ᠠᠰᠠᠭᠤᠯᠲᠠ᠄ 《ᠠᠷᠭ᠎ᠠ》᠎ᠨᠢ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠵᠢᠨ ᠲᠠᠯ᠎ᠠ᠎ᠪᠠᠷ᠎ᠬᠢ ᠨᠠᠩ ᠥᠨᠳᠥᠷ ᠰᠢᠨ᠎ᠡ ᠱᠠᠭ᠋ᠠᠷᠳᠠᠯᠭ᠎ᠠ ᠵᠢ ᠠᠯᠢ ᠠᠯᠢ ᠲᠠᠯ᠎ᠠ᠎ᠪᠠᠷ ᠬᠠᠷᠠᠭᠤᠯᠤᠭᠰᠠᠨ ᠪᠣᠶ?
ᠬᠠᠷᠢᠭᠤᠯᠲᠠ᠄ ᠨᠢᠭᠡ᠎ᠳᠤ ᠵᠥᠪᠰᠢᠶᠡᠷᠡᠯ᠎ᠤᠨ ᠬᠠᠮᠢᠶᠠᠷᠤᠯᠲᠠ ᠵᠢ ᠨᠢᠭᠡᠳᠭᠡᠪᠡ᠃ ᠤᠤᠯ᠎ᠤᠨ 《ᠭᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠵᠥᠪᠰᠢᠶᠡᠷᠡᠯ᠎ᠤᠨ ᠠᠷᠭ᠎ᠠ》᠎ᠳᠤ ᠵᠥᠪᠬᠡᠨ ᠭᠡᠷ᠎ᠤᠨ ᠲᠡᠵᠢᠭᠡᠪᠦᠷᠢ ᠵᠢᠨ ᠦᠷ᠎ᠡ ᠵᠢᠨ ᠰᠢᠩᠭᠡᠨ᠂ ᠬᠦᠪᠦᠷᠡᠯ᠂ ᠥᠨᠳᠡᠭᠡᠨ ᠡᠰ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠵᠥᠪᠰᠢᠶᠡᠷᠡᠯ᠎ᠤᠨ ᠲᠤᠬᠠᠢ ᠲᠣᠭᠲᠠᠭ᠋ᠠᠯ ᠭᠠᠷᠭ᠋ᠠᠵᠤ ᠂ ᠪᠤᠰᠤᠳ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ᠎ᠳᠤ ᠡᠯ᠎ᠡ ᠮᠤᠵᠢ ᠵᠢᠨ᠎ᠬᠢᠨ ᠬᠠᠮᠢᠶᠠᠷᠤᠯᠲᠠ ᠵᠢᠨ ᠲᠣᠭᠲᠠᠭ᠋ᠠᠯ᠎ᠢ ᠲᠤᠰ ᠲᠤᠰ ᠲᠣᠭᠲᠠᠭ᠋ᠠᠨ᠎ᠠ᠃ 《ᠠᠷᠭ᠎ᠠ》 ᠵᠢ ᠪᠦᠬᠦ ᠤᠯᠤᠰ᠎ᠤᠨ ᠬᠡᠪᠴᠢᠶᠡᠨ᠎ᠳᠤ ᠤᠳᠤᠮᠯᠠᠯ᠎ᠤᠨ ᠮᠠᠲ᠋ᠧᠷᠢᠶᠠᠯ᠎ᠢ ᠪᠠᠭᠲᠠᠭ᠋ᠠᠭᠰᠠᠨ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ᠎ᠳᠤ ᠬᠡᠷᠡᠭᠯᠡᠵᠦ᠂ ᠵᠥᠪᠰᠢᠶᠡᠷᠡᠬᠦ ᠪᠠᠷᠢᠮᠵᠢᠶ᠎ᠠ᠂ ᠬᠢᠨᠠᠨ ᠵᠥᠪᠰᠢᠶᠡᠷᠡᠬᠦ ᠵᠢᠷᠤᠮ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ᠎ᠳᠤ ᠨᠢᠭᠡᠳᠦᠯᠲᠡᠢ ᠲᠣᠭᠲᠠᠭ᠋ᠠᠯ ᠭᠠᠷᠭ᠋ᠠᠵᠠᠢ᠃
ᠬᠣᠶᠠᠷ᠎ᠲᠤ ᠮᠡᠷᠭᠡᠵᠢᠯ᠎ᠤᠨ ᠵᠢᠷᠤᠮᠵᠢᠯ᠎ᠢ ᠲᠣᠳᠣᠷᠬᠠᠢ ᠪᠣᠯᠭ᠋ᠠᠪᠠ᠃ ᠮᠠᠨ᠎ᠤ ᠤᠯᠤᠰ᠎ᠤᠨ ᠮᠠᠯ ᠵᠢᠭᠦᠷᠲᠡᠨ᠎ᠤ ᠲᠥᠷᠥᠯ ᠵᠦᠢ᠍ᠯ ᠨᠡᠯᠢᠶᠡᠳ ᠣᠯᠠᠨ ᠪᠠᠢ᠌ᠳᠠᠭ ᠤᠴᠢᠷ᠎ᠠᠴᠠ ᠠᠳᠠᠯᠢ ᠪᠤᠰᠤ ᠦᠷ᠎ᠡ ᠵᠢᠨ ᠮᠠᠯ ᠵᠢᠭᠦᠷᠲᠡᠨ᠎ᠤ ᠲᠡᠵᠢᠭᠡᠨ ᠠᠷᠠᠴᠢᠯᠠᠬᠤ ᠬᠡᠪᠴᠢᠶ᠎ᠡ᠂ ᠮᠡᠷᠭᠡᠵᠢᠯᠲᠡᠨ᠂ ᠲᠥᠬᠦᠭᠡᠷᠦᠮᠵᠢ᠂ ᠶᠠᠰᠤ ᠴᠢᠨᠠᠷ᠎ᠤᠨ ᠬᠠᠮᠢᠶᠠᠷᠤᠯᠲᠠ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠨᠥᠬᠥᠴᠡᠯ᠎ᠤᠨ ᠱᠠᠭ᠋ᠠᠷᠳᠠᠯᠭ᠎ᠠ ᠵᠢᠨ ᠲᠠᠯ᠎ᠠ᠎ᠪᠠᠷ᠎ᠬᠢ ᠱᠠᠭ᠋ᠠᠷᠳᠠᠯᠭ᠎ᠠ᠎ᠨᠢ ᠮᠠᠰᠢ ᠶᠡᠬᠡ ᠵᠥᠷᠢᠶ᠎ᠡ᠎ᠲᠠᠢ ᠪᠠᠢ᠌ᠳᠠᠭ᠂ 《ᠠᠷᠭ᠎ᠠ》᠎ᠳᠤ ᠦᠷ᠎ᠡ ᠵᠢᠨ ᠮᠠᠯ ᠵᠢᠭᠦᠷᠲᠡᠨ᠎ᠢ ᠲᠡᠵᠢᠭᠡᠨ ᠠᠷᠠᠴᠢᠯᠠᠬᠤ ᠬᠡᠪᠴᠢᠶ᠎ᠡ ᠵᠡᠷᠭᠡ ᠨᠥᠬᠥᠴᠡᠯ᠎ᠳᠤ ᠵᠥᠪᠬᠡᠨ ᠵᠠᠷᠴᠢᠮ᠎ᠤᠨ ᠴᠢᠨᠠᠷᠲᠠᠢ ᠲᠣᠭᠲᠠᠭ᠋ᠠᠯ ᠭᠠᠷᠭ᠋ᠠᠵᠤ᠂ ᠪᠣᠳᠠᠲᠠᠢ ᠲᠡᠵᠢᠭᠡᠨ ᠦᠷᠡᠵᠢᠭᠦᠯᠬᠦ ᠬᠡᠪᠴᠢᠶ᠎ᠡ ᠵᠢᠨ ᠪᠠᠷᠢᠮᠵᠢᠶ᠎ᠠ ᠪᠠ ᠬᠢᠨᠠᠨ ᠪᠠᠢ᠌ᠴᠠᠭ᠋ᠠᠬᠤ ᠵᠢᠷᠤᠮᠵᠢᠯ᠎ᠢ ᠠᠰᠲᠠᠭ᠋ᠠᠨ ᠲᠣᠭᠲᠠᠭ᠋ᠠᠵᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠵᠠᠷ᠎ᠤᠨ ᠬᠡᠯᠪᠡᠷᠢ᠎ᠪᠠᠷ ᠨᠡᠢ᠌ᠲᠡᠯᠡᠳᠡᠭ᠃
ᠭᠤᠷᠪᠠ᠎ᠳᠤ ᠲᠤᠬᠠᠢ ᠵᠢᠨ ᠲᠠᠯᠠᠪᠤᠷ᠎ᠤᠨ ᠬᠢᠨᠠᠨ ᠰᠢᠯᠭ᠋ᠠᠷᠠᠭᠤᠯᠤᠯᠲᠠ ᠬᠢᠨ᠎ᠡ᠃ 《ᠠᠷᠭ᠎ᠠ》᠎ᠳᠤ ᠲᠣᠭᠲᠠᠭ᠋ᠠᠭᠰᠠᠨ᠎ᠨᠢ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠠᠢ᠌ᠭᠤᠯᠵᠤ᠂ ᠭᠤᠶᠤᠴᠢᠯᠠᠭᠴᠢ ᠵᠢᠨ ᠦᠷ᠎ᠡ ᠵᠢᠨ ᠮᠠᠯ ᠵᠢᠭᠦᠷᠲᠡᠨ᠎ᠤ ᠢᠷᠡᠯᠲᠡ᠂ ᠡᠭᠦᠯᠳᠡᠷ᠎ᠢ ᠣᠷᠣᠯᠠᠨ ᠢᠯᠭ᠋ᠠᠬᠤ᠂ ᠠᠷᠠᠴᠢᠯᠠᠨ ᠲᠡᠵᠢᠭᠡᠬᠦ ᠬᠡᠪᠴᠢᠶ᠎ᠡ᠂ ᠮᠡᠷᠭᠡᠵᠢᠯᠲᠡᠨ᠎ᠤ ᠨᠥᠬᠥᠴᠡᠯ᠂ ᠲᠥᠬᠦᠭᠡᠷᠦᠮᠵᠢ᠂ ᠲᠠᠩᠰᠠ ᠡᠪᠬᠡᠮᠡᠯ᠎ᠤᠨ ᠲᠡᠮᠳᠡᠭᠯᠡᠯ ᠵᠡᠷᠭᠡ᠎ᠳᠤ ᠲᠤᠬᠠᠢ ᠵᠢᠨ ᠲᠠᠯᠠᠪᠤᠷ᠎ᠤᠨ ᠬᠢᠨᠠᠨ ᠲᠣᠭᠲᠠᠭ᠋ᠠᠯᠲᠠ ᠬᠢᠨ᠎ᠡ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠭᠤᠷᠪᠠ᠎ᠠᠴᠠ ᠲᠠᠪᠤᠨ ᠨᠡᠷᠡᠰ ᠲᠤᠰᠬᠠᠢ ᠮᠡᠷᠭᠡᠵᠢᠯᠲᠡᠨ ᠵᠶ᠋ᠡᠷ ᠪᠦᠷᠢᠯᠳᠦᠭᠦᠯᠵᠦ᠂ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠣᠬᠢᠶᠠᠯᠳᠤᠯ ᠵᠶ᠋ᠠᠷ ᠰᠣᠩᠭᠣᠨ ᠠᠪᠴᠤ᠂ ᠳᠤᠭᠤᠢ᠌ᠯᠠᠩ᠎ᠤᠨ ᠳᠠᠷᠤᠭ᠎ᠠ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠶ᠋ᠢᠭᠤᠯᠬᠤ ᠵᠢᠨ ᠬᠠᠮᠲᠤ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠳᠤ ᠮᠡᠳᠡᠭᠦᠯᠵᠦ ᠳᠠᠩᠰᠠᠯᠠᠭᠤᠯᠤᠨ᠎ᠠ᠃
ᠳᠥᠷᠪᠡ᠎ᠳᠤ ᠮᠡᠳᠡᠭᠡ ᠵᠠᠩᠭᠢ ᠵᠢᠨ ᠪᠦᠷᠢᠳᠬᠡᠯ᠎ᠢ ᠴᠢᠩᠭ᠋ᠠᠳᠬᠠᠪᠠ᠃ 《ᠠᠷᠭ᠎ᠠ》᠎ᠳᠤ᠂ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠨ ᠡᠵᠡᠩᠨᠡᠭᠴᠢ ᠦᠢ᠍ᠯᠡᠳᠪᠦᠷᠢᠯᠡᠯ ᠡᠵᠡᠩᠨᠡᠯᠲᠡ ᠵᠢᠨ ᠲᠠᠩᠰᠠ ᠡᠪᠬᠡᠮᠡᠯ ᠪᠠᠢ᠌ᠭᠤᠯᠵᠤ᠂ ᠲᠡᠮᠳᠡᠭᠯᠡᠭᠰᠡᠨ ᠮᠡᠳᠡᠭᠡ ᠵᠠᠩᠭᠢ᠎ᠨᠢ ᠦᠷᠭᠦᠯᠵᠢᠯᠡᠭᠰᠡᠨ᠂ ᠪᠦᠷᠢᠨ ᠪᠦᠲᠦᠨ᠂ ᠦᠨᠡᠨ ᠪᠣᠳᠠᠲᠠᠢ᠂ ᠨᠡᠬᠡᠮᠵᠢᠯᠡᠵᠦ ᠪᠣᠯᠬᠤ ᠵᠢᠨ ᠬᠠᠮᠲᠤ ᠨᠠᠭ᠋ᠠᠲᠤ ᠵᠠᠬ᠎ᠠ᠎ᠳᠠᠭᠠᠨ ᠬᠣᠶᠠᠷ ᠵᠢᠯ ᠬᠠᠳᠠᠭ᠋ᠠᠯᠠᠬᠤ ᠬᠡᠷᠡᠭᠲᠡᠢ; ᠵᠢᠯ ᠪᠦᠷᠢ ᠵᠢᠨ 1 ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠤᠮᠳᠠᠳᠤ ᠤᠯᠤᠰ᠎ᠤᠨ ᠦᠷ᠎ᠡ ᠵᠢᠨ ᠦᠢ᠍ᠯᠡᠰ᠎ᠤᠨ ᠲᠣᠮᠣ ᠳ᠋ᠠᠢ᠌ᠲ᠋ᠠ ᠵᠢᠨ ᠲᠠᠪᠴᠠᠩ᠎ᠳᠤ ᠣᠷᠣᠵᠤ᠂ ᠣᠨ᠎ᠤ ᠦᠷ᠎ᠡ ᠵᠢᠨ ᠮᠠᠯ ᠵᠢᠭᠦᠷᠲᠡᠨ᠎ᠤ ᠲᠣᠭ᠎ᠠ᠂ ᠪᠣᠷᠣᠯᠠᠭᠤᠯᠤᠯᠲᠠ ᠵᠢᠨ ᠬᠡᠮᠵᠢᠶ᠎ᠡ ᠵᠢᠴᠢ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ᠎ᠤᠨ ᠴᠢᠳᠠᠮᠵᠢ ᠵᠡᠷᠭᠡ ᠮᠡᠳᠡᠭᠡ ᠵᠠᠩᠭᠢ ᠵᠢ ᠲᠠᠭᠯᠠᠨ ᠮᠡᠳᠡᠭᠦᠯᠦᠨ᠎ᠡ᠃