【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ  ᠪᠠᠷᠢᠮᠲᠠ ᠶᠢᠨ ᠭᠦᠶᠴᠡᠳᠬᠡᠯ ᠲᠤᠭ᠎ᠠ — ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ
ᠨᠡᠶᠢᠲᠡᠯᠡᠭᠰᠡᠨ ᠴᠠᠭ᠄
2019/8/21
      ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠦᠬᠦ ᠵᠢᠯ ᠳᠤ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠥᠷᠥᠬᠦᠦ ᠵᠢᠯ ᠤᠨ  ᠬᠢ ᠠᠴᠠ 27.3% ᠪᠠᠷ ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ‌ᠨᠢ 27.8% ᠪᠠᠷ ᠪᠠᠭᠤᠷᠠᠪᠠ᠃ ᠠᠷᠠᠳ ᠤᠨ ᠪᠡᠯᠡ ᠣᠷᠣᠭᠤᠯᠤᠯᠲᠠ ᠲᠥᠷᠥᠬᠦᠦ ᠵᠢᠯ ᠤᠨ ᠬᠢ ᠠᠴᠠ 17.4% ᠪᠠᠷ ᠪᠠᠭᠤᠷᠠᠵᠤ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 50.6% ᠳᠤ ᠬᠦᠷᠴᠡᠶ᠃ ᠭᠤᠷᠪᠠ ᠤᠳᠠᠭᠠᠨ ᠤ ᠠᠵᠤ ᠦᠢᠯᠡᠰ ᠤᠨ ᠪᠠᠯᠠ ᠣᠷᠣᠭᠤᠯᠤᠯᠲᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 24.5% ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 19.6%  ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 31.6% ᠪᠠᠷ ᠪᠠᠭᠤᠷᠠᠪᠠ᠃ ᠲᠦᠷᠦᠯ ᠵᠦᠢᠯ ᠤᠨ ᠬᠠᠷᠢᠶᠠᠯᠠᠭᠳᠠᠬᠤ ᠬᠠᠷᠢᠴᠠᠭ᠎ᠠ ᠪᠠᠷ ᠬᠤᠪᠢᠶᠠᠪᠠᠯ᠂ ᠣᠷᠣᠨ ᠨᠤᠲᠤᠭ ᠤᠨ ᠲᠦᠷᠦᠯ ᠵᠦᠢᠯ ᠤᠨ ᠪᠡᠯᠡ ᠣᠷᠣᠭᠤᠯᠤᠯᠲᠠ 28.8% ᠪᠠᠷ ᠪᠠᠭᠤᠷᠠᠵᠤ᠂ ᠲᠥᠪ ᠤᠨ ᠲᠦᠷᠦᠯ ᠵᠦᠢᠯ ᠤᠨ ᠪᠡᠯᠡ ᠣᠷᠣᠭᠤᠯᠤᠯᠲᠠ 1.3% ᠪᠠᠷ ᠨᠡᠮᠡᠭᠳᠡᠪᠡ᠃      ᠪᠦᠬᠦ ᠵᠢᠯ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ 882.9 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 0.8% ᠪᠠᠷ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠢ 2007.7 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2.9% ᠪᠠᠷ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ 1113.9 ᠳ᠋ᠦᠩᠰᠢᠭᠤᠷ ᠲᠥᠭᠦᠷᠢᠭ᠂ 16.4% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号