ᠪᠥᠬᠦ ᠣᠷᠣᠨ ᠤ ᠮᠠᠯᠴᠢᠨ ᠲᠠᠷᠢᠶᠠᠴᠢᠨ ᠳᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2019/5/5
ᠮᠠᠯᠴᠢᠨ ᠲᠠᠷᠢᠶᠠᠴᠢᠨ ᠨᠠᠶᠢᠵᠠ ᠨᠠᠷ ᠡ᠄      ᠬᠠᠪᠤᠷ ᠤᠨ ᠲᠠᠷᠢᠶᠠᠯᠠᠭ᠎ᠠ ᠶᠢᠨ ᠲᠠᠰᠢᠷᠠᠮ ᠢᠶᠠᠷ᠂ ᠪᠢᠳᠡ ᠥᠷᠭᠡᠨ ᠤᠯᠠᠨ ᠮᠠᠯᠴᠢᠨ ᠲᠠᠷᠢᠶᠠᠴᠢᠨ ᠳᠤ ᠬᠢᠴᠢᠶᠡᠩᠭᠦᠢ ᠪᠠᠷ ᠦᠷ᠎ᠡ ᠰᠣᠩᠭᠤᠵᠤ᠂ ᠰᠠᠶᠢᠨ ᠡᠭᠦᠯᠳᠡᠷ ᠢ ᠰᠣᠩᠭᠤᠵᠤ᠂ ᠰᠡᠷᠭᠡᠶᠢᠯᠡᠨ‌‍ᠬᠢᠵᠠᠭᠠᠷᠯᠠᠬᠤ ᠶᠢ ᠴᠢᠬᠤᠯᠠᠴᠢᠯᠠᠵᠤ᠂ ᠬᠠᠮᠲᠤᠪᠠᠷ ᠴᠢᠷᠮᠠᠶᠢᠵᠤ᠂ ᠥᠪᠡᠷᠰᠡᠳ ᠤᠨ ᠬᠠᠤᠯᠢ ᠶᠣᠰᠣᠨ ᠤ ᠡᠷᠬᠡ ᠠᠰᠢᠭ ᠢᠶᠠᠨ ᠰᠠᠶᠢᠳᠣᠷ ᠬᠠᠮᠠᠭᠠᠯᠠᠬᠤ ᠶᠢ ᠣᠨᠴᠠᠭᠠᠶᠢᠯᠠᠨ ᠰᠠᠨᠠᠭᠤᠯᠤᠶ᠎ᠠ᠃ ᠨᠢᠭᠡ ᠳᠤ᠂ ︽ᠭᠤᠷᠪᠠᠨ ᠡᠷᠬᠡᠪᠰᠢ︾ ᠶᠢ ᠪᠡᠶᠡᠯᠡᠭᠦᠯᠬᠦ ᠬᠡᠷᠡᠭᠲᠡᠶ      ᠡᠷᠬᠡᠪᠰᠢ ᠬᠢᠷᠢ ᠲᠡᠩᠴᠡᠭᠰᠡᠨ ᠡᠭᠦᠳᠡᠨ ᠳᠡᠯᠭᠡᠭᠦᠷ ᠲᠤ ᠣᠴᠢᠵᠤ ᠦᠷ᠎ᠡ ᠬᠤᠳᠠᠯᠳᠤᠨ ᠠᠪᠬᠤ ᠬᠡᠷᠡᠭᠲᠡᠶ᠃ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠲᠠᠢ᠂ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠦᠷ᠎ᠡ ᠬᠤᠳᠠᠯᠳᠤᠬᠤ ᠡᠭᠦᠳᠡᠨ ᠳᠡᠯᠭᠡᠭᠦᠷ ᠠᠴᠠ ᠦᠷ᠎ᠡ ᠬᠤᠳᠠᠯᠳᠤᠨ ᠠᠪᠬᠤ ᠬᠡᠷᠡᠭᠲᠡᠶ᠃ ᠬᠡᠷᠪᠡ ᠬᠤᠬᠢᠷᠠᠯ ᠤᠴᠠᠷᠠᠪᠠᠯ ᠲᠦᠯᠦᠪᠦᠷᠢᠯᠡᠬᠦ ᠪᠠᠲᠤᠯᠠᠭ᠎ᠠ ᠲᠠᠢ᠃      ᠡᠷᠬᠡᠪᠰᠢ ᠲᠤᠬᠠᠶ ᠶᠢᠨ ᠭᠠᠵᠠᠷ ᠣᠷᠤᠨ ᠳᠤ ᠲᠠᠷᠢᠬᠤ ᠳᠤ ᠲᠣᠬᠢᠷᠠᠬᠤ ᠡᠭᠦᠯᠳᠡᠷ ᠢ ᠰᠣᠩᠭᠤᠨ ᠬᠤᠳᠠᠯᠳᠤᠨ ᠠᠪᠬᠤ ᠬᠡᠷᠡᠭᠲᠡᠶ᠃ ᠲᠠᠷᠢᠮᠠᠯ ᠤᠨ ᠲᠥᠷᠥᠯ ᠵᠦᠢᠯ ᠨᠢᠭᠡᠪᠦᠷᠢ ᠳᠤ ᠴᠥᠮ ᠣᠨᠴᠠ ᠲᠣᠭᠲᠠᠭᠰᠠᠨ ᠲᠠᠷᠢᠶᠠᠯᠠᠬᠤ ᠳᠤ ᠲᠣᠬᠢᠷᠠᠮᠵᠢᠲᠠᠶ ᠣᠷᠣᠨ ᠬᠡᠪᠴᠢᠶ᠎ᠡ ᠲᠠᠢ ᠪᠠᠶᠢᠳᠠᠭ᠂ ᠬᠡᠷᠪᠡ ᠰᠣᠬᠤᠷ ᠪᠠᠯᠠᠶ ᠪᠠᠷ ᠲᠠᠷᠢᠪᠠᠯ ᠬᠤᠷᠢᠶᠠᠯᠲᠠ ᠦᠭᠡᠢ ᠪᠣᠯᠵᠤ ᠮᠡᠳᠡᠨ᠎ᠡ᠃ ᠪᠣᠭᠤᠳᠠᠯ ᠪᠠᠭᠯᠠᠭ᠎ᠠ ᠶᠢᠨ ᠱᠣᠰᠢᠭ᠎ᠠ ᠲᠡᠮᠳᠡᠭ ᠢ ᠬᠢᠨᠠᠮᠠᠭᠠᠢ ᠦᠵᠡᠬᠦ ᠪᠠ ᠡᠵᠡᠩᠨᠡᠭᠴᠢ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠪᠠᠷ ᠳᠠᠮᠵᠢᠨ᠂ ᠬᠤᠳᠠᠯᠳᠤᠨ ᠠᠪᠤᠭᠰᠠᠨ ᠲᠠᠷᠢᠮᠠᠯ ᠤᠨ ᠲᠥᠷᠥᠯ ᠵᠦᠢᠯ ᠤᠨ ᠲᠤᠬᠠᠢ ᠶᠢᠨ ᠭᠠᠵᠠᠷ ᠣᠷᠤᠨ ᠳᠤ ᠳᠠᠷᠢᠬᠤ ᠳᠤ ᠲᠣᠬᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠡᠷᠬᠡᠪᠰᠢ ᠱᠤᠰᠢᠭ᠎ᠠ ᠲᠡᠮᠳᠡᠭ ᠢ ᠢᠯᠭᠠᠨ ᠲᠠᠨᠢᠵᠤ ᠭᠡᠷᠡᠴᠢ ᠪᠠᠷᠢᠮᠲᠠ ᠦᠯᠡᠳᠡᠭᠡᠬᠦ ᠬᠡᠷᠡᠭᠲᠡᠶ᠃ ᠦᠷ᠎ᠡ ᠬᠤᠳᠠᠯᠳᠤᠨ ᠠᠪᠬᠤ ᠳᠠᠭᠠᠨ ᠬᠢᠨᠠᠨ ᠲᠣᠭᠲᠠᠭᠠᠵᠤ ᠳᠠᠩᠰᠠᠭᠤᠯᠤᠭᠰᠠᠨ ᠳ᠋ᠤᠭᠠᠷᠯᠠᠯ ᠲᠠᠢ ᠲᠠᠷᠢᠮᠠᠯ ᠤᠨ ᠡᠭᠦᠯᠳᠡᠷ ᠢ ᠰᠣᠩᠭᠤᠵᠤ᠂ ᠦᠢᠯᠡᠳᠪᠥᠷᠢᠯᠡᠭᠴᠢ ᠪᠠ  ᠡᠵᠡᠩᠨᠡᠭᠴᠢ ᠵᠡᠷᠭᠡ ᠶᠢᠨ ᠮᠡᠳᠡᠭᠡ ᠵᠠᠩᠭᠢ ᠶᠢ ᠢᠯᠭᠠᠨ ᠲᠠᠨᠢᠵᠤ᠂ ᠪᠣᠷᠣᠯᠠᠭᠤᠯᠬᠤ ᠡᠷᠬᠡ ᠶᠢᠨ ᠭᠡᠷᠡᠴᠢ ᠲᠡᠮᠳᠡᠭ ᠢ ᠨᠢ ᠦᠵᠡᠵᠦ᠂ ᠪᠠᠭ᠎ᠠ ᠬᠡᠮᠵᠢᠶᠡᠨ ᠤ ᠦᠷ᠎ᠡ᠂ ᠪᠣᠭᠤᠳᠠᠯ ᠪᠠᠭᠯᠠᠭ᠎ᠠ ᠶᠢᠨ ᠡᠳ᠋᠂ ᠱᠣᠰᠢᠭ᠎ᠠ ᠲᠡᠮᠳᠡᠭ ᠵᠡᠷᠭᠡ ᠶᠢ ᠲᠣᠬᠢᠲᠠᠶ ᠬᠠᠳᠠᠭᠠᠯᠠᠵᠤ᠂ ᠶᠠᠰᠤ ᠴᠢᠨᠠᠷ ᠤᠨ ᠠᠰᠠᠭᠤᠳᠠᠯ ᠭᠠᠷᠪᠠᠯ ᠲᠥᠯᠥᠪᠦᠷᠢ ᠠᠪᠬᠤ ᠭᠡᠷᠡᠴᠢ ᠪᠠᠷᠢᠮᠲᠠ ᠪᠣᠯᠭᠠᠬᠤ ᠬᠡᠷᠡᠭᠲᠡᠶ᠂ ᠭᠠᠷ ᠢᠶᠠᠷ ᠪᠢᠴᠢᠭᠰᠡᠨ ᠪᠠᠷᠢᠮᠲᠠ ᠪᠤᠶᠤ ᠬᠦᠯᠢᠶᠡᠨ ᠠᠪᠤᠭᠰᠠᠨ ᠪᠠᠷᠢᠮᠲᠠ ᠶᠢ ᠠᠪᠴᠤ ᠪᠣᠯᠬᠤ ᠦᠭᠡᠢ᠃ ᠶᠠᠭᠠᠬᠢᠭᠰᠠᠨ ᠴᠤ ᠪᠣᠭᠤᠳᠠᠯ ᠪᠠᠭᠯᠠᠭ᠎ᠠ ᠥᠬᠡᠶ᠂ ᠱᠣᠰᠢᠭ᠎ᠠ ᠲᠡᠮᠲᠡᠭ ᠥᠬᠡᠶ ᠪᠠ ᠡᠭᠦᠯᠳᠡᠷ ᠤᠨ ᠨᠡᠷᠡᠶᠢᠳᠦᠯ ᠥᠬᠡᠶ ᠦᠷ᠎ᠡ ᠶᠢ ᠬᠤᠳᠠᠯᠳᠤᠨ ᠠᠪᠬᠤ ᠪᠠ ᠰᠣᠯᠢᠵᠤ ᠪᠣᠯᠬᠤ ᠥᠬᠡᠶ᠃ ᠬᠤᠶᠠᠷ ᠲᠤ᠂ ᠰᠡᠷᠭᠡᠶᠢᠯᠡᠨ ᠬᠢᠵᠠᠭᠠᠷᠯᠠᠬᠤ ᠶᠢ ᠴᠢᠬᠤᠯᠠᠴᠢᠯᠠᠨ᠎ᠠ      ᠣᠳᠣᠬᠠᠨ ᠳᠤ᠂ ᠤᠯᠤᠰ ᠠᠴᠠ ᠶᠠᠮᠠᠷᠪᠠ ᠭᠧᠨ ᠰᠢᠯᠵᠢᠭᠦᠯᠦᠭᠰᠡᠨ ᠡᠷᠳᠡᠨᠢ ᠰᠢᠰᠢ᠂ ᠰᠢᠷ᠎ᠠ ᠪᠤᠷᠴᠠᠭ᠂ ᠰᠢᠮᠡᠯᠳᠡᠭ ᠤᠨ ᠲᠥᠷᠥᠯ ᠵᠦᠢᠯ ᠢ ᠲᠠᠷᠢᠮᠠᠯ ᠳᠤ ᠬᠡᠷᠡᠭᠯᠡᠬᠦ ᠶᠢ ᠬᠢᠨᠠᠨ ᠵᠥᠪᠰᠢᠶᠡᠷᠡᠭᠡᠳᠦᠶ ᠪᠠᠶᠢᠭᠰᠠᠭᠠᠷ᠃ ᠠᠯᠢᠪᠠ ︽ᠭᠧᠨ ᠰᠢᠯᠵᠢᠭᠦᠯᠦᠭᠰᠡᠨ ᠪᠦᠷᠢᠯᠳᠦᠬᠦᠨ︾ ᠲᠠᠢ ᠡᠷᠳᠡᠨᠢ ᠰᠢᠰᠢ᠂ ᠰᠢᠷ᠎ᠠ ᠪᠤᠷᠴᠠᠭ᠂ ᠰᠢᠮᠡᠯᠳᠡᠭ ᠤᠨ ᠦᠷ᠎ᠡ ᠪᠣᠯ ᠴᠥᠮ ᠬᠠᠤᠯᠢ ᠪᠤᠰᠤ ᠦᠷ᠎ᠡ ᠮᠥᠨ᠃ ᠭᠧᠨ ᠰᠢᠯᠵᠢᠭᠦᠯᠦᠭᠰᠡᠨ ᠲᠠᠷᠢᠮᠠᠯ ᠲᠠᠷᠢᠬᠤ ᠪᠣᠯ ᠬᠠᠤᠯᠢ ᠶᠢ ᠵᠦᠷᠢᠴᠡᠭᠰᠡᠨ ᠦᠢᠯᠡᠳᠪᠦᠷᠢᠯᠡᠯ ᠤᠨ ᠦᠢᠯᠡ ᠠᠵᠢᠯᠯᠠᠭ᠎ᠠ ᠮᠥᠨ᠂ ᠮᠡᠳᠡᠭᠰᠡᠨ ᠤ ᠲᠠᠷᠠᠭ᠎ᠠ ᠬᠠᠤᠯᠢ ᠶᠣᠰᠣᠭᠠᠷ ᠠᠷᠢᠯᠭᠠᠵᠤ ᠬᠠᠶᠠᠨ᠎ᠠ᠂ ᠬᠡᠮᠵᠢᠶ᠎ᠡ ᠨᠢ ᠬᠦᠨᠳᠦ ᠨᠣᠴᠢᠲᠠᠶ ᠪᠤᠯᠪᠠᠯ ᠬᠠᠮᠢᠶ᠎ᠠ ᠪᠦᠬᠦᠢ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠪᠤᠯᠵᠦ ᠮᠡᠳᠡᠨ᠎ᠡ᠃ ᠣᠯᠠᠨ ᠢᠶᠠᠷ ᠢᠶᠠᠨ ᠡᠷᠬᠡᠪᠰᠢ ᠬᠠᠤᠯᠢ ᠪᠤᠰᠤ ᠭᠧᠨ ᠰᠢᠯᠵᠢᠭᠦᠯᠦᠭᠰᠡᠨ ᠦᠷ᠎ᠡ ᠶᠢ ᠤᠬᠠᠮᠰᠠᠷ ᠠᠴᠠ ᠪᠠᠨ ᠬᠤᠷᠢᠭᠯᠠᠵᠤ᠂ ᠬᠠᠤᠯᠢ ᠠᠴᠠ ᠵᠦᠷᠢᠴᠡᠨ ᠲᠠᠷᠢᠵᠤ ᠬᠤᠬᠢᠷᠠᠯ ᠤᠴᠠᠷᠠᠬᠤ ᠠᠴᠠ ᠵᠠᠶᠢᠯᠠᠰᠬᠢᠬᠦ ᠬᠡᠷᠡᠭᠲᠡᠢ᠃ ᠭᠤᠷᠪᠠ ᠳᠤ᠂ ᠬᠠᠮᠲᠤ ᠪᠠᠷ ᠴᠢᠷᠮᠠᠶᠢᠬᠤ ᠬᠡᠷᠡᠭᠲᠡᠶ      ᠠᠶᠢᠯ ᠲᠣᠰᠬᠤᠨ ᠢᠶᠠᠷ ᠡᠷᠦᠬᠡ ᠳᠠᠷᠠᠭᠠᠯᠠᠨ ᠦᠷ᠎ᠡ ᠬᠤᠳᠠᠯᠳᠤᠨ ᠪᠣᠷᠣᠯᠠᠭᠤᠯᠤᠭᠰᠠᠨ᠂ ᠪᠤᠭᠤᠳᠠᠯ ᠪᠠᠭᠯᠠᠭ᠎ᠠ ᠦᠭᠡᠢ ᠦᠷ᠎ᠡ ᠪᠣᠷᠣᠯᠠᠭᠤᠯᠤᠭᠰᠠᠨ᠂ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠥᠬᠡᠶ ᠡᠭᠦᠯᠳᠡᠷ ᠤᠨ ᠦᠷ᠎ᠡ ᠪᠣᠷᠣᠯᠠᠭᠤᠯᠤᠭᠰᠠᠨ ᠪᠠ ᠭᠧᠨ ᠰᠢᠯᠵᠢᠭᠦᠯᠦᠭᠰᠡᠨ ᠦᠷ᠎ᠡ ᠶᠢ ᠦᠢᠯᠡᠳᠪᠦᠷᠢᠯᠡᠵᠦ ᠡᠵᠡᠩᠨᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠳᠠᠷᠤᠢ ᠳᠤᠨᠢ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ᠦᠷ᠎ᠡ ᠶᠢᠨ ᠵᠠᠬ᠎ᠠ ᠳᠡᠯᠭᠡᠭᠦᠷ ᠢ ᠬᠠᠮᠲᠤᠪᠠᠷ ᠴᠡᠪᠡᠷᠰᠢᠭᠦᠯᠵᠦ᠂ ᠮᠠᠯᠴᠢᠨ ᠲᠠᠷᠢᠶᠠᠴᠢᠨ ᠤ ᠠᠮᠤᠷ ᠲᠦᠪᠰᠢᠨ ᠦᠷ᠎ᠡ ᠬᠡᠷᠡᠭᠯᠡᠬᠦ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠲᠤᠪᠠᠷ ᠬᠠᠮᠠᠭᠠᠯᠠᠬᠤ ᠬᠡᠷᠡᠭᠲᠡᠶ᠃      ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠵᠤ ᠦᠷ᠎ᠡ ᠬᠤᠳᠠᠯᠳᠤᠨ ᠠᠪᠬᠤ      ᠲᠠᠷᠢᠶᠠᠯᠠᠩ ᠪᠣᠯ ᠦᠨᠳᠦᠰᠦ᠂ ᠦᠷ᠎ᠡ ᠨᠢ ᠲᠡᠷᠢᠭᠦᠨ ᠳᠤ ᠪᠠᠶᠢᠷᠢᠯᠠᠵᠤ᠂ ᠬᠢᠷᠢ ᠲᠡᠩᠴᠡᠭᠰᠡᠨ ᠳᠡᠯᠭᠡᠭᠦᠷ ᠠᠴᠠ ᠰᠢᠯᠢᠳᠡᠭ ᠡᠭᠦᠯᠳᠡᠷ ᠢ ᠰᠤᠩᠭᠤᠨ᠂ ᠱᠤᠰᠢᠭ᠎ᠠ ᠲᠡᠮᠳᠡᠭ ᠢ ᠦᠵᠡᠵᠦ᠂ ᠨᠠᠷᠢᠨ ᠨᠢᠮᠪᠠᠶ᠂ ᠣᠯᠠᠨᠲᠠ ᠬᠠᠷᠢᠴᠠᠭᠤᠯᠵᠤ᠂ ᠮᠡᠬᠡᠯᠡᠭᠳᠡᠬᠦ ᠠᠴᠠ ᠰᠡᠷᠭᠡᠶᠢᠯᠡᠨ᠎ᠡ᠂ ᠭᠡᠷᠡᠴᠢ ᠪᠠᠷᠢᠮᠲᠠ ᠠᠪᠴᠦ᠂ ᠦᠯᠢᠭᠡᠷ ᠡᠳ᠋ ᠦᠯᠡᠳᠡᠭᠡᠵᠦ᠂ ᠰᠡᠳᠬᠢᠯ ᠠᠮᠠᠷ ᠲᠠᠷᠢᠵᠤ᠂ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号