᠡ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ ᠭᠡᠵᠦ ᠳᠤᠷᠠᠳᠴᠠᠢ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠡᠨᠡ ᠬᠦ᠌ ᠠᠵᠢᠯ᠎ᠳᠤ ᠪᠣᠳᠠᠲᠠᠢ ᠲᠣᠬᠢᠷᠠᠭᠤᠯᠤᠯᠲᠠ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ᠎ᠳᠠᠬᠢ ᠤᠯᠤᠰ᠎ᠤᠨ ᠣᠷᠣᠭᠤᠯᠤᠯᠲᠠ᠎ᠠᠴᠠ ᠪᠦᠷᠢᠯᠳᠦᠭᠰᠡᠨ ᠡᠳ᠋ ᠬᠥᠷᠥᠩᠭᠡ ᠵᠢ ᠪᠦᠭᠦ ᠲᠠᠯ᠎ᠠ᠎ᠪᠠᠷ ᠢᠯᠭ᠋ᠠᠷᠠᠭᠤᠯᠤᠨ ᠪᠠᠢ᠌ᠴᠠᠭ᠋ᠠᠵᠤ᠂ ᠡᠳ᠋ ᠬᠥᠷᠥᠩᠭᠡ ᠵᠢ ᠳᠡᠩᠰᠡᠯᠡᠨ ᠬᠠᠮᠢᠶᠠᠷᠬᠤ ᠨᠢᠭᠡᠳᠦᠯᠲᠡᠢ ᠡᠬᠡ ᠲᠠᠩᠰᠠ ᠵᠢ ᠪᠠᠢ᠌ᠭᠤᠯᠤᠨ᠎ᠠ ᠭᠡᠵᠦ ᠳᠤᠷᠠᠳᠤᠨ ᠭᠠᠷᠭ᠋ᠠᠪᠠ᠃

      ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠥᠳᠡᠭᠡ ᠠᠵᠤ ᠠᠬᠤᠢ ᠬᠢᠭᠡᠳ ᠬᠥᠭᠵᠢᠯᠲᠡ ᠵᠢᠨ ᠰᠤᠳᠤᠯᠭ᠋ᠠᠨ᠎ᠤ ᠭᠠᠵᠠᠷ᠎ᠤᠨ ᠳᠡᠳ᠋ ᠰᠤᠳᠤᠯᠤᠭᠴᠢ ᠵᠠᠩ ᠱᠤ᠌᠂ ᠡᠨᠡ ᠬᠡᠰᠡᠭ ᠡᠳ᠋ ᠬᠥᠷᠥᠩᠭᠡ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ᠎ᠨᠢ ᠴᠢᠬᠤᠯᠠᠲᠠᠢ ᠪᠥᠭᠡᠳ ᠪᠠᠴᠢᠮ ᠲᠤᠯᠭ᠋ᠠᠮ ᠪᠠᠢ᠌ᠵᠤ᠂ ᠬᠣᠢ᠌ᠰᠢᠳᠠ ᠵᠢᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ 《ᠱᠠᠲᠤ ᠦᠶᠡᠴᠢ ᠴᠢᠨᠠᠷᠲᠠᠢ ᠰᠢᠯᠵᠢᠯᠲᠡ》᠎ᠠᠴᠠ 《ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠪᠰᠤᠷᠤᠨ ᠲᠡᠳᠬᠦᠬᠦ》 ᠲᠡᠢ᠌ᠰᠢ ᠬᠤᠪᠢᠷᠠᠭᠤᠯᠬᠤ ᠵᠢ ᠠᠬᠢᠭᠤᠯᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠵᠤ᠂ ᠨᠠᠩ ᠴᠢᠨᠠᠷ ᠰᠠᠢ᠌ᠲᠠᠢ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠪᠣᠯᠣᠨ᠎ᠠ ᠭᠡᠵᠦ ᠦᠵᠡᠪᠡ᠃

      ᠲᠠᠷᠢᠶᠠᠴᠢᠨ᠎ᠤ ᠤᠷᠤᠯᠭ᠎ᠠ ᠨᠡᠮᠡᠭᠳᠡᠭᠰᠡᠨ ᠡᠰᠡᠬᠦ ᠵᠢ ᠦᠵᠡᠬᠦ ᠪᠣᠯ ᠬᠥᠳᠡᠭᠡ ᠲᠣᠰᠬᠣᠨ᠎ᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠰᠢᠯᠭ᠋ᠠᠬᠤ ᠨᠢᠭᠡᠨ ᠴᠢᠬᠤᠯᠠ ᠬᠡᠮᠵᠢᠭᠦᠷ ᠮᠥᠨ᠃ ᠲᠤᠰᠬᠠᠢ ᠮᠡᠷᠭᠡᠵᠢᠯᠲᠡᠨ᠂ ᠪᠢᠴᠢᠭ ᠮᠠᠲ᠋ᠧᠷᠢᠶᠠᠯ᠎ᠨᠢ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠂ 《ᠬᠠᠮᠲᠤ ᠵᠢᠨ ᠴᠣᠭᠴᠠ》 ᠵᠢᠨ ᠠᠵᠢᠯ᠎ᠢ ᠰᠠᠢ᠌ᠲᠤᠷ ᠬᠢᠬᠦ ᠵᠡᠷᠭᠡ ᠲᠠᠯ᠎ᠠ᠎ᠠᠴᠠ ᠭᠠᠷᠳᠠᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠭᠦ᠎ᠪᠠᠷ ᠪᠠᠢ᠌ᠨ᠎ᠠ ᠭᠡᠵᠦ ᠦᠵᠡᠪᠡ᠃

     《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠬᠡᠷᠬᠢᠨ ᠰᠠᠢ᠌ᠲᠤᠷ ᠬᠢᠬᠦ ᠪᠤᠢ? ᠵᠠᠩ ᠱᠤ᠌᠂ ᠡᠯ᠎ᠡ ᠭᠠᠵᠠᠷ᠎ᠤᠨ᠎ᠬᠢᠨ ᠲᠤᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠠᠵᠤ ᠦᠢ᠍ᠯᠡᠰ᠎ᠤᠨ ᠪᠦᠯᠦᠭᠵᠢᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠠᠵᠤ ᠦᠢ᠍ᠯᠡᠰ᠎ᠤᠨ ᠨᠡᠮᠡᠯᠲᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠢᠷᠡᠭᠡᠳᠦᠢ᠎ᠳᠤ ᠠᠰᠢᠭ ᠣᠯᠬᠤ ᠵᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃

      ᠲᠣᠮᠣ ᠪᠤᠭᠣᠷᠰᠣᠭ ᠬᠢᠬᠦ᠎ᠪᠠᠷ ᠪᠠᠷᠠᠬᠤ ᠦᠭᠡᠢ᠂ ᠪᠠᠰᠠ ᠪᠤᠭᠤᠷᠰᠤᠭ ᠵᠶ᠋ᠡᠨ ᠰᠠᠢ᠌ᠲᠤᠷ ᠬᠤᠪᠢᠶᠠᠬᠤ ᠬᠡᠷᠡᠭᠲᠡᠢ᠃ ᠪᠢᠴᠢᠭ ᠮᠠᠲ᠋ᠧᠷᠢᠶᠠᠯ᠎ᠳᠤ᠂ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠠᠷᠢᠶᠠᠴᠢᠨ ᠡᠷᠦᠭᠡ ᠵᠢ ᠳᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠬᠦ᠎ᠲᠠᠢ ᠬᠣᠯᠪᠣᠭᠳᠠᠭᠤᠯᠬᠤ ᠲᠣᠭᠲᠠᠴᠠ ᠵᠢ ᠪᠦᠷᠢᠨᠰᠢᠭᠦᠯᠵᠦ᠂ ᠬᠥᠳᠡᠭᠡ ᠳᠤᠰᠬᠤᠨ᠎ᠲᠠᠢ ᠬᠣᠯᠪᠤᠭ᠋ᠠᠯᠠᠨ ᠲᠠᠷᠢᠶᠠᠴᠢᠳ᠎ᠢ ᠳᠠᠢ᠌ᠴᠢᠯᠠᠬᠤ ᠵᠢ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠬᠡᠯᠪᠡᠢ᠌ᠯᠭᠡᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ ᠭᠡᠵᠦ ᠲᠣᠳᠣᠷᠬᠠᠢ ᠲᠣᠭᠲᠠᠭ᠋ᠠᠪᠠ᠃ ᠵᠤᠤ ᠸᠠᠨ ᠫᠢᠩ᠂ ᠡᠨᠡ᠎ᠨᠢ ᠰᠢᠨ᠎ᠡ ᠭᠡᠯᠪᠡᠷᠢ ᠵᠢᠨ ᠬᠥᠳᠡᠭᠡ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠪᠣᠯᠣᠨ ᠲᠠᠷᠢᠶᠠᠴᠢᠨ ᠡᠷᠦᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠠᠯ᠎ᠠ᠎ᠪᠠᠷ᠎ᠬᠢ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠠᠵᠢᠯ ᠬᠤᠪᠢᠶᠠᠷᠢᠯᠠᠨ ᠬᠠᠮᠲᠤᠷᠠᠯᠴᠠᠬᠤ ᠰᠠᠢ᠌ᠨ ᠰᠠᠢ᠌ᠬᠠᠨ ᠪᠠᠢ᠌ᠷᠢᠰᠢᠯ᠎ᠢ ᠪᠦᠷᠢᠯᠳᠦᠭᠦᠯᠵᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ 《ᠠᠯᠳᠠᠨ ᠳᠠᠮᠨᠠᠭᠤᠷ》᠎ᠢ ᠯᠠᠪᠳᠠᠭᠤᠨ ᠵᠶ᠋ᠠᠷ ᠡᠭᠦᠷᠭᠡᠯᠡᠬᠦ᠎ᠳᠤ ᠠᠰᠢᠭᠲᠠᠢ ᠶᠤᠮ ᠭᠡᠪᠡ᠃

      ᠡᠶ᠎ᠡ ᠵᠣᠬᠢᠴᠠᠩᠭᠤᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠵᠤ᠂ ᠬᠠᠲᠠᠭᠤ ᠲᠥᠬᠦᠭᠡᠷᠦᠮᠵᠢ ᠵᠥᠭᠡᠯᠡᠨ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠤᠨ᠎ᠠ

      ᠥᠷᠭᠡᠨ ᠠᠭᠤᠳᠠᠮ ᠬᠥᠳᠡᠭᠡ ᠲᠣᠰᠬᠣᠨ ᠪᠣᠯ ᠲᠠᠷᠢᠶᠠᠴᠢᠨ ᠲᠦᠮᠡᠨ᠎ᠤ ᠭᠡᠷ ᠣᠷᠣᠨ ᠮᠥᠨ᠃ ᠬᠥᠳᠡᠭᠡ ᠲᠣᠰᠬᠣᠨ᠎ᠤ 《ᠬᠠᠲᠠᠭᠤ ᠲᠥᠬᠦᠭᠡᠷᠦᠮᠵᠢ》 ᠪᠠ 《ᠵᠥᠭᠡᠯᠡᠨ ᠣᠷᠴᠢᠨ ᠲᠣᠭᠣᠷᠢᠨ》᠎ᠤ ᠪᠦᠲᠦᠭᠡᠨ ᠪᠠᠢ᠌ᠭᠤᠯᠤᠯᠲᠠ ᠵᠢᠨ ᠲᠣᠭᠣᠷᠢᠨ᠎ᠳᠤ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠪᠣᠳᠠᠲᠠᠢ ᠪᠠᠢ᠌ᠷᠢᠯᠠᠭᠤᠯᠤᠯᠲᠠ ᠬᠢᠪᠡ᠄

      ᠬᠣᠲᠠ ᠬᠥᠳᠡᠭᠡ ᠵᠢᠨ ᠤᠰᠤ ᠬᠠᠩᠭ᠋ᠠᠬᠤ ᠵᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭ᠋ᠠᠬᠤ ᠵᠢ ᠬᠡᠪᠴᠢᠶᠡᠵᠢᠭᠦᠯᠬᠦ᠂ ᠵᠢᠵᠢᠭ ᠭᠡᠯᠪᠡᠷᠢ ᠵᠢᠨ ᠤᠰᠤ ᠬᠠᠩᠭ᠋ᠠᠬᠤ ᠵᠢ ᠵᠢᠷᠤᠮᠵᠢᠭᠤᠯᠬᠤ ᠪᠦᠲᠦᠭᠡᠨ ᠪᠠᠢ᠌ᠭᠤᠯᠤᠯᠲᠠ ᠵᠢ ᠲᠥᠷᠥᠯ ᠬᠤᠪᠢᠶᠠᠨ ᠠᠭᠢᠭᠤᠯᠤᠨ᠎ᠠ; 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠭᠢᠭᠤᠯᠤᠨ᠎ᠠ; ᠬᠥᠳᠡᠭᠡ ᠲᠣᠰᠬᠣᠨ᠎ᠤ ᠠᠶᠠᠨᠴᠢᠳ ᠪᠠ ᠪᠠᠷᠠᠭ᠎ᠠ ᠵᠢᠨ ᠰᠢᠤᠳᠠᠨ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠭᠢᠭᠤᠯᠤᠨ᠎ᠠ; ᠲᠣᠰᠬᠣᠨ᠎ᠤ ᠱᠠᠲᠤᠨ᠎ᠤ ᠢᠯᠡᠭᠡᠨ ᠬᠦᠷᠭᠡᠬᠦ ᠪᠠᠷᠠᠭ᠎ᠠ ᠵᠢᠨ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠁

      《ᠡᠨᠡ ᠪᠣᠯ ᠬᠣᠲᠠ ᠬᠥᠳᠡᠭᠡ ᠵᠢ ᠠᠭᠤᠰᠤᠯᠴᠠᠭᠤᠯᠬᠤ ᠶᠡᠬᠡ ᠠᠬᠤᠢ ᠪᠠᠢ᠌ᠳᠠᠯ ᠶᠡᠬᠡ ᠬᠠᠨᠳᠤᠰᠢ ᠳᠣᠣᠷ᠎ᠠ ᠠᠪᠤᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ᠎ᠠ》᠃ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠺᠦᠩ ᠰᠢᠶᠠᠩ ᡁᠢ᠂ ᠰᠢᠶᠠᠨ᠎ᠤ ᠬᠡᠪᠴᠢᠶᠡᠨ᠎ᠤ ᠬᠤᠲᠠ ᠬᠥᠳᠡᠭᠡ ᠵᠢᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ᠎ᠲᠠᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂ ᠬᠤᠲᠠ ᠬᠥᠳᠡᠭᠡ ᠵᠢᠨ ᠰᠠᠭᠤᠷᠢ ᠲᠥᠬᠦᠭᠡᠷᠦᠮᠵᠢ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠢᠳᠡᠪᠬᠢᠲᠡᠢ ᠠᠬᠢᠭᠤᠯᠪᠠᠯ ᠵᠣᠬᠢᠨ᠎ᠠ ᠭᠡᠪᠡ᠃

      ᠬᠥᠳᠡᠭᠡ ᠲᠣᠰᠬᠣᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠠᠢ᠌ᠬᠤ᠎ᠪᠠᠷ ᠪᠠᠷᠠᠬᠤ ᠦᠭᠡᠢ ᠪᠠᠰᠠ ᠡᠶ᠎ᠡ ᠵᠣᠬᠢᠴᠠᠩᠭᠤᠢ ᠪᠠᠢ᠌ᠬᠤ ᠬᠡᠷᠡᠭᠲᠡᠢ᠂ ᠡᠨᠡ᠎ᠨᠢ ᠬᠥᠳᠡᠭᠡ ᠲᠣᠰᠬᠣᠨ᠎ᠤ ᠬᠥᠭᠵᠢᠯᠲᠡ ᠵᠢᠨ 《ᠵᠥᠭᠡᠯᠡᠨ ᠣᠷᠴᠢᠨ ᠲᠣᠭᠣᠷᠢᠨ》᠎ᠢ ᠴᠣᠭᠴᠠᠯᠠᠬᠤ᠎ᠠᠴᠠ ᠰᠠᠯᠵᠤ ᠴᠢᠳᠠᠬᠤ ᠦᠭᠡᠢ ᠶᠤᠮ᠃

      ᠪᠢᠴᠢᠭ ᠮᠠᠲ᠋ᠧᠷᠢᠶᠠᠯ᠎ᠳᠤ᠂ ᠪᠣᠯᠪᠠᠰᠤᠨ ᠬᠥᠳᠡᠭᠡ ᠲᠣᠰᠬᠣᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠤᠯᠠᠮᠵᠢᠯᠠᠯᠲᠤ ᠠᠢ᠌ᠯ ᠲᠣᠰᠬᠣᠨ᠎ᠤ ᠣᠨᠴᠠᠯᠢᠭᠲᠤ ᠬᠠᠮᠠᠭ᠋ᠠᠯᠠᠯᠲᠠ ᠵᠢᠨ ᠣᠷᠣᠨ᠎ᠤ ᠪᠠᠢ᠌ᠭᠤᠯᠤᠯᠲᠠ ᠵᠢ ᠠᠬᠢᠭᠤᠯᠵᠤ᠂ ᠬᠥᠳᠡᠭᠡ ᠲᠣᠰᠬᠣᠨ᠎ᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠎ᠡ ᠭᠡᠵᠦ ᠳᠤᠷᠠᠳᠪᠠ᠃ ᠨᠠᠨᠵᠢᠩ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠳᠡᠳ᠋ ᠫᠷᠤᠹᠸᠰᠰᠤᠷ ᠴᠢᠦ ᠲᠦᠩ ᠸᠧᠢ᠂ ᠪᠣᠯᠪᠠᠰᠤᠨ ᠬᠥᠳᠡᠭᠡ ᠲᠣᠰᠬᠣᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠨᠢ ᠬᠥᠳᠡᠭᠡ ᠲᠣᠰᠬᠣᠨ᠎ᠤ ᠬᠥᠭᠵᠢᠯᠲᠡ᠎ᠳᠤ ᠠᠯᠢ ᠤᠯᠠᠨ ᠢᠳᠡᠪᠬᠢᠲᠡᠢ ᠨᠥᠯᠥᠭᠡ ᠦᠵᠡᠭᠦᠯᠵᠦ᠂ ᠲᠠᠷᠢᠶᠠᠯᠠᠬᠤ ᠪᠣᠯᠪᠠᠰᠤᠨ᠎ᠢ ᠤᠯᠠᠮᠵᠢᠯᠠᠬᠤ᠂ ᠲᠠᠷᠢᠶᠠᠴᠢᠨ ᠲᠦᠮᠡᠨ᠎ᠤ ᠴᠤᠭ ᠰᠦᠯᠳᠡ ᠵᠢ ᠪᠠᠳᠠᠷᠠᠭᠤᠯᠬᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠦᠭ ᠰᠦᠨᠡᠰᠦ ᠵᠢ ᠴᠣᠭᠴᠠᠯᠠᠬᠤ᠎ᠳᠤ ᠠᠰᠢᠭᠲᠠᠢ ᠶᠤᠮ ᠭᠡᠵᠦ ᠦᠵᠡᠪᠡ᠃

      ᠡᠭᠦᠨ᠎ᠤ ᠬᠠᠮᠲᠤ᠂ ᠪᠢᠴᠢᠭ ᠮᠠᠲ᠋ᠧᠷᠢᠶᠠᠯ᠎ᠳᠤ ᠪᠠᠰᠠ ᠬᠥᠳᠡᠭᠡ ᠲᠣᠰᠬᠣᠨ᠎ᠤ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠤᠨ᠎ᠠ ᠭᠡᠵᠦ ᠳᠤᠷᠠᠳᠪᠠ᠃ ᠲᠤᠰᠬᠠᠢ ᠮᠡᠷᠭᠡᠵᠢᠯᠲᠡᠨ ᠡᠷᠳᠡᠮᠲᠡᠳ᠂ ᠪᠣᠭᠲᠣᠯᠠᠬᠤ ᠪᠡᠯᠡᠭ ᠥᠭᠬᠦ᠂ ᠨᠠᠢ᠌ᠷ ᠲᠠᠯ᠎ᠠ ᠬᠠᠷᠠᠵᠤ ᠠᠲᠠᠭ᠋ᠠᠷᠬᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ᠎ᠨᠢ ᠨᠡᠢ᠌ᠭᠡᠮ᠎ᠤᠨ ᠬᠡᠪ ᠰᠤᠷᠲᠠᠯ᠎ᠢ ᠨᠥᠯᠥᠭᠡᠯᠡᠵᠦ᠂ ᠲᠠᠷᠢᠶᠠᠴᠢᠳ᠎ᠤᠨ ᠳᠠᠷᠤᠭ᠋ᠠᠰᠤ ᠵᠢ ᠬᠦᠨᠳᠦᠷᠡᠭᠦᠯᠵᠦ᠂ ᠴᠢᠨᠠᠭᠰᠢᠯᠠᠪᠠᠯ ᠨᠡᠢ᠌ᠭᠡᠮ᠎ᠤᠨ ᠲᠣᠭᠲᠠᠭᠤᠨ ᠪᠤᠰᠤ ᠡᠶ᠎ᠡ ᠵᠣᠬᠢᠴᠠᠩᠭᠤᠢ ᠦᠭᠡᠢ ᠠᠯᠢ ᠣᠯᠠᠨ ᠬᠦᠴᠦᠨ ᠵᠦᠢ᠍ᠯ᠎ᠢ ᠪᠤᠶ ᠪᠤᠯᠭ᠋ᠠᠵᠤ ᠪᠠᠢ᠌ᠨ᠎ᠠ᠃ ᠡᠯ᠎ᠡ ᠭᠠᠵᠠᠷ᠎ᠤᠨ᠎ᠬᠢᠨ ᠬᠥᠳᠡᠭᠡ ᠲᠣᠰᠬᠣᠨ᠎ᠤ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠵᠤ᠂ ᠪᠣᠯᠪᠠᠰᠤᠨ ᠣᠷᠣᠨ ᠨᠤᠲᠤᠭ᠎ᠤᠨ ᠰᠤᠷᠲᠠᠯ᠂ ᠰᠠᠢ᠌ᠨ ᠰᠠᠢ᠌ᠬᠠᠨ ᠭᠡᠷ᠎ᠤᠨ ᠰᠤᠷᠲᠠᠯ᠂ ᠪᠣᠷᠣᠭᠵᠢᠭᠤᠨ ᠠᠷᠠᠳ᠎ᠤᠨ ᠰᠤᠷᠲᠠᠯ᠎ᠢ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃

      ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠡᠴᠦᠰ᠎ᠲᠡᠭᠡᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠲᠦᠰᠢᠭᠯᠡᠨ ᠨᠠᠢ᠌ᠳᠠᠪᠤᠷᠢᠵᠢᠭᠤᠯᠬᠤ ᠬᠡᠷᠡᠭᠲᠡᠢ᠃ ᠪᠢᠴᠢᠭ ᠮᠠᠲ᠋ᠧᠷᠢᠶᠠᠯ᠎ᠳᠤ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠭᠰᠠᠨ ᠪᠥᠭᠡᠳ 《ᠰᠢᠶᠠᠨ᠎ᠤ ᠱᠠᠲᠤᠨ᠎ᠤ ᠨᠠᠮ ᠵᠠᠰᠠᠭ᠎ᠤᠨ ᠤᠳᠤᠷᠢᠳᠬᠤ ᠪᠠᠭ᠎ᠤᠨ ᠪᠦᠷᠢᠯᠳᠦᠭᠦᠨ᠎ᠤ ᠲᠤᠰᠢᠶᠠᠯ᠎ᠤᠨ ᠬᠤᠭᠤᠴᠠᠭ᠎ᠠ ᠲᠣᠭᠲᠠᠭᠤᠨ ᠪᠠᠢ᠌ᠬᠤ ᠵᠢ ᠪᠠᠲᠤᠯᠠᠬᠤ》 《ᠬᠡᠰᠡᠭ ᠵᠠᠯᠠᠭᠤ ᠺᠠᠳ᠋ᠷᠴᠤᠳ ᠬᠥᠳᠡᠭᠡ ᠲᠣᠰᠬᠣᠨ᠎ᠤ ᠦᠨᠳᠦᠰᠦᠨ ᠱᠠᠲᠤᠨ᠎ᠳᠤ 〈ᠨᠤᠲᠤᠭ ᠤᠰᠤᠨ᠎ᠳᠤ ᠳᠠᠰᠬᠤ ᠦᠭᠡᠢ〉 ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ》 ᠵᠡᠷᠭᠡ ᠵᠢ ᠳᠤᠷᠠᠳᠤᠨ ᠭᠠᠷᠭ᠋ᠠᠵᠠᠢ᠃ ᠲᠤᠰᠬᠠᠢ ᠮᠡᠷᠭᠡᠵᠢᠯᠲᠡᠨ᠂ ᠡᠨᠡ᠎ᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠨᠠᠩ ᠰᠠᠢ᠌ᠲᠤᠷ ᠡᠭᠦᠷᠭᠡᠯᠡᠵᠦ᠂ ᠨᠠᠩ ᠴᠢᠩᠭ᠎ᠠ ᠬᠠᠷᠢᠭᠤᠴᠠᠯᠭ᠋ᠠᠲᠤ ᠰᠡᠳᠬᠢᠯᠭᠡ᠂ ᠨᠠᠩ ᠶᠡᠬᠡ ᠡᠷᠴᠢᠮ ᠵᠶ᠋ᠡᠷ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠠᠰᠢᠭᠲᠠᠢ ᠶᠤᠮ ᠭᠡᠵᠦ ᠦᠵᠡᠪᠡ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ ᠴᠠᠭᠢᠯᠭ᠋ᠠᠨ ᠮᠡᠳᠡᠭᠡ)

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            