ᠥᠪᠥᠷ ᠮᠣᠩᠭᠤᠯ ᠤᠨ ᠬᠦᠷᠦᠰᠦ ᠰᠢᠷᠣᠶ ᠪᠣᠷᠳᠣᠭᠤᠷ ᠤᠨ ᠠᠵᠢᠯ ᠤᠨ ᠥᠷᠲᠡᠭᠡ ᠨᠢ ᠤᠯᠠᠭᠠᠨᠴᠠᠪ ᠬᠤᠲᠠ ᠳᠤ ᠬᠦᠷᠴᠦ ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠲᠠᠷᠢᠶᠠᠨ ᠭᠠᠵᠠᠷ ᠢ ᠬᠠᠮᠠᠭᠠᠯᠠᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2019/4/26
     2019 ᠣᠨ ᠤ 4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ  ᠬᠦᠷᠦᠰᠦ ᠰᠢᠷᠣᠶ ᠪᠣᠷᠳᠣᠭᠤᠷ ᠤᠨ ᠠᠵᠢᠯ ᠤᠨ ᠥᠷᠲᠡᠭᠡ ᠶᠢᠨ ᠵᠧᠩ ᠬᠠᠢ ᠴᠦᠨ ᠦᠷᠲᠡᠭᠡᠨ ᠳᠠᠷᠤᠭ᠎ᠠ ᠪᠣᠯᠣᠨ ᠪᠣᠷᠳᠣᠭᠤᠷ ᠤᠨ ᠰᠠᠯᠠᠭ᠎ᠠ ᠶᠢᠨ ᠭᠤᠤ ᠹᠠᠨ ᠱᠧᠨ ᠰᠠᠯᠠᠭᠠᠨ ᠳᠠᠷᠤᠭ᠎ᠠ ᠤᠯᠠᠭᠠᠨᠴᠠᠪ ᠬᠤᠲᠠ ᠳᠤ ᠬᠦᠷᠴᠦ᠂ ᠤᠯᠠᠭᠠᠨᠴᠠᠪ ᠬᠤᠲᠠ ᠶᠢᠨ ᠬᠦᠷᠦᠰᠦ ᠰᠢᠷᠣᠶ ᠪᠣᠷᠳᠣᠭᠤᠷ ᠤᠨ ᠠᠵᠢᠯ ᠤᠨ ᠥᠷᠲᠡᠭᠡ ᠶᠢᠨ ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠠᠬᠢᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠦ᠂ ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠪᠣᠷᠳᠣᠭᠤᠷ ᠬᠠᠩᠭᠠᠬᠤ ᠪᠡᠯᠡᠳᠬᠡᠯ ᠵᠢᠴᠢ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠦ ᠲᠤᠷᠰᠢᠯᠲᠠ ᠶᠢᠨ ᠭᠠᠵᠠᠷ ᠢ ᠬᠡᠷᠬᠢᠨ ᠰᠣᠩᠭᠤᠬᠤ᠂ ᠲᠤᠷᠰᠢᠯᠲᠠ ᠶᠢᠨ ᠪᠣᠷᠳᠣᠭᠤᠷ ᠤᠨ ᠶᠠᠰᠤ ᠴᠢᠨᠠᠷ ᠢ ᠰᠠᠶᠢᠲᠤᠷ ᠠᠳᠬᠤᠬᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠢᠷᠤᠮᠵᠢᠭᠤᠯᠬᠤ ᠵᠡᠷᠭᠡ ᠲᠠᠯ᠎ᠠ ᠪᠠᠷ ᠪᠣᠳᠠᠲᠠᠶ ᠵᠢᠯᠣᠭᠤᠳᠬᠤ ᠰᠠᠨᠠᠯ ᠳᠤᠷᠠᠳᠴᠤ᠂ ᠤᠯᠠᠭᠠᠨᠴᠠᠪ ᠬᠤᠲᠠ ᠶᠢᠨ ᠬᠦᠷᠦᠰᠦ ᠰᠢᠷᠣᠶ ᠪᠣᠷᠳᠣᠭᠤᠷ ᠤᠨ ᠠᠵᠢᠯ ᠤᠨ ᠥᠷᠲᠡᠭᠡ ᠶᠢᠨ ᠬᠠᠮᠢᠶ᠎ᠠ ᠪᠦᠬᠦᠢ ᠬᠤᠰᠢᠭᠤ ᠰᠢᠶᠠᠨ ᠢ ᠵᠣᠬᠢᠶᠠᠨ ᠪᠠᠢᠭᠤᠯᠵᠤ ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃      4 ᠰᠠᠷ᠎ᠠ ᠶᠢᠨ 17 ᠤ ᠡᠳᠦᠷ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠬᠦᠷᠴᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2019 ᠣᠨ ᠤ ᠲᠠᠷᠢᠶᠠᠨ ᠭᠠᠵᠠᠷ ᠢ ᠬᠠᠮᠠᠭᠠᠯᠠᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠬᠦ ᠪᠠ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠤᠨ ᠠᠵᠢᠯ ᠤᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠢᠭᠤᠯᠤᠯᠲᠠ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭᠠᠲᠤ ᠪᠣᠷᠳᠣᠭᠤᠷ ᠣᠷᠣᠭᠤᠯᠬᠤ ᠮᠡᠷᠭᠡᠵᠢᠯ ᠤᠨ ᠳᠡᠯᠭᠡᠷᠡᠭᠦᠯᠦᠯᠲᠡ᠂ ᠲᠠᠷᠢᠶᠠᠨ ᠭᠠᠵᠠᠷ ᠤᠨ ᠬᠦᠷᠦᠰᠦᠨ ᠤ ᠬᠦᠴᠦᠨ ᠤ ᠦᠨᠡᠯᠡᠯᠲᠡ ᠵᠡᠷᠭᠡ ᠲᠥᠷᠥᠯ  ᠵᠦᠢᠯ ᠤᠨ ᠠᠵᠢᠯ ᠤᠨ ᠠᠭᠤᠯᠭ᠎ᠠ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠬᠤ ᠶᠢᠨ ᠬᠠᠮᠲᠤ ᠲᠥᠷᠥᠯ ᠵᠦᠢᠯ ᠤᠨ ᠪᠠᠯᠠ ᠮᠥᠩᠭᠦ ᠶᠢ ᠬᠡᠷᠡᠭᠯᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠬᠤ ᠵᠡᠷᠭᠡ ᠲᠠᠯ᠎ᠠ ᠶᠢ  ᠣᠨᠴᠠᠭᠠᠶᠢᠯᠠᠨ ᠴᠢᠬᠤᠯᠠᠴᠢᠯᠠᠵᠤ᠂ ᠰᠢᠩ ᠾᠧ ᠰᠢᠶᠠᠨ ᠤ ᠲᠠᠷᠢᠶᠠᠨ ᠭᠠᠵᠠᠷ ᠢ ᠬᠠᠮᠠᠭᠠᠯᠠᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠬᠦ ᠪᠠ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤ ᠴᠢᠩᠭ᠎ᠠ ᠬᠦᠴᠦᠲᠡᠶ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号