ᠠᠰᠠᠭᠤᠯᠲᠠ᠄ 《ᠠᠷᠭ᠎ᠠ》᠎ᠳᠤ ᠭᠣᠣᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠬᠤ ᠪᠣᠶ?
ᠬᠠᠷᠢᠭᠤᠯᠲᠠ᠄ 《ᠠᠷᠭ᠎ᠠ》᠎ᠨᠢ ᠨᠡᠶ᠋ᠢᠲᠡ 22 ᠵᠦᠢ᠍ᠯ᠎ᠲᠠᠢ᠂ ᠭᠣᠣᠯᠳᠠᠭᠤ ᠲᠠᠪᠤᠨ ᠲᠠᠯ᠎ᠠ ᠵᠢᠨ ᠠᠭᠤᠯᠭ᠎ᠠ ᠵᠢ ᠪᠠᠭᠲᠠᠭ᠋ᠠᠨ᠎ᠠ᠃
ᠨᠢᠭᠡ᠎ᠳᠤ ᠵᠥᠪᠰᠢᠶᠡᠷᠡᠬᠦ ᠬᠡᠪᠴᠢᠶ᠎ᠡ ᠵᠢ ᠲᠣᠭᠲᠠᠭ᠋ᠠᠪᠠ᠃ ᠲᠠᠷᠢᠶᠠᠴᠢᠨ ᠡᠷᠦᠭᠡ ᠵᠢᠨ ᠲᠡᠵᠢᠭᠡᠵᠦ ᠪᠠᠢ᠌ᠭ᠎ᠠ ᠦᠷ᠎ᠡ ᠵᠢᠨ ᠮᠠᠯ ᠵᠢᠭᠦᠷᠲᠡᠨ᠎ᠢ ᠥᠪᠡᠷ ᠵᠶ᠋ᠡᠨ ᠦᠷᠡᠵᠢᠭᠦᠯᠦᠨ ᠲᠡᠵᠢᠭᠡᠬᠦ᠎ᠳᠤ ᠬᠡᠷᠡᠭᠯᠡᠬᠦ ᠪᠠ ᠪᠠᠭ᠎ᠠ ᠬᠡᠮᠵᠢᠶᠡᠨ᠎ᠤ ᠦᠯᠡᠳᠡᠪᠦᠷᠢ ᠲᠥᠯ ᠮᠠᠯ᠂ ᠵᠢᠭᠦᠷᠲᠡᠨ᠎ᠤ ᠴᠤᠷᠪᠠᠭ᠎ᠠ ᠵᠢ ᠬᠤᠳᠠᠯᠳᠤᠬᠤ᠎ᠳᠤ ᠬᠡᠷᠡᠭᠯᠡᠬᠦ ᠵᠢᠴᠢ ᠬᠡᠭᠡᠯᠳᠦᠭᠦᠯᠭᠡ᠎ᠳᠤ ᠬᠡᠷᠡᠭᠯᠡᠬᠦ ᠦᠷ᠎ᠡ ᠵᠢᠨ ᠮᠠᠯ ᠲᠡᠵᠢᠭᠡᠪᠦᠷᠢ ᠵᠢ ᠲᠡᠵᠢᠭᠡᠬᠦ᠎ᠠᠴᠠ ᠭᠠᠳᠠᠨ᠎ᠠ᠂ ᠦᠷ᠎ᠡ ᠵᠢᠨ ᠮᠠᠯ ᠵᠢᠭᠦᠷᠲᠡᠨ ᠪᠤᠶᠤ ᠲᠠᠸᠠᠷ᠎ᠤᠨ ᠲᠥᠯ ᠮᠠᠯ᠂ ᠵᠢᠭᠦᠷᠲᠡᠨ᠎ᠤ ᠴᠤᠷᠪᠠᠭ᠎ᠠ ᠵᠢ ᠦᠢ᠍ᠯᠡᠳᠪᠦᠷᠢᠯᠡᠵᠦ ᠡᠵᠡᠩᠨᠡᠬᠦ᠎ᠳᠤ ᠴᠦᠮ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠣᠯᠣᠭᠰᠠᠨ ᠪᠠᠢ᠌ᠬᠤ ᠬᠡᠷᠡᠭᠲᠡᠢ᠃
ᠬᠣᠶᠠᠷ᠎ᠲᠤ ᠬᠢᠨᠠᠨ ᠣᠯᠭᠣᠬᠤ ᠡᠷᠬᠡ ᠵᠢᠨ ᠬᠡᠪᠴᠢᠶ᠎ᠡ ᠵᠢ ᠲᠣᠳᠣᠷᠬᠠᠢ ᠪᠣᠯᠭ᠋ᠠᠪᠠ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠳᠤ ᠨᠢᠭᠡᠳᠦᠯᠲᠡᠢ ᠬᠠᠮᠢᠶᠠᠷᠤᠯᠲᠠ ᠵᠢ ᠬᠡᠷᠡᠭᠵᠢᠭᠦᠯᠵᠦ᠂ ᠣᠷᠣᠨ ᠨᠤᠲᠤᠭ᠎ᠤᠨ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠱᠠᠲᠤ ᠬᠤᠪᠢᠶᠠᠨ ᠬᠠᠷᠢᠭᠤᠴᠠᠨ᠎ᠠ᠃ ᠡᠭᠦᠨ᠎ᠳᠤ᠂ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ᠂ ᠦᠷ᠎ᠡ ᠵᠢᠨ ᠰᠢᠩᠭᠡᠨ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ ᠪᠠ ᠳᠡᠭᠡᠳᠦᠰ᠎ᠤᠨ ᠦᠶ᠎ᠡ᠎ᠠᠴᠠ ᠳᠡᠭᠡᠭᠰᠢᠬᠢ ᠦᠷ᠎ᠡ ᠵᠢᠨ ᠮᠠᠯ ᠵᠢᠭᠦᠷᠲᠡᠨ (ᠡᠭᠦᠯᠳᠡᠷ ᠪᠠ ᠢᠵᠢ ᠪᠦᠷᠢᠳᠦᠭᠦᠯᠬᠦ ᠰᠢᠰᠲᠸᠮ᠎ᠢ ᠪᠠᠭᠲᠠᠭ᠋ᠠᠨ᠎ᠠ)᠎ᠢ ᠦᠢ᠍ᠯᠡᠳᠪᠦᠷᠢᠯᠡᠵᠦ ᠡᠵᠡᠩᠨᠡᠬᠦ ᠨᠥᠬᠥᠴᠡᠯ᠎ᠤᠨ ᠱᠠᠭ᠋ᠠᠷᠳᠠᠯᠭ᠎ᠠ ᠥᠨᠳᠥᠷ᠂ ᠨᠥᠯᠥᠭᠡᠯᠡᠬᠦ ᠬᠡᠪᠴᠢᠶ᠎ᠡ ᠶᠡᠬᠡ ᠪᠠᠢ᠌ᠵᠤ᠂ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠪᠠᠢ᠌ᠭ᠎ᠠ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠬᠢᠨᠠᠨ ᠣᠯᠭᠣᠨ᠎ᠠ; ᠡᠴᠢᠭᠡ ᠡᠬᠡ ᠵᠢᠨ ᠦᠶ᠎ᠡ ᠵᠢᠨ ᠡᠭᠦᠯᠳᠡᠷ᠎ᠤᠨ ᠮᠠᠯ ᠵᠢᠭᠦᠷᠲᠡᠨ (ᠡᠭᠦᠯᠳᠡᠷ ᠪᠠ ᠢᠵᠢ ᠪᠦᠷᠢᠳᠦᠭᠦᠯᠬᠦ ᠰᠢᠰᠲᠸᠮ᠎ᠢ ᠪᠠᠭᠲᠠᠭ᠋ᠠᠨ᠎ᠠ) ᠪᠠ ᠲᠠᠸᠠᠷ᠎ᠤᠨ ᠲᠥᠯ ᠮᠠᠯ᠂ ᠴᠤᠷᠪᠠᠭ᠎ᠠ ᠵᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠯ᠎ᠢ ᠬᠦᠯᠢᠶᠡᠨ ᠬᠢᠨᠠᠨ ᠣᠯᠭᠤᠵᠤ᠂ ᠪᠣᠳᠠᠲᠠᠢ ᠬᠢᠨᠠᠨ ᠣᠯᠭᠣᠬᠤ ᠡᠷᠬᠡ ᠵᠢᠨ ᠬᠡᠪᠴᠢᠶ᠎ᠡ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠤ ᠨᠡᠢ᠌ᠲᠡᠯᠡᠨ᠎ᠡ᠃
ᠭᠤᠷᠪᠠ᠎ᠳᠤ ᠵᠥᠪᠰᠢᠶᠡᠷᠡᠬᠦ ᠨᠥᠬᠥᠴᠡᠯ᠎ᠢ ᠨᠠᠷᠢᠯᠢᠭᠵᠢᠭᠤᠯᠪᠠ᠃ ᠦᠢ᠍ᠯᠡᠳᠪᠦᠷᠢᠯᠡᠵᠦ ᠡᠵᠡᠩᠨᠡᠬᠦ᠎ᠪᠠᠷ ᠭᠤᠶᠤᠴᠢᠯᠠᠬᠤ ᠦᠷ᠎ᠡ ᠵᠢᠨ ᠮᠠᠯ ᠵᠢᠭᠦᠷᠲᠡᠨ᠎ᠨᠢ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠣᠮᠢᠰ ᠵᠶ᠋ᠠᠷ ᠬᠢᠨᠠᠨ ᠲᠣᠭᠲᠠᠭ᠋ᠠᠯᠭ᠋ᠠᠭᠰᠠᠨ ᠪᠤᠶᠤ ᠬᠢᠨᠠᠨ ᠲᠣᠭᠲᠠᠭ᠋ᠠᠯᠭ᠋ᠠᠭᠰᠠᠨ ᠡᠭᠦᠯᠳᠡᠷ᠂ ᠢᠵᠢ ᠪᠦᠷᠢᠳᠦᠭᠦᠯᠬᠦ ᠰᠢᠰᠲᠸᠮ ᠪᠠᠢ᠌ᠬᠤ ᠬᠡᠷᠡᠭᠲᠡᠢ᠂ ᠡᠰᠡᠬᠦᠯ᠎ᠡ ᠵᠥᠪᠰᠢᠶᠡᠷᠡᠭᠦᠯᠦᠭᠡᠳ ᠣᠷᠣᠭᠤᠯᠵᠤ ᠠᠪᠴᠢᠷᠠᠭᠰᠠᠨ ᠬᠢᠯᠢ ᠵᠢᠨ ᠭᠠᠳᠠᠨᠠᠬᠢ ᠡᠭᠦᠯᠳᠡᠷ᠂ ᠢᠵᠢ ᠪᠦᠷᠢᠳᠦᠭᠦᠯᠬᠦ ᠰᠢᠰᠲᠸᠮ ᠪᠠᠢ᠌ᠬᠤ ᠬᠡᠷᠡᠭᠲᠡᠢ; ᠭᠤᠶᠤᠴᠢᠯᠠᠭᠴᠢ᠎ᠨᠢ ᠠᠷᠠᠴᠢᠯᠠᠨ ᠲᠡᠵᠢᠭᠡᠬᠦ ᠬᠡᠪᠴᠢᠶ᠎ᠡ᠂ ᠲᠤᠰᠬᠠᠢ ᠮᠡᠷᠭᠡᠵᠢᠯᠲᠡᠨ᠂ ᠦᠷᠡᠵᠢᠭᠦᠯᠦᠨ ᠪᠣᠢ᠌ᠵᠢᠭᠤᠯᠬᠤ ᠲᠥᠬᠦᠭᠡᠷᠦᠮᠵᠢ ᠵᠡᠷᠭᠡ ᠲᠠᠯ᠎ᠠ ᠵᠢᠨ ᠨᠥᠬᠥᠴᠡᠯ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠃ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ᠂ ᠦᠷ᠎ᠡ ᠵᠢᠨ ᠰᠢᠩᠭᠡᠨ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠭᠤᠶᠤᠴᠢᠯᠠᠬᠤ᠎ᠳᠤ ᠪᠠᠰᠠ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ᠂ ᠰᠢᠯᠭ᠋ᠠᠨ ᠪᠠᠢ᠌ᠴᠠᠭ᠋ᠠᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ ᠵᠡᠷᠭᠡ ᠲᠠᠯ᠎ᠠ ᠵᠢᠨ ᠨᠥᠬᠥᠴᠡᠯ᠎ᠢ ᠪᠦᠷᠢᠳᠦᠭᠦᠯᠵᠦ᠂ ᠬᠣᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠵᠡᠷᠭᠡ ᠵᠢ ᠦᠨᠡᠨ ᠬᠦ᠌ ᠪᠠᠲᠤᠯᠠᠪᠠ᠃
ᠳᠥᠷᠪᠡ᠎ᠳᠤ ᠵᠥᠪᠰᠢᠶᠡᠷᠡᠯ᠎ᠤᠨ ᠵᠢᠷᠤᠮ᠎ᠢ ᠵᠢᠷᠤᠮᠵᠢᠭᠤᠯᠪᠠ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠭᠥᠯᠢᠶᠡᠨ ᠠᠪᠴᠤ ᠰᠢᠢ᠍ᠳᠪᠦᠷᠢᠯᠡᠬᠦ ᠵᠢ ᠬᠠᠷᠭᠤᠭᠤᠯᠤᠨ ᠣᠯᠭᠣᠬᠤ ᠲᠠᠰ ᠳᠠᠷᠠᠭ᠋ᠠᠯᠠᠯ᠂ ᠭᠦᠢ᠍ᠴᠡᠳᠬᠡᠬᠦ ᠴᠠᠭ ᠬᠤᠭᠤᠴᠠᠭ᠎ᠠ᠂ ᠲᠤᠬᠠᠢ ᠵᠢᠨ ᠲᠠᠯᠠᠪᠤᠷ᠎ᠲᠤ ᠬᠢᠨᠠᠨ ᠲᠣᠭᠲᠠᠭ᠋ᠠᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ᠂ ᠳᠠᠭᠢᠵᠤ ᠭᠤᠶᠤᠴᠢᠯᠠᠬᠤ ᠨᠥᠬᠥᠴᠡᠯ ᠵᠢᠴᠢ ᠬᠦᠴᠦᠨ ᠦᠭᠡᠢ ᠪᠣᠯᠭ᠋ᠠᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠪᠠ᠃
ᠲᠠᠪᠤ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠢ ᠦᠷ᠎ᠡ ᠵᠢᠨ ᠮᠠᠯ ᠵᠢᠭᠦᠷᠲᠡᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ᠎ᠤᠨ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠪᠠ ᠤᠳᠤᠮᠯᠠᠯ᠎ᠤᠨ ᠮᠠᠲ᠋ᠧᠷᠢᠶᠠᠯ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠵᠡᠷᠭᠡ ᠰᠣᠩᠭᠣᠨ ᠪᠠᠢ᠌ᠴᠠᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃
ᠮᠡᠳᠡᠭᠡ ᠵᠠᠩᠭᠢ ᠵᠢᠨ ᠢᠷᠡᠯᠲᠡ᠄ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠣᠨᠢᠨ ᠮᠡᠳᠡᠭᠡᠨ᠎ᠤ ᠠᠯᠪᠠᠨ ᠭᠡᠷ