ᠦᠬᠡᠷ ᠬᠤᠨᠢᠨ ᠤ ᠪᠷᠦ᠋ᠼᠧᠯ ᠡᠪᠡᠳᠴᠢᠨ ᠳᠤ ᠰᠡᠷᠭᠡᠶᠢᠯᠡᠯᠲᠡ ᠶᠢᠨ ᠡᠮᠲᠦ ᠪᠤᠳᠠᠰ ᠢ ᠠᠮᠠ ᠪᠠᠷ ᠴᠢᠳᠬᠤᠵᠤ ᠬᠢᠵᠢᠭ ᠢ ᠰᠡᠷᠭᠡᠶᠢᠯᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2019/4/16
     ᠦᠬᠡᠷ ᠬᠤᠨᠢᠨ ᠤ ᠪᠷᠦ᠋ᠼᠧᠯ ᠡᠪᠡᠳᠴᠢᠨ ᠳᠤ ᠰᠡᠷᠭᠡᠶᠢᠯᠡᠯᠲᠡ ᠶᠢᠨ ᠡᠮᠲᠦ ᠪᠤᠳᠠᠰ ᠢ ᠠᠮᠠ ᠪᠠᠷ ᠴᠢᠳᠬᠤᠵᠤ ᠬᠢᠵᠢᠭ ᠢ ᠰᠡᠷᠭᠡᠶᠢᠯᠡᠬᠦ ᠨᠢ ᠪᠷᠦ᠋ᠼᠧᠯ ᠡᠪᠡᠳᠴᠢᠨ ᠤ ᠬᠠᠯᠳᠠᠪᠤᠷᠢᠯᠠᠯ ᠢ ᠬᠢᠵᠠᠭᠠᠷᠯᠠᠬᠤ ᠬᠠᠮᠤᠭ ᠬᠢᠮᠳᠠ ᠪᠥᠭᠡᠳ ᠬᠡᠷᠡᠭᠯᠡᠭᠡᠲᠦ ᠴᠢᠨᠠᠷ ᠢᠶᠠᠷ ᠴᠢᠩᠭ᠎ᠠ ᠠᠷᠭ᠎ᠠ ᠪᠣᠯᠣᠨ᠎ᠠ᠃ ᠦᠬᠡᠷ ᠬᠤᠨᠢᠨ ᠤ ᠪᠷᠦ᠋ᠼᠧᠯ ᠡᠪᠡᠳᠴᠢᠨ ᠤ S2 ᠸᠠᠺᠼᠢᠨ ᠢ ᠠᠮᠠ ᠳᠤ ᠴᠢᠳᠬᠤᠬᠤ ᠳᠤ ᠠᠩᠬᠠᠷᠬᠤ ᠵᠦᠢᠯ᠄      1᠂ ᠠᠮᠠ ᠪᠠᠷ ᠴᠢᠳᠬᠤᠵᠣ ᠬᠢᠵᠢᠭ ᠢ ᠰᠡᠷᠭᠡᠶᠢᠯᠡᠬᠦ ᠠᠴᠠ ᠡᠮᠦᠨ᠎ᠡ ᠬᠤᠷᠤᠭ᠎ᠠ ᠬᠠᠰᠢᠶᠠᠨ ᠤ ᠭᠠᠵᠠᠷ ᠤᠨ ᠭᠠᠳᠠᠷᠭᠤ ᠳᠤ ᠤᠷᠢᠳᠠᠪᠠᠷ ᠠᠷᠢᠭᠤᠳᠬᠠᠯ ᠤᠨ ᠰᠢᠩᠭᠡᠨ ᠰᠦᠷᠴᠢᠵᠦ᠂ ᠭᠠᠵᠠᠷ ᠤᠨ ᠭᠠᠳᠠᠷᠭᠤ ᠶᠢ ᠨᠣᠷᠭᠠᠪᠠᠯ ᠵᠣᠬᠢᠨ᠎ᠠ᠂ ᠢᠩᠭᠢᠪᠡᠯ ᠲᠣᠭᠤᠰᠣ ᠪᠣᠵᠢᠭᠢᠨᠠᠬᠤ ᠶᠢ ᠰᠡᠷᠭᠡᠶᠢᠯᠡᠬᠦ ᠦᠢᠯᠡᠳᠦᠯ ᠲᠠᠢ ᠪᠠᠶᠢᠵᠤ᠂ ᠬᠢᠵᠢᠭ ᠰᠡᠷᠭᠡᠶᠢᠯᠡᠬᠦ ᠠᠵᠢᠯᠲᠠᠳ ᠤᠨ ᠬᠤᠷᠤᠭ᠎ᠠ ᠬᠠᠰᠢᠶᠠᠨ ᠳᠠᠬᠢ ᠬᠤᠭ ᠲᠣᠭᠤᠰᠣ ᠵᠢᠴᠢ ᠡᠪᠡᠳᠴᠢᠨ ᠤ ᠮᠢᠺᠷᠣᠪ ᠢ ᠰᠣᠷᠤᠨ ᠤᠷᠤᠭᠤᠯᠬᠤ ᠠᠴᠠ ᠰᠡᠷᠭᠡᠶᠢᠯᠡᠵᠦ ᠴᠢᠳᠠᠨ᠎ᠠ᠃      2᠂ ᠬᠢᠵᠢᠭ ᠰᠡᠷᠭᠡᠶᠢᠯᠡᠬᠦ ᠠᠵᠢᠯᠲᠠᠳ ᠠᠴᠠ ᠬᠠᠮᠠᠭᠠᠯᠠᠯᠲᠠᠲᠤ ᠬᠤᠪᠴᠠᠰᠤ᠂ ᠠᠮᠠᠪᠴᠢ᠂ ᠬᠠᠷᠠᠭ᠎ᠠ ᠬᠠᠮᠠᠭᠠᠯᠠᠬᠤ ᠰᠢᠯ᠂ ᠤᠰᠤᠨ ᠭᠤᠲᠤᠯ ᠵᠡᠷᠭᠡ ᠬᠤᠪᠢ ᠬᠦᠮᠦᠨ ᠤ ᠬᠠᠮᠠᠭᠠᠯᠠᠯᠲᠠᠲᠤ ᠶᠢᠨ ᠬᠡᠷᠡᠭᠰᠡᠯ ᠢᠶᠠᠨ ᠪᠦᠷᠢᠨ ᠵᠥᠪ ᠡᠮᠦᠰᠴᠦ ᠵᠡᠭᠦᠵᠦ᠂ ᠪᠡᠶ᠎ᠡ ᠳᠡᠭᠡᠨ ᠠᠷᠢᠭᠤᠳᠬᠠᠬᠤ ᠡᠮ ᠠᠪᠴᠦ ᠶᠠᠪᠤᠨ᠎ᠠ᠃      3᠂ ᠸᠠᠺᠼᠢᠨ ᠢ ᠰᠢᠩᠭᠡᠷᠡᠭᠦᠯᠬᠦ ᠠᠴᠠ ᠡᠮᠦᠨ᠎ᠡ ᠸᠠᠺᠼᠢᠨ ᠤ ᠪᠣᠭᠤᠳᠠᠯ ᠪᠠᠭᠯᠠᠭ᠎ᠠ ᠨᠢ ᠪᠦᠲᠦᠨ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠡᠭᠦᠨ ᠳᠤ ᠸᠠᠺᠼᠢᠨ ᠤ ᠨᠡᠷᠡᠶᠢᠳᠦᠯ᠂ ᠬᠢᠵᠢᠭ ᠢ ᠰᠡᠷᠭᠡᠶᠢᠯᠡᠬᠦ ᠡᠮ ᠤᠨ ᠬᠡᠮᠵᠢᠶ᠎ᠡ᠂ ᠦᠢᠯᠡᠳᠪᠦᠷᠢᠯᠡᠭᠰᠡᠨ ᠦᠢᠯᠡᠳᠪᠦᠷᠢ ᠵᠢᠴᠢ ᠳ᠋ᠤᠭᠠᠷᠯᠠᠯ᠂ ᠵᠥᠪᠰᠢᠶᠡᠷᠡᠭᠰᠡᠨ ᠪᠢᠴᠢᠭ ᠤᠨ ᠳ᠋ᠤᠭᠠᠷ᠂ ᠬᠦᠴᠦᠨ  ᠲᠠᠢ ᠬᠤᠭᠤᠴᠠᠭ᠎ᠠ᠂ ᠬᠦᠴᠦᠨ ᠦᠭᠡᠢ ᠪᠣᠯᠬᠤ ᠬᠤᠭᠤᠴᠠᠭ᠎ᠠ ᠶᠢ ᠴᠦᠮ ᠨᠠᠷᠢᠨ ᠦᠵᠡᠨ᠎ᠡ᠃ ᠯᠣᠩᠬᠤᠨ ᠤ ᠠᠮᠠᠰᠠᠷ ᠨᠢ ᠰᠤᠯᠠᠷᠠᠭᠰᠠᠨ᠂ ᠸᠠᠺᠼᠢᠨ ᠤ ᠯᠣᠩᠬᠤ ᠨᠢ ᠡᠪᠳᠡᠭᠳᠡᠨ ᠰᠦᠢᠳᠲᠦᠭᠰᠡᠨ᠂ ᠬᠦᠴᠦᠨ ᠲᠠᠢ ᠬᠤᠭᠤᠴᠠᠭ᠎ᠠ ᠨᠢ ᠬᠡᠲᠦᠷᠡᠭᠰᠡᠨ᠂ ᠥᠩᠭᠡ ᠪᠤᠳᠤᠭ ᠨᠢ ᠲᠣᠳᠤᠷᠬᠠᠶᠢᠯᠠᠯᠲᠠ ᠲᠠᠢ ᠨᠡᠶᠢᠴᠡᠬᠦ ᠦᠬᠡᠢ᠂ ᠦᠨᠦᠷ ᠪᠠ ᠹᠢᠽᠢᠺ ᠤᠨ ᠬᠡᠯᠪᠡᠷᠢ ᠳᠦᠷᠰᠦ ᠨᠢ ᠬᠡᠪ ᠤᠨ ᠪᠤᠰᠤ ᠵᠡᠷᠭᠡ ᠪᠠᠶᠢᠳᠠᠯ ᠲᠠᠢ ᠦᠶᠡᠰ ᠬᠡᠷᠡᠭᠯᠡᠵᠦ ᠪᠣᠯᠬᠤ ᠦᠭᠡᠢ᠃      4᠂ ᠲᠣᠳᠣᠷᠬᠠᠶᠢᠯᠠᠯᠲᠠ ᠶᠢᠨ ᠱᠠᠭᠠᠷᠳᠠᠯᠭ᠎ᠠ ᠶᠣᠰᠤᠭᠠᠷ᠂ ᠨᠠᠶᠢᠷᠠᠭᠤᠯᠤᠨ ᠬᠡᠷᠡᠭᠯᠡᠬᠦ ᠬᠡᠷᠡᠭᠲᠡᠶ᠃ ᠨᠠᠶᠢᠷᠠᠯᠭ᠎ᠠ ᠶᠢᠨ ᠬᠡᠮᠵᠢᠶ᠎ᠡ ᠨᠢ ᠵᠥᠪ ᠣᠨᠣᠪᠴᠢᠲᠠᠶ᠂ ᠬᠢᠵᠢᠭ ᠢ ᠰᠡᠷᠭᠡᠶᠢᠯᠡᠬᠦ ᠠᠷᠭ᠎ᠠ ᠵᠠᠮ ᠪᠠ ᠠᠷᠭ᠎ᠠ ᠠᠪᠴᠠᠯ ᠨᠢ ᠵᠥᠪ ᠪᠠᠶᠢᠬᠤ ᠬᠡᠷᠡᠭᠲᠡᠶ᠂ ᠲᠤᠬᠠᠶᠢᠯᠠᠪᠠᠯ ᠪᠢᠲᠡᠭᠦᠮᠵᠢᠯᠡᠭᠰᠡᠨ ᠬᠡᠯᠪᠡᠷᠢᠲᠦ ᠡᠮ ᠣᠯᠭᠤᠬᠤ ᠫᠤᠤ ᠪᠠᠷ ᠴᠢᠳᠬᠤᠵᠤ ᠬᠢᠵᠢᠭ ᠢ ᠰᠡᠷᠭᠡᠶᠢᠯᠡᠨ᠎ᠡ᠃      5᠂ ᠬᠡᠷᠡᠭᠯᠡᠵᠦ ᠥᠩᠭᠡᠷᠡᠭᠰᠡᠨ ᠸᠠᠺᠼᠢᠨ ᠤ ᠯᠣᠩᠬᠤ᠂ ᠪᠠᠭᠠᠵᠢ ᠬᠡᠷᠡᠭᠰᠡᠯ ᠪᠠ ᠬᠡᠷᠡᠭᠯᠡᠵᠦ ᠳᠠᠭᠤᠰᠤᠭᠰᠠᠨ ᠦᠭᠡᠢ ᠸᠠᠺᠼᠢᠨ ᠵᠡᠷᠭᠡ ᠢ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠶᠠᠭᠠᠬᠢᠭᠰᠠᠨ ᠴᠤ ᠳᠤᠷ᠎ᠠ ᠪᠠᠷ ᠬᠠᠶᠠᠵᠤ ᠪᠣᠯᠬᠤ ᠦᠭᠡᠢ᠃      6᠂ ᠦᠬᠡᠷ ᠬᠤᠨᠢ ᠳᠤ ᠬᠢᠵᠢᠭ ᠢ ᠰᠡᠷᠭᠡᠶᠢᠯᠡᠭᠰᠡᠨ ᠤ ᠳᠠᠷᠠᠭ᠎ᠠ ᠨᠢᠭᠡ ᠴᠠᠭ ᠤᠨ ᠳᠣᠲᠤᠷ᠎ᠠ ᠤᠰᠤᠯᠠᠵᠤ ᠲᠡᠵᠢᠭᠡᠯ ᠪᠣᠷᠳᠤᠭ᠎ᠠ ᠥᠭᠴᠦ ᠪᠣᠯᠬᠤ ᠦᠭᠡᠢ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号