ᠬᠥᠲᠥᠯᠥᠭᠴᠢ ᠰᠤᠷᠪᠤᠯᠵᠢᠯᠠᠭᠴᠢ᠄ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ᠎ᠨᠢ ᠶᠠᠭᠤ ᠪᠣᠶ?
ᠵᠣᠴᠢᠨ ᠭᠦᠸᠧ ᠵᠠᠨ ᠵᠢᠶᠠᠩ᠄ 《ᠬᠡᠷᠡᠭᠵᠢᠭᠦᠯᠬᠦ ᠰᠠᠨᠠᠯ》᠎ᠨᠢ ᠨᠡᠶ᠋ᠢᠲᠡ 6 ᠬᠡᠰᠡᠭ 30 ᠵᠦᠢ᠍ᠯ ᠪᠠᠢ᠌ᠵᠤ᠂ ᠭᠣᠣᠯ ᠠᠭᠤᠯᠭ᠎ᠠ ᠵᠢ᠎ᠨᠢ 《ᠨᠢᠭᠡ ᠵᠢ ᠪᠠᠲᠤ ᠡᠭᠦᠷᠭᠡᠯᠡᠬᠦ》᠂ 《ᠨᠢᠭᠡ ᠵᠢ ᠦᠷᠭᠦᠯᠵᠢᠯᠡᠬᠦ》᠂ 《ᠨᠢᠭᠡ ᠵᠢ ᠲᠦᠷᠭᠡᠳᠬᠡᠬᠦ》 ᠪᠠ 《ᠭᠤᠷᠪᠠ ᠵᠢ ᠬᠦᠴᠦᠯᠡᠬᠦ》 ᠭᠡᠵᠦ ᠬᠤᠷᠢᠶᠠᠩᠭᠤᠢ᠌ᠯᠠᠵᠤ ᠪᠣᠯᠣᠨ᠎ᠠ᠃ 《ᠨᠢᠭᠡ ᠵᠢ ᠪᠠᠲᠤ ᠡᠭᠦᠷᠭᠡᠯᠡᠬᠦ》 ᠭᠡᠳᠡᠭ᠎ᠨᠢ ᠠᠮᠤ ᠪᠤᠳᠠᠭ᠎ᠠ ᠵᠡᠷᠭᠡ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠪᠠᠲᠤ ᠡᠭᠦᠷᠭᠡᠯᠡᠬᠦ ᠶᠠᠪᠤᠳᠠᠯ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ 2014 ᠣᠨ᠂ 2019 ᠣᠨ᠂ 2023 ᠣᠨ᠎ᠳᠤ ᠮᠠᠨ᠎ᠤ ᠣᠷᠣᠨ᠎ᠳᠤ ᠭᠤᠷᠪᠠ ᠤᠳᠠᠭ᠎ᠠ ᠰᠢᠨᠵᠢᠯᠡᠨ ᠪᠠᠢ᠌ᠴᠠᠭ᠋ᠠᠵᠤ᠂ ᠪᠢᠳᠡᠨ᠎ᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠣᠷᠳᠣ ᠬᠤᠭᠤᠴᠠᠭ᠎ᠠ᠎ᠪᠠᠷ ᠰᠠᠢ᠌ᠲᠤᠷ ᠠᠳᠬᠤᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠭᠰᠠᠨ ᠪᠠᠢ᠌ᠨ᠎ᠠ᠃ 2025 ᠣᠨ᠎ᠳᠤ᠂ ᠮᠠᠨ᠎ᠤ ᠣᠷᠣᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ 《ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠤᠨᠠᠯᠲᠠ ᠵᠢ ᠨᠡᠮᠡᠭᠳᠡᠭᠦᠯᠬᠦ》 ᠱᠠᠭ᠋ᠠᠷᠳᠠᠯᠭ᠎ᠠ ᠪᠣᠯᠣᠨ 《ᠲᠠᠷᠢᠶᠠᠨ ᠭᠠᠵᠠᠷ ᠤᠰᠤ ᠦᠷ᠎ᠡ᠂ ᠠᠮᠤ ᠪᠤᠳᠠᠭ᠎ᠠ ᠮᠢᠬ᠎ᠠ ᠰᠦ》 ᠵᠢᠨ ᠭᠣᠣᠯᠳᠠᠯᠭ᠎ᠠ᠎ᠲᠠᠢ ᠨᠢᠭᠲᠠ ᠤᠶᠠᠯᠳᠤᠭᠤᠯᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠬᠦᠴᠦᠨ ᠵᠶ᠋ᠡᠷ ᠠᠬᠢᠭᠤᠯᠤᠨ᠎ᠠ᠃ 《ᠨᠢᠭᠡ ᠵᠢ ᠦᠷᠭᠦᠯᠵᠢᠯᠡᠬᠦ》 ᠭᠡᠳᠡᠭ᠎ᠨᠢ ᠳᠠᠷᠤᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠬᠦ ᠶᠠᠪᠤᠳᠠᠯ ᠪᠣᠯᠣᠨ᠎ᠠ᠃ ᠥᠪᠥᠷ ᠮᠣᠩᠭᠣᠯ᠎ᠤᠨ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠮᠠᠯᠴᠢᠨ ᠲᠠᠷᠢᠶᠠᠴᠢᠨ᠎ᠤ ᠠᠮᠢᠳᠤᠷᠠᠯ ᠣᠷᠣᠨ ᠰᠠᠭᠤᠴᠠ ᠨᠡᠯᠢᠶᠡᠳ ᠲᠠᠷᠠᠬᠠᠢ ᠪᠤᠲᠠᠷᠬᠠᠢ᠂ ᠠᠮᠢ ᠠᠬᠤᠢ ᠵᠢᠨ ᠣᠷᠴᠢᠨ ᠲᠣᠭᠣᠷᠢᠨ ᠨᠡᠯᠢᠶᠡᠳ ᠬᠡᠪᠡᠷᠡᠭ ᠪᠠᠢ᠌ᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ᠎ᠪᠠᠷ ᠬᠦᠴᠢᠷᠳᠡᠯ ᠶᠡᠬᠡ᠂ ᠥᠷᠢᠰᠦᠯᠳᠦᠭᠡᠨ ᠤᠯᠠᠨ ᠪᠠᠢ᠌ᠨ᠎ᠠ᠃ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠶᠠᠳᠠᠭᠤᠷᠠᠯ ᠲᠠᠬᠢᠨ ᠡᠭᠦᠰᠬᠦ ᠵᠢ ᠰᠡᠷᠭᠡᠢ᠌ᠯᠡᠬᠦ ᠬᠢᠨᠠᠨ ᠬᠡᠮᠵᠢᠯᠲᠡ ᠵᠢᠨ ᠨᠠᠷᠢᠯᠢᠭ ᠣᠨᠣᠪᠴᠢᠲᠤ ᠴᠢᠨᠠᠷ ᠪᠠ ᠬᠠᠪᠰᠤᠷᠤᠨ ᠲᠡᠳᠬᠦᠬᠦ ᠪᠦᠬᠦᠯᠢ ᠴᠣᠭᠴᠠ ᠵᠢᠨ ᠦᠷ᠎ᠡ ᠪᠦᠲᠦᠮᠵᠢ᠂ ᠭᠣᠣᠯᠳᠠᠯᠭ᠎ᠠ᠎ᠲᠠᠢ ᠭᠠᠵᠠᠷ ᠣᠷᠣᠨ᠎ᠤ ᠬᠠᠪᠰᠤᠷᠤᠨ ᠲᠡᠳᠬᠦᠬᠦ᠂ ᠬᠠᠪᠰᠤᠷᠤᠨ ᠲᠡᠳᠬᠦᠬᠦ ᠲᠦᠷᠦᠯ ᠵᠦᠢ᠍ᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠲᠠᠯ᠎ᠠ᠎ᠠᠴᠠ ᠭᠠᠷᠳᠠᠵᠤ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠯ ᠲᠠᠬᠢᠨ ᠡᠭᠦᠰᠬᠦ ᠵᠢ ᠰᠡᠷᠭᠡᠢ᠌ᠯᠡᠬᠦ ᠬᠣᠷᠢᠭ᠎ᠠ ᠱᠤᠭᠤᠮ᠎ᠢ ᠡᠷᠡᠰ ᠰᠠᠬᠢᠨ᠎ᠠ᠃ 《ᠨᠢᠭᠡ ᠵᠢ ᠲᠦᠷᠭᠡᠳᠬᠡᠬᠦ》 ᠭᠡᠳᠡᠭ᠎ᠨᠢ ᠣᠳᠣᠬᠢᠴᠢᠯᠠᠭᠰᠠᠨ ᠲᠣᠮᠣ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠲᠦᠷᠭᠡᠳᠬᠡᠬᠦ ᠶᠠᠪᠤᠳᠠᠯ ᠪᠣᠯᠣᠨ᠎ᠠ᠃ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠥᠭᠡᠳᠡᠯᠡᠬᠦ ᠵᠠᠮ᠎ᠨᠢ ᠠᠵᠤ ᠦᠢ᠍ᠯᠡᠰᠵᠢᠯᠲᠡ᠎ᠳᠤ ᠪᠠᠢ᠌ᠨ᠎ᠠ᠃ ᠡᠨᠡ ᠵᠢᠯ᠂ ᠪᠢᠳᠡ ᠴᠢᠬᠤᠯᠠ ᠶᠡᠬᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠪᠠ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠲᠣᠮᠣ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠢᠰᠲ᠋ᠧᠮᠵᠢ ᠵᠢ ᠴᠢᠷᠮᠠᠢ᠌ᠨ ᠪᠣᠶ ᠪᠣᠯᠭ᠋ᠠᠨ᠎ᠠ᠃ 《ᠭᠤᠷᠪᠠ ᠵᠢ ᠬᠦᠴᠦᠯᠡᠬᠦ》 ᠭᠡᠳᠡᠭ᠎ᠨᠢ ᠳᠠᠷᠤᠢ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲᠸᠮᠵᠢ ᠵᠢ ᠬᠦᠴᠦᠯᠡᠨ ᠪᠦᠷᠢᠨᠰᠢᠭᠦᠯᠵᠦ᠂ ᠡᠯᠧᠮᠧᠨ᠋ᠲ᠎ᠢ ᠪᠠᠲᠤᠯᠠᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠪᠠᠢ᠌ᠭᠤᠯᠤᠮᠵᠢ ᠲᠣᠭᠲᠠᠴᠠ ᠵᠢ ᠬᠦᠴᠦᠯᠡᠨ ᠪᠦᠷᠢᠨᠰᠢᠭᠦᠯᠬᠦ ᠶᠠᠪᠤᠳᠠᠯ ᠪᠣᠯᠣᠨ᠎ᠠ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠭᠦᠭᠡᠷᠦᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠂ ᠠᠮᠢ ᠠᠬᠤᠢ ᠵᠢᠨ ᠣᠷᠴᠢᠨ ᠲᠣᠭᠣᠷᠢᠨ᠎ᠢ ᠬᠦᠴᠦᠯᠡᠨ ᠰᠠᠢ᠌ᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠤᠨ᠎ᠠ᠃ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲᠸᠮᠵᠢ ᠵᠢ ᠪᠦᠷᠢᠨᠰᠢᠭᠦᠯᠬᠦ ᠲᠠᠯ᠎ᠠ᠎ᠪᠠᠷ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠦᠴᠦᠯᠡᠨ ᠭᠦᠨᠵᠡᠭᠡᠢ ᠬᠡᠷᠡᠭᠵᠢᠭᠦᠯᠵᠦ᠂ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠠᠮᠤᠷ ᠲᠣᠭᠲᠠᠭᠤᠨ᠎ᠢ ᠬᠠᠮᠠᠭ᠋ᠠᠯᠠᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯᠧᠮᠧᠨ᠋ᠲ᠎ᠢ ᠪᠠᠲᠤᠯᠠᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠬᠦᠴᠦᠯᠡᠨ ᠭᠦᠨᠵᠡᠭᠡᠢ᠌ᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠬᠥᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠦᠨ᠎ᠡ᠃