ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠢ ᠨᠢ 13.2 ᠳ᠋ᠦᠩᠰᠢᠭᠤᠷ ᠮᠦ | ᠪᠠᠶᠢᠵᠤ᠂ ᠪᠦᠬᠦ ᠤᠯᠤᠰ ᠤᠨ ᠨᠤᠲᠤᠭ ᠪᠡᠯᠴᠢᠭᠡᠷ ᠤᠨ ᠶᠡᠷᠥᠩᠬᠡᠢ ᠲᠠᠯᠠᠪᠠᠢ ᠶᠢᠨ 22% ᠢ ᠡᠵᠡᠯᠡᠵᠦ᠂ ᠪᠥᠬᠦ | ᠣᠷᠣᠨ ᠤ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 74% ᠶᠢ ᠡᠵᠡᠯᠡᠨ᠂ ᠣᠳᠣ ᠪᠤᠯᠲᠠᠯᠠᠬᠢ | ᠳᠡᠯᠡᠬᠡᠶ ᠶᠢᠨ ᠬᠡᠪᠴᠢᠶᠡᠨ ᠳᠠᠬᠢ ᠬᠠᠮᠤᠭ ᠤᠨ ᠪᠦᠷᠢᠨ ᠪᠦᠲᠦᠨ ᠢᠶᠠᠷ ᠢᠶᠠᠨ ᠪᠠᠶᠢᠭ᠎ᠠ ᠪᠠᠶᠢᠭᠠᠯᠢ ᠶᠢᠨ ᠨᠤᠲᠤᠭ | ᠪᠡᠯᠴᠢᠭᠡᠷ ᠤᠨ ᠨᠢᠭᠡ ᠪᠣᠯᠤᠨ᠎ᠠ᠃ ᠤᠯᠠᠨ ᠵᠢᠯ ᠤᠨ ᠲᠤᠷᠰᠢ᠂ ᠢᠯᠠᠩᠭᠤᠶ᠎ᠠ ᠰᠢᠨ᠎ᠡ ᠡᠷᠡᠨ ᠵᠠᠭᠤᠨ ᠳᠤ | ᠤᠷᠤᠭᠰᠠᠠ ᠠᠴᠠ ᠨᠠᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠬᠥᠨᠳᠦ ᠴᠢᠬᠤᠯᠠ ᠠᠷᠭ᠎ᠠ ᠬᠡᠮᠵᠢᠶ᠎ᠡ | ᠠᠪᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠪᠠ ᠱᠠᠩᠨᠠᠯ ᠣᠯᠭᠤᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠷᠢᠳ ᠬᠤᠵᠢᠳ ᠪᠠᠶᠢᠭᠠᠯᠢᠯᠢᠭ ᠨᠤᠲᠤᠭ ᠪᠡᠯᠴᠢᠭᠡᠷ ᠲᠤ | ᠮᠠᠯᠵᠢᠬᠤ ᠶᠢ ᠵᠣᠭᠰᠣᠭᠠᠨ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠡᠪᠡᠰᠦ ᠪᠡᠯᠴᠢᠭᠡᠷ ᠢ ᠰᠡᠷᠭᠦᠭᠡᠬᠦ᠂ ᠥᠨᠳᠥᠷ ᠤᠨᠠᠯᠳᠠᠳᠤ | ᠴᠢᠨᠠᠷ ᠰᠠᠶᠢᠲᠠᠶ ᠴᠠᠷᠭᠠᠰᠤ ᠳᠠᠷᠢᠬᠤ ᠵᠢᠱᠢᠶ᠎ᠡ ᠦᠵᠡᠭᠦᠯᠬᠦ ᠲᠦᠷᠦᠯ ᠵᠦᠢᠯ ᠵᠡᠷᠭᠡ ᠨᠢᠭᠡ ᠪᠦᠯᠦᠭ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠪᠦᠳᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠥᠪᠥᠷ | ᠮᠣᠩᠭᠤᠯ ᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠨᠢ ︽ᠬᠠᠮᠠᠭᠠᠯᠠᠬᠤ ᠪᠣᠯ ᠦᠨᠳᠦᠰᠦ᠂ | ᠪᠥᠲᠦᠭᠡᠨ ᠪᠠᠶᠢᠭᠤᠯᠬᠤ ᠪᠣᠯ ᠵᠠᠩᠭᠢᠯᠠᠭ᠎ᠠ᠂ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠬᠢᠨᠠᠨ ᠬᠠᠮᠢᠶᠠᠷᠤᠯᠲᠠ ᠶᠢ | ᠱᠠᠭᠠᠷᠳᠠᠯᠭ᠎ᠠ ᠳᠤ ᠬᠦᠷᠭᠡᠬᠦ︾ ᠠᠵᠢᠯ ᠤᠨ ᠰᠡᠳᠬᠢᠮᠵᠢ ᠶᠢᠨ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠳᠠᠮᠵᠢᠭᠤᠯᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ | ᠳᠤᠮᠳᠠᠬᠢ ᠬᠦᠴᠢᠷ ᠠᠰᠠᠭᠤᠳᠠᠯ ᠢ ᠰᠢᠢᠳᠪᠥᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ᠂ | ᠨᠤᠲᠤᠭ ᠪᠡᠯᠴᠢᠭᠡᠷ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ᠂ ᠮᠠᠯᠴᠢᠨ ᠲᠠᠷᠢᠶᠠᠴᠢᠨ ᠤ | ᠠᠮᠢᠳᠤᠷᠠᠯ ᠢ ᠰᠠᠶᠢᠵᠢᠷᠠᠭᠤᠯᠬᠤ ᠪᠥᠭᠡᠳ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ | ᠪᠥᠲᠦᠮᠵᠢᠲᠡᠢ ᠠᠬᠢᠭᠤᠯᠤᠭᠰᠠᠨ ᠪᠠᠶᠢᠨ᠎ᠠ᠃ | (ᠨᠢᠭᠡ)ᠨᠡᠯᠢᠶᠡᠳ ᠪᠦᠲᠦᠮᠵᠢᠲᠡᠶ ᠢᠨᠵᠧᠨᠧᠷᠢᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠠᠪᠤᠪᠠ | 1. ᠨᠢᠰᠬᠡᠯ ᠢᠶᠠᠷ ᠡᠪᠡᠰᠦ ᠲᠠᠷᠢᠬᠤ ᠮᠡᠷᠭᠡᠵᠢᠯ ᠢ ᠶᠡᠬᠡᠪᠡᠷ ᠳᠡᠯᠭᠡᠷᠡᠭᠦᠯᠪᠡ᠃ ᠮᠠᠨ ᠤ ᠣᠷᠣᠨ ᠨᠢ | ᠨᠢᠰᠬᠡᠯ ᠢᠶᠠᠷ ᠡᠪᠡᠰᠦ ᠲᠠᠷᠢᠵᠠᠢ 1959 ᠣᠨ ᠠᠴᠠ ᠡᠬᠢᠯᠡᠨ ᠮᠠᠨ ᠤ ᠤᠯᠤᠰ ᠤᠨ ᠬᠠᠮᠤᠭ ᠡᠷᠲᠡ ᠨᠢᠰᠬᠡᠯ ᠢᠶᠠᠷ | ᠡᠪᠡᠰᠦ ᠲᠠᠷᠢᠬᠤ ᠠᠵᠢᠯ ᠢ ᠥᠷᠨᠢᠭᠦᠯᠦᠭᠰᠡᠨ ᠮᠤᠵᠢ ᠣᠷᠣᠨ ᠤ ᠨᠢᠭᠡ ᠪᠣᠯᠤᠨ᠎ᠠ᠃ 1979 ᠣᠨ ᠳᠤ᠂ ᠮᠠᠨ ᠤ | ᠤᠷᠤᠨ ᠳᠤ ᠨᠢᠰᠬᠡᠯ ᠢᠶᠠᠷ ᠡᠪᠡᠰᠦ ᠲᠠᠷᠢᠬᠤ ᠠᠵᠢᠯ ᠰᠢᠨ᠎ᠡ ᠪᠠᠷ ᠡᠬᠢᠯᠡᠵᠦ᠂ ᠤᠷᠢᠳ ᠬᠤᠵᠢᠳ ᠲᠤᠷᠰᠢᠨ ᠠᠵᠢᠯᠯᠠᠬᠤ᠂ | ᠵᠢᠱᠢᠶ᠎ᠡ ᠦᠵᠡᠭᠦᠯᠬᠦ᠂ ᠳᠡᠯᠭᠡᠷᠡᠭᠦᠯᠬᠦ᠂ ᠦᠨ᠎ᠡ ᠲᠥᠯᠥᠪᠦᠷᠢ ᠲᠠᠢ ᠪᠠᠷ ᠳᠠᠭᠠᠭᠠᠴᠢᠯᠠᠭᠤᠯᠬᠤ ᠳᠥᠷᠪᠡᠨ ᠱᠠᠲᠣ ᠶᠢ | ᠥᠩᠭᠡᠷᠡᠭᠡᠪᠡ᠃ ᠨᠢᠰᠭᠡᠯ ᠢᠶᠠᠷ ᠡᠪᠡᠰᠦ ᠲᠠᠷᠢᠬᠤ ᠣᠷᠣᠨ ᠨᠢ ᠭᠤᠤᠯᠳᠠᠭᠤ ᠮᠤᠤᠡᠣᠰᠣ᠂ ᠬᠤᠷᠴᠢᠨ᠂ ᠬᠤᠯᠠᠨ | ᠰᠢᠷᠭ᠎ᠠ ᠳᠠᠭ᠎ᠠ᠂ ᠬᠥᠯᠥᠨ ᠪᠤᠶᠢᠷ ᠵᠡᠷᠭᠡ ᠳᠥᠷᠪᠡᠨ ᠶᠡᠭᠡ ᠡᠯᠡᠰᠦᠷᠬᠡᠭ ᠤᠷᠤᠨ ᠤ ᠤᠷᠭᠤᠮᠠᠯ ᠤᠨ ᠬᠤᠴᠢᠯᠭ᠎ᠠ ᠶᠢᠨ | ᠬᠡᠮᠵᠢᠶ᠎ᠡ ᠨᠢ 15% ᠠᠴᠠ ᠳᠣᠷᠤᠭᠰᠢ ᠡᠯᠡᠰᠦᠷᠬᠡᠭᠵᠢᠭᠰᠡᠨ᠂ ᠮᠠᠭᠤᠵᠢᠷᠠᠭᠰᠠᠨ ᠨᠤᠲᠤᠭ ᠪᠡᠯᠴᠢᠭᠡᠷ ᠵᠢᠴᠢ ᠲᠠᠷᠢᠶᠠᠯᠠᠩ | ᠮᠠᠯ ᠠᠵᠤ ᠠᠬᠤᠶ ᠰᠣᠯᠪᠢᠴᠠᠭᠰᠠᠨ ᠪᠦᠰᠡ ᠶᠢᠨ ᠰᠠᠯᠬᠢᠨ ᠳᠤ ᠢᠳᠡᠭᠳᠡᠵᠦ᠂ ᠬᠥᠷᠥᠰᠥ ᠰᠢᠷᠣᠶ ᠤᠷᠤᠰᠤᠭᠳᠠᠭᠰᠠᠨ | ᠬᠦᠨᠳᠦ ᠨᠣᠴᠢᠲᠠᠶ ᠲᠠᠷᠢᠶᠠᠯᠠᠬᠤ ᠪᠠᠨ ᠵᠣᠭᠰᠣᠭᠰᠠᠨ ᠭᠠᠵᠠᠷ᠂ ᠢᠯᠠᠩᠭᠤᠶ᠎ᠠ ᠬᠤᠷ᠎ᠠ ᠲᠤᠨᠳᠠᠰᠣ ᠶᠢᠨ ᠬᠡᠮᠵᠢᠶ᠎ᠡ | 200mm ᠠᠴᠠ ᠳᠣᠷᠤᠭᠰᠢ ᠲᠩᠷᠢ ᠡᠯᠡᠰᠦᠨ ᠤ ᠵᠡᠭᠦᠨ ᠵᠠᠬ᠎ᠠ ᠳᠤ ᠨᠢᠰᠬᠡᠯ ᠢᠶᠠᠷ ᠰᠢᠷᠠᠯᠵᠢ ᠪᠠ ᠲᠣᠷᠯᠤᠭ ᠤᠨ | ᠦᠷ᠎ᠡ ᠰᠠᠴᠣᠵᠣ ᠶᠡᠬᠡᠬᠡᠨ ᠠᠮᠵᠢᠯᠲᠠ ᠣᠯᠵᠣ᠂ ᠡᠯᠡᠰᠦ ᠶᠢ ᠵᠠᠰᠠᠨ ᠨᠤᠲᠤᠭ ᠪᠡᠯᠴᠢᠭᠡᠷ ᠢ ᠪᠦᠳᠦᠭᠡᠨ ᠪᠠᠶᠢᠭᠤᠯᠬᠤ | ᠪᠣᠬᠢᠷᠲᠤᠯ ᠦᠭᠡᠢ ᠵᠠᠮ ᠢ ᠨᠡᠬᠡᠬᠡᠪᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠠᠴᠠ | ᠨᠢᠰᠬᠡᠯ ᠢᠶᠠᠷ ᠡᠪᠡᠰᠦ ᠲᠠᠷᠢᠬᠤ ᠲᠡᠦᠬᠡᠨ ᠳᠡᠭᠡᠷᠡᠬᠢ ᠬᠤᠶᠠᠷ ᠶᠡᠭᠡ ᠰᠢᠪᠲᠤᠯᠤᠯᠲᠠ ᠭᠡᠵᠦ ᠦᠨᠡᠯᠡᠪᠡ᠃ 2015 ᠣᠨ | ᠪᠣᠯᠲᠠᠯ᠎ᠠ᠂ ᠮᠠᠨ ᠤ ᠣᠷᠣᠨ ᠨᠢᠭᠡᠨᠲᠡ 37 ᠵᠢᠯ ᠳᠠᠷᠠᠭᠠᠯᠠᠨ ᠨᠢᠰᠬᠡᠯ ᠢᠶᠠᠷ ᠡᠪᠡᠰᠦ ᠲᠠᠷᠢᠵᠦ᠂ ᠨᠢᠰᠭᠡᠯ ᠢᠶᠠᠷ ᠡᠪᠡᠰᠦ | ᠲᠠᠷᠢᠭᠰᠠᠨ ᠲᠠᠯᠠᠪᠠᠢ ᠨᠢ 3100.37 ᠲᠦᠮᠡᠨ ᠮᠦ ᠬᠦᠷᠴᠦ᠂ ᠨᠢᠰᠬᠡᠯ ᠢᠶᠠᠷ ᠡᠪᠡᠰᠦ ᠲᠠᠷᠢᠬᠤ ᠨᠢ ᠮᠠᠨ ᠤ | ᠣᠷᠣᠨ ᠤ ᠲᠠᠯ᠎ᠠ ᠨᠤᠲᠤᠭ ᠤᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ᠂ ᠪᠡᠯᠴᠢᠭᠡᠷ ᠤᠨ ᠮᠠᠯ ᠠᠵᠤ | ᠠᠬᠤᠶ ᠶᠢᠨ ᠨᠥᠭᠡᠴᠡᠲᠦ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ | ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠨᠡᠯᠢᠶᠡᠳ ᠰᠠᠶᠢᠨ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠣᠯᠣᠭᠰᠠᠨ ᠪᠠᠶᠢᠨ᠎ᠠ᠃ 2016 ᠣᠨ ᠳᠤ ᠤᠯᠤᠰ ᠤᠨ | ᠨᠢᠰᠭᠡᠯ ᠪᠠᠷ ᠡᠪᠡᠰᠦ ᠲᠠᠷᠢᠬᠤ ᠵᠢᠱᠢᠶ᠎ᠡ ᠦᠵᠡᠭᠦᠯᠬᠦ ᠲᠥᠷᠥᠯ ᠵᠥᠢᠯ ᠢ ᠬᠦᠴᠦᠨ ᠥᠬᠡᠶ ᠪᠣᠯᠭᠠᠭᠰᠠᠨ ᠪᠠᠶᠢᠨ᠎ᠠ᠃ | 2᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠬᠡᠷᠡᠭᠵᠢᠭᠦᠯᠪᠡ᠂ | 2000 ᠣᠨ ᠳᠤ ᠲᠤᠰ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠲᠦᠷᠦᠯ ᠵᠦᠢᠯ ᠤᠨ ᠲᠣᠭᠤᠷᠢᠭ ᠤᠨ | ᠠᠮᠢ ᠠᠬᠤᠶ ᠶᠢᠨ ᠪᠠᠶᠢᠳᠠᠯ ᠢ ᠢᠯᠡᠳᠲᠡ ᠬᠤᠪᠢᠷᠠᠭᠤᠯᠵᠤ᠂ ᠤᠷᠭᠤᠮᠠᠯ ᠬᠤᠴᠢᠯᠭ᠎ᠠ ᠢᠯᠡᠷᠬᠡᠶ ᠰᠡᠷᠭᠦᠵᠦ᠂ ᠤᠢ ᠮᠣᠳᠣ | ᠡᠪᠡᠰᠦ ᠤᠷᠭᠤᠮᠠᠯ ᠤᠨ ᠬᠤᠴᠢᠯᠭ᠎ᠠ ᠢᠯᠡᠳᠲᠡ ᠳᠡᠭᠡᠭᠰᠢᠯᠡᠵᠦ᠂ ᠭᠠᠵᠠᠷ ᠤᠨ ᠭᠠᠳᠠᠷᠭᠤ ᠶᠢᠨ ᠡᠯᠡᠰᠦ ᠬᠡᠶᠢᠰᠬᠦ ᠶᠢ | ᠪᠦᠲᠦᠮᠵᠢᠲᠡᠶ ᠬᠢᠵᠠᠭᠠᠷᠯᠠᠵᠤ᠂ ᠨᠡᠭᠦᠳᠡᠯ ᠡᠯᠡᠰᠦ ᠮᠠᠩᠬ᠎ᠠ ᠶᠢ ᠠᠩᠬ᠎ᠠ ᠠᠯᠬᠤᠮ ᠡᠵᠡᠮᠳᠡᠨ᠂ ᠬᠥᠷᠥᠰᠥ ᠰᠢᠷᠣᠶ ᠶᠢ | ᠮᠠᠰᠢ ᠰᠠᠶᠢᠨ ᠬᠠᠮᠠᠭᠠᠯᠠᠵᠤ᠂ ᠰᠠᠯᠬᠢ ᠡᠯᠡᠰᠦ ᠶᠢ ᠬᠤᠷᠢᠭᠯᠠᠵᠤ᠂ ᠭᠠᠵᠠᠷ ᠰᠢᠷᠣᠶ ᠶᠢᠨ ᠡᠯᠡᠰᠦᠷᠬᠡᠭᠵᠢᠬᠦ ᠶᠢ | ᠬᠤᠷᠢᠭᠯᠠᠵᠤ ᠴᠢᠳᠠᠭᠰᠠᠨ ᠪᠠᠶᠢᠨ᠎ᠠ᠃ 2017 ᠣᠨ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠢ ᠵᠠᠰᠠᠭᠰᠠᠨ ᠲᠠᠯᠠᠪᠠᠢ 4040 ᠲᠦᠮᠡᠨ ᠮᠦ ᠳᠤ ᠬᠦᠷᠴᠦ᠂ ᠢᠨᠵᠧᠨᠧᠷᠢᠩ ᠤᠨ | ᠲᠣᠭᠤᠷᠢᠭ ᠤᠨ ᠢᠯᠡ ᠡᠯᠡᠰᠦ ᠶᠢᠨ ᠲᠠᠯᠠᠪᠠᠢ ᠶᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠬᠥᠪᠡᠭᠡᠲᠦ | ᠰᠢᠷ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠬᠦᠨᠳᠦ ᠨᠣᠴᠢᠲᠠᠶ ᠡᠯᠡᠰᠦᠷᠬᠡᠭᠵᠢᠭᠰᠡᠨ | ᠪᠡᠯᠴᠢᠭᠡᠷ ᠤᠨ ᠲᠠᠯᠠᠪᠠᠢ ᠨᠢ 3.59 ᠲᠥᠮᠡᠨ ᠮᠦ ᠪᠠᠶᠢᠵᠤ᠂ 2001 ᠣᠨ ᠤ ᠬᠢ ᠠᠴᠠ 41.6% | ᠬᠠᠰᠤᠭᠳᠠᠭᠰᠠᠨ ᠪᠠᠶᠢᠨ᠎ᠠ᠃ ᠰᠢᠯᠢᠩᠬᠤᠲᠠ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠬᠦᠨᠳᠦ | ᠨᠣᠴᠢᠲᠠᠶ ᠡᠯᠡᠰᠦᠷᠬᠡᠭᠵᠢᠭᠰᠡᠨ ᠪᠡᠯᠴᠢᠭᠡᠷ ᠤᠨ ᠲᠠᠯᠠᠪᠠᠢ ᠨᠢ 7.04 ᠲᠦᠮᠡᠨ ᠮᠦ ᠪᠠᠶᠢᠵᠤ᠂ 2001 | ᠣᠨ ᠤ ᠬᠢ ᠠᠴᠠ 14. 1% ᠪᠠᠷ ᠬᠠᠰᠤᠭᠳᠠᠭᠰᠠᠨ ᠪᠠᠶᠢᠨ᠎ᠠ᠃ 2014 ᠣᠨ ᠳᠤ ᠵᠡᠭᠦᠨ ᠦᠵᠦᠮᠦᠴᠢᠨ | ᠬᠤᠰᠢᠭᠤᠨ ᠤ ᠡᠯᠡᠰᠦᠨ ᠭᠠᠵᠠᠷ ᠤᠨ ᠬᠦᠨᠳᠦ ᠨᠣᠴᠢᠲᠠᠶ ᠡᠯᠡᠰᠦᠷᠬᠡᠭᠵᠢᠭᠰᠡᠨ ᠪᠡᠯᠴᠢᠭᠡᠷ ᠤᠨ ᠲᠠᠯᠠᠪᠠᠢ ᠨᠢ 3.76 | ᠲᠦᠮᠡᠨ ᠮᠦ ᠪᠠᠶᠢᠵᠤ᠂ 2001 ᠣᠨ ᠤ ᠬᠢ ᠠᠴᠠ 41.4% ᠪᠠᠷ ᠬᠠᠰᠤᠭᠳᠠᠭᠰᠠᠨ ᠪᠠᠶᠢᠨ᠎ᠠ᠃ | 3. ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠪᠡ᠃ 2002 | ᠣᠨ ᠠᠴᠠ ᠡᠬᠢᠯᠡᠵᠦ᠂ ᠮᠠᠨ ᠤ ᠣᠷᠣᠨ ᠳᠤ ᠪᠠᠶᠢᠭᠠᠯᠢ ᠶᠢᠨ ᠨᠤᠲᠤᠭ ᠪᠡᠯᠴᠢᠭᠡᠷ ᠲᠤ ᠮᠠᠯᠵᠢᠬᠤ ᠶᠢ ᠵᠣᠭᠰᠣᠭᠠᠨ | ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠪᠡᠯᠴᠢᠭᠡᠷ ᠤᠨ ᠮᠠᠭᠤᠵᠢᠷᠠᠵᠤ ᠡᠯᠡᠰᠦᠷᠬᠡᠭᠵᠢᠭᠰᠡᠨ ᠭᠠᠵᠠᠷ ᠲᠤ ᠮᠠᠯᠵᠢᠬᠤ ᠶᠢ ᠵᠤᠭᠰᠤᠭᠠᠵᠤ᠂ ᠰᠡᠯᠭᠦᠨ ᠮᠠᠯᠵᠢᠬᠤ ᠪᠠ | ᠲᠣᠣᠷᠯᠠᠵᠤ ᠪᠢᠲᠡᠭᠦᠮᠵᠢᠯᠡᠨ ᠪᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠲᠥᠷᠭᠡᠳᠭᠡᠪᠡ᠃ ᠣᠳᠣᠬᠠᠨ ᠪᠣᠯᠲᠠᠯ᠎ᠠ᠂ ᠨᠤᠲᠤᠭ ᠪᠡᠯᠴᠢᠭᠡᠷ ᠤᠨ | ᠪᠦᠲᠦᠭᠡᠨ ᠪᠠᠶᠢᠭᠤᠯᠤᠭᠰᠠᠨ ᠲᠠᠯᠠᠪᠠᠶ ᠨᠢ ᠪᠠᠷᠤᠭ 2 .7 ᠳ᠋ᠦᠩᠰᠢᠭᠤᠷ ᠮᠥ ᠪᠠᠶᠢᠵᠤ᠂ ᠢᠯᠡᠳᠲᠡ ᠦᠷ᠎ᠡ ᠪᠦᠲᠦᠮᠵᠢ | ᠣᠯᠤᠭᠰᠠᠨ ᠪᠠᠶᠢᠨ᠎ᠠ᠃ 2017 ᠣᠨ ᠤ ᠬᠡᠮᠵᠢᠯᠲᠡ ᠶᠢᠨ ᠲᠤᠭ᠎ᠠ ᠪᠠᠷᠢᠮᠲᠠ ᠠᠴᠠ ᠣᠶᠢᠯᠠᠭᠠᠭᠰᠠᠨ ᠨᠢ᠂ | ᠢᠨᠵᠧᠨᠧᠷᠢᠩ ᠤᠨ ᠣᠷᠣᠨ ᠤ ᠤᠷᠭᠤᠮᠠᠯ ᠬᠤᠴᠢᠯᠭ᠎ᠠ ᠨᠢ 62% ᠬᠦᠷᠴᠦ᠂ ᠪᠠᠷᠢᠯᠭ᠎ᠠ ᠶᠢᠨ ᠪᠤᠰᠤ | ᠣᠷᠣᠨ ᠤ ᠬᠢ ᠲᠠᠢ ᠬᠠᠷᠢᠴᠠᠭᠤᠯᠪᠠᠯ 10.2% ᠳᠡᠭᠡᠭᠰᠢᠯᠡᠪᠡ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠳᠠᠭᠠᠭᠤᠯᠤᠯ ᠳᠣᠣᠷ᠎ᠠ᠂ ᠪᠥᠬᠦ ᠣᠷᠣᠨ ᠤ ᠨᠤᠲᠤᠭ ᠪᠡᠯᠴᠢᠭᠡᠷ ᠤᠨ ᠡᠯᠡᠰᠦᠷᠬᠡᠭᠵᠢᠨ ᠮᠠᠭᠤᠵᠢᠷᠠᠭᠰᠠᠨ ᠬᠠᠨᠳᠤᠰᠢ | ᠢᠯᠡᠳᠲᠡ ᠰᠠᠶᠢᠵᠢᠷᠠᠵᠤ᠂ ᠠᠮᠢ ᠠᠬᠤᠶ ᠶᠢᠨ ᠣᠷᠴᠢᠨ ᠲᠤᠭᠤᠷᠢᠨ ᠢ ᠨᠡᠯᠢᠶᠡᠳ ᠰᠠᠶᠢᠵᠢᠷᠠᠭᠤᠯᠵᠤ᠂ ᠬᠠᠭᠠᠰ | ᠣᠷᠴᠢᠮ ᠬᠡᠮᠵᠢᠶᠡᠨ ᠤ ᠪᠠᠶᠢᠭᠠᠯᠢ ᠶᠢᠨ ᠨᠤᠲᠤᠭ ᠪᠡᠯᠴᠢᠭᠡᠷ ᠨᠢ ᠳᠡᠭᠡᠷ᠎ᠡ ᠵᠠᠭᠤᠨ ᠤ ᠨᠠᠶᠠᠭᠠᠳ ᠣᠨ ᠤ ᠳᠤᠮᠳᠠᠴᠢ | ᠦᠶ᠎ᠡ ᠶᠢᠨ ᠬᠢᠷᠢ ᠲᠦᠪᠰᠢᠨ ᠳᠤ ᠬᠦᠷᠥᠭᠰᠡᠨ ᠪᠠᠶᠢᠨ᠎ᠠ᠃ | 4 . ᠲᠠᠷᠢᠮᠠᠯ ᠡᠪᠡᠰᠦᠲᠦ ᠭᠠᠵᠠᠷ ᠢ ᠪᠦᠲᠦᠭᠡᠨ ᠪᠠᠶᠢᠭᠤᠯᠪᠠ᠃ ᠥᠪᠥᠷ ᠮᠣᠩᠭᠤᠯ ᠤᠨ ᠲᠠᠷᠢᠮᠠᠯ | ᠪᠡᠯᠴᠢᠭᠡᠷ ᠢ ᠪᠦᠳᠦᠭᠡᠠ ᠪᠠᠶᠢᠭᠤᠯᠬᠤ ᠠᠵᠢᠯ ᠨᠢ ᠬᠤᠷᠢᠳᠤᠭᠠᠷ ᠵᠠᠭᠤᠨ ᠤ ᠲᠠᠪᠢᠭᠠᠳ ᠣᠨ ᠤ ᠡᠬᠢ ᠪᠠᠷ ᠡᠬᠢᠯᠡᠵᠦ᠂ | 60 ᠭᠠᠷᠤᠢ ᠵᠢᠯ ᠤᠨ ᠬᠥᠭᠵᠢᠯᠲᠡ ᠶᠢ ᠥᠩᠭᠡᠷᠡᠭᠡᠭᠡᠳ᠂ ᠮᠠᠨ ᠤ ᠣᠷᠣᠨ ᠤ ᠬᠥᠮᠦᠨ ᠤ ᠬᠦᠴᠦ ᠪᠠᠷ ᠡᠪᠡᠰᠦ | ᠳᠠᠷᠢᠬᠤ ᠨᠢ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠠᠴᠠ ᠪᠦᠬᠦ ᠣᠷᠣᠨ ᠤ | ᠬᠡᠪᠴᠢᠶ᠎ᠡ ᠲᠠᠢ ᠬᠥᠭᠵᠢᠵᠦ᠂ ᠲᠠᠩ ᠴᠤᠯᠭᠤᠶ ᠲᠠᠷᠠᠬᠠᠶ ᠪᠤᠲᠠᠷᠬᠠᠶ ᠡᠪᠡᠰᠦ ᠲᠠᠷᠢᠵᠦ ᠪᠠᠶᠢᠭᠰᠠᠨ ᠠᠴᠠ ᠲᠥᠪᠯᠡᠷᠡᠨ | ᠵᠠᠯᠭᠠᠯᠳᠤᠭᠰᠠᠨ᠂ ᠬᠤᠯᠢᠵᠦ ᠲᠠᠷᠢᠬᠤ ᠵᠦᠭ ᠬᠥᠭᠵᠢᠵᠦ᠂ ᠠᠭᠯᠠᠭ ᠠᠭᠤᠯᠠ᠂ ᠠᠭᠯᠠᠭ ᠪᠡᠯ᠂ ᠮᠠᠭᠤᠵᠢᠷᠠᠵᠤ | ᠡᠯᠡᠰᠦᠷᠬᠡᠭᠵᠢᠭᠰᠡᠨ ᠪᠡᠯᠴᠢᠭᠡᠷ ᠲᠤ ᠡᠪᠡᠰᠦ ᠲᠠᠷᠢᠵᠤ ᠪᠠᠶᠢᠭᠰᠠᠨ ᠠᠴᠠ ᠲᠠᠷᠢᠶᠠᠯᠠᠬᠤ ᠶᠢ ᠵᠣᠭᠰᠣᠭᠠᠵᠤ ᠡᠪᠡᠰᠦ | ᠲᠠᠷᠢᠬᠤ ᠪᠣᠯᠤᠭᠰᠠᠨ ᠤᠷᠤᠨ ᠵᠦᠭ ᠬᠥᠭᠵᠢᠵᠦ᠂ ᠡᠪᠡᠰᠦ ᠶᠢ ᠲᠠᠷᠢᠶᠠᠨ ᠭᠠᠵᠠᠷ ᠲᠤ ᠤᠷᠤᠭᠤᠯᠬᠤ ᠮᠠᠯᠵᠢᠬᠤ | ᠦᠢᠯᠡᠰ ᠲᠤ ᠤᠷᠤᠭᠤᠯᠬᠤ᠂ ᠡᠪᠡᠰᠦ ᠲᠡᠷᠢᠶ᠎ᠠ ᠶᠢ ᠡᠭᠡᠯᠵᠢᠯᠡᠨ ᠲᠠᠷᠢᠵᠦ᠂ ᠬᠠᠪᠰᠤᠷᠭᠠᠨ ᠲᠠᠷᠢᠬᠤ᠂ ᠠᠯᠠᠭᠯᠠᠨ | ᠲᠠᠷᠢᠬᠤ ᠶᠢᠨ ᠬᠥᠭᠵᠢᠯᠲᠡ ᠶᠢ ᠠᠬᠢᠭᠤᠯᠪᠠ᠃ ᠭᠠᠭᠴᠠ ᠲᠥᠷᠦᠯ ᠤᠨ ᠡᠪᠡᠰᠦᠨ ᠠᠴᠠ ᠡᠪᠡᠰᠦ ᠪᠤᠲᠠ ᠮᠤᠳᠤ ᠶᠢ | ᠤᠶᠠᠯᠳᠤᠭᠤᠯᠵᠤ᠂ ᠡᠪᠡᠰᠦ ᠤᠢ᠂ ᠡᠪᠡᠰᠦ ᠵᠢᠮᠢᠰ ᠢ ᠤᠶᠠᠯᠳᠤᠭᠤᠯᠤᠭᠰᠠᠨ᠂ ᠡᠪᠡᠰᠦᠨ ᠰᠥᠭᠡᠭ ᠴᠢᠶᠣᠤ | ᠤᠶᠠᠯᠳᠤᠭᠤᠯᠤᠨ᠂ ᠤᠯᠠᠨ ᠳᠡᠰ ᠳᠠᠪᠬᠤᠷᠭ᠎ᠠ᠂ ᠤᠯᠠᠨ ᠲᠠᠯ᠎ᠠ ᠪᠠᠷ ᠬᠥᠭᠵᠢᠭᠦᠯᠪᠡ᠃ ᠳᠠᠩ ᠭᠠᠭᠴᠠ ᠡᠪᠡᠰᠦᠨ | ᠦᠷ᠎ᠡ ᠬᠤᠷᠢᠶᠠᠬᠤ ᠠᠴᠠ ᠲᠠᠷᠢᠵᠦ ᠲᠡᠵᠢᠭᠡᠬᠦ ᠶᠢ ᠤᠶᠠᠯᠳᠤᠭᠤᠯᠵᠤ᠂ ᠲᠠᠷᠢᠵᠦ ᠲᠡᠵᠢᠭᠡᠬᠦ ᠶᠢ ᠨᠢᠭᠡ | ᠴᠤᠬᠴᠠᠵᠢᠭᠤᠯᠤᠨ ᠬᠥᠭᠵᠢᠭᠦᠯᠪᠡ᠃ ᠲᠠᠷᠢᠮᠠᠯ ᠪᠡᠯᠴᠢᠭᠡᠷ ᠨᠢ ᠬᠥᠷᠥᠰᠥ ᠰᠢᠷᠣᠶ ᠶᠢ ᠬᠠᠮᠠᠭᠠᠯᠠᠬᠤ᠂ ᠵᠢᠵᠢᠭ ᠰᠠᠪᠠ | ᠭᠠᠵᠠᠷ ᠢ ᠵᠠᠰᠠᠬᠤ᠂ ᠰᠠᠯᠬᠢ ᠶᠢ ᠬᠠᠯᠬᠠᠯᠠᠵᠦ ᠡᠯᠡᠰᠦ ᠶᠢ ᠲᠣᠭᠲᠠᠭᠠᠬᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ | ᠬᠥᠷᠥᠰᠥ ᠶᠢ ᠰᠠᠶᠢᠵᠢᠷᠠᠭᠤᠯᠬᠤ᠂ ᠬᠥᠷᠦᠰᠦᠨ ᠤ ᠦᠩ ᠰᠢᠮ᠎ᠡ ᠶᠢ ᠨᠡᠮᠡᠭᠳᠡᠭᠦᠯᠬᠦ ᠵᠡᠷᠭᠡ ᠲᠠᠯ᠎ᠠ ᠳᠤ ᠤᠯᠠᠮ ᠣᠯᠠᠨ | ᠬᠡᠷᠡᠭᠯᠡᠭᠳᠡᠵᠦ᠂ ᠪᠠᠰᠠᠴᠦ ᠶᠠᠳᠠᠭᠤ ᠬᠦᠴᠢᠷᠳᠡᠯᠲᠡᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ | ᠪᠦᠲᠦᠮᠵᠢᠲᠡᠶ ᠠᠷᠭ᠎ᠠ ᠵᠠᠮ ᠪᠤᠯᠤᠭᠰᠠᠨ ᠪᠠᠶᠢᠨ᠎ᠠ᠃ 2017 ᠣᠨ ᠤ ᠪᠦᠷᠢᠳᠬᠡᠯ ᠢ ᠦᠨᠳᠦᠰᠦᠯᠡᠪᠡᠯ᠂ ᠪᠥᠬᠦ | ᠣᠷᠣᠨ ᠤ ᠡᠪᠡᠰᠦ ᠲᠠᠷᠢᠭᠰᠠᠨ ᠲᠠᠯᠠᠪᠠᠢ ᠨᠢ 3456.05 ᠲᠦᠮᠡᠨ ᠮᠥ᠂ ᠪᠦᠬᠦ ᠣᠷᠣᠨ ᠤ ᠴᠠᠷᠭᠠᠰᠤ ᠶᠢᠨ ᠲᠠᠯᠠᠪᠠᠢ | 801.74 ᠲᠦᠮᠡᠨ ᠮᠥ ᠬᠦᠷᠴᠦ᠂ ᠨᠣᠭᠤᠭᠠᠨ ᠳᠠᠷᠤᠰᠢᠨ ᠡᠷᠳᠡᠨᠢ ᠰᠢᠰᠢ ᠶᠢᠨ ᠲᠠᠷᠢᠶᠠᠯᠠᠭ᠎ᠠ ᠶᠢᠨ ᠲᠠᠯᠠᠪᠠᠢ ᠨᠢ | 1412.18 ᠲᠦᠮᠡᠨ ᠮᠥ ᠬᠦᠷᠴᠦ᠂ ᠲᠠᠷᠢᠮᠠᠯ ᠪᠡᠯᠴᠢᠭᠡᠷ ᠤᠨ ᠵᠢᠯ ᠤᠨ ᠰᠢᠯᠢᠳᠡᠭ ᠴᠢᠨᠠᠷ ᠤᠨ ᠪᠤᠷᠳᠤᠭ᠎ᠠ | ᠡᠪᠡᠰᠦᠨ ᠤ ᠭᠠᠷᠤᠯᠲᠠ ᠨᠢ ᠪᠠᠷᠤᠭ 683.91 ᠲᠦᠮᠡᠨ ᠲᠣᠨ ᠳᠤ ᠬᠦᠷᠴᠦ᠂ ᠨᠣᠭᠤᠭᠠᠨ ᠳᠠᠷᠣᠰᠢ 2788.98 | ᠲᠦᠮᠡᠨ ᠲᠣᠨ ᠳᠤ ᠬᠦᠷᠴᠦ᠂ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠨᠢ ᠢᠯᠡᠳᠲᠡ ᠳᠡᠭᠡᠭᠰᠢᠯᠡᠪᠡ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠤ ᠦᠨᠳᠦᠰᠦᠨ ᠪᠠᠲᠤᠯᠠᠭ᠎ᠠ ᠬᠠᠩᠭᠠᠭᠰᠠᠨ ᠪᠥᠭᠡᠳ ᠪᠠᠶᠢᠭᠠᠯᠢ ᠶᠢᠨ | ᠪᠡᠯᠴᠢᠭᠡᠷ ᠡᠪᠡᠰᠦᠨ ᠤ ᠳᠠᠷᠤᠯᠲᠠ ᠶᠢ ᠬᠥᠩᠭᠡᠯᠡᠨ᠂ ᠨᠤᠲᠤᠭ ᠪᠡᠯᠴᠢᠭᠡᠷ ᠤᠨ ᠡᠯᠡᠰᠦᠷᠬᠡᠭᠵᠢᠵᠦ ᠮᠠᠭᠤᠲᠠᠬᠤ ᠶᠢ | ᠰᠡᠷᠭᠡᠶᠢᠯᠡᠨ ᠵᠠᠰᠠᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | 5. ᠬᠤᠯᠤᠭᠠᠨ᠎ᠠ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠪᠠ᠃ ᠬᠤᠯᠤᠭᠠᠨ᠎ᠠ ᠬᠤᠷᠣᠬᠠᠶ ᠶᠢᠨ | ᠬᠥᠨᠥᠭᠡᠯ ᠭᠠᠷᠤᠭᠰᠠᠨ ᠨᠤᠲᠤᠭ ᠪᠡᠯᠴᠢᠭᠡᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠳᠤ | ᠯᠤᠲᠤ ᠶᠡᠭᠡ ᠰᠦᠷᠳᠡᠭᠦᠯᠦᠯ ᠪᠤᠯᠵᠤ᠂ ᠨᠤᠲᠤᠭ ᠪᠡᠯᠴᠢᠭᠡᠷ ᠤᠨ ᠡᠯᠡᠰᠦᠷᠬᠡᠭᠵᠢᠨ ᠮᠠᠭᠤᠲᠠᠬᠤ ᠶᠢ ᠲᠥᠷᠭᠡᠳᠭᠡᠪᠡ᠃ | ᠡᠭᠦᠨ ᠠᠴᠠ ᠪᠤᠯᠵᠤ᠂ ᠮᠠᠨ ᠤ ᠣᠷᠣᠨ ᠨᠢ ᠵᠢᠯ ᠪᠦᠷᠢ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ | ᠬᠦᠴᠦᠯᠡᠴᠡ ᠪᠠᠨ ᠨᠡᠮᠡᠭᠳᠡᠭᠦᠯᠪᠡ᠃ 2017 ᠣᠨ ᠳᠤ ᠬᠤᠯᠤᠭᠠᠨ᠎ᠠ ᠶᠢᠨ ᠬᠥᠨᠥᠭᠡᠯ ᠬᠦᠨᠳᠦ ᠨᠣᠴᠢᠲᠠᠶ ᠨᠣᠲᠤᠭ | ᠪᠡᠯᠴᠢᠭᠡᠷ ᠤᠨ ᠲᠠᠯᠠᠪᠠᠶ 2262.6 ᠲᠦᠮᠡᠨ ᠮᠥ᠂ ᠰᠡᠷᠭᠡᠶᠢᠯᠡᠨ ᠵᠠᠰᠠᠭᠰᠠᠨ ᠲᠠᠯᠠᠪᠠᠢ 1705.9 ᠲᠦᠮᠡᠨ ᠮᠥ᠂ | ᠡᠭᠦᠨ ᠤ ᠳᠣᠲᠣᠷ᠎ᠠ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠲᠠᠯᠠᠪᠠᠶ ᠨᠢ 1315.20 ᠲᠦᠮᠡᠨ ᠮᠥ᠂ | ᠬᠤᠷᠣᠬᠠᠢ ᠶᠢᠨ ᠬᠥᠨᠦᠭᠡᠯ ᠬᠦᠨᠳᠦ ᠨᠣᠴᠢᠲᠠᠢ ᠨᠤᠲᠤᠭ ᠪᠡᠯᠴᠢᠭᠡᠷ ᠤᠨ ᠲᠠᠯᠠᠪᠠᠢ ᠨᠢ 2281.9 ᠲᠦᠮᠡᠨ ᠮᠦ᠂ | ᠰᠡᠷᠭᠡᠶᠢᠯᠡᠨ ᠵᠠᠰᠠᠭᠰᠠᠨ ᠲᠠᠯᠠᠪᠠᠢ 2475.5 ᠲᠦᠮᠡᠨ ᠮᠦ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠨᠢ ᠴᠥᠮ | 90% ᠠᠴᠠ ᠳᠡᠭᠡᠭᠰᠢ ᠳᠤ ᠬᠦᠷᠴᠦ᠂ ᠡᠪᠡᠰᠦ ᠮᠤᠳᠤᠨ ᠤ ᠠᠵᠤ ᠠᠬᠤᠶ ᠶᠢᠨ ᠰᠢᠭᠤᠳ ᠬᠤᠬᠢᠷᠠᠯ 1.5 | ᠳ᠋ᠦᠩᠰᠢᠭᠤᠷ ᠲᠥᠭᠦᠷᠢᠭ ᠢ ᠡᠭᠢᠭᠦᠯᠦᠨ ᠠᠪᠴᠢᠷᠠᠪᠠ᠃ | (ᠬᠤᠶᠠᠷ)ᠪᠤᠳᠠᠳᠤ ᠪᠠᠶᠢᠳᠠᠯ ᠳᠤ ᠲᠤᠬᠢᠷᠠᠭᠰᠠᠨ ᠬᠡᠷᠡᠭᠵᠢᠭᠦᠯᠵᠦ ᠪᠣᠯᠬᠤᠶᠢᠴᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠠᠪᠤᠪᠠ | 1 . ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠵᠤ ᠳᠠᠭᠠᠭᠠᠴᠢᠯᠠᠭᠤᠯᠬᠤ ᠪᠠ ᠦᠨᠳᠦᠰᠦᠨ | ᠨᠤᠲᠤᠭ ᠪᠡᠯᠴᠢᠭᠡᠷ ᠢ ᠬᠤᠪᠢᠶᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠲᠦᠷᠢᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ | ᠳᠠᠭᠠᠭᠠᠴᠢᠯᠠᠭᠰᠠᠨ ᠨᠤᠲᠤᠭ ᠪᠡᠯᠴᠢᠭᠡᠷ ᠢᠶᠠᠨ ᠡᠵᠡᠯᠡᠬᠦ᠂ ᠬᠡᠷᠡᠭᠯᠡᠬᠦ᠂ ᠠᠰᠢᠭ ᠤᠯᠬᠤ ᠡᠷᠬᠡ ᠶᠢ ᠬᠠᠤᠯᠢ ᠶᠤᠰᠤᠭᠠᠷ | ᠬᠠᠮᠠᠭᠠᠯᠠᠪᠠ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠨ ᠲᠣᠭᠲᠠᠭᠠᠬᠤ ᠠᠵᠢᠯ ᠢ ᠲᠡᠭᠦᠯᠳᠡᠷᠵᠢᠭᠦᠯᠵᠦ᠂ | ᠦᠨᠳᠦᠰᠦᠨ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ ᠪᠥᠭᠡᠳ ᠬᠠᠤᠯᠢ ᠶᠣᠰᠣᠭᠠᠷ | ᠬᠠᠮᠠᠭᠠᠯᠠᠵᠤ᠂ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠬᠡᠮᠵᠢᠶ᠎ᠡ ᠪᠠᠭᠠᠰᠬᠤ ᠥᠬᠡᠶ᠂ ᠶᠠᠰᠤ ᠴᠢᠨᠠᠷ | ᠳᠣᠷᠣᠭᠰᠢᠯᠠᠬᠤ ᠦᠭᠡᠢ᠂ ᠬᠡᠷᠡᠭᠯᠡᠭᠡ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠵᠤ᠂ ᠦᠨᠳᠦᠰᠦᠨ | ᠨᠤᠲᠤᠭ ᠪᠡᠯᠴᠢᠭᠡᠷ ᠢ ᠲᠠᠯ᠎ᠠ ᠨᠤᠲᠤᠭ ᠤᠨ ᠬᠠᠮᠠᠭᠠᠯᠠᠯᠲᠠ ᠶᠢᠨ ︽ᠤᠯᠠᠭᠠᠨ ᠱᠤᠭᠤᠮ︾ ᠪᠤᠯᠭᠠᠨ᠎ᠠ᠃ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠬᠤᠪᠢᠶᠠᠨ | ᠲᠣᠭᠲᠠᠭᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ | ᠬᠠᠮᠠᠭᠠᠯᠠᠬᠤ ᠦᠵᠡᠯ ᠤᠬᠠᠮᠰᠠᠷ ᠪᠠ ᠢᠳᠡᠪᠬᠢᠵᠢᠯ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠨᠤᠲᠤᠭ | ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠵᠤ᠂ ᠡᠯ᠎ᠡ ᠵᠦᠢᠯ ᠤᠨ ᠨᠤᠲᠤᠭ | ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠠᠶᠢᠳᠣᠷ | ᠶᠠᠪᠤᠭᠳᠠᠬᠤ ᠳᠤ ᠰᠠᠭᠤᠷᠢ ᠲᠠᠯᠪᠢᠵᠤ ᠥᠭᠪᠡ᠃ | 2. ᠮᠠᠯᠵᠢᠬᠤ ᠶᠢ ᠵᠤᠭᠰᠤᠭᠠᠵᠤ᠂ ᠥᠨᠵᠢᠭᠦᠯᠵᠦ ᠮᠠᠯᠯᠠᠬᠤ᠂ ᠲᠣᠭᠤᠷᠢᠭ ᠬᠤᠪᠢᠶᠠᠨ ᠰᠡᠯᠭᠦᠨ ᠮᠠᠯᠵᠢᠬᠤ | ᠪᠠ ᠮᠠᠯ ᠪᠡᠯᠴᠢᠭᠡᠷ ᠤᠨ ᠲᠠᠩᠴᠡᠭᠦᠷᠢᠰᠢᠯ ᠤᠨ ᠳᠦᠷᠢᠮ ᠢ ᠴᠢᠩᠭ᠎ᠠ ᠬᠡᠷᠡᠭᠵᠢᠭᠦᠯᠪᠡ᠃ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠲᠠᠯ᠎ᠠ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠷᠣᠨ ᠬᠤᠪᠢᠶᠠᠨ ᠪᠣᠳᠣᠯᠭ᠎ᠠ | ᠬᠡᠷᠡᠭᠵᠢᠭᠦᠯᠵᠦ᠂ ᠰᠡᠳᠬᠢᠴᠡ ᠶᠢ ᠴᠢᠩᠭ᠎ᠠ ᠪᠠᠷᠢᠮᠲᠠᠯᠠᠵᠤ᠂ ᠮᠠᠯᠵᠢᠬᠤ ᠶᠢ ᠵᠤᠭᠰᠤᠭᠠᠵᠤ᠂ ᠥᠨᠵᠢᠭᠦᠯᠵᠦ ᠮᠠᠯᠯᠠᠬᠤ᠂ | ᠲᠣᠭᠤᠷᠢᠭ ᠬᠤᠪᠢᠶᠠᠨ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢᠰᠢᠯ ᠤᠨ ᠳᠦᠷᠢᠮ ᠢ ᠴᠢᠩᠭ᠎ᠠ | ᠬᠡᠷᠡᠭᠵᠢᠭᠦᠯᠪᠡ᠃ 2000 ᠣᠨ ᠳᠤ ᠮᠠᠨ ᠤ ᠣᠷᠣᠨ ᠨᠢ ᠬᠤᠭᠤᠴᠠᠭᠠᠳᠤ ᠴᠢᠨᠠᠷᠲᠠᠶ ᠮᠠᠯᠵᠢᠬᠤ ᠶᠢ ᠵᠤᠭᠰᠤᠭᠠᠬᠤ᠂ | ᠥᠨᠵᠢᠭᠦᠯᠦᠨ ᠮᠠᠯᠯᠠᠬᠤ᠂ ᠰᠡᠯᠭᠦᠨ ᠮᠠᠯᠯᠠᠬᠤ ᠲᠥᠷᠦ ᠶᠢᠨ ᠪᠣᠳᠣᠯᠭ᠎ᠠ ᠶᠢ ᠶᠠᠪᠤᠭᠳᠠᠭᠤᠯᠵᠤ᠂ ︽ᠲᠠᠪᠤᠨ ᠴᠢᠩᠭ᠎ᠠ ᠶᠢᠨ | ᠳᠥᠷᠢᠮ︾ ᠢ ᠬᠡᠷᠡᠭᠵᠢᠭᠦᠯᠪᠡ᠃ ᠲᠠᠷᠤᠢ ᠤᠯᠤᠰ ᠤᠨ ᠭᠤᠣᠯᠳᠠᠯᠭᠠᠳᠤ ᠠᠮᠢ ᠠᠬᠤᠢ ᠶᠢᠨ ᠢᠨᠵᠧᠨᠧᠷᠢᠩ ᠤᠨ ᠲᠥᠷᠦᠯ | ᠵᠥᠢᠯ ᠤᠨ ᠣᠷᠣᠨ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠤᠭᠤᠴᠠᠭᠠᠳᠤ ᠴᠢᠨᠠᠷᠲᠠᠢ ᠮᠠᠯᠵᠢᠬᠤ ᠶᠢ | ᠵᠤᠭᠰᠤᠭᠠᠬᠤ ᠳᠥᠷᠢᠮ ᠢ ᠴᠢᠩᠭ᠎ᠠ ᠬᠡᠷᠡᠭᠵᠢᠭᠦᠯᠵᠦ᠂ ᠲᠥᠷᠦᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠶ ᠶᠢᠨ ᠨᠡᠭᠦᠳᠡᠯ ᠠᠷᠠᠳ ᠤᠨ ᠢᠨᠵᠧᠨᠧᠷᠢᠩ ᠤᠨ ᠨᠡᠭᠦᠵᠦ | ᠭᠠᠷᠬᠤ ᠤᠷᠤᠨ ᠪᠠ ᠪᠢᠲᠡᠭᠦᠮᠵᠢᠯᠡᠨ ᠣᠶᠢᠵᠢᠭᠤᠯᠬᠤ ᠣᠷᠣᠨ ᠳᠤ ᠮᠠᠯᠵᠢᠬᠤ ᠶᠢ ᠵᠤᠭᠰᠤᠭᠠᠬᠤ ᠳᠥᠷᠢᠮ ᠢ ᠴᠢᠩᠭ᠎ᠠ | ᠬᠡᠷᠡᠭᠵᠢᠭᠦᠯᠵᠦ᠂ ᠠᠮᠢ ᠠᠬᠤᠶ ᠶᠢᠨ ᠳᠠᠬᠢᠨ ᠡᠪᠳᠡᠭᠳᠡᠬᠦ ᠶᠢ ᠰᠡᠷᠭᠡᠶᠢᠯᠡᠨ᠎ᠡ᠃ ᠬᠦᠨᠳᠦ ᠰᠦᠷᠡᠬᠡᠶ ᠡᠯᠡᠰᠦᠷᠬᠡᠭᠵᠢᠨ | ᠮᠠᠭᠤᠵᠢᠷᠠᠭᠰᠠᠨ ᠵᠢᠴᠢ ᠠᠮᠢ ᠠᠬᠤᠶ ᠬᠡᠪᠡᠷᠡᠭ ᠭᠠᠵᠠᠷ ᠣᠷᠣᠨ ᠳᠤ ᠮᠠᠯᠵᠢᠬᠤ ᠶᠢ ᠵᠤᠭᠰᠤᠭᠠᠬᠤ ᠳᠥᠷᠢᠮ ᠢ ᠴᠢᠩᠭ᠎ᠠ | ᠬᠡᠷᠡᠭᠵᠢᠭᠦᠯᠵᠦ᠂ ᠠᠮᠢ ᠠᠬᠤᠢ ᠶᠢᠨ ᠠᠶᠠᠨᠳᠠᠭᠠᠨ ᠤ ᠰᠡᠷᠭᠦᠯᠲᠡ ᠶᠢ ᠪᠠᠳᠤᠯᠠᠨ᠎ᠠ᠃ ᠪᠡᠯᠴᠢᠭᠡᠷ ᠤᠨ ᠮᠠᠯ ᠠᠵᠤ | ᠠᠬᠤᠶ ᠳᠤ ᠮᠠᠯ ᠪᠡᠯᠴᠢᠭᠡᠷ ᠤᠨ ᠲᠡᠩᠴᠡᠭᠦᠷᠢᠰᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠥᠬᠦ ᠲᠠᠯ᠎ᠠ ᠪᠠᠷ | ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯᠵᠢᠬᠤ ᠶᠢ ᠵᠤᠭᠰᠤᠭᠠᠬᠤ᠂ ᠡᠭᠡᠯᠵᠢᠯᠡᠨ ᠮᠠᠯᠯᠠᠬᠤ ᠳᠥᠷᠢᠮ ᠢ | ᠬᠡᠷᠡᠭᠵᠢᠭᠦᠯᠦᠨ᠎ᠡ᠃ ᠲᠠᠷᠢᠶᠠᠯᠠᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠠᠯ ᠠᠵᠤ | ᠠᠬᠤᠶ ᠳᠤ᠂ ᠪᠡᠯᠴᠢᠭᠡᠷᠯᠡᠭᠦᠯᠬᠦ ᠶᠢ ᠵᠤᠭᠰᠤᠭᠠᠬᠤ ᠳᠥᠷᠢᠮ ᠢ ᠴᠢᠩᠭ᠎ᠠ ᠬᠡᠷᠡᠭᠵᠢᠭᠦᠯᠵᠦ᠂ ᠬᠠᠰᠢᠶᠠᠯᠠᠨ ᠲᠡᠵᠢᠭᠡᠬᠦ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ 2010 ᠣᠨ ᠪᠤᠯᠲᠠᠯ᠎ᠠ᠂ ᠪᠥᠬᠦ ᠣᠷᠣᠨ ᠤ ᠮᠠᠯᠵᠢᠬᠤ ᠶᠢ | ᠵᠤᠭᠰᠤᠭᠠᠵᠤ ᠪᠡᠯᠴᠢᠭᠡᠷ ᠢ ᠵᠤᠭᠰᠤᠭᠠᠨ ᠡᠭᠡᠯᠵᠢᠯᠡᠨ ᠮᠠᠯᠯᠠᠬᠤ ᠨᠤᠲᠤᠭ ᠪᠡᠯᠴᠢᠭᠡᠷ ᠤᠨ ᠲᠠᠯᠠᠪᠠᠶ 7.81 ᠳ᠋ᠦᠩᠰᠢᠭᠤᠷ | ᠮᠥ ᠬᠦᠷᠴᠦ᠂ ᠡᠭᠦᠨ ᠳᠤ᠂ 3.04 ᠳ᠋ᠦᠩᠰᠢᠭᠤᠷ ᠮᠦ ᠪᠡᠯᠴᠢᠭᠡᠷᠯᠡᠭᠦᠯᠬᠦ ᠶᠢ ᠵᠤᠭᠰᠤᠭᠠᠨ᠂ 3.77 ᠳ᠋ᠦᠩᠰᠢᠭᠤᠷ | ᠮᠦ ᠮᠠᠯᠵᠢᠬᠤ ᠶᠢ ᠵᠤᠭᠰᠤᠭᠠᠨ᠂ 1 ᠳ᠋ᠦᠩᠰᠢᠭᠤᠷ ᠮᠦ ᠨᠢ ᠡᠭᠡᠯᠵᠢᠯᠡᠨ ᠮᠠᠯᠵᠢᠨ᠎ᠠ᠃ | 3. ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠬᠤ ᠨᠥᠬᠦᠪᠥᠷᠢ ᠪᠠ ᠱᠠᠩᠨᠠᠯ ᠣᠯᠭᠤᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠪᠠ᠃ 2011—2015 ᠣᠨ ᠪᠤᠯᠳᠠᠯ᠎ᠠ᠂ ᠮᠠᠨ ᠤ ᠣᠷᠣᠨ ᠨᠢ ᠨᠢᠭᠡ | ᠡᠭᠡᠯᠵᠢᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠬᠤ ᠨᠥᠬᠦᠪᠥᠷᠢ ᠪᠠ ᠱᠠᠩᠨᠠᠯ ᠣᠯᠭᠤᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠵᠡᠢ᠃ ᠵᠢᠯ ᠪᠦᠷᠢ 10.2% ᠳ᠋ᠦᠩᠰᠢᠭᠤᠷ ᠮᠦ ᠠᠰᠢᠭᠯᠠᠵᠤ ᠪᠣᠯᠬᠤ ᠨᠣᠳᠤᠭ | ᠪᠡᠯᠴᠢᠭᠡᠷ ᠢ ᠪᠦᠲᠦᠮᠵᠢᠲᠡᠶ ᠬᠠᠮᠠᠭᠠᠯᠠᠵᠠᠢ᠃ 2016 ᠣᠨ ᠳᠤ᠂ ᠤᠯᠤᠰ ᠠᠴᠠ ᠦᠷᠭᠦᠯᠵᠢᠯᠡᠨ ᠮᠠᠨ ᠤ ᠣᠷᠣᠨ ᠤ | ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠬᠤ ᠨᠥᠬᠦᠪᠥᠷᠢ ᠪᠠ ᠱᠠᠩᠨᠠᠬᠤ | ᠲᠣᠭᠲᠠᠴᠠ ᠶᠢ ᠬᠡᠷᠡᠭᠵᠢᠭᠦᠯᠪᠡ᠃ ᠪᠥᠬᠦ ᠣᠷᠣᠨ ᠤ 12 ᠠᠶᠢᠮᠠᠭ ᠬᠤᠳᠠ 2 ᠲᠤᠰᠠᠭᠠᠷ ᠲᠥᠯᠥᠪᠯᠡᠭᠡᠲᠦ ᠬᠤᠲᠠ ᠶᠢ | ᠬᠠᠮᠤᠷᠠᠨ᠂ 40478 ᠲᠦᠮᠡᠨ ᠮᠦ ᠨᠣᠳᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠪᠡᠶᠡᠯᠡᠭᠦᠯᠦᠨ᠂ | 61528 ᠲᠦᠮᠡᠨ ᠮᠦ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢᠰᠢᠯ ᠢ ᠪᠠᠳᠤᠯᠠᠪᠠ᠃ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠯᠡᠰᠦᠷᠬᠡᠭᠵᠢᠨ | ᠮᠠᠭᠤᠳᠠᠬᠤ ᠬᠠᠨᠳᠤᠰᠢ ᠶᠢ ᠶᠡᠷᠦᠩᠬᠡᠶ ᠳᠤᠨᠢ ᠬᠤᠷᠢᠭᠯᠠᠵᠤ ᠳᠡᠶᠢᠯᠵᠦ᠂ ᠨᠤᠲᠤᠭ ᠪᠡᠯᠴᠢᠭᠡᠷ ᠤᠨ ᠥᠪᠡᠷ ᠢ ᠪᠠᠨ | ᠰᠢᠨᠡᠳᠬᠡᠨ ᠵᠠᠰᠠᠨ ᠰᠡᠷᠭᠦᠭᠡᠬᠦ ᠴᠢᠳᠠᠪᠤᠷᠢ ᠨᠢ ᠮᠡᠳᠡᠭᠳᠡᠮ᠎ᠡ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠡᠳᠦᠷ ᠢᠷᠡᠬᠦᠶ᠎ᠡ ᠪᠠᠶᠠᠯᠢᠭᠵᠢᠭᠤᠯᠪᠠ᠃ 2017 ᠣᠨ ᠳᠤ᠂ ᠪᠥᠬᠦ ᠣᠷᠣᠨ ᠤ ᠨᠤᠲᠤᠭ ᠪᠡᠯᠴᠢᠭᠡᠷ ᠤᠨ | ᠤᠷᠭᠤᠮᠠᠯ ᠬᠤᠴᠢᠯᠭ᠎ᠠ ᠶᠢᠨ ᠳᠤᠮᠳᠠᠴᠢ ᠪᠦᠷᠬᠦᠴᠡ 44% ᠳᠤ ᠬᠦᠷᠴᠦ᠂2010 ᠣᠨ ᠤ ᠬᠢ ᠠᠴᠠ 6.92% | ᠳᠡᠭᠡᠭᠰᠢᠯᠡᠭᠰᠡᠨ ᠪᠠᠶᠢᠨ᠎ᠠ᠃ ᠪᠠᠶᠢᠭᠠᠯᠢ ᠶᠢᠨ ᠨᠤᠲᠤᠭ ᠪᠡᠯᠴᠢᠭᠡᠷ ᠤᠨ ᠣᠯᠠᠨ ᠨᠠᠰᠤᠲᠤ ᠤᠷᠭᠤᠮᠠᠯ ᠤᠨ ᠲᠥᠷᠥᠯ | ᠵᠦᠢᠯ ᠨᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠬᠠᠪᠲᠠᠭᠠᠶ ᠳᠥᠷᠪᠡᠯᠵᠢᠨ ᠮᠧᠲᠷ ᠪᠦᠷᠢ ᠳᠡᠭᠡᠨ | 7 ᠲᠥᠷᠥᠯ ᠵᠦᠢᠯ ᠪᠠᠶᠢᠭᠰᠠᠨ ᠠᠴᠠ ᠪᠠᠨ ᠣᠳᠣ 12 ᠲᠥᠷᠦᠯ ᠪᠤᠯᠵᠤ᠂ ᠰᠢᠯᠢᠳᠡᠭ ᠰᠠᠶᠢᠨ ᠪᠤᠷᠳᠤᠭ᠎ᠠ | ᠡᠪᠡᠰᠦ ᠶᠢᠨ ᠡᠵᠡᠯᠡᠬᠦ ᠬᠤᠪᠢ ᠶᠢᠨ ᠵᠢᠩ ᠨᠢ 79.8% ᠪᠠᠶᠢᠭᠰᠠᠨ ᠠᠴᠠ 81.1% ᠪᠤᠯᠵᠤ ᠳᠡᠭᠡᠭᠰᠢᠯᠡᠪᠡ᠂ | ᠨᠤᠲᠤᠭ ᠪᠡᠯᠴᠢᠭᠡᠷ ᠤᠨ ᠭᠠᠵᠠᠷ ᠳᠡᠭᠡᠷᠡᠬᠢ ᠠᠮᠢᠳᠤ ᠪᠣᠳᠠᠰ ᠤᠨ ᠬᠡᠮᠵᠢᠶ᠎ᠡ ᠨᠢ ᠮᠦ ᠪᠦᠷᠢ 68 ᠺᠢᠯᠣᠭ᠍ᠷᠠᠮ ᠳᠤ ᠬᠦᠷᠴᠦ᠂ | 2010 ᠣᠨ ᠤ ᠬᠢ ᠠᠴᠠ 13 ᠺᠢᠯᠣᠭ᠍ᠷᠠᠮ ᠨᠡᠮᠡᠭᠳᠡᠭᠰᠡᠨ ᠪᠠᠶᠢᠨ᠎ᠠ᠂ ᠨᠤᠲᠤᠭ ᠪᠡᠯᠴᠢᠭᠡᠷ ᠤᠨ ︽ᠭᠤᠷᠪᠠᠴᠢᠯᠠᠭᠰᠠᠨ︾ | ᠲᠠᠯᠠᠪᠠᠶ ᠨᠢ 2010 ᠣᠨ ᠤ ᠬᠢ ᠠᠴᠠ 671.3 ᠲᠥᠮᠡᠨ ᠮᠦ ᠬᠠᠰᠤᠭᠳᠠᠭᠰᠠᠨ ᠪᠠᠶᠢᠨ᠎ᠠ᠃ | 4. ᠠᠮᠢ ᠠᠬᠤᠶ ᠬᠡᠪᠡᠷᠡᠭ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ ᠢᠨ᠋ᠧᠨᠧᠷᠢᠩ ᠢ ᠬᠡᠷᠡᠭᠵᠢᠭᠦᠯᠪᠡ᠃ | 2013 ᠣᠨ ᠠᠴᠠ ᠡᠬᠢᠯᠡᠨ᠂ ᠮᠠᠨ ᠤ ᠣᠷᠣᠨ ᠨᠢ ᠠᠮᠢ ᠠᠬᠤᠶ ᠶᠢᠨ ᠨᠡᠭᠦᠳᠡᠯ ᠠᠷᠠᠳ ᠤᠨ ᠢᠨᠵᠧᠨᠧᠷᠢᠩ ᠢ | ᠡᠬᠢᠯᠡᠨ ᠬᠡᠷᠡᠭᠵᠢᠭᠦᠯᠵᠦ᠂ ᠠᠮᠢ ᠠᠬᠤᠶ ᠬᠡᠪᠡᠷᠡᠭ ᠭᠠᠵᠠᠷ ᠣᠷᠣᠨ ᠤ ᠮᠠᠯᠴᠢᠨ ᠲᠠᠷᠢᠶᠠᠴᠢᠳ ᠢ ᠰᠢᠯᠵᠢᠭᠦᠯᠵᠦ᠂ | ᠬᠥᠮᠦᠨ ᠠᠮᠠ ᠠᠴᠠ ᠪᠣᠯᠤᠭᠰᠠᠨ ᠭᠠᠵᠠᠷ ᠣᠷᠣᠨ ᠤ ᠠᠮᠢ ᠠᠬᠤᠶ ᠳᠤ ᠦᠵᠡᠭᠦᠯᠬᠦ ᠨᠥᠯᠥᠭᠡ ᠶᠢ ᠪᠠᠭᠠᠰᠬᠠᠪᠠ᠂ | ᠨᠡᠭᠦᠳᠡᠯ ᠠᠷᠠᠳ ᠤᠨ ᠭᠤᠣᠯᠳᠠᠯᠭᠠᠳᠣ ᠣᠷᠣᠨ ᠨᠢ ᠠᠮᠢ ᠠᠬᠤᠶ ᠬᠡᠪᠡᠷᠡᠭ ᠡᠯᠡᠰᠦᠷᠬᠡᠭ ᠭᠠᠵᠠᠷ ᠲᠤ ᠪᠣᠢ᠂ 2016 | ᠣᠨ ᠳᠤ ᠬᠤᠯᠠᠨ ᠰᠢᠷᠭ᠎ᠠ ᠳᠠᠭ᠎ᠠ᠂ ᠬᠤᠷᠴᠢᠨ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠲᠤ ᠴᠥᠮ ᠠᠮᠢ | ᠠᠬᠤᠶ ᠶᠢᠨ ᠨᠡᠭᠦᠳᠡᠯ ᠠᠷᠠᠳ ᠤᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠨ᠎ᠠ᠃ | (ᠭᠤᠷᠪᠠ)ᠬᠠᠨᠳᠤᠯᠭᠠᠲᠤ ᠴᠢᠨᠠᠷ ᠢᠶᠠᠷ ᠴᠢᠩᠭ᠎ᠠ ᠬᠠᠤᠯᠢ ᠴᠠᠭᠠᠵᠠ ᠶᠢᠨ ᠠᠷᠭ᠎ᠠ ᠬᠡᠮᠵᠢᠶ᠎ᠡ ᠠᠪᠤᠪᠠ | 1 . ᠬᠠᠤᠯᠢ ᠶᠢ ᠲᠤᠭᠳᠠᠭᠠᠬᠤ ᠶᠢ ᠴᠢᠩᠭᠠᠳᠬᠠᠨ᠂ ᠬᠠᠤᠯᠢ ᠪᠠᠶᠢᠪᠠᠯ ᠦᠨᠳᠦᠰᠦᠯᠡᠯ ᠲᠠᠢ ᠪᠠᠶᠢᠬᠤ᠃ | 2003 ᠣᠨ ᠳᠤ ︽ᠨᠤᠲᠤᠭ ᠪᠡᠯᠴᠢᠭᠡᠷ ᠤᠨ ᠬᠠᠤᠯᠢ︾ ᠳᠤ ᠵᠠᠰᠠᠪᠤᠷᠢ ᠤᠷᠤᠭᠤᠯᠤᠭᠰᠠᠨ ᠤ ᠳᠠᠷᠠᠭ᠎ᠠ᠂ ᠮᠠᠨ ᠤ | ᠣᠷᠣᠨ ᠬᠠᠮᠤᠭ ᠲᠡᠷᠢᠭᠦᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠬᠠᠮᠢᠶᠠᠷᠤᠯᠲᠠ ᠶᠢᠨ ᠳᠦᠷᠢᠮ︾ ᠢ ᠵᠠᠰᠠᠨ ᠨᠡᠶᠢᠳᠡᠯᠡᠵᠦ᠂ ᠡᠭᠦᠨ ᠤ ᠬᠠᠮᠲᠤ ᠪᠦᠬᠦ ᠤᠯᠤᠰ ᠲᠤ ᠬᠠᠮᠤᠭ ᠲᠡᠷᠢᠭᠦᠨ ᠳᠤ | ︽ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠢ ᠨᠡᠶᠢᠲᠡᠯᠡᠵᠡᠢ᠃ ᠣᠶᠢᠷ᠎ᠠ ᠶᠢᠨ ᠵᠢᠯ ᠳᠤ᠂ | ᠮᠠᠨ ᠤ ᠣᠷᠣᠨ ᠤ ᠨᠤᠲᠤᠭ ᠪᠡᠯᠴᠢᠭᠡᠷ ᠤᠨ ᠬᠠᠤᠯᠢ ᠲᠤᠭᠲᠠᠭᠠᠵᠤ ᠢᠵᠢ ᠪᠦᠷᠢᠳᠦᠭᠦᠯᠦᠨ ᠪᠦᠳᠦᠭᠡᠠ ᠪᠠᠶᠢᠭᠤᠯᠬᠤ | ᠠᠵᠢᠯ ᠤᠨ ᠠᠯᠬᠤᠴᠠ ᠢᠯᠡᠳᠲᠡ ᠲᠦᠷᠭᠡᠳᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠵᠤᠷᠪᠤᠰ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ | ᠲᠡᠭᠦᠵᠦ ᠴᠤᠭᠯᠠᠭᠤᠯᠤᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠵᠢᠴᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ | ᠲᠠᠲᠠᠪᠤᠷᠢᠯᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ ᠬᠠᠤᠯᠢ ᠲᠣᠭᠲᠠᠭᠠᠯ ᠳᠦᠷᠢᠮ | ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠲᠤᠭᠳᠠᠭᠠᠨ ᠬᠡᠷᠡᠭᠵᠢᠭᠦᠯᠪᠡ᠃ ᠤᠳᠤᠬᠠᠨ ᠨᠢᠭᠡᠨᠲᠡ ᠥᠪᠥᠷ | ᠮᠣᠩᠭᠤᠯ ᠤᠨ ᠭᠠᠵᠠᠷ ᠣᠷᠣᠨ ᠤ ᠣᠨᠴᠠᠯᠢᠭ ᠲᠤ ᠲᠤᠬᠢᠷᠠᠭᠰᠠᠨ᠂ ︽ᠨᠢᠭᠡ ᠬᠠᠤᠯᠢ ᠬᠤᠶᠠᠷ ᠵᠢᠱᠢᠶ᠎ᠡ ᠬᠤᠶᠠᠷ | ᠳᠦᠷᠢᠮ ᠲᠣᠭᠲᠠᠭᠠᠯ︾ ᠤᠨ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ | ᠪᠦᠷᠢᠯᠳᠦᠭᠰᠡᠨ ᠪᠠᠶᠢᠨ᠎ᠠ᠃ | 2. ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ᠃ ᠣᠳᠣᠬᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠨᠤᠲᠤᠭ | ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ 107 ᠪᠠᠶᠢᠵᠤ᠂ 1876 ᠨᠤᠲᠤᠭ ᠪᠡᠯᠴᠢᠭᠡᠷ ᠤᠨ | ᠬᠠᠤᠯᠢ ᠬᠡᠷᠡᠭᠵᠢᠭᠦᠯᠬᠦ ᠤᠷᠤᠨ ᠲᠤᠭ᠎ᠠ ᠲᠠᠢ ᠠᠵᠢᠯᠲᠠᠨ ᠪᠠᠶᠢᠨ᠎ᠠ᠃ 68 ᠲᠤᠰᠠᠭᠠᠷ ᠪᠠᠶᠢᠭᠤᠯᠤᠮᠵᠢ ᠲᠠᠢ᠂ | ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠬᠤ ᠬᠠᠮᠢᠶᠠᠷᠤᠯᠲᠠ ᠲᠠᠢ 82 ᠪᠠᠶᠢᠨ᠎ᠠ ᠃ ᠥᠪᠡᠷᠲᠡᠭᠡᠨ ᠵᠠᠰᠠᠬᠤ | ᠣᠷᠣᠨ᠂ 4 ᠠᠶᠢᠮᠠᠭ ᠬᠤᠳᠠ ᠬᠢᠭᠡᠳ 32 ᠬᠤᠰᠢᠭᠤ ᠰᠢᠶᠠᠨ ᠨᠢ ᠨᠤᠲᠤᠭ ᠪᠡᠯᠴᠢᠭᠡᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠪᠠ᠃ ᠪᠠᠶᠢᠭᠤᠯᠤᠮᠵᠢ ᠶᠢᠨ ᠡᠩᠨᠡᠭᠡ ᠶᠢᠨ ᠲᠡᠭᠦᠯᠳᠡᠷᠵᠢᠭᠰᠡᠨ ᠨᠢ ᠪᠥᠬᠦ | ᠣᠷᠣᠨ ᠤ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠳᠤ ᠨᠡᠩ ᠢᠳᠡᠪᠬᠢᠲᠡᠶ ᠪᠥᠭᠡᠳ ᠪᠦᠲᠦᠮᠵᠢᠲᠡᠶ ᠦᠢᠯᠡᠳᠦᠯ | ᠦᠵᠡᠭᠦᠯᠪᠡ ᠃ | 3. ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ︽ᠠᠷᠪᠠᠨ | ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ᠤ ᠨᠤᠲᠤᠭ ᠪᠡᠯᠴᠢᠭᠡᠷ ᠤᠨ ᠬᠠᠤᠯᠢ ᠠᠴᠠ | ᠵᠥᠷᠢᠴᠡᠭᠰᠡᠨ ᠬᠡᠷᠡᠭ 78831 ᠪᠠᠶᠢᠵᠤ᠂ 77714 ᠢ ᠨᠢ ᠬᠡᠷᠡᠭ ᠪᠣᠯᠭᠠᠨ ᠳᠠᠩᠰᠠᠯᠠᠵᠤ᠂ 76872 ᠬᠡᠷᠡᠭ ᠢ | ᠰᠢᠢᠳᠪᠥᠷᠢᠯᠡᠵᠦ᠂ ᠬᠡᠷᠡᠭ ᠪᠣᠯᠭᠠᠨ ᠳᠠᠩᠰᠠᠯᠠᠭᠰᠠᠨ ᠨᠣᠷᠮ᠎ᠠ ᠪᠠ ᠬᠡᠷᠡᠭ ᠢ ᠳᠠᠰᠤᠯᠣᠭᠰᠠᠨ ᠨᠤᠷᠮ᠎ᠠ 98.5% ᠠᠴᠠ | ᠳᠡᠭᠡᠭᠰᠢ ᠪᠠᠶᠢᠵᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ 1029 ᠶᠢ ᠨᠢ ᠰᠢᠯᠵᠢᠭᠦᠯᠦᠨ ᠬᠦᠷᠭᠡᠵᠦ᠂ | ᠬᠥᠮᠦᠨ ᠤ ᠰᠢᠯᠳᠠᠭᠠᠨ ᠢᠶᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ | ᠲᠦᠢᠯ ᠤᠨ ᠶᠡᠭᠡ ᠰᠦᠷᠳᠡᠭᠦᠯᠦᠯ ᠦᠵᠡᠭᠦᠯᠵᠡᠢ᠃ | |