【ᠪᠠᠶᠢᠭᠠᠯᠢ ᠶᠢᠨ ᠡᠬᠢ ᠪᠠᠶᠠᠯᠢᠭ】2018 ᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠳᠠᠯ
ᠨᠡᠶᠢᠲᠡᠯᠡᠭᠰᠡᠨ ᠴᠠᠭ᠄
2019/8/20
     2018 ᠣᠨ ᠳᠤ ᠪᠥᠬᠦ ᠣᠷᠣᠨ ᠤ ᠲᠠᠷᠢᠮᠠᠯ ᠤᠨ ᠶᠡᠷᠦᠩᠬᠡᠶ ᠲᠠᠷᠢᠶᠠᠯᠠᠭ᠎ᠠ ᠶᠢᠨ ᠲᠠᠯᠠᠪᠠᠢ 882.4 ᠲᠦᠮᠡᠨ ᠾᠧᠺᠲ᠋ᠠᠷ ᠬᠦᠷᠴᠦ᠂ ᠳᠡᠭᠡᠷ᠎ᠡ ᠵᠢᠯ ᠤᠨ ᠬᠢ ᠠᠴᠠ 2.1% ᠪᠠᠷ ᠪᠠᠭᠤᠷᠠᠪᠠ᠃ ᠡᠭᠦᠨ ᠤ ᠳᠣᠲᠣᠷ᠎ᠠ ᠠᠮᠤ ᠪᠤᠳᠠᠭᠠᠨ  ᠤ ᠲᠠᠷᠢᠮᠠᠯ ᠤᠨ ᠲᠠᠷᠢᠶᠠᠯᠠᠭ᠎ᠠ ᠶᠢᠨ ᠲᠠᠯᠠᠪᠠᠢ 679.0 ᠲᠦᠮᠡᠨ ᠾᠧᠺᠲ᠋ᠠᠷ ᠲᠤ ᠬᠦᠷᠴᠦ᠂ 0.1 % ᠪᠠᠷ ᠨᠡᠮᠡᠭᠳᠡᠪᠡ᠃ ᠠᠵᠤ ᠠᠬᠤᠢ ᠶᠢᠨ ᠲᠠᠷᠢᠮᠠᠯ ᠤᠨ ᠲᠠᠷᠢᠶᠠᠯᠠᠭ᠎ᠠ ᠶᠢᠨ ᠲᠠᠯᠠᠪᠠᠢ ᠨᠢ 203.4 ᠲᠦᠮᠡᠨ ᠾᠧᠺᠲ᠋ᠠᠷ ᠪᠠᠶᠢᠵᠤ᠂ 8.9% ᠪᠠᠷ ᠪᠠᠭᠤᠷᠠᠪᠠ᠃ ᠠᠮᠤ ᠪᠤᠳᠠᠭᠠᠨ ᠤ ᠶᠡᠷᠦᠩᠬᠡᠶ ᠤᠨᠠᠯᠲᠠ 3553.3 ᠲᠦᠮᠡᠨ ᠲᠣᠨ ᠳᠤ ᠬᠦᠷᠴᠦ᠂  ᠳᠡᠭᠡᠷ᠎ᠡ ᠵᠢᠯ ᠤᠨ ᠬᠢ ᠠᠴᠠ 9.2% ᠢᠶᠠᠷ ᠨᠡᠮᠡᠭᠳᠡᠪᠡ᠃ ᠲᠣᠰᠣᠯᠢᠭ ᠲᠠᠷᠢᠮᠠᠯ ᠤᠨ ᠤᠨᠠᠯᠲᠠ 201.5 ᠲᠦᠮᠡᠨ ᠲᠣᠨ ᠳᠤ ᠬᠦᠷᠴᠦ᠂ 16.3% ᠪᠠᠷ ᠪᠠᠭᠤᠷᠠᠪᠠ᠃ ᠰᠢᠬᠢᠷ ᠮᠠᠨᠵᠢᠨ ᠤ ᠤᠨᠠᠯᠲᠠ 515.9 ᠲᠦᠮᠡᠨ ᠲᠣᠨ ᠳᠤ ᠬᠦᠷᠴᠦ᠂ 49.8 % ᠪᠠᠷ ᠨᠡᠮᠡᠭᠳᠡᠪᠡ᠃ ᠢᠳᠡᠰᠢᠨ ᠨᠣᠭᠤᠭ᠎ᠠ ᠶᠢᠨ ᠤᠨᠠᠯᠲᠠ 1006.5 ᠲᠦᠮᠡᠨ ᠲᠣᠨ ᠳᠤ ᠬᠦᠷᠴᠦ᠂ 9.4% ᠪᠠᠷ ᠪᠠᠭᠤᠷᠠᠪᠠ᠃ ᠵᠢᠮᠢᠰ ︵ᠵᠢᠮᠢᠰ ᠢᠶᠠᠷ ᠬᠡᠷᠡᠭᠯᠡᠬᠦ ᠭᠤᠸᠠ ᠪᠠᠭᠲᠠᠨ᠎ᠠ︶  ᠤᠨ ᠤᠨᠠᠯᠲᠠ 215.5 ᠲᠦᠮᠡᠨ ᠲᠣᠨ ᠳᠤ ᠬᠦᠷᠴᠦ᠂ 15.8 % ᠪᠠᠷ ᠪᠠᠭᠤᠷᠠᠪᠠ᠃      2018 ᠣᠨ ᠤ ᠪᠥᠬᠦ ᠣᠷᠣᠨ ᠤ ᠮᠢᠬᠠᠨ ᠤ ᠲᠦᠷᠦᠯ ᠤᠨ ᠶᠡᠷᠦᠩᠬᠡᠶ ᠭᠠᠷᠤᠯᠲᠠ 267.2 ᠲᠦᠮᠡᠨ ᠲᠣᠨ  ᠳᠤ ᠬᠦᠷᠴᠦ᠂ ᠳᠡᠭᠡᠷ᠎ᠡ ᠵᠢᠯ ᠤᠨ ᠬᠢ ᠠᠴᠠ 0.8 % ᠪᠠᠷ ᠨᠡᠮᠡᠭᠳᠡᠪᠡ᠃ ᠡᠭᠦᠨ ᠳᠤ᠂ ᠭᠠᠭ᠋ᠠᠶ ᠶᠢᠨ ᠮᠢᠬᠠᠨ ᠤ ᠭᠠᠷᠤᠯᠲᠠ 71.8 ᠲᠦᠮᠡᠨ ᠲᠣᠨ ᠳᠤ ᠬᠦᠷᠴᠦ᠂ 2.3% ᠪᠠᠷ ᠪᠠᠭᠤᠷᠠᠵᠤ᠂ ᠦᠬᠡᠷ ᠤᠨ ᠮᠢᠬᠠᠨ ᠤ ᠭᠠᠷᠤᠯᠲᠠ 61.4 ᠲᠦᠮᠡᠨ ᠲᠣᠨ ᠳᠤ ᠬᠦᠷᠴᠦ᠂ 3.3% ᠪᠠᠷ ᠨᠡᠮᠡᠭᠳᠡᠪᠡ᠃ ᠬᠤᠨᠢᠨ ᠮᠢᠬᠠᠨ ᠤ ᠭᠠᠷᠤᠯᠲᠠ 106.3 ᠲᠦᠮᠡᠨ ᠲᠣᠨ ᠳᠤ ᠬᠦᠷᠴᠦ᠂ 2.1% ᠪᠠᠷ ᠨᠡᠮᠡᠭᠳᠡᠵᠦ᠂ ᠵᠢᠭᠦᠷᠲᠡᠨ ᠤ ᠮᠢᠬᠠᠨ ᠤ ᠭᠠᠷᠤᠯᠲᠠ 19.7 ᠲᠦᠮᠡᠨ ᠲᠣᠨ ᠳᠤ ᠬᠦᠷᠴᠦ᠂ 2.0% ᠢᠶᠠᠷ ᠪᠠᠭᠤᠷᠠᠪᠠ᠃ ᠵᠢᠭᠦᠷᠲᠡᠨ ᠤ ᠥᠨᠳᠡᠭᠡ ᠶᠢᠨ ᠭᠠᠷᠤᠯᠲᠠ 55.2 ᠲᠦᠮᠡᠨ ᠲᠣᠨ  ᠳᠤ ᠬᠦᠷᠴᠦ᠂ 3.7% ᠪᠠᠷ ᠨᠡᠮᠡᠭᠳᠡᠵᠦ᠂ ᠦᠨᠢᠶᠡᠨ ᠰᠦ ᠶᠢᠨ ᠭᠠᠷᠤᠯᠲᠠ 565.6 ᠲᠦᠮᠡᠨ ᠲᠣᠨ ᠳᠤ ᠬᠦᠷᠴᠦ᠂ 2.3% ᠪᠠᠷ ᠨᠡᠮᠡᠭᠳᠡᠪᠡ᠃ ᠵᠢᠯ ᠤᠨ ᠡᠴᠦᠰ ᠤᠨ ᠮᠠᠯ ᠤᠨ ᠵᠣᠭᠰᠤᠭ᠎ᠠ ᠲᠤᠭ᠎ᠠ 7277.9 ᠲᠦᠮᠡᠨ ᠲᠣᠯᠣᠭᠠᠢ  ᠳᠤ ᠬᠦᠷᠴᠦ᠂ ᠳᠡᠭᠡᠷ᠎ᠡ ᠵᠢᠯ ᠤᠨ ᠬᠢ ᠠᠴᠠ 2.2% ᠢᠶᠠᠷ ᠪᠠᠭᠤᠷᠠᠪᠠ᠃ ᠡᠭᠦᠨ ᠳᠤ ᠠᠮᠢᠳᠤ ᠭᠠᠭ᠋ᠠᠶ ᠶᠢᠨ ᠵᠣᠭᠰᠤᠭ᠎ᠠ ᠲᠤᠭ᠎ᠠ 497.3 ᠲᠦᠮᠡᠨ ᠲᠤᠭ᠎ᠠ ᠲᠣᠯᠤᠭᠠᠢ ᠳᠤ ᠬᠦᠷᠴᠦ᠂ 1.6% ᠪᠠᠷ ᠪᠠᠭᠤᠷᠠᠪᠠ᠃ ᠦᠬᠡᠷ ᠤᠨ ᠵᠣᠭᠰᠤᠭ᠎ᠠ ᠲᠤᠭ᠎ᠠ 616.2 ᠲᠦᠮᠡᠨ ᠲᠣᠯᠣᠭᠠᠢ ᠳᠤ ᠬᠦᠷᠴᠦ᠂ 6.1% ᠪᠠᠷ ᠪᠠᠭᠤᠷᠠᠪᠠ᠃ ᠬᠤᠨᠢ ᠶᠢᠨ ᠵᠤᠭᠰᠤᠭ᠎ᠠ ᠲᠤᠭ᠎ᠠ 6001.9 ᠲᠦᠮᠡᠨ ᠲᠣᠯᠤᠭᠠᠢ ᠳᠤ ᠬᠦᠷᠴᠦ᠂ 1.8 % ᠪᠠᠷ ᠪᠠᠭᠤᠷᠠᠪᠠ᠃      2018 ᠣᠨ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠶᠡᠷᠦᠩᠬᠡᠶ ᠬᠥᠳᠡᠯᠭᠡᠬᠦ ᠬᠦᠴᠦᠨ 3663.7 ᠲᠦᠮᠡᠨ ᠺᠢᠯᠣᠸᠠᠲ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.2% ᠢᠶᠠᠷ ᠨᠡᠮᠡᠭᠳᠡᠪᠡ᠃ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ 84% ᠳᠤ ᠬᠦᠷᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号