ᠠᠰᠠᠭᠤᠯᠲᠠ᠄ 《ᠠᠷᠭ᠎ᠠ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠲᠠᠷᠠᠭ᠋ᠠᠴᠢ ᠵᠢᠨ ᠠᠯᠬᠤᠮ᠎ᠳᠤ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠬᠢᠬᠦ ᠪᠣᠶ?
ᠬᠠᠷᠢᠭᠤᠯᠲᠠ᠄ 《ᠠᠷᠭ᠎ᠠ》 ᠵᠢ ᠪᠣᠳᠠᠲᠠᠢ᠎ᠪᠠᠷ ᠬᠡᠷᠡᠭᠵᠢᠭᠦᠯᠦᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠪᠢᠳᠡ ᠭᠤᠷᠪᠠᠨ ᠲᠠᠯ᠎ᠠ᠎ᠪᠠᠷ ᠭᠣᠣᠯᠳᠠᠯᠭ᠎ᠠ᠎ᠲᠠᠢ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠎ᠠ᠃ ᠨᠢᠭᠡ᠎ᠳᠤ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠎ᠢ ᠴᠢᠩᠭ᠋ᠠᠳᠬᠠᠨ᠎ᠠ᠃ ᠮᠠᠨ᠎ᠤ ᠤᠯᠤᠰ᠎ᠤᠨ ᠮᠠᠯ ᠵᠢᠭᠦᠷᠲᠡᠨ᠎ᠤ ᠲᠥᠷᠥᠯ ᠵᠦᠢ᠍ᠯ ᠣᠯᠠᠨ᠂ ᠡᠭᠦᠯᠳᠡᠷ᠎ᠤᠨ ᠵᠥᠷᠢᠶ᠎ᠡ ᠶᠡᠬᠡ᠂ ᠬᠥᠭᠵᠢᠯᠲᠡ ᠵᠢᠨ ᠬᠢᠷᠢ ᠬᠡᠮᠵᠢᠶ᠎ᠡ ᠠᠳᠠᠯᠢ ᠪᠤᠰᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠪᠢᠳᠡ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠵᠢᠨ ᠤᠬᠠᠭᠤᠯᠭ᠎ᠠ ᠪᠣᠯᠪᠠᠰᠤᠷᠠᠯ᠎ᠢ ᠥᠷᠨᠢᠭᠦᠯᠵᠦ᠂ ᠡᠯ᠎ᠡ ᠱᠠᠲᠤᠨ᠎ᠤ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ ᠪᠠ ᠦᠢ᠍ᠯᠡᠳᠪᠦᠷᠢᠯᠡᠯ ᠡᠵᠡᠩᠨᠡᠯᠲᠡ ᠵᠢᠨ ᠪᠡᠶᠡᠴᠢ ᠴᠣᠭᠴᠠ ᠵᠢᠨ 《ᠠᠷᠭ᠎ᠠ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠰᠠᠢ᠌ᠲᠤᠷ ᠣᠢ᠌ᠯᠠᠭ᠋ᠠᠵᠤ᠂ ᠰᠠᠢ᠌ᠲᠤᠷ ᠡᠵᠡᠮᠰᠢᠬᠦ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠨ ᠬᠣᠭᠣᠷᠣᠨᠳᠣᠬᠢ ᠵᠢᠴᠢ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠬᠣᠭᠣᠷᠣᠨᠳᠣᠬᠢ ᠨᠡᠪᠲᠡᠷᠡᠯᠴᠡᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠡᠭᠦᠨ᠎ᠤ ᠬᠠᠮᠲᠤ᠂ 《ᠠᠷᠭ᠎ᠠ》 ᠵᠢᠨ ᠢᠵᠢ ᠪᠦᠷᠢᠳᠦᠭᠦᠯᠦᠨ ᠬᠢᠨᠠᠨ ᠪᠠᠢ᠌ᠴᠠᠭ᠋ᠠᠬᠤ ᠵᠢᠷᠤᠮᠵᠢᠯ᠎ᠢ ᠲᠦᠷᠭᠡᠬᠡᠨ ᠨᠡᠢ᠌ᠲᠡᠯᠡᠵᠦ᠂ ᠮᠡᠳᠡᠭᠡ ᠵᠠᠩᠭᠢ ᠵᠢᠨ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠰᠢᠢ᠍ᠳᠪᠦᠷᠢᠯᠡᠵᠦ᠂ 《ᠠᠷᠭ᠎ᠠ》 ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃ ᠭᠤᠷᠪᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠵᠢ ᠵᠢᠷᠤᠮᠵᠢᠭᠤᠯᠤᠨ ᠥᠷᠨᠢᠭᠦᠯᠵᠦ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠰᠢᠢ᠍ᠳᠪᠦᠷᠢᠯᠡᠨ᠂ ᠡᠭᠦᠯᠳᠡᠷ᠎ᠤᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃