2017 ᠣᠨ ᠳᠤ᠂ ᠪᠥᠬᠦ ᠣᠷᠣᠨ ᠤ ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ | ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ 1802 ᠪᠠᠶᠢᠵᠦ᠂ 3053.1 ᠳ᠋ᠦᠩᠰᠢᠭᠤᠷ ᠲᠥᠭᠦᠷᠢᠭ ᠤᠨ | ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠵᠦ᠂ 3115.1 ᠳ᠋ᠦᠩᠰᠢᠭᠤᠷ ᠲᠥᠭᠦᠷᠢᠭ ᠤᠨ ᠶᠡᠷᠥᠩᠬᠡᠢ | ᠦᠷᠲᠡᠭ ᠢ ᠪᠡᠶᠡᠯᠡᠭᠦᠯᠵᠦ᠂ 895.0 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ 269.8 | ᠳ᠋ᠦᠩᠰᠢᠭᠤᠷ ᠲᠥᠭᠦᠷᠢᠭ ᠤᠨ ᠠᠰᠢᠭ ᠤᠯᠵᠠᠪᠦᠷᠢ ᠲᠠᠢ᠂ ᠬᠡᠷᠡᠭ ᠳᠡᠭᠡᠷ᠎ᠡ ᠪᠠᠨ 88.4 ᠳ᠋ᠦᠩᠰᠢᠭᠤᠷ | ᠲᠥᠭᠦᠷᠢᠭ ᠤᠨ ᠭᠠᠶᠢᠯᠢ ᠶᠢᠨ ᠮᠥᠩᠭᠦ ᠲᠤᠰᠢᠶᠠᠵᠤ᠂ ᠭᠠᠳᠠᠭᠠᠳᠤ ᠳᠤ ᠭᠠᠷᠭᠠᠬᠤ ᠭᠠᠳᠠᠭᠠᠳᠤ ᠭᠤᠪᠢᠭᠤᠯᠭ᠎ᠠ | 111693 ᠲᠦᠮᠡᠨ ᠳ᠋ᠣᠯᠯᠠᠷ ᠲᠤ ᠬᠦᠷᠴᠦ᠂ 214 ᠲᠦᠮᠡᠨ ᠮᠠᠯᠵᠢᠬᠤ ᠲᠠᠷᠢᠶᠠᠯᠠᠬᠤ ᠡᠷᠦᠬᠡ ᠶᠢ ᠲᠠᠶᠢᠴᠢᠯᠠᠨ᠂ | ᠪᠥᠬᠦ ᠣᠷᠣᠨ ᠤ ᠮᠠᠯᠴᠢᠨ ᠲᠠᠷᠢᠶᠠᠴᠢᠳ ᠤᠨ ᠠᠵᠤ ᠦᠢᠯᠡᠰᠵᠢᠯᠲᠡ ᠠᠴᠠ ᠣᠯᠣᠭᠰᠠᠨ ᠴᠡᠪᠡᠷ ᠣᠷᠣᠯᠭ᠎ᠠ ᠨᠢ | 5302 ᠲᠥᠭᠦᠷᠢᠭ ᠬᠦᠷᠪᠡ᠃ ᠤᠯᠤᠰ ᠤᠨ ᠲᠠᠰ ᠤᠨ ᠪᠠ ᠣᠷᠣᠨ ᠤ ᠲᠠᠰ ᠤᠨ ᠭᠤᠤᠯᠳᠠᠯᠭ᠎ᠠ ᠲᠠᠢ ᠬᠦᠲᠦᠴᠢ | ᠠᠵᠤ ᠠᠬᠤᠶᠢᠯᠠᠯ ᠨᠢ ᠲᠤᠰ ᠲᠤᠰ 38 ᠪᠠ 583 ᠡᠷᠦᠬᠡ ᠪᠠᠶᠢᠵᠤ᠂ ᠰᠲ᠋ᠣᠺ ᠲᠤ ᠭᠠᠷᠤᠭᠰᠠᠨ ᠠᠵᠤ ᠠᠬᠤᠶᠢᠯᠠᠯ | 12 ᠡᠷᠦᠬᠡ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠨᠣᠷᠮ᠎ᠠ | 62% ᠲᠤ ᠬᠦᠷᠪᠡ᠃ ᠪᠦᠬᠦ ᠣᠷᠣᠨ ᠤ ᠳᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ | ᠳᠤᠮᠳᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ 72 ᠵᠦᠢᠯ | ᠪᠠᠶᠢᠵᠤ᠂ 70% ᠠᠴᠠ ᠳᠡᠭᠡᠭᠰᠢ ᠶᠢ ᠨᠢ ᠡᠵᠡᠯᠡᠳᠡᠭ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠣᠯᠪᠠᠰᠤᠷᠠᠭᠤᠯᠬᠤ ᠠᠵᠤ ᠦᠢᠯᠡᠳᠪᠦᠷᠢ ᠨᠢᠭᠡᠨᠲᠡ ᠮᠠᠨ ᠤ ᠣᠷᠣᠨ ᠤ ᠡᠨᠧᠷᠭᠢ ᠶᠢᠨ ᠰᠤᠷᠪᠤᠯᠵᠢ᠂ ᠲᠡᠮᠦᠷᠯᠢᠭ | ᠪᠣᠯᠪᠠᠰᠤᠷᠠᠭᠤᠯᠬᠤ ᠠᠵᠤ ᠦᠢᠯᠡᠰ ᠠᠴᠠ ᠳᠠᠷᠠᠭᠠᠯᠠᠭᠰᠠᠨ ᠭᠤᠷᠪᠠᠳᠤᠭᠠᠷ ᠶᠡᠭᠡ ᠠᠵᠤ ᠦᠢᠯᠡᠳᠪᠥᠷᠢ ᠶᠢᠨ | ᠲᠤᠯᠭᠠᠭᠤᠷᠢ ᠠᠵᠤ ᠦᠢᠯᠡᠰ ᠪᠤᠯᠤᠭᠰᠠᠨ ᠪᠠᠶᠢᠨ᠎ᠠ᠃ | ᠪᠦᠬᠦ ᠣᠷᠣᠨ ᠨᠢ ᠰᠦᠨ ᠤ ᠠᠵᠤ ᠦᠢᠯᠡᠰ᠂ ᠠᠮᠤ ᠪᠤᠳᠠᠭ᠎ᠠ ᠶᠢᠨ ᠠᠵᠤ ᠦᠢᠯᠡᠰ ᠢᠶᠠᠷ ᠲᠣᠯᠣᠭᠠᠶᠢᠯᠠᠭᠴᠢ | ᠪᠣᠯᠭᠠᠭᠰᠠᠨ᠂ ᠮᠢᠬᠠᠨ ᠤ ᠠᠵᠤ ᠦᠢᠯᠡᠰ᠂ ᠨᠣᠯᠤᠤᠷ ᠤᠨ ᠠᠵᠤ ᠦᠢᠯᠡᠰ ᠢᠶᠠᠷ ᠲᠤᠯᠭᠠᠭᠤᠷᠢ ᠪᠣᠯᠭᠠᠭᠰᠠᠨ᠂ | ᠲᠥᠮᠥᠰᠥ ︵ᠵᠢᠮᠢᠰ ᠢᠳᠡᠰᠢᠨ ᠨᠣᠭᠤᠭ᠎ᠠ︶᠂ ᠡᠪᠡᠰᠦ ᠪᠣᠷᠳᠤᠭ᠎ᠠ ᠵᠢᠴᠢ ᠣᠨᠴᠠᠯᠢᠭᠲᠤ ᠠᠵᠤ ᠦᠢᠯᠡᠰ ᠲᠠᠢ᠂ | ᠤᠯᠠᠨ ᠡᠰᠢᠴᠢᠯᠡᠭᠰᠡᠨ ᠠᠵᠤ ᠦᠢᠯᠡᠰ ᠤᠨ ᠪᠠᠶᠢᠷᠢᠰᠢᠯ ᠢ ᠪᠥᠷᠢᠯᠳᠦᠭᠦᠯᠦᠭᠰᠡᠨ ᠪᠠᠶᠢᠨ᠎ᠠ᠃ ᠦᠨᠢᠶᠡᠨ ᠰᠦ᠂ ᠬᠤᠨᠢᠠ | ᠮᠢᠬ᠎ᠠ᠂ ᠬᠤᠨᠢᠨ ᠤ ᠨᠠᠷᠢᠨ ᠨᠣᠣᠰᠣ᠂ ᠢᠮᠠᠭᠠᠨ ᠨᠣᠯᠤᠤᠷ ᠵᠡᠷᠭᠡ ᠭᠤᠣᠯ ᠪᠣᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠨᠢ ᠴᠥᠮ ᠪᠥᠬᠦ ᠤᠯᠤᠰ ᠲᠤ ᠲᠦᠷᠦᠭᠦᠯᠡᠵᠦ᠂ ᠦᠬᠡᠷ ᠤᠨ | ᠮᠢᠬᠠᠨ ᠤ ᠭᠠᠷᠤᠯᠲᠠ ᠨᠢ ᠪᠦᠬᠦ ᠤᠯᠤᠰ ᠤᠨ ᠭᠤᠷᠪᠠᠳᠤᠭᠠᠷ ᠲᠤ ᠵᠢᠭᠰᠠᠭᠠᠭᠳᠠᠵᠤ ᠪᠠᠶᠢᠨ᠎ᠠ᠃ ᠬᠥᠬᠡᠬᠤᠲᠠ᠂ ᠬᠥᠯᠥᠨ | ᠪᠤᠶᠢᠷ ᠬᠤᠳᠠ᠂ ᠪᠠᠶᠠᠨᠨᠠᠭᠤᠷ ᠬᠤᠳᠠ ᠵᠡᠷᠭᠡ ᠭᠤᠣᠯᠳᠠᠯᠭ᠎ᠠ ᠲᠠᠢ ᠰᠦᠨ ᠠᠵᠤ ᠦᠢᠯᠡᠰ ᠤᠨ ᠦᠢᠯᠡᠳᠪᠦᠷᠢᠯᠡᠯ ᠤᠨ | ᠰᠠᠭᠤᠷᠢᠨ ᠪᠤᠯᠤᠨ ᠡᠳ᠋ᠰᠢᠭᠦᠯᠦᠨ ᠪᠤᠯᠪᠠᠰᠤᠷᠠᠭᠤᠯᠬᠤ ᠲᠥᠪᠯᠡᠷᠡᠭᠰᠡᠨ ᠣᠷᠣᠨ ᠢ ᠪᠥᠷᠢᠯᠳᠦᠭᠦᠯᠵᠦ᠂ ᠢᠯᠢ᠂ ᠮᠧᠩ | ᠨᠢᠦ ᠲᠤᠰ ᠲᠤᠰ ᠪᠦᠬᠦ ᠳᠡᠯᠡᠬᠡᠢ ᠶᠢᠨ ᠰᠦᠨ ᠠᠵᠤ ᠦᠢᠯᠡᠰ ᠤᠨ 8 ᠬᠦᠴᠦᠷᠬᠡᠭ ᠪᠠ 10 ᠬᠦᠴᠦᠷᠬᠡᠭ ᠲᠤ | ᠵᠢᠭᠰᠠᠭᠠᠭᠳᠠᠵᠠᠢ᠃ ᠨᠣᠯᠤᠤᠷ ᠤᠨ ᠠᠵᠤ ᠦᠢᠯᠡᠰ ᠨᠢ ᠤᠷᠳᠦᠰ ᠤᠨ ᠤᠳᠦ ᠦᠶ ᠠ ᠶᠢᠨ ᠨᠣᠯᠤᠤᠷ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠢᠶᠠᠷ ᠲᠥᠯᠥᠭᠡᠯᠡᠭᠦᠯᠦᠭᠰᠡᠨ ᠭᠤᠷᠪᠠᠨ ᠶᠡᠭᠡ ᠨᠣᠯᠤᠤᠷ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠪᠠᠶᠢᠭᠤᠯᠵᠦ᠂ ᠣᠷᠳᠣᠰ᠂ ᠯᠦ ᠸᠠᠩ᠂ ᠳ᠋ᠦᠩ ᠷᠦᠩ ᠵᠡᠷᠭᠡ ᠬᠦᠲᠦᠴᠢ ᠠᠵᠤ | ᠠᠬᠤᠶᠢᠯᠠᠯ ᠪᠠ ᠨᠠᠷᠡᠳᠦ ᠲᠡᠮᠳᠡᠭ ᠲᠠᠢ᠃ ᠨᠤᠲᠤᠭ ᠪᠡᠯᠴᠢᠭᠡᠷ ᠤᠨ160 ᠲᠦᠮᠡᠨ ᠲᠤᠯᠤᠭᠠᠢ ᠮᠢᠬᠠᠨ ᠬᠤᠨᠢᠨ ᠤ | ᠡᠯᠧᠺᠲᠷᠣᠨ ᠡᠭᠡᠮᠦᠭ ᠤᠨ ᠮᠦᠷᠳᠡᠯᠲᠡ ᠶᠢᠨ ᠲᠤᠷᠰᠢᠯᠲᠠ ᠶᠢᠨ ᠡᠭᠦᠷᠭᠡ ᠶᠢ ᠪᠡᠶᠡᠯᠡᠭᠦᠯᠵᠦ᠂ ᠮᠧᠩ ᠶᠠᠩ ᠮᠠᠯᠵᠢᠯ ᠤᠨ | ᠦᠢᠯᠡᠰ᠂ ᠬᠤᠷᠴᠢᠨ ᠦᠬᠡᠷ ᠤᠨ ᠦᠢᠯᠡᠰ᠂ ᠬᠥᠯᠥᠨ ᠪᠤᠶᠢᠷ ᠤᠨ ᠮᠢᠬᠠᠨ ᠤ ᠦᠢᠯᠡᠰ ᠵᠡᠷᠭᠡ ᠨᠢᠭᠡ ᠪᠦᠯᠦᠭ | ᠥᠨᠳᠥᠷ ᠲᠦᠪᠰᠢᠨ ᠪᠥᠬᠦᠢ ᠮᠢᠬᠠᠨ ᠦᠬᠡᠷ᠂ ᠮᠢᠬᠠᠨ ᠬᠤᠨᠢ ᠠᠷᠠᠴᠢᠯᠠᠨ ᠲᠡᠵᠢᠭᠡᠵᠦ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠢ ᠪᠤᠶᠢᠵᠢᠭᠤᠯᠵᠦ᠂ ᠲᠠᠯ᠎ᠠ ᠨᠤᠲᠤᠭ ᠤᠨ ᠦᠬᠡᠷ ᠬᠤᠨᠢᠨ ᠮᠢᠬᠠᠨ ᠤ ᠨᠠᠷᠠᠲᠤ | ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠳᠠᠶᠠᠭᠠᠷ ᠲᠤ ᠠᠯᠳᠠᠷᠰᠢᠭᠤᠯᠤᠭᠰᠠᠨ ᠪᠠᠶᠢᠨ᠎ᠠ᠃ ᠠᠮᠤ ᠪᠤᠳᠠᠭᠠᠨ ᠤ | ᠤᠨᠠᠯᠲᠠ ᠠᠷᠪᠠᠨ ᠳᠦᠷᠪᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠶᠢ ᠪᠠᠲᠤᠯᠠᠵᠦ᠂ ᠡᠷᠳᠡᠨᠢ ᠰᠢᠰᠢ᠂ ᠪᠤᠭᠤᠲᠠᠢ᠂ | ᠤᠰᠦᠠ ᠲᠤᠲᠤᠷᠭ᠎ᠠ᠂ ᠰᠢᠷ᠎ᠠ ᠪᠤᠷᠴᠠᠭ᠂ ᠡᠯᠳᠡᠪ ᠠᠮᠤ ᠪᠤᠷᠴᠠᠭ ᠤᠨ ᠲᠦᠷᠦᠯ ᠪᠠ ᠨᠡᠷᠡᠨ ᠬᠤᠸᠠᠷ ᠤᠨ ᠡᠳ᠋ᠰᠢᠭᠦᠯᠦᠨ | ᠪᠣᠯᠪᠠᠰᠤᠷᠠᠭᠤᠯᠬᠤ ᠵᠢᠷᠭᠤᠭᠠᠨ ᠶᠡᠭᠡ ᠠᠵᠢᠯ ᠲᠥᠷᠥᠯ ᠢᠶᠠᠷ ᠲᠦᠰᠢᠭ ᠪᠣᠯᠭᠠᠭᠰᠠᠨ ᠠᠮᠤ ᠲᠤᠰᠤ ᠪᠣᠯᠪᠠᠰᠤᠷᠠᠭᠤᠯᠬᠤ | ᠰᠢᠰᠲ᠋ᠧᠮ ᠢ ᠪᠠᠶᠢᠭᠤᠯᠪᠠ᠃ ᠲᠥᠮᠥᠰᠥ ᠶᠢᠨ ᠭᠠᠷᠤᠯᠲᠠ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠪᠠᠶᠢᠵᠤ᠂ | ᠬᠥᠬᠡᠬᠤᠲᠠ ᠶᠢᠨ ᠦᠴᠤᠸᠠᠨ ᠰᠢᠶᠠᠨ᠂ ᠤᠯᠠᠭᠠᠨᠴᠠᠪ ᠬᠤᠳᠠ᠂ ᠤᠯᠠᠭᠠᠨᠬᠠᠳᠠ ᠬᠤᠲᠠ ᠵᠡᠷᠭᠡ ᠳᠠᠪᠠᠭᠤᠯᠢᠭ ᠭᠠᠵᠠᠷ | ᠣᠷᠣᠨ ᠳᠤ ᠲᠦᠰᠢᠭᠯᠡᠨ᠂ ᠦᠷ᠎ᠡ ᠶᠢᠨ ᠲᠦᠮᠦᠰᠦ ᠪᠤᠶᠢᠵᠢᠭᠤᠯᠬᠤ᠂ ᠬᠡᠪᠴᠢᠶᠡᠵᠢᠭᠰᠡᠨ ᠲᠠᠷᠢᠶᠠᠯᠠᠭ᠎ᠠ᠂ ᠡᠳ᠋ᠰᠢᠭᠦᠯᠦᠨ | ᠪᠣᠯᠪᠠᠰᠤᠷᠠᠭᠤᠯᠬᠤ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠤᠭᠴᠠᠵᠢᠭᠤᠯᠤᠬᠰᠠᠨ ᠲᠥᠮᠥᠰᠥᠨ ᠤ ᠠᠵᠤ | ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ᠃ |