ᠨᠢᠭᠡ᠂ ᠲᠠᠷᠢᠮᠠᠯ ᠤᠨ ᠡᠬᠢ ᠪᠠᠶᠠᠯᠢᠭ ᠵᠢᠴᠢ ᠪᠠᠶᠢᠭᠠᠯᠢ ᠶᠢᠨ ᠭᠠᠮᠰᠢᠭ ᠤᠨ ᠪᠠᠶᠢᠳᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠭᠠᠵᠠᠷ ᠰᠢᠷᠣᠶ ᠶᠢᠨ ᠡᠬᠢ ᠪᠠᠶᠠᠯᠢᠭ ᠡᠯᠪᠡᠭ᠂ | ᠶᠡᠷᠦᠩᠬᠡᠶ ᠲᠠᠯᠠᠪᠠᠢ ᠨᠢ 118.3 ᠲᠦᠮᠡᠨ ᠲᠡᠭᠰᠢ ᠲᠦᠷᠪᠡᠯᠵᠢᠨ ᠺᠢᠯᠣᠮᠧᠲᠷ ᠪᠠᠶᠢᠵᠤ᠂ ᠡᠨᠡᠬᠦ ᠲᠠᠯᠠᠪᠠᠢ ᠨᠢ ᠬᠥᠷᠰᠢ | ᠵᠡᠷᠭᠡᠯᠡᠳᠡᠭᠡ ᠮᠣᠵᠢ ᠣᠷᠣᠨ ᠲᠠᠢ ᠬᠠᠷᠢᠴᠠᠭᠤᠯᠪᠠᠯ᠄ ᠬᠠᠷᠠᠮᠦ᠋ᠷᠡᠨ ᠮᠤᠵᠢ ᠶᠢᠨ 2.5 ᠳᠠᠬᠢᠨ᠂ ᠯᠢᠶᠣᠤᠨᠢᠩ ᠮᠤᠵᠢ | ᠶᠢᠨ 8.1 ᠳᠠᠬᠢᠨ᠂ ᠪᠡᠭᠡᠵᠢᠩ ᠬᠤᠲᠠ ᠶᠢᠨ 72.0 ᠳᠠᠬᠢᠨ ᠪᠠᠶᠢᠳᠠᠭ᠃ ᠳᠡᠯᠡᠬᠡᠶ ᠶᠢᠨ ᠵᠠᠷᠢᠮ ᠤᠯᠤᠰ ᠲᠠᠢ | ᠬᠠᠷᠢᠴᠠᠭᠤᠯᠪᠠᠯ᠄ ᠶᠠᠫᠣᠨ ᠤ 3.1 ᠳᠠᠬᠢᠨ᠂ ᠹᠷᠠᠨᠼᠢ ᠶᠢᠨ 2.1 ᠳᠠᠬᠢᠨ᠂ ᠢᠲ᠋ᠠᠯᠢ ᠶᠢᠨ 3.9 ᠳᠠᠬᠢᠨ ᠪᠣᠯᠤᠨ᠎ᠠ᠃ | ᠬᠥᠮᠦᠨ ᠪᠦᠷᠢ ᠳᠤ ᠨᠣᠭᠲᠠᠬᠤ ᠳᠤᠮᠳᠠᠴᠢ ᠭᠠᠵᠠᠷ ᠨᠤᠲᠤᠭ ᠨᠢ 73.3 ᠮᠦ ᠪᠠᠶᠢᠵᠤ᠂ ᠪᠦᠬᠦ ᠤᠯᠤᠰ ᠤᠨ ᠲᠤᠮᠳᠠᠴᠢ | ᠲᠤᠭ᠎ᠠ ᠠᠴᠠ 6.8 ᠳᠠᠬᠢᠨ᠃ ᠣᠳᠣ 1.39 ᠳ᠋ᠦᠩᠰᠢᠭᠤᠷ ᠮᠦ ᠲᠠᠷᠢᠶᠠᠨ ᠭᠠᠵᠠᠷ ᠪᠠᠶᠢᠵᠤ᠂ ᠬᠥᠮᠦᠨ ᠪᠦᠷᠢ ᠳᠤ | ᠨᠣᠭᠳᠠᠬᠤ ᠳᠤᠮᠳᠠᠴᠢ ᠲᠠᠷᠢᠶᠠᠨ ᠭᠠᠵᠠᠷ 5.5 ᠮᠦ᠂ ᠪᠥᠬᠦ ᠣᠷᠣᠨ ᠤ ᠪᠦᠲᠦᠮᠵᠢᠲᠡᠶ ᠤᠰᠤᠯᠠᠯᠲᠠ ᠶᠢᠨ ᠲᠠᠯᠠᠪᠠᠢ | 4698 ᠲᠦᠮᠡᠨ ᠮᠦ ᠪᠠᠶᠢᠨ᠎ᠠ᠃ | ᠮᠠᠨ ᠤ ᠣᠷᠣᠨ ᠤ ᠵᠢᠯ ᠤᠨ ᠲᠤᠨᠳᠠᠰᠤᠨ ᠤ ᠬᠡᠮᠵᠢᠶ᠎ᠡ ᠶᠡᠷᠦᠩᠬᠡᠶ ᠳᠡᠭᠡᠨ 50-450 ᠮᠢᠯᠢᠮᠧᠲᠷ ᠪᠠᠶᠢᠵᠤ᠂ | ᠵᠡᠭᠦᠨ ᠠᠴᠠ ᠪᠠᠷᠠᠭᠤᠨᠰᠢ ᠢᠳᠡᠭ ᠢᠳᠡᠭ ᠢᠶᠠᠷ ᠬᠠᠰᠤᠭᠳᠠᠨ᠎ᠠ᠃ ᠬᠥᠯᠥᠨ ᠪᠣᠶᠢᠷ ᠬᠤᠲᠠ ᠶᠢᠨ ᠵᠡᠭᠦᠨ ᠬᠤᠶᠢᠲᠤ | ᠬᠡᠰᠡᠭ ᠲᠤ 450-480 ᠮᠢᠯᠢᠮᠧᠲᠷ ᠪᠠᠶᠢᠵᠤ᠂ ᠲᠤᠨᠳᠠᠰᠤᠨ ᠤ ᠬᠡᠮᠵᠢᠶ᠎ᠡ ᠨᠢ ᠬᠠᠮᠤᠭ ᠠᠷᠪᠢᠨ᠂ ᠠᠯᠠᠱᠠ | ᠠᠶᠢᠮᠠᠭ ᠤᠨ ᠪᠠᠷᠠᠭᠤᠨ ᠬᠡᠰᠡᠭ ᠨᠢ40-100 ᠮᠢᠯᠢᠮᠧᠲᠷ ᠪᠠᠶᠢᠵᠤ᠂ ᠲᠤᠨᠳᠠᠰᠤᠨ ᠤ ᠬᠡᠮᠵᠢᠶ᠎ᠡ ᠨᠢ ᠬᠠᠮᠤᠭ ᠪᠠᠭ᠎ᠠ᠃ | ᠵᠢᠯ ᠤᠨ ᠲᠤᠨᠳᠠᠰᠤᠨ ᠤ ᠬᠡᠮᠵᠢᠶ᠎ᠡ ᠶᠢᠨ ᠲᠠᠷᠬᠠᠯᠲᠠ ᠨᠢ ᠠᠭᠤᠯᠠᠷᠬᠠᠭ ᠣᠷᠣᠨ ᠤ ᠬᠢᠨᠢ ᠲᠠᠯ᠎ᠠ ᠭᠠᠵᠠᠷ ᠪᠤᠶᠤ | ᠥᠨᠳᠦᠷᠯᠢᠭ ᠠᠴᠠ ᠠᠷᠪᠢᠨ ᠪᠠᠶᠢᠵᠤ᠂ ᠠᠭᠤᠯᠠᠨ ᠡᠩᠭᠡᠷ ᠲᠠᠯ᠎ᠠ ᠨᠢ ᠠᠭᠤᠯᠠᠨ ᠠᠷᠤ ᠲᠠᠯ᠎ᠠ ᠠᠴᠠ ᠠᠷᠪᠢᠨ ᠪᠠᠶᠢᠳᠠᠭ᠃ | ᠲᠤᠨᠳᠠᠰᠤᠨ ᠤ ᠬᠡᠮᠵᠢᠶ᠎ᠡ ᠶᠢᠨ ᠤᠯᠠᠷᠢᠯ ᠤᠨ ᠬᠤᠭᠤᠷᠤᠨᠳᠤᠬᠢ ᠬᠤᠪᠢᠷᠠᠯᠲᠠ ᠮᠠᠰᠢ ᠶᠡᠭᠡ᠂ ᠡᠪᠦᠯ ᠬᠠᠪᠤᠷ ᠪᠣᠷᠣᠭᠠᠨ | ᠴᠠᠰᠤ ᠪᠠᠭ᠎ᠠ᠂ ᠬᠠᠪᠤᠷ ᠭᠠᠩ ᠤᠨ ᠪᠠᠶᠢᠳᠠᠯ ᠬᠦᠨᠳᠦ ᠨᠣᠴᠢᠲᠠᠶ᠂ ᠴᠢᠨᠠᠭᠰᠢᠯᠠᠪᠠᠯ ᠵᠠᠷᠢᠮ ᠵᠢᠯ ᠳᠡᠭᠡᠨ ᠬᠠᠪᠤᠷ ᠵᠤᠨ | ᠨᠠᠮᠤᠷ ᠭᠠᠩ ᠦᠷᠭᠦᠯᠵᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠲᠣᠭᠲᠠᠭᠤᠨ ᠪᠤᠰᠤ ᠪᠠᠶᠢᠬᠤ | ᠶᠢᠨ ᠴᠢᠬᠤᠯᠠ ᠰᠢᠯᠲᠠᠭᠠᠨ ᠪᠤᠯᠳᠠᠭ᠃ ᠲᠤᠨᠳᠠᠰᠤ ᠬᠠᠮᠤᠭ ᠲᠥᠪᠯᠡᠷᠡᠭᠰᠡᠨ ᠰᠠᠷ᠎ᠠ ᠨᠢ 6-8 ᠰᠠᠷ᠎ᠠ ᠪᠠᠶᠢᠵᠤ᠂ | ᠪᠦᠬᠦ ᠵᠢᠯ ᠤᠨ 60%-70 % ᠶᠢ ᠡᠵᠡᠯᠡᠵᠦ᠂ ᠬᠠᠪᠤᠷ ᠨᠠᠮᠤᠷ ᠲᠤᠰ ᠪᠦᠷᠢ 15% ᠣᠷᠴᠢᠮ ᠢ ᠡᠵᠡᠯᠡᠵᠦ᠂ | ᠡᠪᠦᠯ ᠤᠨ ᠤᠯᠠᠷᠢᠯ ᠨᠢ ᠵᠥᠪᠬᠡᠨ 1%-3% ᠶᠢ ᠡᠵᠡᠯᠡᠨ᠎ᠡ᠃ ᠪᠣᠷᠣᠭᠠᠨ ᠪᠠ ᠬᠠᠯᠠᠭᠤᠨ ᠠᠳᠠᠯᠢ ᠬᠤᠭᠤᠴᠠᠭᠠᠨ | ᠳᠤ ᠢᠯᠡᠷᠡᠵᠦ᠂ ᠪᠦᠲᠦᠮᠵᠢᠲᠡᠶ ᠪᠤᠷᠤᠭᠠᠨ ᠬᠤᠷ᠎ᠠ ᠠᠷᠪᠢᠨ ᠪᠠᠶᠢᠬᠤ ᠨᠢ ᠲᠠᠷᠢᠶᠠᠯᠠᠩ ᠮᠠᠯ ᠠᠵᠤ ᠠᠬᠤᠢ ᠶᠢᠨ | ᠦᠶᠯᠡᠳᠪᠦᠷᠢᠯᠡᠯ ᠳᠤ ᠠᠰᠢᠭᠲᠠᠢ ᠶᠤᠮ᠃ | ᠮᠠᠨ ᠤ ᠣᠷᠣᠨ ᠤ ᠲᠠᠷᠢᠶᠠᠯᠠᠩ ᠤᠨ ᠭᠠᠮᠰᠢᠭ ᠤᠨ ᠲᠥᠷᠥᠯ ᠵᠦᠶᠯ ᠨᠡᠯᠢᠶᠡᠳ ᠣᠯᠠᠨ᠂ ᠭᠠᠩ ᠬᠠᠭᠰᠠᠷᠠᠭᠠᠨ | ᠪᠣᠯ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠭᠤᠤᠯ ᠪᠣᠯᠬᠤ ᠪᠠᠶᠢᠭᠠᠯᠢ | ᠶᠢᠨ ᠭᠠᠮᠰᠢᠭ ᠪᠣᠯᠤᠨ᠎ᠠ᠂ ᠨᠢᠭᠡ ᠳᠤ᠂ ᠭᠠᠩ ᠬᠠᠭᠰᠠᠷᠠᠭᠠᠨ ᠤ ᠬᠡᠪᠴᠢᠶ᠎ᠡ ᠥᠷᠭᠡᠨ᠂ ᠥᠪᠥᠷ ᠮᠣᠩᠭᠤᠯ ᠤᠨ ᠶᠡᠭᠡ | ᠬᠢᠩᠭᠠᠨ ᠳᠠᠪᠠᠭ᠎ᠠ ᠠᠴᠠ ᠪᠠᠷᠠᠭᠤᠨᠰᠢᠬᠢ ᠪᠠ ᠤᠯᠠᠭᠠᠨᠴᠠᠪ ᠤᠨ ᠥᠷᠭᠡᠨ ᠠᠭᠤᠳᠠᠮ ᠭᠠᠵᠠᠷ ᠣᠷᠣᠨ ᠵᠢᠴᠢ | ᠤᠯᠠᠭᠠᠨᠬᠠᠳᠠ ᠬᠤᠲᠠ᠂ ᠲᠦᠩᠯᠢᠶᠣᠤ ᠬᠤᠲᠠ ᠶᠢᠨ ᠬᠡᠰᠡᠭ ᠭᠠᠵᠠᠷ ᠣᠷᠣᠨ ᠴᠥᠮ ᠭᠠᠩ ᠬᠠᠭᠤᠷᠠᠶ᠂ ᠬᠠᠭᠠᠰ | ᠭᠠᠩ ᠬᠠᠭᠤᠷᠠᠶ ᠭᠠᠵᠠᠷ ᠣᠷᠣᠨ ᠳᠤ ᠬᠠᠷᠢᠶᠠᠯᠠᠭᠳᠠᠨ᠎ᠠ᠃ ᠭᠠᠩ ᠬᠠᠭᠤᠷᠠᠶ ᠵᠢᠴᠢ ᠬᠠᠭᠠᠰ ᠭᠠᠩ ᠬᠠᠭᠤᠷᠠᠶ ᠭᠠᠵᠠᠷ | ᠣᠷᠣᠨ ᠤ ᠲᠠᠯᠠᠪᠠᠢ ᠨᠢ ᠪᠠᠷᠤᠭ ᠪᠦᠬᠦ ᠣᠷᠣᠨ ᠤ ᠶᠡᠷᠦᠩᠬᠡᠶ ᠲᠠᠯᠠᠪᠠᠢ ᠶᠢᠨ 3 / 5 ᠠᠴᠠ ᠳᠡᠭᠡᠭᠰᠢᠬᠢ ᠶᠢ ᠡᠵᠡᠯᠡᠨ᠎ᠡ᠃ | ᠬᠤᠶᠠᠷ ᠲᠤ᠂ ᠭᠠᠩ ᠬᠠᠭᠰᠠᠷᠠᠭᠠᠨ ᠤ ᠲᠣᠬᠢᠶᠠᠯᠳᠤᠮᠵᠢ ᠶᠡᠭᠡ᠂ ᠲᠡᠦᠬᠡᠨ ᠮᠠᠲ᠋ᠧᠷᠢᠶᠠᠯ ᠠᠴᠠ ᠦᠵᠡᠪᠡᠯ᠂ ᠭᠠᠩ | ᠬᠠᠭᠰᠠᠷᠠᠭᠠᠨ ᠲᠠᠢ ᠵᠢᠯ ᠨᠢ 70%-75% ᠶᠢ ᠡᠵᠡᠯᠡᠵᠦ ᠪᠠᠶᠢᠳᠠᠭ᠂ ᠢᠩᠭᠢᠬᠦᠯᠡᠷ ᠨᠢ ︽ᠭᠤᠷᠪᠠᠨ ᠵᠢᠯ ᠤᠨ | ᠬᠤᠶᠠᠷ ᠨᠢ ᠭᠠᠩᠳᠠᠵᠤ᠂ ᠳᠣᠯᠣᠭᠠᠨ ᠵᠢᠯ ᠳᠤ ᠨᠢᠭᠡ ᠶᠡᠭᠡ ᠭᠠᠩᠳᠠᠳᠠᠭ︾᠃ ᠭᠤᠷᠪᠠ ᠳᠤ᠂ ᠭᠠᠩ ᠬᠠᠭᠰᠠᠷᠠᠭᠠᠨ ᠤ | ᠦᠷᠭᠦᠯᠵᠢᠯᠡᠬᠦ ᠴᠠᠭ ᠨᠢ ᠤᠷᠳᠤ᠂ ᠪᠦᠬᠦᠯᠢ ᠵᠢᠯ ᠢᠶᠠᠷ ᠢᠶᠠᠨ ᠭᠠᠩᠳᠠᠬᠤ ᠨᠢ ᠪᠠᠷᠤᠭ ᠪᠦᠬᠦᠶᠢᠯᠡ ᠭᠠᠩ ᠬᠠᠭᠰᠠᠷᠠᠭᠠᠨ | ᠤ ᠵᠢᠯ ᠤᠨ 54 % ᠣᠷᠴᠢᠮ ᠢ ᠡᠵᠡᠯᠡᠵᠦ᠂ ᠬᠤᠶᠠᠷ ᠵᠢᠯ ᠦᠷᠭᠦᠯᠵᠢᠯᠡᠨ ᠭᠠᠩᠳᠠᠬᠤ ᠨᠢ ᠪᠠᠷᠤᠭ | 20%-30% ᠶᠢ ᠡᠵᠡᠯᠡᠵᠦ᠂ ᠭᠤᠷᠪᠠᠨ ᠵᠢᠯ ᠦᠷᠭᠦᠯᠵᠢᠯᠡᠨ ᠭᠠᠩᠳᠠᠬᠤ ᠨᠢ ᠪᠠᠷᠤᠭ 10%-15% ᠶᠢ | ᠡᠵᠡᠯᠡᠵᠦ᠂ ᠬᠠᠮᠤᠭ ᠤᠷᠳᠤ ᠳᠠᠭᠠᠨ 7 ᠵᠢᠯ ᠦᠷᠭᠦᠯᠵᠢᠯᠡᠭᠰᠡᠨ ᠭᠠᠩ ᠪᠣᠯᠵᠤ ᠦᠩᠭᠡᠷᠡᠵᠡᠢ᠃ | ᠶᠡᠭᠡ ᠰᠠᠯᠬᠢ ᠪᠠ ᠡᠯᠡᠰᠦᠨ ᠰᠢᠭᠤᠷᠭ᠎ᠠ ᠨᠢ ᠲᠠᠷᠢᠶᠠᠯᠠᠩ ᠮᠠᠯ ᠠᠵᠤ ᠠᠬᠤᠶ ᠳᠤ ᠬᠤᠤᠷ ᠬᠥᠨᠥᠭᠡᠯ | ᠤᠴᠠᠷᠠᠭᠤᠯᠳᠠᠭ᠂ ᠨᠢᠭᠡ ᠳᠤ᠂ ᠰᠠᠯᠬᠢᠨ ᠤ ᠢᠳᠡᠭᠳᠡᠯ ᠨᠢ ᠥᠩᠭᠡᠨ ᠲᠠᠯ᠎ᠠ ᠶᠢᠨ ᠬᠦᠷᠦᠰᠦ ᠶᠢᠨ ᠡᠯᠡᠰᠦᠷᠬᠡᠭᠵᠢᠯ ᠢ | ᠡᠭᠦᠰᠭᠡᠳᠡᠭ᠃ ᠬᠤᠶᠠᠷ ᠲᠤ᠂ ᠬᠠᠪᠤᠷ ᠤᠨ ᠤᠯᠠᠷᠢᠯ ᠳᠤ ᠶᠡᠭᠡ ᠰᠠᠯᠬᠢ ᠰᠠᠯᠬᠢᠯᠠᠵᠤ᠂ ᠨᠢᠯᠬ᠎ᠠ ᠴᠢᠬᠢ ᠶᠢ ᠡᠯᠡᠰᠦ | ᠮᠠᠩᠬ᠎ᠠ ᠪᠠᠷ ᠳᠠᠷᠤᠵᠤ ᠪᠤᠯᠠᠬᠤ ᠪᠤᠶᠤ ᠦᠨᠳᠦᠰᠦ ᠶᠢ ᠨᠢ ᠢᠯᠡ ᠭᠠᠷᠭᠠᠵᠤ᠂ ᠬᠦᠨᠳᠦ ᠨᠣᠴᠢᠲᠠᠶ ᠥᠶ᠎ᠡ ᠳᠤ ᠦᠷ᠎ᠡ | ᠶᠢ ᠨᠢ ᠦᠯᠢᠶᠡᠨ ᠶᠠᠪᠤᠭᠤᠯᠳᠠᠭ ᠠᠴᠠ ᠪᠣᠯᠵᠤ᠂ ᠦᠷ᠎ᠡ ᠰᠦᠢᠳᠬᠦ᠂ ᠦᠷ᠎ᠡ ᠰᠣᠯᠢᠬᠤ ᠪᠣᠯᠤᠨ᠎ᠠ᠃ ᠭᠤᠷᠪᠠ ᠳᠤ᠂ | ᠶᠡᠭᠡ ᠰᠠᠯᠬᠢ ᠡᠯᠡᠰᠦᠨ ᠳᠣᠪᠣᠴᠠᠭ ᠢ ᠨᠡᠭᠦᠯᠭᠡᠵᠦ᠂ ᠲᠠᠷᠢᠶᠠᠨ ᠭᠠᠵᠠᠷ᠂ ᠬᠠᠳᠤᠯᠠᠩ ᠪᠡᠯᠴᠢᠭᠡᠷ ᠢ ᠪᠤᠯᠠᠨ᠎ᠠ᠃ | ᠬᠢᠷᠠᠭᠤ ᠤᠨᠠᠬᠤ ᠶᠢ ᠡᠭᠦᠰᠦᠭᠰᠡᠨ ᠬᠤᠭᠤᠴᠠᠭ᠎ᠠ ᠪᠠᠷ ᠨᠢ ᠬᠤᠪᠢᠶᠠᠪᠠᠯ᠂ ᠬᠠᠪᠤᠷ ᠤᠨ ᠬᠢᠷᠠᠭᠤ ᠪᠠ ᠨᠠᠮᠤᠷ ᠤᠨ | ᠬᠢᠷᠠᠭᠤ ᠭᠡᠵᠦ ᠬᠤᠪᠢᠶᠠᠳᠠᠭ᠃ ᠥᠪᠥᠷ ᠮᠣᠩᠭᠤᠯ ᠣᠷᠣᠨ ᠳᠤ ᠬᠢᠷᠠᠭᠤ ᠲᠠᠢ ᠡᠳᠦᠷ ᠤᠨ ᠲᠤᠭ᠎ᠠ ᠨᠢ ᠶᠡᠷᠦ ᠳᠡᠭᠡᠨ | 180-275 ᠡᠳᠦᠷ ᠪᠠᠶᠢᠵᠤ᠂ ᠪᠠᠷᠠᠭᠤᠨ ᠠᠴᠠ ᠵᠡᠭᠦᠨᠰᠢ ᠨᠡᠮᠡᠭᠳᠡᠳᠡᠭ᠃ ᠥᠪᠥᠷ ᠮᠣᠩᠭᠤᠯ ᠤᠨ ᠬᠢᠷᠠᠭᠤ ᠤᠨᠠᠬᠤ | ᠶᠢᠨ ᠣᠨᠴᠠᠯᠢᠭ ᠨᠢ᠄ ① ᠨᠠᠮᠤᠷ ᠤᠨ ᠬᠢᠷᠠᠭᠤ ᠤᠨᠠᠬᠤ ᠠᠴᠠ ᠪᠣᠯᠤᠭᠰᠠᠨ ᠬᠤᠬᠢᠷᠠᠯ ᠨᠢ ᠬᠠᠪᠤᠷ ᠤᠨ ᠠᠴᠠ ᠶᠡᠭᠡ | ② ᠲᠡᠭᠰᠢ ᠤᠷᠤᠰᠬᠠᠯ ᠤᠨ ᠬᠢᠷᠠᠭᠤ ᠤᠨᠠᠬᠤ ᠨᠢ ᠬᠠᠮᠤᠭ ᠤᠨ ᠬᠦᠨᠳᠦ ᠨᠣᠴᠢᠲᠠᠶ③ ︽ᠬᠠᠷ᠎ᠠ ᠬᠢᠷᠠᠭᠤ︾ ᠶᠢᠨ | ᠬᠤᠤᠷ ᠬᠥᠨᠥᠭᠡᠯ ᠤᠨ ᠤᠳᠠᠭ᠎ᠠ ᠨᠢ ᠣᠯᠠᠨ᠂ ᠪᠠᠶᠢᠳᠠᠯ ᠨᠢ ᠬᠦᠨᠳᠦ ᠨᠣᠴᠢᠲᠠᠶ᠃ | ᠬᠤᠶᠠᠷ᠂ ᠲᠠᠷᠢᠮᠠᠯ ᠤᠨ ᠦᠢᠯᠡᠰ ᠤᠨ ᠠᠵᠢᠯ ᠤᠨ ᠪᠠᠶᠢᠳᠠᠯ | 2018 ᠣᠨ ᠳᠤ᠂ ᠮᠠᠨ ᠤ ᠣᠷᠣᠨ ᠤ ᠠᠮᠤ ᠪᠤᠳᠠᠭᠠᠨ ᠤ ᠦᠶᠯᠡᠳᠪᠦᠷᠢᠯᠡᠯ ᠳᠠᠬᠢᠨᠲᠠ ᠡᠯᠪᠡᠭ ᠬᠤᠷᠢᠶᠠᠯᠲᠠ | ᠣᠯᠪᠠ᠃ ᠠᠮᠤ ᠪᠤᠳᠠᠭᠠᠨ ᠤ ᠤᠨᠠᠯᠲᠠ ᠨᠢ 710.66 ᠳ᠋ᠦᠩᠰᠢᠭᠤᠷ ᠵᠢᠩ ᠳᠤ ᠬᠦᠷᠴᠦ᠂ 6 ᠵᠢᠯ ᠳᠠᠷᠠᠭᠠᠯᠠᠨ | 600 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠤᠨᠠᠯᠲᠠ ᠲᠠᠢ ᠪᠠᠶᠢᠵᠤ᠂ ᠪᠦᠬᠦ ᠤᠯᠤᠰ ᠲᠠᠬᠢ ᠳ᠋ᠤᠭᠠᠷᠯᠠᠯ | ᠬᠤᠶᠠᠷ ᠨᠡᠷᠡᠰ ᠳᠡᠭᠡᠭᠰᠢᠯᠡᠵᠦ᠂ ᠨᠠᠶᠮᠠᠳᠤᠭᠠᠷ ᠲᠤ ᠣᠷᠤᠪᠠ᠂ ᠡᠨᠡ ᠨᠢ ᠪᠦᠬᠦ ᠣᠷᠣᠨ ᠤ ᠠᠵᠤ ᠠᠬᠤᠶ ᠨᠡᠶᠢᠭᠡᠮ ᠤᠨ | ᠲᠣᠭᠲᠠᠭᠤᠨ ᠲᠦᠷᠭᠡᠨ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠳᠤ ᠬᠦᠴᠦᠲᠦ | ᠲᠤᠯᠭᠠᠭᠤᠷᠢᠯᠠᠯ ᠬᠠᠩᠭᠠᠵᠤ᠂ ᠤᠯᠤᠰ ᠠᠴᠠ ᠠᠮᠤ ᠪᠤᠳᠠᠭᠠᠨ ᠤ ᠠᠮᠤᠷ ᠲᠦᠪᠰᠢᠨ ᠳᠤ ᠳᠠᠬᠢᠨᠲᠠ ᠴᠢᠬᠤᠯᠠ ᠬᠤᠪᠢ | ᠨᠡᠮᠡᠷᠢ ᠦᠵᠡᠭᠦᠯᠪᠡ᠃ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠠᠮᠤ ᠪᠤᠳᠠᠭ᠎ᠠ᠂ | ᠠᠵᠤ ᠠᠬᠤᠢ ᠲᠠᠷᠢᠮᠠᠯ᠂ ᠲᠡᠵᠢᠭᠡᠯ ᠪᠣᠷᠳᠤᠭ᠎ᠠ ᠶᠢᠨ ᠬᠠᠷᠢᠴᠠᠯ ᠢ ᠳᠡᠭᠡᠷ᠎ᠡ ᠵᠢᠯ ᠤᠨ 73᠄ 17᠄ 10 ᠪᠠᠶᠢᠭᠰᠠᠨ | ᠠᠴᠠ 72᠄ 17᠄ 11 ᠪᠣᠯᠭᠠᠨ ᠲᠣᠬᠢᠷᠠᠭᠤᠯᠪᠠ᠃ ᠮᠦᠬᠦᠯᠢᠭᠲᠦ ᠡᠷᠳᠡᠨᠢ ᠰᠢᠰᠢ ᠶᠢ ᠦᠷᠭᠦᠯᠵᠢᠯᠡᠨ 56.1 | ᠲᠦᠮᠡᠨ ᠮᠦ ᠪᠠᠭᠠᠰᠬᠠᠵᠤ᠂ 137.3 ᠲᠦᠮᠡᠨ ᠮᠦ ᠶᠢ ᠨᠢ ᠨᠣᠭᠤᠭᠠᠨ ᠳᠠᠷᠤᠰᠢᠨ ᠡᠷᠳᠡᠨᠢ ᠰᠢᠰᠢ ᠪᠣᠯᠭᠠᠨ | ᠬᠤᠪᠢᠷᠠᠭᠤᠯᠵᠠᠢ᠂ ᠨᠣᠭᠤᠭᠠᠨ ᠳᠠᠷᠤᠰᠢᠨ ᠡᠷᠳᠡᠨᠢ ᠰᠢᠰᠢ ᠶᠢᠨ ᠲᠠᠯᠠᠪᠠᠢ ᠶᠢ 1320 ᠲᠦᠮᠡᠨ ᠮᠦ ᠬᠦᠷᠪᠡ᠃ ᠰᠢᠷ᠎ᠠ | ᠪᠤᠷᠴᠠᠭ ᠤᠨ ᠲᠠᠷᠢᠮᠠᠯ ᠢ ᠥᠷᠭᠡᠳᠬᠡᠬᠦ ᠡᠭᠦᠷᠭᠡ ᠪᠠᠨ ᠪᠡᠶᠡᠯᠡᠭᠦᠯᠵᠦ᠂ ᠪᠥᠬᠦ ᠣᠷᠣᠨ ᠤ ᠰᠢᠷ᠎ᠠ ᠪᠤᠷᠴᠠᠭ ᠤᠨ ᠲᠠᠷᠢᠮᠠᠯ | ᠤᠨ ᠲᠠᠯᠠᠪᠠᠢ 1641 ᠲᠦᠮᠡᠨ ᠮᠦ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠳᠠᠪᠠᠭᠤᠯᠢᠭ | ᠣᠷᠣᠨ ᠪᠦᠰᠡ ᠤᠯᠠᠮ ᠨᠢᠭᠡ ᠠᠯᠬᠤᠮ ᠳᠣᠪᠤᠶᠢᠮ᠎ᠠ ᠪᠣᠯᠵᠤ᠂ ᠭᠤᠤᠯ ᠪᠣᠯᠬᠤ ᠲᠠᠷᠢᠮᠠᠯ ᠢ ᠦᠷᠭᠦᠯᠵᠢᠯᠡᠨ ︽ᠬᠤᠶᠠᠷ | ᠪᠦᠰᠡ ᠳᠥᠷᠪᠡᠨ ᠣᠷᠣᠨ︾ ᠲᠡᠰᠢ ᠲᠥᠪᠯᠡᠷᠡᠭᠦᠯᠵᠦ᠂ ᠬᠤᠶᠠᠷ ᠡᠷᠳᠡᠨᠢ ᠰᠢᠰᠢ ᠶᠢᠨ ᠳᠠᠪᠠᠭᠤᠯᠢᠭ ᠠᠵᠤ ᠦᠢᠯᠡᠰ | ᠤᠨ ᠪᠦᠰᠡ ᠶᠢᠨ ᠲᠠᠷᠢᠮᠠᠯ ᠤᠨ ᠲᠠᠯᠠᠪᠠᠢ 69% ᠶᠢ ᠡᠵᠡᠯᠡᠪᠡ᠃ ᠬᠤᠶᠠᠷ ᠪᠣᠭᠤᠳᠠᠶ ᠶᠢᠨ ᠳᠠᠪᠠᠭᠤᠯᠢᠭ ᠣᠷᠣᠨ ᠤ | ᠲᠠᠷᠢᠮᠠᠯ ᠤᠨ ᠲᠠᠯᠠᠪᠠᠢ ᠶᠢᠨ ᠡᠵᠡᠯᠡᠬᠦ ᠬᠠᠷᠢᠴᠠᠯ ᠨᠢ 50% ᠠᠴᠠ ᠳᠡᠭᠡᠭᠰᠢ ᠪᠠᠶᠢᠵᠤ᠂ ᠲᠥᠮᠥᠰᠥᠨ ᠤ ᠳᠠᠪᠠᠭᠤᠯᠢᠭ | ᠣᠷᠣᠨ ᠪᠣᠯᠬᠤ ᠤᠯᠠᠭᠠᠨᠴᠠᠪ ᠬᠤᠲᠠ ᠶᠢᠨ ᠲᠠᠷᠢᠮᠠᠯ ᠤᠨ ᠲᠠᠯᠠᠪᠠᠢ ᠶᠢᠨ ᠡᠵᠡᠯᠡᠬᠦ ᠬᠠᠷᠢᠴᠠᠯ ᠨᠢ 43% ᠠᠴᠠ | ᠳᠡᠭᠡᠭᠰᠢ᠂ ᠵᠡᠭᠦᠨ ᠳᠥᠷᠪᠡᠨ ᠠᠶᠢᠮᠠᠭ ᠬᠤᠲᠠ ᠶᠢᠨ ᠴᠢᠨᠠᠷ ᠰᠠᠶᠢᠲᠠᠶ ᠲᠤᠲᠤᠷᠭ᠎ᠠ ᠶᠢᠨ ᠳᠠᠪᠠᠭᠤᠯᠢᠭ ᠣᠷᠣᠨ ᠤ | ᠲᠠᠷᠢᠮᠠᠯ ᠤᠨ ᠲᠠᠯᠠᠪᠠᠢ 97% ᠶᠢ ᠡᠵᠡᠯᠡᠪᠡ᠃ ᠰᠢᠷ᠎ᠠ ᠪᠤᠷᠴᠠᠭ ᠤᠨ ᠳᠠᠪᠠᠭᠤᠯᠢᠭ ᠣᠷᠣᠨ ᠪᠣᠯᠬᠤ ᠬᠥᠯᠥᠨ ᠪᠣᠶᠢᠷ | ᠬᠤᠲᠠ ᠶᠢᠨ ᠲᠠᠷᠢᠮᠠᠯ ᠤᠨ ᠲᠠᠯᠠᠪᠠᠢ ᠨᠢ 78% ᠶᠢ ᠡᠵᠡᠯᠡᠵᠦ᠂ ︽ᠵᠡᠭᠦᠨ᠂ ᠳᠤᠮᠳᠠ᠂ ᠪᠠᠷᠠᠭᠤᠨ︾ ᠤ ᠪᠠᠶᠢᠷᠢᠰᠢᠯ | ᠢ ᠦᠷᠭᠦᠯᠵᠢᠯᠡᠨ ᠠᠬᠢᠭᠤᠯᠪᠠ᠃ ᠡᠭᠦᠯᠳᠡᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ | ᠰᠠᠶᠢᠲᠠᠶ ᠲᠤᠰᠬᠠᠶ ᠬᠡᠷᠡᠭᠯᠡᠭᠡᠨ ᠤ ᠡᠷᠳᠡᠨᠢ ᠰᠢᠰᠢ ᠶᠢᠨ ᠡᠵᠡᠯᠡᠬᠦ ᠬᠠᠷᠢᠴᠠᠯ ᠢ 73.1% ᠪᠠᠶᠢᠭᠰᠠᠨ ᠠᠴᠠ | 74.2% ᠪᠣᠯᠲᠠᠯ᠎ᠠ ᠨᠡᠮᠡᠭᠳᠡᠭᠦᠯᠵᠦ᠂ ᠬᠥᠯᠥᠨ ᠪᠣᠶᠢᠷ ᠬᠤᠲᠠ ᠶᠢᠨ ᠰᠢᠷᠪᠤᠰᠦᠯᠢᠭ ᠪᠣᠭᠤᠳᠠᠶ ᠶᠢᠨ ᠡᠵᠡᠯᠡᠬᠦ | ᠬᠠᠷᠢᠴᠠᠯ ᠢ 50% ᠪᠠᠶᠢᠭᠰᠠᠨ ᠠᠴᠠ 60% ᠪᠣᠯᠲᠠᠯ᠎ᠠ ᠨᠡᠮᠡᠭᠳᠡᠭᠦᠯᠦᠨ᠂ ᠤᠭᠤᠷᠠᠭ ᠶᠡᠬᠡᠲᠡᠶ᠂ ᠲᠣᠰᠣ ᠶᠡᠬᠡᠲᠡᠶ | ᠰᠢᠷ᠎ᠠ ᠪᠤᠷᠴᠠᠭ ᠤᠨ ᠡᠵᠡᠯᠡᠬᠦ ᠬᠠᠷᠢᠴᠠᠯ ᠢ 40% ᠪᠠᠶᠢᠭᠰᠠᠨ ᠠᠴᠠ 50% ᠪᠣᠯᠲᠠᠯ᠎ᠠ ᠨᠡᠮᠡᠭᠳᠡᠭᠦᠯᠵᠦ᠂ | ᠡᠳ᠋ᠰᠢᠭᠦᠯᠦᠨ ᠪᠣᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠲᠥᠮᠥᠰᠥ ᠶᠢᠨ ᠡᠵᠡᠯᠡᠬᠦ ᠬᠠᠷᠢᠴᠠᠯ ᠢ 25% ᠪᠠᠶᠢᠭᠰᠠᠨ | ᠠᠴᠠ 30% ᠪᠣᠯᠲᠠᠯ᠎ᠠ ᠨᠡᠮᠡᠭᠳᠡᠭᠦᠯᠵᠦ᠂ ᠴᠢᠨᠠᠷ ᠰᠠᠶᠢᠲᠠᠶ ᠲᠣᠮᠣ ᠮᠥᠬᠦᠯᠢᠭᠲᠦ ᠢᠳᠡᠰᠢᠨ ᠨᠠᠷᠠᠨ ᠬᠤᠸᠠᠷ ᠤᠨ | ᠡᠵᠡᠯᠡᠬᠦ ᠬᠠᠷᠢᠴᠠᠯ ᠢ 25% ᠪᠠᠶᠢᠭᠰᠠᠨ ᠠᠴᠠ 33% ᠪᠣᠯᠲᠠᠯ᠎ᠠ ᠨᠡᠮᠡᠭᠳᠡᠭᠦᠯᠵᠡᠢ᠃ ᠦᠶᠯᠡᠳᠪᠦᠷᠢᠯᠡᠯ ᠤᠨ ᠠᠷᠭ᠎ᠠ | ᠨᠢ ᠤᠯᠠᠮ ᠨᠢᠭᠡ ᠠᠯᠬᠤᠮ ᠪᠣᠬᠢᠷᠲᠤᠯ ᠦᠭᠡᠢ ᠪᠤᠯᠵᠠᠢ᠃ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ | ᠲᠤᠷᠰᠢᠯᠲᠠ ᠶᠢᠨ ᠴᠡᠭ ᠢ 600 ᠲᠦᠮᠡᠨ ᠮᠦ ᠬᠡᠷᠡᠭᠵᠢᠭᠦᠯᠵᠦ᠂ 4140 ᠲᠦᠮᠡᠨ ᠮᠦ ᠣᠷᠭᠠᠨᠢᠭ ᠪᠣᠷᠳᠣᠭᠤᠷ ᠢ | ᠨᠡᠮᠡᠵᠦ᠂ 6139 ᠲᠦᠮᠡᠨ ᠮᠦ ᠬᠡᠷᠡᠭᠯᠡᠭᠡᠨ ᠤ ᠨᠠᠶᠢᠷᠠᠯᠭᠠᠲᠤ ᠪᠣᠷᠳᠣᠭᠤᠷ ᠢ ᠬᠡᠷᠡᠭᠯᠡᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠮᠡᠷᠭᠡᠵᠢᠯ ᠢ 1403 ᠲᠦᠮᠡᠨ ᠮᠦ ᠳᠡᠯᠭᠡᠷᠡᠭᠦᠯᠵᠦ᠂ ᠬᠢᠮᠢ ᠶᠢᠨ ᠪᠣᠷᠳᠣᠭᠤᠷ ᠬᠡᠷᠡᠭᠯᠡᠬᠦ | ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠪᠡ᠃ 4530 ᠲᠦᠮᠡᠨ ᠮᠦ ᠳᠤ ᠪᠣᠬᠢᠷᠲᠤᠯ ᠦᠭᠡᠢ ᠰᠡᠷᠭᠡᠶᠢᠯᠡᠨ | ᠡᠵᠡᠮᠳᠡᠬᠦ ᠮᠡᠷᠭᠡᠵᠢᠯ ᠢ ᠥᠷᠨᠢᠭᠦᠯᠵᠦ᠂ ᠲᠤᠰᠬᠠᠶᠢᠵᠢᠭᠰᠠᠨ ᠨᠢᠭᠡᠳᠦᠯᠲᠡᠶ ᠰᠡᠷᠭᠡᠶᠢᠯᠡᠨ ᠵᠠᠰᠠᠬᠤ ᠲᠠᠯᠠᠪᠠᠢ 4213 | ᠲᠦᠮᠡᠨ ᠮᠦ ᠳᠤ ᠬᠦᠷᠴᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠪᠡ᠃ | ᠳᠤᠰᠤᠯᠠᠭᠠᠨ ᠤᠰᠤᠯᠠᠬᠤ ᠪᠠᠷ ᠭᠤᠣᠯ ᠪᠣᠯᠭᠠᠭᠰᠠᠨ ᠥᠨᠳᠥᠷ ᠦᠷ᠎ᠡ ᠪᠦᠲᠦᠮᠵᠢᠲᠦ ᠤᠰᠤ ᠠᠷᠪᠢᠯᠠᠬᠤ ᠤᠰᠤᠯᠠᠯᠲᠠ | 234 ᠲᠦᠮᠡᠨ ᠮᠦ ᠶᠢ ᠰᠢᠨ᠎ᠡ ᠪᠠᠷ ᠨᠡᠮᠡᠭᠳᠡᠭᠦᠯᠵᠦ᠂ 2400 ᠲᠦᠮᠡᠨ ᠮᠦ ᠳᠤ ᠬᠦᠷᠴᠡᠢ᠃ ᠪᠦᠷᠬᠦᠭᠦᠯ ᠦᠭᠡᠢ | ᠭᠦᠢᠬᠡᠨ ᠪᠤᠯᠠᠵᠤ ᠤᠰᠤᠯᠠᠬᠤ ᠲᠠᠯᠠᠪᠠᠢ 550 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 400 | ᠲᠦᠮᠡᠨ ᠮᠦ ᠨᠡᠮᠡᠭᠳᠡᠵᠦ᠂ ᠰᠦᠯᠢᠶᠣᠣ ᠪᠦᠷᠬᠦᠬᠦᠯ ᠤᠨ ᠬᠡᠷᠡᠭᠯᠡᠭᠡᠨ ᠤ ᠬᠡᠮᠵᠢᠶ᠎ᠡ 6000 ᠭᠠᠷᠤᠶ ᠲᠣᠨ ᠪᠠᠭᠠᠰᠪᠠ᠃ | ᠦᠶᠯᠡᠳᠪᠦᠷᠢᠯᠡᠯ ᠤᠨ ᠪᠠᠷᠢᠮᠵᠢᠶᠠᠵᠢᠯᠲᠠ ᠶᠢ ᠶᠡᠬᠡᠪᠡᠷ ᠲᠦᠯᠬᠢᠨ ᠠᠬᠢᠭᠤᠯᠪᠠ᠃ ᠪᠠᠷᠢᠮᠵᠢᠶ᠎ᠠ ᠪᠠᠶᠢᠬᠤ ᠦᠭᠡᠢ ᠳᠤ | ᠪᠠᠷᠢᠮᠵᠢᠶ᠎ᠠ ᠪᠠᠶᠢᠭᠤᠯᠬᠤ᠂ ᠪᠠᠷᠢᠮᠵᠢᠶ᠎ᠠ ᠲᠠᠢ ᠪᠣᠯ ᠬᠠᠷᠠᠯᠲᠠ ᠲᠣᠭᠲᠠᠬᠤ ᠵᠠᠷᠴᠢᠮ ᠤᠨ ᠶᠣᠰᠣᠭᠠᠷ᠂ ᠪᠦᠬᠦ ᠣᠷᠣᠨ ᠳᠤ | ᠭᠤᠤᠯ ᠪᠣᠯᠬᠤ ᠲᠠᠷᠢᠮᠠᠯ ᠤᠨ ᠵᠦᠶᠯ ᠤᠨ ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠮᠡᠷᠭᠡᠵᠢᠯ ᠢ 106 ᠵᠦᠶᠯ | ᠰᠢᠯᠢᠨ ᠲᠣᠭᠲᠠᠭᠠᠨ ᠳᠡᠯᠭᠡᠷᠡᠭᠦᠯᠵᠦ᠂ ᠲᠠᠷᠢᠮᠠᠯ ᠤᠨ ᠵᠦᠢᠯᠡᠰ᠂ ᠬᠤᠰᠢᠭᠤ ᠰᠢᠶᠠᠨ᠂ ᠲᠠᠯᠠᠪᠠᠢ ᠭᠤᠷᠪᠠ ᠶᠢ ᠵᠡᠷᠭᠡ | ᠳᠤᠨᠢ ᠥᠷᠭᠡᠳᠬᠡᠬᠦ ᠶᠢ ᠪᠡᠶᠡᠯᠡᠭᠦᠯᠪᠡ᠃ ᠲᠠᠷᠢᠮᠠᠯ ᠢ ᠡᠷᠳᠡᠨᠢ ᠰᠢᠰᠢ᠂ ᠲᠥᠮᠥᠰᠥ᠂ ᠪᠤᠭᠤᠳᠠᠢ᠂ ᠰᠢᠷ᠎ᠠ ᠪᠤᠷᠴᠠᠭ᠂ | ᠤᠰᠤᠨ ᠲᠤᠲᠤᠷᠭ᠎ᠠ᠂ ᠨᠡᠷᠡᠨ ᠬᠤᠸᠠᠷ 6 ᠵᠦᠶᠯ ᠠᠴᠠ ᠰᠢᠬᠢᠷ ᠤᠨ ᠮᠠᠨᠵᠢᠨ᠂ ᠡᠯᠳᠡᠪ ᠠᠮᠤ ᠪᠤᠷᠴᠠᠭ᠂ ᠡᠮ ᠤᠨ | ᠮᠠᠲ᠋ᠧᠷᠢᠶᠠᠯ᠂ ᠢᠳᠡᠰᠢᠨ ᠨᠣᠭᠤᠭ᠎ᠠ ᠵᠡᠷᠭᠡ ᠳᠤ ᠬᠦᠷᠲᠡᠯ᠎ᠡ ᠦᠷᠭᠡᠳᠬᠡᠵᠡᠢ᠃ ᠬᠤᠰᠢᠭᠤ ᠰᠢᠶᠠᠨ ᠢ 30 | ᠭᠤᠤᠯᠳᠠᠯᠭᠠᠲᠣ ᠬᠤᠰᠢᠭᠤ ᠰᠢᠶᠠᠨ ᠪᠠᠶᠢᠭᠰᠠᠨ ᠠᠴᠠ ᠨᠢ 77 ᠪᠣᠯᠭᠠᠨ ᠦᠷᠭᠡᠳᠬᠡᠵᠡᠢ᠃ ᠲᠠᠯᠠᠪᠠᠢ ᠨᠢ 4783.8 | ᠲᠦᠮᠡᠨ ᠮᠦ ᠪᠠᠶᠢᠭᠰᠠᠨ ᠠᠴᠠ ᠳᠡᠭᠡᠷ᠎ᠡ ᠵᠢᠯ ᠤᠨ ᠬᠢ ᠠᠴᠠ 1752 ᠲᠦᠮᠡᠨ ᠮᠦ ᠨᠡᠮᠡᠭᠳᠡᠵᠦ᠂ ᠲᠥᠯᠥᠪᠯᠡᠭᠡ ᠠᠴᠠ | 752 ᠲᠦᠮᠡᠨ ᠮᠦ ᠬᠡᠲᠦᠷᠡᠪᠡ᠃ ︽ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ + ᠰᠠᠭᠤᠷᠢᠨ | ᠭᠠᠵᠠᠷ + ᠲᠠᠷᠢᠶᠠᠯᠠᠬᠤ ᠡᠷᠦᠬᠡ︾ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠶᠡᠬᠡᠪᠡᠷ ᠳᠡᠯᠭᠡᠷᠡᠭᠦᠯᠵᠦ᠂ | ᠪᠠᠷᠢᠮᠵᠢᠶᠠᠵᠢᠭᠰᠠᠨ ᠦᠶᠯᠡᠳᠪᠦᠷᠢᠯᠡᠯ ᠳᠤ ᠣᠷᠣᠯᠴᠠᠭᠰᠠᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ | 6391 ᠪᠠᠶᠢᠵᠤ᠂ ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠲᠠᠯᠠᠪᠠᠢ 1915.7 ᠲᠦᠮᠡᠨ ᠮᠦ ᠪᠠᠶᠢᠵᠤ᠂ ᠪᠦᠬᠦ | ᠣᠷᠣᠨ ᠤ ᠶᠡᠷᠦᠩᠬᠡᠶ ᠲᠠᠯᠠᠪᠠᠢ ᠶᠢᠨ 40% ᠶᠢ ᠡᠵᠡᠯᠡᠪᠡ᠃ | ᠭᠤᠷᠪᠠ᠂ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠪᠦᠲᠦᠴᠡ᠂ ᠣᠷᠣᠨ ᠪᠦᠰᠡ ᠶᠢᠨ | ᠪᠠᠶᠢᠷᠢᠯᠠᠭᠤᠯᠤᠯᠲᠠ ᠵᠢᠴᠢ ᠪᠦᠬᠦ ᠤᠯᠤᠰ ᠲᠠᠬᠢ ᠪᠠᠶᠢᠷᠢ ᠰᠠᠭᠤᠷᠢ | ᠥᠪᠥᠷ ᠮᠣᠩᠭᠤᠯ ᠤᠨ ᠠᠮᠤ ᠪᠤᠳᠠᠭᠠᠨ ᠤ ᠦᠶᠯᠡᠳᠪᠦᠷᠢᠯᠡᠯ ᠨᠢ ᠡᠷᠳᠡᠨᠢ ᠰᠢᠰᠢ᠂ ᠪᠤᠭᠤᠳᠠᠢ᠂ ᠤᠰᠤᠨ | ᠲᠤᠲᠤᠷᠭ᠎ᠠ᠂ ᠰᠢᠷ᠎ᠠ ᠪᠤᠷᠴᠠᠭ᠂ ᠲᠥᠮᠥᠰᠥ ᠵᠡᠷᠭᠡ ᠲᠠᠪᠤᠨ ᠶᠡᠭᠡ ᠲᠠᠷᠢᠮᠠᠯ ᠪᠠ ᠨᠠᠷᠢᠮᠤ᠂ ᠰᠢᠰᠢ᠂ ᠶᠤᠤᠮᠠᠶ᠂ | ᠮᠣᠩᠭᠤᠯ ᠠᠮᠤ᠂ ᠨᠣᠭᠤᠭᠠᠨ ᠪᠤᠷᠴᠠᠭ ᠵᠡᠷᠭᠡ ᠡᠯᠳᠡᠪ ᠠᠮᠤ ᠪᠤᠷᠴᠠᠭ ᠢᠶᠠᠷ ᠭᠤᠤᠯ ᠪᠣᠯᠭᠠᠳᠠᠭ᠃ ᠣᠳᠣᠬᠠᠨ ᠳᠤ | ᠨᠢᠭᠡᠨᠲᠡ ᠠᠩᠬ᠎ᠠ ᠠᠯᠬᠤᠮ ᠠᠳᠠᠯᠢ ᠪᠤᠰᠤ ᠭᠠᠵᠠᠷ ᠣᠷᠣᠨ ᠤ ᠣᠨᠴᠠᠯᠢᠭ ᠪᠠ ᠳᠠᠪᠠᠭᠤᠯᠢᠭ ᠢ ᠳᠣᠪᠤᠶᠢᠯᠭᠠᠭᠰᠠᠨ ᠠᠮᠤ | ᠪᠤᠳᠠᠭᠠᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠦᠷᠢᠯᠳᠦᠭᠦᠯᠵᠡᠢ᠂ ᠵᠢᠱᠢᠶᠡᠯᠡᠪᠡᠯ ᠪᠣᠷᠣᠲᠣᠬᠤᠶ᠂ ᠲᠦᠮᠡᠳ | ᠤᠨ ᠲᠠᠯ᠎ᠠ ᠭᠠᠵᠠᠷ᠂ ᠶᠡᠭᠡ ᠬᠢᠩᠭᠠᠨ ᠳᠠᠪᠠᠭᠠᠨ ᠤ ᠬᠤᠶᠢᠲᠤ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ | ᠪᠤᠭᠤᠳᠠᠢ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ᠂ ᠪᠠᠷᠠᠭᠤᠨ ᠯᠢᠶᠣᠤᠾᠧ ᠭᠤᠤᠯ ᠤᠨ ᠲᠠᠯ᠎ᠠ ᠭᠠᠵᠠᠷ ᠵᠢᠴᠢ | ᠳᠤᠮᠳᠠ ᠪᠠᠷᠠᠭᠤᠨ ᠬᠡᠰᠡᠭ ᠤᠨ ᠥᠷᠭᠡᠨ ᠠᠭᠤᠳᠠᠮ ᠭᠠᠵᠠᠷ ᠣᠷᠣᠨ ᠤ ᠴᠢᠨᠠᠷ ᠰᠠᠶᠢᠲᠠᠶ ᠡᠷᠳᠡᠨᠢ ᠰᠢᠰᠢ ᠶᠢᠨ | ᠦᠶᠯᠡᠳᠪᠦᠷᠢᠯᠡᠯ ᠤᠨ ᠰᠠᠭᠤᠷᠢᠨ ᠭᠠᠵᠠᠷ᠂ ᠶᠡᠭᠡ ᠬᠢᠩᠭᠠᠨ ᠳᠠᠪᠠᠭ᠎ᠠ ᠶᠢᠨ ᠵᠡᠭᠦᠨ ᠡᠮᠦᠨᠡᠲᠦ ᠶᠢᠨ ᠴᠢᠨᠠᠷ ᠰᠠᠶᠢᠲᠠᠶ | ᠰᠢᠷ᠎ᠠ ᠪᠤᠷᠴᠠᠭ᠂ ᠤᠰᠤᠨ ᠲᠤᠲᠤᠷᠭ᠎ᠠ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ᠂ ᠳᠤᠮᠳᠠ ᠬᠡᠰᠡᠭ ᠪᠠᠷᠠᠭᠤᠨ | ᠬᠡᠰᠡᠭ ᠤᠨ ᠳᠣᠪᠣᠷᠬᠠᠭ ᠭᠠᠵᠠᠷ ᠤᠨ ᠬᠠᠭᠤᠷᠠᠶ ᠲᠠᠷᠢᠶᠠᠯᠠᠭ᠎ᠠ ᠶᠢᠨ ᠣᠷᠣᠨ ᠤ ᠴᠢᠨᠠᠷ ᠰᠠᠶᠢᠲᠠᠶ ᠲᠥᠮᠥᠰᠥ᠂ ᠡᠯᠳᠡᠪ | ᠠᠮᠤ ᠪᠤᠷᠴᠠᠭ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ᠃ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ | ᠨᠢ ᠪᠥᠬᠦ ᠤᠯᠤᠰ ᠲᠤ ᠭᠤᠷᠪᠠᠳᠤᠭᠠᠷ ᠲᠤ ᠣᠷᠣᠪᠠ᠃ ᠰᠢᠷ᠎ᠠ ᠪᠤᠷᠴᠠᠭ ᠤᠨ ᠲᠠᠷᠢᠮᠠᠯ ᠤᠨ ᠲᠠᠯᠠᠪᠠᠢ ᠨᠢ ᠪᠥᠬᠦ | ᠤᠯᠤᠰ ᠤᠨ ᠭᠤᠷᠪᠠᠳᠤᠭᠠᠷ ᠲᠤ ᠣᠷᠣᠪᠠ᠃ ᠲᠥᠮᠥᠰᠥ ᠶᠢᠨ ᠲᠠᠷᠢᠮᠠᠯ ᠤᠨ ᠲᠠᠯᠠᠪᠠᠢ ᠨᠢ ᠪᠥᠬᠦ ᠤᠯᠤᠰ ᠤᠨ | ᠲᠠᠪᠤᠳᠤᠭᠠᠷ ᠲᠤ ᠣᠷᠣᠵᠤ᠂ ᠤᠨᠠᠯᠲᠠ ᠨᠢ ᠪᠥᠬᠦ ᠤᠯᠤᠰ ᠲᠤ ᠳᠦᠷᠪᠡᠳᠦᠭᠡᠷ ᠲᠤ ᠣᠷᠣᠪᠠ᠃ ᠡᠯᠳᠡᠪ ᠠᠮᠤ | ᠪᠤᠷᠴᠠᠭ ᠤᠨ ᠳᠣᠲᠣᠷᠠᠬᠢ ᠰᠢᠰᠢ ᠶᠢᠨ ᠲᠠᠷᠢᠮᠠᠯ ᠤᠨ ᠲᠠᠯᠠᠪᠠᠢ ᠪᠠ ᠤᠨᠠᠯᠲᠠ ᠨᠢ ᠴᠥᠮ ᠪᠦᠬᠦ ᠤᠯᠤᠰ ᠲᠤ | ᠬᠤᠶᠠᠳᠤᠭᠠᠷ ᠲᠤ ᠣᠷᠣᠪᠠ᠃ ᠨᠠᠷᠢᠮᠤ ᠶᠢᠨ ᠲᠠᠷᠢᠮᠠᠯ ᠤᠨ ᠲᠠᠯᠠᠪᠠᠢ᠂ ᠤᠨᠠᠯᠲᠠ ᠨᠢ ᠴᠥᠮ ᠪᠦᠬᠦ ᠤᠯᠤᠰ ᠲᠤ | ᠬᠤᠶᠠᠳᠤᠭᠠᠷ ᠲᠤ ᠣᠷᠣᠪᠠ᠃ ᠵᠢᠵᠢᠭ ᠤᠯᠠᠭᠠᠨ ᠪᠤᠷᠴᠠᠭ ᠤᠨ ᠲᠠᠷᠢᠮᠠᠯ ᠤᠨ ᠲᠠᠯᠠᠪᠠᠢ ᠪᠠ ᠤᠨᠠᠯᠲᠠ ᠨᠢ ᠲᠤᠰ ᠲᠤᠰ | ᠪᠦᠬᠦ ᠤᠯᠤᠰ ᠲᠤ ᠬᠤᠶᠠᠳᠤᠭᠠᠷ ᠪᠠ ᠭᠤᠷᠪᠠᠳᠤᠭᠠᠷ ᠲᠤ ᠣᠷᠣᠵᠤ᠂ ᠨᠣᠭᠤᠭᠠᠨ ᠪᠤᠷᠴᠠᠭ ᠤᠨ ᠲᠠᠷᠢᠮᠠᠯ ᠤᠨ ᠲᠠᠯᠠᠪᠠᠢ | ᠪᠠ ᠤᠨᠠᠯᠲᠠ ᠨᠢ ᠴᠥᠮ ᠪᠦᠬᠦ ᠤᠯᠤᠰ ᠲᠤ ᠬᠤᠶᠠᠳᠤᠭᠠᠷ ᠲᠤ ᠣᠷᠣᠪᠠ᠃ ᠨᠡᠷᠡᠨ ᠬᠤᠸᠠᠷ ᠤᠨ ᠲᠠᠷᠢᠮᠠᠯ ᠤᠨ | ᠲᠠᠯᠠᠪᠠᠢ ᠪᠠ ᠤᠨᠠᠯᠲᠠ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃ ᠰᠢᠬᠢᠷ ᠤᠨ ᠮᠠᠨᠵᠢᠨ ᠤ | ᠲᠠᠷᠢᠮᠠᠯ ᠤᠨ ᠲᠠᠯᠠᠪᠠᠢ ᠪᠠ ᠤᠨᠠᠯᠲᠠ ᠨᠢ ᠴᠥᠮ ᠪᠦᠬᠦ ᠤᠯᠤᠰ ᠲᠤ ᠬᠤᠶᠠᠳᠤᠭᠠᠷ ᠲᠤ ᠤᠷᠤᠪᠠ᠃ ᠥᠪᠥᠷ ᠮᠣᠩᠭᠤᠯ | ᠨᠢ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠤᠷᠣᠨ ᠪᠣᠯᠤᠭᠰᠠᠨ ᠤ ᠬᠤᠪᠢ ᠳᠤ᠂ | ᠤᠯᠤᠰ ᠤᠨ ᠭᠤᠤᠯ ᠪᠣᠯᠬᠤ ᠠᠮᠤ ᠪᠤᠳᠠᠭᠠᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠪᠤᠯᠤᠭᠰᠠᠨ ᠪᠠᠷ ᠪᠠᠷᠠᠬᠤ | ᠦᠭᠡᠢ᠂ ᠪᠠᠰᠠ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠣᠯᠤᠨ᠎ᠠ᠃ |