【ᠲᠠᠷᠢᠶᠠᠯᠠᠩ ᠮᠠᠯ ᠠᠵᠥ ᠠᠬᠤᠢ ᠶᠢᠨ ᠠᠵᠥ ᠦᠢᠯᠡᠰᠵᠢᠯᠲᠡ ᠶᠢᠨ ᠬᠥᠭᠵᠢᠯᠲᠡ ᠶᠢᠨ ᠲᠤᠶᠢᠮᠤ】2018 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠪᠣᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠦᠲᠦᠴᠢ ᠠᠵᠤ ᠠᠬᠤᠶᠢᠯᠠᠯ ᠵᠡᠷᠭᠡ ᠶᠢᠨ ᠬᠥᠭᠵᠢᠯᠲᠡ ᠶᠢᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2019/9/5
     2018 ᠣᠨ ᠳᠤ᠂ ᠪᠥᠬᠦ ᠣᠷᠣᠨ ᠤ ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ ᠲᠥᠭᠦᠷᠢᠭ  ᠠᠴᠠ ᠳᠡᠭᠡᠭᠰᠢᠬᠢ ᠠᠵᠤ ᠠᠬᠤᠶᠢᠯᠠᠯ 1705 ᠡᠷᠦᠬᠡ ᠪᠠᠶᠢᠵᠤ᠂ ᠪᠣᠷᠣᠯᠠᠭᠤᠯᠤᠯᠲᠠ ᠶᠢᠨ ᠣᠷᠣᠯᠭ᠎ᠠ 3321.2 ᠳ᠋ᠦᠩᠰᠢᠭᠤᠷ ᠲᠥᠭᠦᠷᠢᠭ᠂ ᠪᠥᠲᠦᠭᠡᠭᠳᠡᠭᠦᠨ ᠤ ᠶᠡᠷᠦᠩᠬᠡᠶ ᠥᠷᠲᠡᠭ 3399 ᠳ᠋ᠦᠩᠰᠢᠭᠤᠷ ᠲᠥᠭᠦᠷᠢᠭ᠂ ᠨᠡᠮᠡᠭᠳᠡᠯ ᠥᠷᠲᠡᠭ 931.6 ᠳ᠋ᠦᠩᠰᠢᠭᠤᠷ ᠲᠥᠭᠦᠷᠢᠭ᠂ ᠠᠰᠢᠭ ᠣᠯᠵᠠᠪᠤᠷᠢ 265.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 70.6 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ ᠭᠠᠳᠠᠭᠠᠳᠤ ᠭᠤᠪᠢᠭᠤᠯᠭ᠎ᠠ 111502 ᠲᠦᠮᠡᠨ ᠳ᠋ᠣᠯᠯᠠᠷ ᠬᠦᠷᠴᠦ᠂ 213.8 ᠲᠦᠮᠡᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ᠂ ᠠᠵᠤ ᠦᠢᠯᠡᠰᠵᠢᠯᠲᠡ ᠠᠴᠠ ᠪᠥᠬᠦ ᠣᠷᠣᠨ ᠤ ᠮᠠᠯᠴᠢᠨ ᠲᠠᠷᠢᠶᠠᠴᠢᠳ ᠤᠨ ᠬᠥᠮᠦᠨ ᠪᠦᠷᠢ ᠳᠤᠮᠳᠠᠴᠢ ᠪᠠᠷ ᠠᠵᠤ ᠦᠢᠯᠡᠰᠵᠢᠯᠲᠡ ᠠᠴᠠ 5401 ᠲᠥᠭᠦᠷᠢᠭ ᠤᠨ ᠴᠡᠪᠡᠷ ᠣᠷᠣᠯᠭ᠎ᠠ ᠬᠦᠷᠲᠡᠪᠡ᠃ ᠤᠯᠤᠰ ᠤᠨ ᠲᠡᠰ ᠤᠨ ᠪᠠ ᠣᠷᠣᠨ  ᠤ ᠲᠡᠰ ᠤᠨ ᠭᠤᠤᠯᠳᠠᠯᠭᠠᠳᠤ ᠬᠦᠲᠦᠴᠢ ᠠᠵᠤ ᠠᠬᠤᠶᠢᠯᠠᠯ ᠲᠤᠰ ᠲᠤᠰ 38 ᠪᠠ 582 ᠪᠣᠯᠵᠤ᠂ ᠪᠢᠷᠵ ᠳᠤ  ᠪᠥᠷᠢᠳᠭᠡᠭᠰᠡᠨ ᠠᠵᠤ ᠠᠬᠤᠶᠢᠯᠠᠯ 11 ᠪᠣᠯᠵᠤ᠂ ᠰᠢᠨ ᠰᠠᠨ ᠪᠠᠨ ᠳᠤ ᠫᠠᠶᠢᠰᠠ ᠡᠯᠭᠦᠭᠰᠡᠨ ᠠᠵᠤ ᠠᠬᠤᠶᠢᠯᠠᠯ 21 ᠪᠣᠯᠪᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠨᠣᠷᠮ᠎ᠠ 63% ᠳᠤ ᠬᠦᠷᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠤᠮᠳᠠᠳᠤ ᠤᠯᠤᠰ ᠤᠨ ᠨᠡᠷᠡᠲᠦ ᠲᠡᠮᠳᠡᠭ 73 ᠪᠠᠶᠢᠵᠤ᠂ ᠲᠦᠩᠯᠢᠶᠣᠤ ᠶᠢᠨ ᠰᠢᠷ᠎ᠠ ᠡᠷᠳᠡᠨᠢ ᠰᠢᠰᠢ᠂ ᠬᠤᠷᠴᠢᠨ ᠦᠬᠡᠷ᠂ ᠤᠯᠠᠭᠠᠨᠴᠠᠪ ᠤᠨ ᠲᠥᠮᠥᠰᠥ ᠵᠡᠷᠭᠡ 3 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠪᠠ᠃ ᠪᠥᠬᠦ ᠣᠷᠣᠨ ᠤ ᠮᠠᠯᠴᠢᠨ ᠲᠠᠷᠢᠶᠠᠴᠢᠨ ᠯᠤᠭ᠎ᠠ ᠠᠰᠢᠭ ᠲᠤᠰᠠ ᠶᠢᠨ ᠬᠤᠯᠪᠤᠭᠠᠯᠠᠯ ᠤᠨ ᠬᠠᠷᠢᠴᠠᠭ᠎ᠠ ᠪᠠᠶᠢᠭᠤᠯᠤᠭᠰᠠᠨ ᠬᠦᠲᠦᠴᠢ ᠠᠵᠤ ᠠᠬᠤᠶᠢᠯᠠᠯ 1737 ᠪᠣᠯᠵᠤ᠂ 81% ᠠᠴᠠ ᠳᠡᠭᠡᠭᠰᠢ ᠳᠤ ᠲᠣᠭᠲᠠᠪᠤᠷᠢᠵᠢᠵᠤ᠂ ᠡᠭᠦᠨ ᠳᠤ ᠨᠢᠭᠲᠠ ᠬᠤᠯᠪᠣᠯᠳᠤᠭᠰᠠᠨ ᠬᠠᠷᠢᠴᠠᠯ 50% ᠳᠤ ᠬᠦᠷᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠣᠷᠠᠭᠤᠯᠬᠤ ᠦᠶᠯᠡᠰ ᠨᠢ ᠨᠢᠭᠡᠨᠲᠡ ᠮᠠᠨ ᠤ ᠣᠷᠣᠨ ᠤ ᠡᠨᠧᠷᠭᠢ᠂ ᠲᠡᠮᠦᠷᠯᠢᠭ ᠪᠤᠯᠪᠠᠰᠤᠷᠠᠭᠤᠯᠬᠤ ᠠᠴᠠ ᠳᠠᠷᠠᠭᠠᠬᠢ ᠭᠤᠷᠪᠠᠳᠤᠭᠠᠷ ᠲᠣᠮᠣ ᠠᠵᠤ ᠦᠶᠯᠡᠳᠪᠦᠷᠢ ᠶᠢᠨ ᠲᠤᠯᠭᠠᠭᠤᠷᠢ ᠠᠵᠤ ᠦᠶᠯᠡᠰ ᠪᠣᠯᠵᠠᠶ᠃      ᠪᠦᠬᠦ ᠣᠷᠣᠨ ᠳᠤ ᠰᠦᠨ ᠠᠵᠤ ᠦᠶᠯᠡᠰ᠂ ᠠᠮᠤ ᠲᠤᠰᠤᠨ ᠤ ᠠᠵᠤ ᠦᠶᠯᠡᠰ ᠢᠶᠠᠷ  ᠲᠤᠯᠤᠭᠠᠶᠢᠯᠠᠭᠴᠢ ᠪᠣᠯᠭᠠᠭᠰᠠᠨ᠂ ᠮᠢᠬᠠᠨ ᠤ ᠵᠦᠶᠯ᠂ ᠢᠮᠠᠭᠠᠨ ᠨᠣᠣᠯᠤᠷ ᠤᠨ ᠠᠵᠤ ᠦᠶᠯᠡᠰ ᠢᠶᠠᠷ ᠲᠤᠯᠭᠠᠭᠤᠷᠢ ᠪᠣᠯᠭᠠᠭᠰᠠᠨ᠂ ᠲᠥᠮᠥᠰᠥ ︵ᠵᠢᠮᠢᠰ ᠨᠣᠭᠤᠭ᠎ᠠ︶᠂ ᠲᠡᠵᠢᠭᠡᠯ ᠡᠪᠡᠰᠦ ᠪᠣᠷᠳᠤᠭ᠎ᠠ ᠵᠢᠴᠢ ᠣᠨᠴᠠᠯᠢᠭᠲᠤ ᠠᠵᠤ ᠦᠶᠯᠡᠰ ᠵᠡᠷᠭᠡ ᠣᠯᠠᠨ ᠡᠰᠢᠵᠢᠭᠦᠯᠦᠨ  ᠬᠥᠭᠵᠢᠭᠰᠡᠨ ᠠᠵᠤ ᠦᠢᠯᠡᠰ ᠤᠨ ᠪᠠᠶᠢᠷᠢᠰᠢᠯ ᠢ ᠪᠤᠢ ᠪᠣᠯᠭᠠᠪᠠ᠃ ᠦᠨᠢᠶᠡᠨ ᠰᠦ᠂ ᠬᠤᠨᠢᠨ ᠮᠢᠬ᠎ᠠ᠂ ᠨᠠᠷᠢᠨ ᠨᠣᠣᠰᠣᠲᠤ ᠬᠤᠨᠢ᠂ ᠢᠮᠠᠭᠠᠨ ᠨᠣᠯᠤᠤᠷ ᠵᠡᠷᠭᠡ ᠭᠤᠤᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠦᠬᠡᠷ ᠤᠨ ᠮᠢᠬᠠᠨ ᠤ ᠭᠠᠷᠤᠯᠲᠠ ᠪᠥᠬᠦ ᠤᠯᠤᠰ ᠤᠨ ᠭᠤᠷᠪᠠᠳᠤᠭᠠᠷ ᠲᠤ ᠣᠷᠣᠪᠠ᠃ ᠰᠦᠨ ᠠᠵᠤ ᠦᠶᠯᠡᠰ ᠨᠢ ᠬᠥᠬᠡᠬᠤᠲᠠ᠂ ᠬᠥᠯᠥᠨ ᠪᠣᠶᠢᠷ ᠬᠤᠲᠠ᠂ ᠪᠠᠶᠠᠨᠨᠠᠭᠤᠷ ᠬᠤᠲᠠ ᠵᠡᠷᠭᠡ ᠭᠤᠤᠯᠳᠠᠯᠭᠠᠳᠤ ᠦᠶᠯᠡᠳᠪᠦᠷᠢᠯᠡᠯ ᠤᠨ ᠰᠠᠭᠤᠷᠢᠨ ᠭᠠᠵᠠᠷ ᠪᠠ ᠡᠳ᠋ᠰᠢᠭᠦᠯᠦᠨ ᠪᠤᠯᠪᠠᠰᠤᠷᠠᠭᠤᠯᠬᠤ ᠴᠤᠭᠯᠠᠷᠠᠯ ᠤᠨ ᠣᠷᠣᠨ ᠢ ᠪᠦᠷᠢᠯᠳᠦᠭᠦᠯᠵᠦ᠂ ᠢᠯᠢ᠂ ᠮᠧᠩ ᠨᠢᠤ ᠨᠢ ᠲᠣᠰ ᠲᠣᠰ ᠪᠥᠬᠦ ᠪᠥᠮᠪᠥᠷᠴᠡᠭ ᠤᠨ ᠰᠦᠨ ᠦᠢᠯᠡᠰ ᠤᠨ 9 ᠬᠦᠴᠦᠷᠬᠡᠭ ᠪᠠ 10 ᠬᠦᠴᠦᠷᠬᠡᠭ ᠪᠣᠯᠪᠠ᠃ ᠨᠣᠣᠯᠤᠷ ᠤᠨ ᠠᠵᠤ ᠦᠶᠯᠡᠰ ᠨᠢ ᠣᠷᠳᠣᠰ ᠤᠨ ᠣᠳᠣ ᠦᠶ᠎ᠡ ᠶᠢᠨ ᠨᠣᠣᠯᠤᠷ ᠤᠨ ᠠᠵᠤ ᠦᠢᠯᠡᠰ ᠤᠨ ᠬᠦᠷᠢᠶᠡᠯᠡᠩ ᠢᠶᠠᠷ ᠲᠥᠯᠥᠭᠡᠯᠡᠭᠦᠯᠦᠭᠰᠡᠨ 3 ᠶᠡᠭᠡ ᠨᠣᠣᠯᠤᠷ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠣᠷᠳᠣᠰ᠂ ᠯᠦ ᠸᠠᠩ᠂ ᠳ᠋ᠦᠩ ᠷᠦᠩ ᠵᠡᠷᠭᠡ ᠬᠦᠲᠦᠴᠢ ᠠᠵᠤ ᠠᠬᠤᠶᠢᠯᠠᠯ ᠪᠣᠯᠤᠨ ᠨᠡᠷᠡᠲᠦ ᠲᠥᠷᠥᠯ ᠲᠡᠮᠳᠡᠭᠲᠦ ᠲᠠᠢ ᠪᠣᠯᠵᠠᠢ᠃160 ᠲᠥᠮᠡᠨ ᠲᠤᠯᠤᠭᠠᠢ ᠲᠠᠯ᠎ᠠ ᠨᠤᠲᠤᠭ ᠤᠨ ᠮᠢᠬᠠᠨ ᠬᠤᠨᠢᠨ ᠤ ᠮᠥᠷᠳᠡᠯᠲᠡ ᠶᠢᠨ ᠡᠯᠧᠺᠲᠷᠣᠨ ᠡᠭᠡᠮᠦᠭ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠵᠦ᠂ ᠮᠧᠩ ᠶᠠᠩ ᠮᠠᠯᠵᠢᠯ ᠤᠨ ᠦᠢᠯᠡᠰ᠂ ᠬᠤᠷᠴᠢᠨ ᠦᠬᠡᠷ ᠤᠨ ᠦᠢᠯᠡᠰ᠂ ᠬᠥᠯᠥᠨ ᠪᠤᠶᠢᠷ ᠤᠨ ᠮᠢᠬᠠᠨ ᠦᠢᠯᠡᠰ ᠵᠡᠷᠭᠡ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠮᠢᠬᠠᠨ ᠦᠬᠡᠷ᠂ ᠮᠢᠬᠠᠨ ᠬᠤᠨᠢᠨ ᠤ ᠲᠡᠵᠢᠭᠡᠯᠭᠡ ᠬᠢᠭᠡᠳ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠠᠶᠢᠭᠤᠯᠵᠤ᠂ ᠲᠠᠯ᠎ᠠ ᠨᠤᠲᠤᠭ ᠤᠨ ᠦᠬᠡᠷ ᠬᠤᠨᠢᠨ ᠮᠢᠬᠠᠨ ᠤ ᠨᠡᠷᠡᠲᠦ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠠᠯᠳᠠᠷᠰᠢᠭᠤᠯᠪᠠ᠃ ᠠᠮᠤ ᠪᠤᠳᠠᠭᠠᠨ ᠤ  ᠦᠢᠯᠡᠰ ᠤᠨ ᠠᠷᠪᠠᠨ ᠲᠠᠪᠤᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ᠂ ᠰᠢᠷ᠎ᠠ ᠪᠤᠷᠴᠠᠭ᠂ ᠡᠯᠳᠡᠪ ᠠᠮᠤ ᠪᠤᠷᠴᠠᠭ ᠪᠠ ᠨᠡᠷᠡᠨ ᠬᠤᠸᠠᠷ ᠤᠨ ᠡᠳ᠋ᠰᠢᠭᠦᠯᠦᠨ ᠪᠤᠯᠪᠠᠰᠤᠷᠠᠭᠤᠯᠲᠠ ᠵᠡᠷᠭᠡ ᠵᠢᠷᠭᠤᠭᠠᠨ ᠶᠡᠭᠡ ᠠᠵᠢᠯ ᠲᠥᠷᠥᠯ ᠢᠶᠠᠷ ᠲᠤᠯᠭᠠᠭᠤᠷᠢᠯᠠᠯ ᠪᠣᠯᠭᠠᠭᠰᠠᠨ ᠠᠮᠤ ᠲᠣᠰᠣ ᠪᠣᠯᠪᠠᠰᠤᠷᠠᠭᠤᠯᠬᠤ ᠰᠢᠰᠲ᠋ᠧᠮ ᠢ ᠪᠦᠷᠢᠯᠳᠦᠭᠦᠯᠪᠡ᠃ ᠲᠥᠮᠥᠰᠥᠨ ᠤ ᠭᠠᠷᠤᠯᠲᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠥᠬᠡᠬᠤᠲᠠ ᠶᠢᠨ ᠦᠴᠤᠸᠠᠨ ᠰᠢᠶᠠᠨ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠵᠡᠷᠭᠡ ᠳᠠᠪᠠᠭᠤᠯᠢᠭ ᠭᠠᠵᠠᠷ ᠣᠷᠣᠨ ᠳᠤ ᠲᠦᠰᠢᠭᠯᠡᠨ ᠦᠷ᠎ᠡ ᠶᠢᠨ ᠲᠥᠮᠥᠰᠥ ᠪᠣᠶᠢᠵᠢᠭᠤᠯᠬᠤ᠂ ᠬᠡᠪᠴᠢᠶᠡᠵᠢᠭᠦᠯᠦᠨ ᠲᠠᠷᠢᠬᠤ᠂ ᠡᠳ᠋ᠰᠢᠭᠦᠯᠬᠦ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ ᠪᠠᠶᠢᠭᠤᠯᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号