2017 ᠣᠨ ᠳᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠬᠢᠭᠡᠳ | ᠣᠷᠴᠢᠨ ᠲᠣᠭᠤᠷᠢᠨ ᠡᠨᠧᠷᠭᠢ ᠶᠢᠨ ᠡᠬᠢ ᠰᠤᠷᠪᠤᠯᠵᠢ ᠶᠢᠨ ᠠᠵᠢᠯ ᠨᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠬᠦᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ | ᠵᠡᠷᠭᠡ ᠭᠤᠣᠯᠳᠠᠯᠭ᠎ᠠ ᠲᠠᠢ ᠠᠵᠢᠯ ᠳᠤ ᠬᠦᠴᠦᠯᠡᠨ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠪᠣᠬᠢᠷᠲᠤᠯ ᠥᠬᠡᠶ ᠦᠷᠭᠦᠯᠵᠢᠯᠡᠨ ᠬᠥᠭᠵᠢᠬᠦ ᠳᠤ ᠰᠢᠨᠵᠢᠯᠡᠭᠡ ᠮᠡᠷᠭᠡᠵᠢᠯ ᠤᠨ ᠲᠦᠰᠢᠭ ᠲᠤᠯᠭᠠᠭᠤᠷᠢ ᠶᠢ ᠬᠠᠩᠭᠠᠪᠠ᠃ | | ᠨᠢᠭᠡ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠰᠢᠨᠵᠢᠯᠡᠭᠡ ᠮᠡᠷᠭᠡᠵᠢᠯ ᠤᠨ ᠲᠥᠯᠥᠪᠯᠡᠭᠡᠨ ᠤ ᠲᠦᠷᠦᠯ ᠵᠦᠢᠯ 5 ᠵᠦᠢᠯ ᠢ ᠵᠤᠬᠢᠶᠠᠨ ᠪᠠᠶᠢᠭᠤᠯᠤᠨ ᠡᠷᠡᠮᠵᠢᠯᠡᠵᠦ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ | ᠱᠠᠩᠨᠠᠯ ᠤᠨ ᠪᠡᠯᠡ ᠮᠥᠩᠭᠦᠨ ᠤ ᠲᠦᠷᠦᠯ ᠵᠦᠢᠯ 6 ᠵᠦᠢᠯ ᠢ ᠵᠣᠬᠢᠶᠠᠨ ᠪᠠᠶᠢᠭᠤᠯᠤᠨ ᠡᠷᠡᠮᠵᠢᠯᠡᠨ ᠮᠡᠳᠡᠭᠦᠯᠵᠦ᠂ 3 | ᠵᠦᠢᠯ ᠨᠢ ᠵᠦᠪᠰᠢᠶᠡᠷᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠯᠪᠡᠭ | ᠬᠤᠷᠢᠶᠠᠯᠲᠠ ᠶᠢᠨ ᠱᠠᠩᠨᠠᠯ ᠤᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠦ᠂ 59ᠲᠦᠷᠦᠯ ᠵᠦᠢᠯ ᠢ ᠡᠷᠡᠮᠵᠢᠯᠡᠨ | ᠮᠡᠳᠡᠭᠦᠯᠦᠨ᠂ ᠵᠢᠯ ᠤᠨ ᠡᠴᠦᠰ ᠠᠴᠠ ᠡᠮᠦᠨ᠎ᠡ ᠬᠢᠨᠠᠨ ᠲᠣᠭᠲᠠᠭᠠᠬᠤ ᠠᠵᠢᠯ ᠢ ᠭᠦᠢᠴᠡᠳᠬᠡᠨ᠎ᠡ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ 10 | ᠵᠤᠷᠪᠤᠰ ᠢ ᠬᠢᠨᠠᠨ ᠲᠤᠲᠠᠭᠠᠬᠤ ᠶᠢ ᠵᠤᠬᠢᠶᠠᠨ ᠪᠠᠶᠢᠭᠤᠯᠵᠠᠢ᠃ ᠲᠠᠷᠢᠶᠠᠯᠠᠩ ᠤᠨ ᠶᠠᠮᠤᠨ ᠤ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠡᠷᠡᠮᠵᠢᠯᠡᠨ ᠮᠡᠳᠡᠭᠦᠯᠦᠭᠰᠡᠨ 22 ᠠᠵᠤ | ᠠᠬᠤᠶᠢᠯᠠᠯ ᠠᠴᠠ 5 ᠠᠵᠤ ᠠᠬᠤᠶᠢᠯᠠᠯ ᠢ ᠲᠠᠷᠢᠶᠠᠯᠠᠩ ᠤᠨ ᠶᠠᠮᠤᠨ ᠳᠤ ᠲᠠᠨᠢᠯᠴᠠᠭᠤᠯᠪᠠ᠃ | ᠬᠤᠶᠠᠷ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠦᠳᠦᠭᠡᠨ | ᠪᠠᠶᠢᠭᠤᠯᠤᠯᠲᠠ ᠶᠢᠨ ᠠᠵᠢᠯ ᠤᠷᠤᠭᠰᠢᠲᠠᠶ ᠶᠠᠪᠤᠭᠳᠠᠪᠠ᠃ ᠲᠠᠷᠢᠶᠠᠯᠠᠩ ᠤᠨ ᠶᠠᠮᠤᠨ ᠠᠴᠠ ᠨᠠᠶᠢᠳᠠᠭᠰᠠᠨ ᠭᠤᠷᠪᠠᠳᠠᠬᠢ | ᠡᠲᠡᠭᠡᠳ ᠤᠨ ᠰᠢᠯᠭᠠᠨ ᠦᠨᠡᠯᠡᠯᠲᠡ ᠳᠤ᠂ ᠮᠠᠨ ᠤ ᠲᠢᠩᠬᠢᠮ ᠨᠢ ᠲᠠᠷᠢᠶᠠᠯᠠᠩ ᠤᠨ ᠶᠠᠮᠤᠨ ᠤ 2016 ᠣᠨ ᠤ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ | ᠲᠦᠷᠦ ᠶᠢᠨ ᠪᠤᠳᠤᠯᠭ᠎ᠠ ᠶᠢ ᠤᠷᠲᠤᠳᠬᠠᠨ ᠠᠵᠢᠯ ᠤᠨ ᠪᠦᠲᠦᠮᠵᠢ ᠪᠠᠷ ᠬᠠᠮᠢᠶᠠᠷᠤᠭᠰᠠᠨ ᠰᠢᠯᠢᠳᠡᠭ ᠨᠢᠭᠡᠴᠡ ᠪᠠᠷ | ᠦᠨᠡᠯᠡᠭᠳᠡᠵᠡᠢ᠃ 2017 ᠣᠨ ᠤ ᠲᠥᠷᠥᠯ ᠵᠦᠢᠯ ᠤᠨ ᠲᠦᠯᠦᠪᠯᠡᠭᠡ ᠶᠢ ᠴᠢᠩᠭᠠᠳᠬᠠᠵᠤ᠂ ᠡᠭᠦᠷᠭᠡ ᠪᠠᠨ 88 | ᠬᠤᠰᠢᠭᠤ ᠰᠢᠶᠠᠨ ᠪᠣᠯᠤᠨ ᠪᠠᠶᠢᠭᠤᠯᠭ᠎ᠠ ᠨᠢᠭᠡᠴᠡ ᠳᠤ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠬᠠᠷᠠᠯᠲᠠ ᠶᠢ | ᠨᠠᠷᠢᠯᠢᠬᠵᠢᠭᠤᠯᠤᠨ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠰᠢᠨ᠎ᠡ ᠲᠣᠭᠲᠠᠴᠠ᠂ ᠰᠢᠨ᠎ᠡ ᠵᠠᠭᠪᠤᠷ ᠢ ᠪᠤᠢ ᠪᠤᠯᠭᠠᠨ᠎ᠠ᠃ ᠪᠦᠬᠦ ᠤᠯᠤᠰ ᠤᠨ ᠬᠠᠮᠤᠭ ᠤᠨ | ᠭᠤᠶᠣ ᠲᠠᠷᠢᠶᠠᠯᠠᠩ ᠤᠨ ᠮᠡᠷᠭᠡᠵᠢᠯᠲᠡᠨ ᠪᠠᠷ ᠰᠣᠩᠭᠤᠭᠳᠠᠨ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠨᠣᠮ ᠤᠨ | ᠦᠷᠦᠬᠡ᠂ 12316 ᠭᠠᠷ ᠤᠲᠠᠰᠤᠨ ᠤ APP ᠪᠣᠯᠤᠨ ᠮᠡᠳᠡᠭᠡ ᠵᠠᠩᠭᠢ ᠶᠢᠨ ᠲᠠᠪᠴᠠᠩ ᠵᠡᠷᠭᠡ ᠮᠡᠳᠡᠭᠡ | ᠵᠠᠩᠭᠢᠵᠢᠯᠲᠠ ᠶᠢᠨ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠵᠦ᠂ ᠪᠦᠬᠦ ᠣᠷᠣᠨ ᠢ ᠬᠠᠮᠤᠷᠤᠭᠰᠠᠨ | ᠲᠠᠷᠢᠶᠠᠯᠠᠩ ᠤᠨ ᠮᠡᠷᠭᠡᠵᠢᠯ ᠤᠨ ᠲᠣᠤᠷ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠠᠩᠬ᠎ᠠ ᠠᠯᠬᠤᠮ | ᠪᠦᠷᠢᠯᠳᠦᠭᠦᠯᠪᠡ᠃ | ᠭᠤᠷᠪᠠ᠂ ᠠᠵᠤ ᠦᠢᠯᠡᠰ ᠤᠨ ᠰᠢᠰᠲ᠋ᠧᠮ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠤᠨ ᠠᠵᠢᠯ ᠤᠨ | ᠦᠷ᠎ᠡ ᠪᠦᠲᠦᠮᠵᠢ ᠮᠡᠳᠡᠭᠳᠡᠮ᠎ᠡ᠃ ᠪᠦᠯᠬᠦᠮ ᠤᠨ ᠪᠠᠶᠢᠷᠢ ᠲᠣᠭᠲᠠᠭᠠᠯᠲᠠ ᠶᠢ ᠴᠠᠭ ᠲᠤᠬᠠᠶ ᠳᠤᠨᠢ ᠲᠣᠬᠢᠷᠠᠭᠤᠯᠵᠤ᠂ | ᠦᠢᠯᠡᠳᠪᠦᠷᠢᠯᠡᠯ ᠳᠤᠮᠳᠠᠬᠢ ᠪᠣᠳᠠᠲᠠᠶ ᠠᠰᠠᠭᠤᠳᠠᠯ ᠢ ᠭᠤᠣᠯᠴᠢᠯᠠᠨ ᠰᠢᠢᠳᠪᠦᠷᠢᠯᠡᠪᠡ᠃ ᠬᠤᠯᠪᠣᠭᠠᠯᠠᠨ | ᠬᠠᠮᠵᠢᠯᠴᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ᠂ | ᠤᠯᠤᠰ ᠤᠨ ᠠᠵᠤ ᠦᠢᠯᠡᠰ ᠤᠨ ᠰᠢᠰᠲ᠋ᠧᠮ ᠲᠠᠢ ᠪᠦᠲᠦᠮᠵᠢᠲᠡᠶ ᠠᠵᠢᠯ ᠤᠨ ᠵᠣᠯᠭᠠᠯᠲᠠ ᠶᠢ ᠴᠢᠩᠭᠠᠳᠬᠠᠵᠤ᠂ | ᠠᠵᠢᠯ ᠢᠶᠠᠨ ᠵᠣᠬᠢᠰᠲᠠᠶ ᠬᠤᠪᠢᠶᠠᠷᠢᠯᠠᠨ᠂ ᠡᠯ᠎ᠡ ᠱᠠᠲᠤᠨ ᠤ ᠠᠵᠢᠯ ᠤᠨ ᠭᠤᠣᠯᠳᠠᠯᠭ᠎ᠠ ᠶᠢ ᠲᠤᠳᠤᠷᠬᠠᠢ ᠪᠤᠯᠭᠠᠪᠠ᠃ | ᠲᠡᠭᠦᠯᠳᠡᠷᠵᠢᠭᠰᠡᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠠᠵᠢᠯ ᠤᠨ ᠬᠤᠪᠢᠶᠠᠷᠢ ᠲᠣᠳᠣᠷᠬᠠᠶ᠂ | ᠬᠠᠷᠢᠭᠤᠴᠠᠯᠭ᠎ᠠ ᠪᠠᠶᠢᠪᠠᠯ ᠵᠠᠪᠠᠯ ᠨᠡᠬᠡᠮᠵᠢᠯᠡᠵᠦ᠂ ᠪᠦᠯᠬᠦᠮ ᠤᠨ ᠠᠵᠢᠯ ᠤᠨ ᠥᠨᠳᠥᠷ ᠪᠦᠲᠦᠮᠵᠢᠲᠡᠶ᠂ ᠠᠶᠤᠯᠭᠦᠶ | ᠶᠠᠪᠤᠭᠳᠠᠬᠤ ᠶᠢ ᠦᠨᠡᠨ ᠬᠦ ᠪᠠᠲᠤᠯᠠᠪᠠ᠃ 2017 ᠣᠨ ᠳᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠠᠴᠠ | ᠨᠡᠶᠢᠲᠡ 56 ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠶᠢᠭᠤᠯᠵᠦ᠂ | ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠲᠦᠷᠦᠯ ᠵᠦᠢᠯ 55 ᠠᠴᠠ ᠳᠡᠭᠡᠭᠰᠢ ᠦᠷᠨᠢᠭᠦᠯᠪᠡ᠃ | ᠳᠥᠷᠪᠡ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠠᠵᠢᠯ ᠢ ᠪᠦᠬᠦ | ᠲᠠᠯ᠎ᠠ ᠪᠠᠷ ᠦᠷᠨᠢᠭᠦᠯᠵᠠᠢ᠃ ᠵᠠᠯᠠᠭᠤ ᠲᠠᠷᠢᠶᠠᠯᠠᠩ ᠤᠨ ᠲᠠᠯᠠᠪᠠᠢ ᠶᠢᠨ ᠡᠵᠡᠨ 1000 ᠬᠥᠮᠦᠨ ︵ᠡᠭᠦᠨ ᠳᠤ 2016 | ᠣᠨ ᠳᠤ 500 ᠬᠦᠮᠦᠨ︶᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠳᠠᠭᠠᠭᠤᠯᠤᠭᠴᠢ 16820 ᠬᠥᠮᠦᠨ ᠤ ᠪᠤᠯᠪᠠᠰᠤᠷᠠᠯ ᠤᠨ ᠡᠭᠦᠷᠭᠡ ᠶᠢ 11 ᠠᠶᠢᠮᠠᠭ ᠬᠤᠲᠠ ᠶᠢᠨ 79 ᠬᠤᠰᠢᠭᠤ | ᠰᠢᠶᠠᠨ ︵ᠬᠤᠲᠠ ᠲᠣᠭᠤᠷᠢᠭ︶ ᠳᠤ ᠬᠤᠪᠢᠶᠠᠷᠢᠯᠠᠨ᠂ ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠬᠦᠮᠦᠵᠢᠭᠦᠯᠬᠦ | ᠦᠷ᠎ᠡ ᠪᠦᠲᠦᠮᠵᠢ ᠶᠢ ᠦᠨᠡᠨ ᠬᠦ ᠪᠠᠲᠤᠯᠠᠵᠠᠢ᠃ ᠲᠠᠷᠢᠶᠠᠯᠠᠩ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ | ᠶᠡᠷᠦᠩᠬᠡᠶᠢᠯᠡᠭᠰᠡᠨ ᠴᠢᠨᠠᠷᠲᠠᠶ ᠳᠠᠳᠤᠯᠭ᠎ᠠ ᠶᠢᠨ ᠰᠠᠭᠤᠷᠢᠨ ᠭᠠᠵᠠᠷ ᠢ ᠪᠠᠲᠤᠯᠠᠨ ᠲᠠᠨᠢᠯᠴᠠᠭᠤᠯᠬᠤ ᠠᠵᠢᠯ ᠢ ᠵᠣᠬᠢᠶᠠᠨ | ᠪᠠᠶᠢᠭᠤᠯᠵᠦ᠂ ᠲᠠᠷᠢᠶᠠᠯᠠᠩ ᠤᠨ ᠶᠠᠮᠤᠨ ᠤ ᠨᠤᠲᠠᠯᠠᠭᠰᠠᠨ ᠪᠤᠯᠪᠠᠰᠤᠷᠠᠯ ᠤᠨ ᠰᠠᠭᠤᠷᠢᠨ ᠭᠠᠵᠠᠷ 3᠂ ᠥᠪᠡᠷᠲᠡᠭᠡᠨ | ᠵᠠᠰᠠᠬᠤ ᠣᠷᠣᠨ ᠤ ᠶᠡᠷᠦᠩᠬᠡᠶᠢᠯᠡᠭᠰᠡᠨ ᠲᠦᠷᠦᠯ ᠤᠨ ᠳᠠᠳᠤᠯᠭ᠎ᠠ ᠶᠢᠨ ᠰᠠᠭᠤᠷᠢᠨ ᠭᠠᠵᠠᠷ 24 ᠶᠢ ᠲᠠᠨᠢᠯᠴᠠᠭᠤᠯᠤᠨ | ᠬᠦᠮᠦᠷᠭᠡ ᠳᠤ ᠣᠷᠣᠭᠤᠯᠪᠠ᠃ | ᠲᠠᠪᠤ᠂ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯᠭᠦᠶ ᠶᠢᠨ | ᠬᠢᠨᠠᠨ ᠬᠠᠮᠢᠶᠠᠷᠤᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠪᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2017 ᠣᠨ ᠤ ᠲᠠᠷᠢᠶᠠᠯᠠᠩ ᠮᠠᠯ ᠠᠵᠤ ᠠᠬᠤᠶ ᠶᠢᠨ ᠭᠧᠨ ᠰᠢᠯᠵᠢᠭᠦᠯᠦᠭᠰᠡᠨ ᠠᠮᠢᠳᠤ | ᠪᠣᠳᠠᠰ ᠤᠨ ᠠᠶᠤᠯᠭᠦᠶ ᠶᠢᠨ ᠬᠢᠨᠠᠨ ᠬᠠᠮᠢᠶᠠᠷᠬᠤ ᠠᠵᠢᠯ ᠤᠨ ᠲᠥᠰᠦᠯ︾ ︵ᠥᠪᠥᠷ ᠮᠤᠩᠭᠤᠯ ᠤᠨ ᠲᠠᠷᠢᠶᠠᠯᠠᠩ ᠮᠠᠯ | ᠲᠥᠯᠥᠪᠵᠢᠭᠦᠯᠭᠡ ᠶᠢᠨ ᠲᠠᠷᠬᠠᠭᠠᠭᠰᠠᠨ ︹ 2017 ︺ 3 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2017 ᠣᠨ ᠤ ᠲᠠᠷᠢᠮᠠᠯ ᠤᠨ ᠦᠷ᠎ᠡ ᠶᠢᠨ ᠭᠧᠨ ᠰᠢᠯᠵᠢᠭᠦᠯᠦᠭᠰᠡᠨ ᠶᠢ ᠬᠢᠨᠠᠨ | ᠬᠠᠮᠢᠶᠠᠷᠬᠤ ᠠᠵᠢᠯ ᠤᠨ ᠲᠥᠰᠦᠯ︾᠂ ︽ 2017 ᠣᠨ ᠳᠤ ᠡᠷᠳᠡᠨᠢ ᠰᠢᠰᠢ ᠶᠢᠨ ᠦᠷ᠎ᠡ ᠪᠤᠯᠪᠠᠰᠤᠷᠠᠭᠤᠯᠬᠤ | ᠲᠠᠷᠢᠶᠠᠨ ᠭᠠᠵᠠᠷ ᠤᠨ ᠭᠧᠨ ᠰᠢᠯᠵᠢᠭᠦᠯᠦᠭᠰᠡᠨ ᠬᠢᠨᠠᠨ ᠬᠠᠮᠢᠶᠠᠷᠤᠯᠲᠠ ᠶᠢᠨ ᠲᠤᠰᠬᠠᠶ ᠪᠠᠶᠢᠴᠠᠭᠠᠯᠲᠠ ᠦᠷᠨᠢᠭᠦᠯᠬᠦ | ᠲᠤᠬᠠᠢ ᠮᠡᠳᠡᠭᠳᠡᠯ︾ ︵ᠥᠪᠥᠷ ᠮᠤᠩᠭᠤᠯ ᠤᠨ ᠲᠠᠷᠢᠶᠠᠯᠠᠩ ᠮᠠᠯ ᠲᠠᠷᠢᠮᠠᠯ ᠤᠨ ᠲᠠᠷᠬᠠᠭᠠᠭᠰᠠᠨ ︹ 2017 ︺ | 139 ᠳ᠋ᠦ᠋ᠭᠡᠷ ᠲᠣᠭᠠᠲᠤ︶ ᠢ ᠳᠠᠷᠤᠮᠯᠠᠠᠨ ᠲᠠᠷᠬᠠᠭᠠᠵᠤ᠂ ︽ᠬᠤᠶᠠᠷ ᠭᠤᠣᠯ ᠴᠤᠭᠴᠠ ᠶᠢᠨ ᠡᠭᠦᠷᠭᠡ︾ ᠶᠢ ᠤᠯᠠᠮ | ᠨᠢᠭᠡ ᠠᠯᠬᠤᠮ ᠴᠢᠩᠭᠠᠳᠬᠠᠵᠤ᠂ ᠡᠬᠢ ᠡᠭᠦᠰᠦᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃ | ᠵᠢᠷᠭᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠠᠰᠢᠭᠯᠠᠬᠤ ᠬᠢᠭᠡᠳ ᠣᠷᠴᠢᠨ ᠠᠬᠤᠶ ᠶᠢ | ᠬᠠᠮᠠᠭᠠᠯᠠᠬᠤ ᠠᠵᠢᠯ ᠰᠢᠨ᠎ᠡ ᠠᠬᠢᠯᠲᠠ ᠲᠠᠢ ᠪᠣᠯᠪᠠ᠃ ᠤᠯᠤᠰ ᠠᠴᠠ ᠡᠵᠡᠮᠳᠡᠭᠰᠡᠨ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠷᠥᠰᠥ ᠰᠢᠷᠣᠶ ᠶᠢᠨ ᠣᠷᠴᠢᠨ ᠠᠬᠤᠶ ᠶᠢᠨ ᠲᠣᠭᠲᠠᠮᠠᠯ | ᠬᠤᠭᠤᠴᠠᠭᠠᠲᠤ ᠬᠢᠨᠠᠨ ᠬᠡᠮᠵᠢᠬᠦ ᠴᠢᠭ 1925 ᠪᠠᠶᠢᠭᠤᠯᠵᠦ᠂ ᠠᠷᠤᠨ ᠬᠤᠰᠢᠭᠤ ᠵᠡᠷᠭᠡ 15 ᠬᠤᠰᠢᠭᠤ ᠰᠢᠶᠠᠨ ᠳᠤ | ᠲᠠᠷᠢᠶᠠᠯᠠᠩ ᠤᠨ ᠪᠦᠷᠬᠦᠬᠦᠯ ᠤᠨ ᠡᠬᠡᠭᠦᠯᠦᠨ ᠬᠤᠷᠢᠶᠠᠬᠤ ᠠᠵᠢᠯᠯᠠᠭᠠᠨ ᠤ ᠵᠢᠱᠢᠶ᠎ᠡ ᠦᠵᠡᠭᠦᠯᠬᠦ ᠰᠢᠶᠠᠨ ᠢ ᠪᠦᠲᠦᠭᠡᠨ | ᠪᠠᠶᠢᠭᠤᠯᠬᠤ ᠠᠵᠢᠯ ᠢ ᠡᠬᠢᠯᠡᠭᠦᠯᠵᠦ᠂ ᠲᠥᠪ ᠠᠴᠠ ᠨᠡᠶᠢᠲᠡ 4504 ᠲᠦᠮᠡᠨ ᠲᠥᠭᠦᠷᠢᠭ ᠪᠡᠯᠡ ᠣᠷᠣᠭᠤᠯᠵᠤ᠂ | ᠡᠷᠳᠡᠨᠢ ᠰᠢᠰᠢ᠂ ᠲᠥᠮᠥᠰᠥ᠂ ᠨᠠᠷᠠᠨ ᠬᠤᠸᠠᠷ ᠵᠡᠷᠭᠡ ᠭᠤᠣᠯ ᠪᠣᠯᠬᠤ ᠲᠠᠷᠢᠮᠠᠯ ᠤᠨ ᠬᠠᠶᠠᠭᠳᠠᠮᠠᠯ ᠲᠠᠷᠢᠶᠠᠯᠠᠩ ᠤᠨ | ᠪᠦᠷᠬᠦᠬᠦᠯ ᠢ ᠡᠭᠡᠭᠦᠯᠦᠨ ᠬᠤᠷᠢᠶᠠᠬᠤ ᠪᠠ ᠳᠠᠬᠢᠨ ᠠᠰᠢᠭᠯᠠᠬᠤ ᠶᠢ ᠲᠦᠯᠬᠢᠨ ᠠᠬᠢᠭᠤᠯᠪᠠ᠃ ᠲᠠᠷᠢᠶᠠᠨ ᠭᠠᠵᠠᠷ ᠤᠨ | ᠪᠣᠷᠳᠣᠭᠤᠷ ᠠᠯᠳᠠᠭᠳᠠᠵᠤ ᠭᠡᠭᠡᠭᠳᠡᠬᠦ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ 370 ᠤᠰᠣᠨ ᠤ ᠦᠯᠢᠭᠡᠷ ᠡᠳ᠋᠂ | 186 ᠬᠥᠷᠥᠰᠥ ᠰᠢᠷᠣᠶ ᠶᠢᠨ ᠦᠯᠢᠭᠡᠷ ᠡᠳ᠋᠂ 186 ᠲᠠᠷᠢᠶᠠᠯᠠᠩ ᠤᠨ ᠪᠦᠲᠦᠭᠡᠭᠳᠡᠬᠦᠨ ᠢ ᠴᠤᠭᠯᠠᠭᠤᠯᠵᠠᠢ᠃ | ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠬᠢᠨᠠᠯᠲᠠ ᠵᠢᠯᠤᠭᠤᠳᠤᠯᠭ᠎ᠠ ᠢᠶᠠᠨ | ᠴᠢᠩᠭᠠᠳᠬᠠᠵᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠠᠯᠠᠭ᠎ᠠ ᠮᠥᠴᠢᠷ ᠤᠳ ᠬᠤᠯᠪᠣᠭᠠᠯᠠᠨ | ᠬᠥᠳᠡᠯᠦᠯᠴᠡᠬᠦ᠂ ᠤᠯᠠᠨ ᠡᠰᠢᠲᠦ ᠭᠤᠣᠯ ᠴᠣᠭᠴᠠ ᠣᠷᠣᠯᠴᠠᠭᠰᠠᠨ ᠠᠵᠢᠯ ᠤᠨ ᠪᠠᠶᠢᠷᠢᠰᠢᠯ ᠢ ᠪᠣᠢ ᠪᠣᠯᠭᠠᠬᠤ ᠪᠠᠷ | ᠴᠢᠷᠮᠠᠶᠢᠨ ᠠᠵᠢᠯᠯᠠᠵᠤ᠂ ᠡᠰᠢ ᠰᠦᠷᠡᠯ ᠤᠨ ᠲᠠᠷᠢᠶᠠᠨ ᠭᠠᠵᠠᠷ ᠠᠴᠠ ᠦᠢᠯᠡᠳᠪᠦᠷᠢ ᠶᠢᠨ ᠲᠠᠰᠤᠭ ᠬᠦᠷᠲᠡᠯᠡᠬᠢ | ︽ᠬᠠᠮᠤᠭ ᠡᠴᠦᠰ ᠤᠨ ᠨᠢᠭᠡ ᠺᠢᠯᠣᠮᠧᠲᠷ︾ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠡᠢ᠃ | ᠬᠡᠪᠴᠢᠶᠡᠵᠢᠭᠰᠡᠨ ᠲᠤᠮᠤ ᠬᠡᠯᠪᠡᠷᠢ ᠶᠢᠨ ᠨᠠᠮᠤᠭ ᠤᠨ ᠬᠡᠢ ᠶᠢᠨ ᠢᠨᠵᠧᠨᠧᠷᠢᠩ ᠤᠨ ᠲᠥᠷᠥᠯ ᠵᠥᠢᠯ ᠤᠨ ᠪᠥᠲᠥᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ 7 ᠲᠦᠷᠦᠯ ᠵᠦᠢᠯ ᠢ ᠡᠬᠢᠯᠡᠭᠦᠯᠵᠡᠢ ᠃ |