ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠰᠠᠭ᠋ᠠᠯᠢ ᠵᠢᠨ ᠦᠨᠢᠶᠡᠨ᠎ᠤ ᠳᠡᠯᠡᠩ᠎ᠤᠨ ᠦᠷᠪᠢᠰᠦᠯ᠎ᠢ ᠰᠡᠷᠭᠡᠢ᠌ᠯᠡᠬᠦ ᠲᠤᠬᠠᠢ
ᠨᠡᠶ᠋ᠢᠲᠡᠯᠡᠭᠰᠡᠨ ᠴᠠᠭ᠄ 2025-05-19

      ᠨᠢᠭᠡ᠂  ᠰᠠᠭ᠋ᠠᠯᠢ ᠵᠢᠨ ᠦᠨᠢᠶᠡᠨ᠎ᠤ  ᠳᠡᠯᠡᠩ᠎ᠤᠨ  ᠦᠷᠪᠢᠰᠦᠯ᠎ᠤᠨ ᠲᠣᠢ᠌ᠮᠣᠴᠢᠯᠠᠯ

      ᠰᠠᠭ᠋ᠠᠯᠢ ᠵᠢᠨ ᠦᠨᠢᠶᠡᠨ᠎ᠤ  ᠳᠡᠯᠡᠩ᠎ᠤᠨ  ᠦᠷᠪᠢᠰᠦᠯ ᠪᠣᠯ ᠰᠠᠭ᠋ᠠᠯᠢ ᠵᠢᠨ ᠦᠨᠢᠶᠡᠨ᠎ᠤ ᠪᠠᠢ᠌ᠩᠭᠤ ᠲᠣᠬᠢᠶᠠᠯᠳᠤᠳᠠᠭ ᠡᠪᠡᠳᠴᠢᠨ ᠮᠥᠨ᠂  ᠲᠡᠷᠡ᠎ᠨᠢ ᠰᠠᠭ᠋ᠠᠯᠢ ᠵᠢᠨ ᠦᠨᠢᠶᠡᠨ᠎ᠤ ᠡᠷᠡᠭᠦᠯ ᠮᠡᠨᠳᠦ ᠪᠠ ᠰᠦᠨ᠎ᠤ ᠶᠠᠰᠤ ᠴᠢᠨᠠᠷ᠎ᠢ ᠬᠦᠨᠳᠦ ᠨᠣᠴᠢᠲᠠᠢ ᠨᠥᠯᠥᠭᠡᠯᠡᠵᠦ᠂  ᠣᠯᠠᠩᠬᠢ᠎ᠳᠠᠭᠠᠨ ᠮᠧᠬᠠᠨᠢᠭ᠎ᠤᠨ ᠴᠢᠨᠠᠷᠲᠠᠢ ᠰᠡᠳᠦᠯᠲᠡ᠂  ᠡᠪᠡᠳᠴᠢᠨ ᠡᠭᠦᠰᠬᠡᠭᠴᠢ ᠮᠢᠺᠷᠣᠪ᠎ᠲᠤ ᠨᠠᠪᠴᠢᠨ ᠣᠷᠣᠭᠰᠠᠨ ᠵᠢᠴᠢ ᠬᠢᠮᠢ ᠹᠢᠽᠢᠺ᠎ᠤᠨ ᠴᠢᠨᠠᠷᠲᠠᠢ ᠭᠡᠮᠲᠦᠯ᠎ᠠᠴᠠ ᠪᠣᠯᠤᠭᠰᠠᠨ ᠶᠤᠮ᠂  ᠵᠢᠱ᠌ᠢᠶᠡᠯᠡᠪᠡᠯ ᠵᠣᠬᠢᠰ ᠦᠭᠡᠢ ᠰᠠᠭ᠋ᠠᠬᠤ᠂  ᠡᠷᠡᠭᠦᠯ ᠬᠠᠮᠠᠭ᠋ᠠᠯᠠᠯ᠎ᠤᠨ ᠨᠥᠬᠥᠴᠡᠯ ᠵᠶ᠋ᠡᠷ ᠠᠨᠠᠢ᠂  ᠪᠠᠺᠲ᠋ᠧᠷᠢ ᠵᠢᠨ ᠬᠠᠯᠳᠠᠪᠤᠷᠢᠯᠠᠯ ᠵᠡᠷᠭᠡ᠃  ᠭᠣᠣᠯ ᠰᠢᠨᠵᠢ ᠲᠡᠮᠳᠡᠭ᠎ᠲᠤ  ᠳᠡᠯᠡᠩ᠎ᠨᠢ ᠤᠯᠠᠢ᠌ᠵᠤ ᠬᠠᠪᠤᠳᠴᠤ ᠬᠠᠯᠠᠭᠤᠷᠠᠵᠤ ᠡᠪᠡᠳᠬᠦ᠂  ᠰᠦ ᠬᠡᠪ᠎ᠤᠨ ᠪᠤᠰᠤ ᠪᠣᠯᠬᠤ ᠪᠠ ᠭᠠᠷᠤᠯᠲᠠ ᠪᠠᠭᠤᠷᠠᠬᠤ ᠵᠡᠷᠭᠡ ᠪᠠᠭᠲᠠᠨ᠎ᠠ᠂  ᠡᠪᠡᠳᠴᠢᠯᠡᠪᠡᠯ ᠴᠠᠭ ᠲᠤᠬᠠᠢ᠎ᠳᠤᠨᠢ ᠡᠮᠨᠡᠨ ᠵᠠᠰᠠᠵᠤ᠂  ᠡᠪᠡᠳᠴᠢᠨ ᠬᠦᠨᠳᠦᠷᠡᠬᠦ᠎ᠠᠴᠠ ᠵᠠᠢ᠌ᠯᠠᠰᠬᠢᠬᠦ ᠬᠡᠷᠡᠭᠲᠡᠢ᠃  ᠳᠡᠯᠡᠩ᠎ᠤᠨ  ᠦᠷᠪᠢᠰᠦᠯ᠎ᠢ ᠰᠡᠷᠭᠡᠢ᠌ᠯᠡᠬᠦ᠎ᠳᠤ ᠠᠷᠠᠴᠢᠯᠠᠵᠤ ᠳᠣᠳᠣᠮᠳᠠᠬᠤ ᠵᠢ ᠰᠠᠢ᠌ᠵᠢᠷᠠᠭᠤᠯᠬᠤ᠂  ᠰᠦ ᠰᠠᠭ᠋ᠠᠬᠤ ᠠᠷᠢᠭᠤᠨ ᠴᠡᠪᠡᠷ᠎ᠢ ᠴᠢᠩᠭ᠋ᠠᠳᠬᠠᠬᠤ ᠵᠡᠷᠭᠡ ᠣᠯᠠᠨ ᠲᠠᠯ᠎ᠠ᠎ᠠᠴᠠ ᠭᠠᠷᠳᠠᠨ᠎ᠠ᠃  ᠰᠠᠭ᠋ᠠᠯᠢ ᠵᠢᠨ ᠦᠨᠢᠶᠡᠨ᠎ᠤ  ᠳᠡᠯᠡᠩ᠎ᠤᠨ  ᠡᠷᠡᠭᠦᠯ ᠮᠡᠨᠳᠦ ᠵᠢ ᠪᠠᠲᠤᠯᠠᠬᠤ᠎ᠨᠢ ᠰᠠᠭ᠋ᠠᠯᠢ ᠵᠢᠨ ᠦᠨᠢᠶᠡᠨ᠎ᠤ ᠰᠦ ᠭᠠᠷᠬᠤ ᠴᠢᠳᠠᠪᠤᠷᠢ ᠵᠢ ᠳᠡᠭᠡᠭᠰᠢᠯᠡᠭᠦᠯᠬᠦ᠂  ᠦᠨᠢᠶᠡᠨ ᠰᠦ ᠵᠢᠨ ᠶᠠᠰᠤ ᠴᠢᠨᠠᠷ ᠪᠣᠯᠣᠨ ᠰᠠᠭ᠋ᠠᠯᠢ ᠵᠢᠨ ᠦᠨᠢᠶᠡᠨ᠎ᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ᠎ᠳᠤ ᠴᠢᠬᠤᠯᠠ ᠠᠴᠢ  ᠬᠣᠯᠪᠣᠭᠳᠠᠯ᠎ᠲᠠᠢ ᠶᠤᠮ᠃ 

      ᠬᠣᠶᠠᠷ᠂  ᠡᠮᠴᠢᠯᠡᠭᠡᠨ᠎ᠤ ᠭᠣᠣᠯ ᠰᠢᠨᠵᠢ ᠲᠡᠮᠳᠡᠭ

      ᠳᠡᠯᠡᠩ᠎ᠤᠨ  ᠭᠠᠳᠠᠷ ᠪᠠᠢ᠌ᠳᠠᠯ᠎ᠤᠨ ᠬᠤᠪᠢᠷᠠᠯᠲᠠ᠄ ᠡᠪᠡᠳᠴᠢᠯᠡᠭᠰᠡᠨ ᠰᠠᠭ᠋ᠠᠯᠢ ᠵᠢᠨ ᠦᠨᠢᠶᠡᠨ᠎ᠤ  ᠳᠡᠯᠡᠩ᠎ᠨᠢ ᠬᠠᠪᠤᠳᠴᠤ᠂  ᠠᠷᠠᠰᠤ᠎ᠨᠢ ᠤᠯᠠᠢ᠌ᠳᠠᠭ᠃ ᠲᠡᠮᠲᠡᠷᠢᠬᠦ ᠦᠶ᠎ᠡ᠎ᠳᠤ  ᠳᠡᠯᠡᠩ᠎ᠨᠢ ᠬᠠᠯᠠᠭᠤ ᠣᠷᠭᠢᠵᠤ᠂ ᠰᠠᠭ᠋ᠠᠯᠢ ᠵᠢᠨ ᠦᠨᠢᠶ᠎ᠡ ᠡᠪᠡᠳᠦᠭᠡᠳ ᠪᠠᠢ᠌ᠴᠠᠭ᠋ᠠᠯᠲᠠ᠎ᠠᠴᠠ ᠵᠠᠢ᠌ᠯᠠᠳᠠᠭ᠃ 

      ᠰᠦᠨ᠎ᠤ ᠴᠢᠨᠠᠷ᠎ᠤᠨ ᠬᠤᠪᠢᠷᠠᠯᠲᠠ᠄  ᠰᠦ᠎ᠨᠢ  ᠰᠢᠩᠭᠡᠷᠡᠵᠦ᠂  ᠰᠦᠨ᠎ᠤ ᠳᠣᠲᠣᠷ᠎ᠠ ᠤᠩᠭ᠋ᠠᠷᠢᠯ ᠪᠤᠶᠤ ᠡᠭᠡᠳᠡᠭᠰᠡᠨ ᠬᠡᠰᠡᠭ ᠭᠠᠷᠴᠤ ᠮᠡᠳᠡᠨ᠎ᠡ᠃  ᠬᠦᠨᠳᠦ ᠨᠣᠴᠢᠲᠠᠢ ᠦᠶ᠎ᠡ᠎ᠳᠤ ᠰᠦᠨ᠎ᠤ  ᠴᠢᠨᠠᠷ᠎ᠨᠢ ᠬᠤᠪᠢᠷᠠᠵᠤ᠂  ᠰᠦᠨ᠎ᠤ ᠭᠠᠷᠤᠯᠲᠠ᠎ᠨᠢ ᠳᠣᠷᠣᠭᠰᠢᠯᠠᠵᠤ᠂  ᠮᠢᠬᠠᠨ ᠨᠢᠳᠦ᠎ᠪᠠᠷ ᠰᠦᠨ᠎ᠤ ᠳᠣᠲᠣᠷᠠᠬᠢ ᠤᠩᠭ᠋ᠠᠷᠢᠯ ᠬᠡᠯᠪᠡᠷᠢᠲᠦ ᠴᠢᠰᠤᠨ ᠰᠢᠷᠬᠡᠭ ᠪᠠᠢ᠌ᠬᠤ ᠵᠢ ᠣᠯᠵᠤ ᠬᠠᠷᠠᠳᠠᠭ᠃ 

      ᠪᠦᠬᠦ ᠪᠡᠶ᠎ᠡ ᠵᠢᠨ ᠡᠪᠡᠳᠴᠢᠨ᠎ᠤ ᠰᠢᠨᠵᠢ᠄ ᠡᠪᠡᠳᠴᠢᠯᠡᠭᠰᠡᠨ ᠰᠠᠭ᠋ᠠᠯᠢ ᠵᠢᠨ ᠦᠨᠢᠶ᠎ᠡ ᠎ᠨᠢ ᠢᠳᠡᠭᠡᠨ᠎ᠤ ᠳᠤᠷᠠᠰᠢᠯ ᠮᠠᠭᠤᠳᠠᠬᠤ᠂  ᠬᠥᠳᠡᠯᠬᠦ᠎ᠨᠢ ᠠᠷᠪᠢᠳᠬᠤ᠂  ᠪᠡᠶ᠎ᠡ ᠵᠢᠨ ᠳᠤᠯᠠᠭ᠋ᠠᠨ ᠳᠡᠭᠡᠭᠰᠢᠯᠡᠬᠦ᠂  ᠵᠢᠷᠦᠬᠡᠨ ᠴᠣᠬᠢᠯᠭ᠎ᠠ ᠲᠦᠷᠭᠡᠰᠬᠦ ᠵᠡᠷᠭᠡ ᠡᠪᠡᠳᠴᠢᠨ᠎ᠤ ᠰᠢᠨᠵᠢ᠎ᠲᠠᠢ ᠪᠠᠢ᠌ᠵᠤ ᠮᠡᠳᠡᠨ᠎ᠡ᠃ 

      ᠭᠤᠷᠪᠠ᠂  ᠤᠷᠢᠳᠴᠢᠯᠠᠨ ᠰᠡᠷᠭᠡᠢ᠌ᠯᠡᠬᠦ ᠠᠷᠭ᠎ᠠ ᠬᠡᠮᠵᠢᠶ᠎ᠡ

      (ᠨᠢᠭᠡ) ᠰᠠᠭ᠋ᠠᠯᠢ ᠵᠢᠨ ᠦᠨᠢᠶᠡᠨ᠎ᠤ ᠡᠳᠦᠷ ᠲᠤᠳᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ

      1. ᠰᠠᠭ᠋ᠠᠯᠢ ᠵᠢᠨ ᠦᠨᠢᠶ᠎ᠡ ᠵᠢᠨ ᠤᠤᠭᠤᠬᠤ ᠤᠰᠤ ᠪᠣᠯᠣᠨ ᠲᠡᠵᠢᠭᠡᠯ ᠪᠣᠷᠳᠣᠭ᠎ᠠ ᠵᠢᠨ ᠠᠷᠢᠭᠤᠨ ᠴᠡᠪᠡᠷ᠎ᠢ ᠪᠠᠲᠤᠯᠠᠨ᠂  ᠰᠢᠮ᠎ᠡ ᠲᠡᠵᠢᠭᠡᠯ ᠭᠦᠢ᠍ᠴᠡᠳ ᠬᠠᠩᠭ᠋ᠠᠵᠤ᠂  ᠰᠠᠭ᠋ᠠᠯᠢ ᠵᠢᠨ ᠦᠨᠢᠶ᠎ᠡ ᠵᠢᠨ  ᠪᠠᠺᠲᠸᠷᠢ ᠡᠰᠡᠷᠭᠦᠴᠡᠬᠦ  ᠴᠢᠳᠠᠯ᠎ᠢ  ᠨᠡᠮᠡᠭᠳᠡᠭᠦᠯᠬᠦ ᠬᠡᠷᠡᠭᠲᠡᠢ᠃ 

      2. ᠠᠮᠢᠳᠤᠷᠠᠯ᠎ᠤᠨ ᠣᠷᠴᠢᠨ ᠲᠣᠭᠣᠷᠢᠨ᠎ᠢ  ᠠᠷᠢᠭᠤᠨ ᠴᠡᠪᠡᠷ ᠪᠠᠢ᠌ᠯᠭ᠋ᠠᠵᠤ᠂  ᠦᠬᠡᠷ᠎ᠤᠨ ᠬᠠᠰᠢᠶ᠎ᠠ᠎ᠪᠠᠨ ᠬᠠᠭᠤᠷᠠᠢ  ᠪᠠᠢ᠌ᠯᠭ᠋ᠠᠵᠤ᠂  ᠰᠠᠯᠬᠢ ᠨᠠᠪᠲᠠᠷᠡᠭᠦᠯᠵᠦ᠂  ᠪᠣᠬᠢᠷᠲᠤᠯ ᠪᠠ ᠪᠠᠺᠲ᠋ᠧᠷᠢ ᠡᠭᠦᠰᠬᠦ᠎ᠠᠴᠠ ᠵᠠᠢ᠌ᠯᠠᠰᠬᠢᠬᠦ ᠬᠡᠷᠡᠭᠲᠡᠢ᠃  ᠲᠣᠭᠲᠠᠮᠠᠯ ᠬᠤᠭᠤᠴᠠᠭ᠎ᠠ᠎ᠲᠠᠢ᠎ᠪᠠᠷ ᠳᠡᠪᠢᠰᠬᠡᠷ ᠵᠢ ᠎ᠨᠢ ᠰᠣᠯᠢᠵᠤ᠂  ᠪᠠᠭ᠋ᠠᠰᠤ ᠵᠢ ᠎ᠨᠢ ᠴᠠᠭ ᠲᠤᠬᠠᠢ᠎ᠳᠤᠨᠢ  ᠴᠡᠪᠡᠷᠯᠡᠵᠦ ᠴᠡᠪᠡᠷ ᠬᠠᠭᠤᠷᠠᠢ ᠪᠠᠢ᠌ᠬᠤ ᠵᠢ  ᠪᠠᠲᠤᠯᠠᠬᠤ ᠬᠡᠷᠡᠭᠲᠡᠢ᠃ 

      3. ᠰᠠᠭ᠋ᠠᠯᠢ ᠵᠢᠨ ᠦᠨᠢᠶᠡᠨ᠎ᠤ ᠰᠦ ᠰᠢᠭᠦᠷᠡᠭᠦᠯᠬᠦ ᠬᠤᠭᠤᠴᠠᠭ᠋ᠠᠨ᠎ᠤ ᠡᠷᠡᠭᠦᠯ ᠮᠡᠨᠳᠦ ᠵᠢᠨ ᠬᠠᠮᠢᠶᠠᠷᠤᠯᠲᠠ ᠵᠢ ᠠᠩᠬᠠᠷᠬᠤ ᠬᠡᠷᠡᠭᠲᠡᠢ᠃  ᠲᠤᠭᠤᠯᠯᠠᠬᠤ᠎ᠠᠴᠠ ᠡᠮᠦᠨ᠎ᠡ ᠰᠦ ᠵᠢ ᠎ᠨᠢ ᠵᠣᠬᠢᠰᠲᠠᠢ ᠬᠠᠭᠰᠠᠭ᠋ᠠᠵᠤ᠂  ᠰᠦ ᠵᠢᠨ  ᠬᠤᠷᠠᠬᠤ ᠵᠢ ᠪᠠᠭ᠋ᠠᠰᠬᠠᠬᠤ ᠬᠡᠷᠡᠭᠲᠡᠢ᠃ ᠲᠤᠭᠤᠯᠯᠠᠭᠰᠠᠨ᠎ᠤ ᠳᠠᠷᠠᠭ᠎ᠠ  ᠳᠡᠯᠡᠩ  ᠪᠠ ᠪᠦᠬᠦ ᠪᠡᠶ᠎ᠡ ᠵᠢᠨ ᠡᠷᠡᠭᠦᠯ ᠴᠢᠭᠢᠷᠠᠭ᠎ᠤᠨ ᠪᠠᠢ᠌ᠳᠠᠯ᠎ᠢ ᠨᠢᠭᠲᠠ ᠠᠵᠢᠭᠯᠠᠵᠤ᠂  ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢ᠎ᠳᠤᠨᠢ  ᠰᠢᠢ᠍ᠳᠪᠦᠷᠢᠯᠡᠬᠦ ᠬᠡᠷᠡᠭᠲᠡᠢ᠃  ᠲᠡᠵᠢᠭᠡᠯ ᠪᠣᠷᠳᠣᠭ᠎ᠠ ᠵᠢ ᠵᠦᠢ ᠵᠣᠬᠢᠰᠲᠠᠢ᠎ᠪᠠᠷ ᠨᠠᠢ᠌ᠷᠠᠭᠤᠯᠵᠤ᠂  ᠨᠠᠷᠢᠯᠢᠭ ᠲᠡᠵᠢᠭᠡᠯ ᠪᠣᠷᠳᠣᠭ᠎ᠠ ᠵᠢ ᠬᠡᠳᠦ ᠠᠷᠪᠢᠨ ᠪᠣᠯᠭ᠋ᠠᠭᠰᠠᠨ᠎ᠠᠴᠠ ᠰᠦ ᠰᠢᠭᠦᠷᠡᠭᠦᠯᠬᠦ ᠳᠠᠭ᠋ᠠᠭ᠋ᠠᠴᠠ ᠬᠡᠳᠦ ᠬᠦᠨᠳᠦ ᠪᠣᠯᠬᠤ᠎ᠠᠴᠠ ᠵᠠᠢ᠌ᠯᠠᠰᠬᠢᠨ᠎ᠡ᠃  ᠰᠠᠭ᠋ᠠᠯᠢ ᠵᠢᠨ ᠦᠨᠢᠶ᠎ᠡ ᠵᠢᠨ ᠰᠦ  ᠰᠢᠷᠭᠢᠬᠦ ᠬᠤᠭᠤᠴᠠᠭ᠋ᠠᠨ᠎ᠳᠤ  ᠲᠤᠢ᠌ᠯᠪᠤᠷᠢᠲᠠᠢ  ᠰᠢᠷᠭᠢᠭᠡᠵᠦ᠂  ᠳᠡᠯᠡᠩ᠎ᠤᠨ  ᠰᠤᠪᠢᠯᠠᠯᠲᠠ ᠪᠠ ᠰᠢᠮ᠎ᠡ ᠲᠡᠵᠢᠭᠡᠯ᠎ᠤᠨ ᠲᠣᠬᠢᠷᠠᠭᠤᠯᠤᠯᠲᠠ ᠵᠢ ᠠᠩᠬᠠᠷᠴᠤ᠂  ᠳᠠᠷᠠᠭ᠎ᠠ  ᠤᠳᠠᠭ᠋ᠠᠨ᠎ᠤ ᠰᠦ ᠰᠢᠭᠦᠷᠡᠭᠦᠯᠬᠦ ᠬᠤᠭᠤᠴᠠᠭ᠋ᠠᠨ᠎ᠤ ᠪᠡᠯᠡᠳᠬᠡᠯ ᠠᠵᠢᠯ᠎ᠢ ᠰᠠᠢ᠌ᠲᠤᠷ ᠬᠢᠬᠦ ᠬᠡᠷᠡᠭᠲᠡᠢ᠃ 

      4. ᠰᠦ ᠰᠠᠭ᠋ᠠᠬᠤ ᠶᠠᠪᠤᠴᠠ ᠵᠢ  ᠵᠢᠷᠤᠮᠵᠢᠭᠤᠯᠬᠤ ᠬᠡᠷᠡᠭᠲᠡᠢ᠃ ᠰᠦ ᠰᠠᠭ᠋ᠠᠬᠤ ᠲᠥᠬᠦᠭᠡᠷᠦᠮᠵᠢ ᠵᠢᠨ  ᠠᠵᠢᠯᠯᠠᠬᠤ ᠳᠦᠷᠢᠮ᠎ᠢ ᠴᠢᠩᠭ᠎ᠠ ᠵᠢᠷᠤᠮᠯᠠᠨ ᠤᠬᠢᠶᠠᠨ ᠴᠡᠪᠡᠷᠯᠡᠵᠦ ᠠᠷᠢᠭᠤᠳᠬᠠᠵᠤ᠂  ᠰᠦ ᠰᠠᠭ᠋ᠠᠬᠤ ᠶᠠᠪᠤᠴᠠ ᠵᠢᠨ ᠠᠷᠢᠭᠤᠨ ᠴᠡᠪᠡᠷ ᠠᠮᠤᠷ ᠲᠦᠪᠰᠢᠨ᠎ᠢ ᠪᠠᠲᠤᠯᠠᠨ᠎ᠠ᠃  ᠰᠦ ᠰᠠᠭ᠋ᠠᠬᠤ ᠴᠠᠭ ᠪᠠ ᠳᠠᠪᠲᠠᠮᠵᠢ ᠵᠢ ᠵᠣᠬᠢᠰᠲᠠᠢ ᠲᠣᠬᠢᠷᠠᠭᠤᠯᠤᠨ᠎ᠠ᠃ 

      (ᠬᠣᠶᠠᠷ) ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠵᠢ  ᠴᠢᠩᠭ᠋ᠠᠳᠬᠠᠬᠤ ᠬᠡᠷᠡᠭᠲᠡᠢ 

      ᠳᠡᠯᠡᠩ᠎ᠤᠨ  ᠦᠷᠪᠢᠰᠦᠯ᠎ᠤᠨ ᠡᠭᠦᠰᠦᠯᠲᠡ᠎ᠨᠢ ᠣᠯᠠᠨ ᠵᠦᠢ᠍ᠯ᠎ᠤᠨ ᠪᠠᠺᠲ᠋ᠧᠷᠢ᠂  ᠸᠢᠷᠦ᠋ᠰ ᠵᠡᠷᠭᠡ ᠡᠪᠡᠳᠴᠢᠨ ᠡᠭᠦᠰᠬᠡᠭᠴᠢ ᠮᠢᠺᠷᠣᠪ᠎ᠤᠨ ᠬᠠᠯᠳᠠᠪᠤᠷᠢᠯᠠᠯ᠎ᠲᠠᠢ ᠬᠣᠯᠪᠣᠭ᠎ᠠ᠎ᠲᠠᠢ᠂  ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠰᠠᠢ᠌ᠲᠤᠷ ᠬᠢᠪᠡᠯ ᠬᠠᠯᠳᠠᠪᠤᠷᠢᠯᠠᠯ᠎ᠤᠨ ᠡᠬᠢ ᠰᠤᠷᠪᠤᠯᠵᠢ ᠪᠠ ᠬᠠᠯᠳᠠᠪᠤᠷᠢᠯᠠᠬᠤ ᠵᠠᠮ᠎ᠢ ᠪᠦᠲᠦᠮᠵᠢᠲᠡᠶ᠎ᠪᠠᠷ ᠬᠣᠷᠢᠭᠯᠠᠵᠤ ᠴᠢᠳᠠᠨ᠎ᠠ᠃ 

      1. ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠦᠷᠢᠨ ᠲᠡᠭᠦᠯᠳᠡᠷ ᠳᠦᠷᠢᠮ᠎ᠢ ᠪᠠᠢ᠌ᠭᠤᠯᠵᠤ᠂  ᠲᠣᠭᠲᠠᠮᠠᠯ ᠬᠤᠭᠤᠴᠠᠭ᠎ᠠ᠎ᠲᠠᠢ᠎ᠪᠠᠷ ᠪᠥᠬᠥ ᠰᠠᠭ᠋ᠠᠯᠢ ᠵᠢᠨ ᠦᠨᠢᠶ᠎ᠡ᠎ᠳᠤ  ᠳᠡᠯᠡᠩ᠎ᠤᠨ  ᠦᠷᠪᠢᠰᠦᠯ᠎ᠤᠨ ᠡᠪᠡᠳᠴᠢᠨ ᠡᠭᠦᠰᠬᠡᠭᠴᠢ ᠵᠢ ᠰᠢᠭᠰᠢᠨ ᠪᠠᠢ᠌ᠴᠠᠭ᠋ᠠᠵᠤ᠂  ᠬᠠᠯᠳᠠᠪᠤᠷᠢᠯᠠᠭᠳᠠᠭᠰᠠᠨ ᠦᠬᠡᠷ᠎ᠢ ᠴᠠᠭ ᠲᠤᠬᠠᠢ᠎ᠳᠤᠨᠢ ᠣᠯᠵᠤ ᠮᠡᠳᠡᠬᠦ ᠪᠠ ᠲᠤᠰᠠᠭ᠋ᠠᠷᠯᠠᠵᠤ᠂  ᠰᠣᠯᠪᠢᠴᠠᠨ ᠬᠠᠯᠳᠠᠪᠤᠷᠢᠯᠠᠬᠤ᠎ᠠᠴᠠ ᠵᠠᠢ᠌ᠯᠠᠰᠬᠢᠬᠦ ᠬᠡᠷᠡᠭᠲᠡᠢ᠃  ᠦᠬᠡᠷ᠎ᠤᠨ ᠬᠠᠰᠢᠶ᠎ᠠ ᠪᠠ ᠰᠦ ᠰᠠᠭ᠋ᠠᠬᠤ ᠲᠥᠬᠦᠭᠡᠷᠦᠮᠵᠢ ᠵᠢᠨ ᠠᠷᠢᠭᠤᠨ ᠴᠡᠪᠡᠷ᠎ᠢ ᠰᠠᠢ᠌ᠲᠤᠷ ᠠᠷᠢᠭᠤᠳᠬᠠᠬᠤ ᠬᠡᠷᠡᠭᠲᠡᠢ᠃ 

      2.  ᠦᠬᠡᠷ᠎ᠤᠨ ᠬᠠᠰᠢᠶ᠎ᠠ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠲᠤᠢ᠌ᠯᠪᠤᠷᠢᠲᠠᠢ ᠴᠡᠪᠡᠷᠯᠡᠵᠦ ᠠᠷᠢᠭᠤᠳᠬᠠᠨ᠎ᠠ᠂  ᠢᠯᠠᠩᠭᠤᠶ᠎ᠠ  ᠲᠤᠭᠤᠯᠯᠠᠬᠤ ᠬᠠᠰᠢᠶ᠎ᠠ ᠪᠠ ᠡᠪᠡᠳᠴᠢᠨ᠎ᠲᠠᠢ ᠦᠬᠡᠷ᠎ᠤᠨ ᠲᠤᠰᠠᠭ᠋ᠠᠷᠯᠠᠬᠤ ᠣᠷᠣᠨ ᠵᠡᠷᠭᠡ ᠭᠣᠣᠯᠳᠠᠯᠭ᠎ᠠ᠎ᠲᠠᠢ ᠭᠠᠵᠠᠷ᠎ᠤᠳ  ᠪᠣᠯᠣᠨ᠎ᠠ᠃ 

      3. ᠸᠠᠺᠼᠢᠨ᠎ᠤ ᠴᠠᠷᠤᠯᠲᠠ ᠵᠡᠷᠭᠡ ᠠᠮᠢᠳᠤ ᠪᠣᠳᠠᠰ᠎ᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ  ᠬᠡᠷᠡᠭᠯᠡᠨ᠎ᠡ᠃  ᠰᠠᠭ᠋ᠠᠯᠢ ᠵᠢᠨ ᠦᠨᠢᠶ᠎ᠡ ᠵᠢᠨ ᠰᠦᠷᠦᠭ᠎ᠲᠤ ᠠᠮᠠᠷᠬᠠᠨ ᠬᠠᠯᠳᠠᠪᠤᠷᠢᠯᠠᠭᠳᠠᠬᠤ  ᠳᠡᠯᠡᠩ᠎ᠤᠨ  ᠦᠷᠪᠢᠰᠦᠯ᠎ᠤᠨ ᠡᠪᠡᠳᠴᠢᠨ ᠡᠭᠦᠰᠬᠡᠭᠴᠢ ᠪᠠᠺᠲ᠋ᠧᠷᠢ ᠵᠢᠨ ᠲᠥᠷᠥᠯ ᠵᠦᠢ᠍ᠯ᠎ᠢ ᠦᠨᠳᠦᠰᠦᠯᠡᠨ᠂  ᠰᠢᠨᠵᠢᠯᠡᠬᠦ ᠤᠬᠠᠭ᠋ᠠᠨᠴᠢ ᠡᠭᠡᠯᠢᠯᠡᠭᠡ ᠵᠢᠨ ᠲᠠᠰ ᠳᠠᠷᠠᠭ᠋ᠠᠯᠠᠯ᠎ᠢ ᠲᠣᠭᠲᠠᠭ᠋ᠠᠵᠤ᠂  ᠸᠠᠺᠼᠢᠨ᠎ᠤ ᠲᠠᠷᠢᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂  ᠰᠠᠭ᠋ᠠᠯᠢ ᠵᠢᠨ ᠦᠨᠢᠶ᠎ᠡ ᠵᠢᠨ ᠣᠷᠭ᠋ᠠᠨᠢᠭ ᠪᠡᠶ᠎ᠡ ᠵᠢᠨ  ᠡᠪᠡᠳᠴᠢᠨ᠎ᠢ ᠬᠠᠯᠳᠠᠪᠤᠷᠢᠯᠠᠬᠤ ᠴᠢᠨᠠᠷ᠎ᠢ ᠳᠡᠭᠡᠭᠰᠢᠯᠡᠭᠦᠯᠬᠦ

ᠬᠡᠷᠡᠭᠲᠡᠢ᠃

ᠢᠷᠡᠯᠲᠡ᠄ ᠲᠦᠩᠯᠢᠶᠣᠣ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠲᠥᠪ
          
ᠬᠠᠮᠢᠶ᠎ᠡ ᠪᠦᠬᠦᠢ ᠰᠣᠨᠢᠨ
 
            