ᠪᠤᠭᠤᠲᠤ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ ᠨᠠᠮ ᠤᠨ ᠭᠡᠰᠢᠭᠦᠳ ᠤᠨ ᠰᠤᠷᠤᠯᠴᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
     10 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ ᠨᠠᠮ ᠤᠨ ᠭᠡᠰᠢᠭᠦᠳ ᠤᠨ ᠰᠤᠷᠤᠯᠴᠠᠯᠭ᠎ᠠ ᠶᠢᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠡᠭᠦᠷ ᠤᠨ ᠱᠦᠵᠢ ᠬᠤᠷᠠᠯ ᠢ ᠡᠷᠭᠢᠯᠡᠵᠦ᠂ ᠪᠦᠬᠦ ᠨᠠᠮ ᠤᠨ ᠭᠡᠰᠢᠭᠦᠳ᠂ ᠢᠳᠡᠪᠬᠢᠲᠡᠨ᠂ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠣᠷᠣᠯᠴᠠᠪᠠ᠃      ᠬᠤᠷᠠᠯ ᠢ ᠬᠤᠶᠠᠷ ᠱᠠᠲᠤ ᠬᠤᠪᠢᠶᠠᠵᠤ᠂ ᠨᠢᠭᠡᠳᠦᠭᠡᠷ ᠱᠠᠲᠤ ᠨᠢ ︽ᠳᠠᠭᠠᠵᠤ ᠰᠤᠷᠤᠯᠴᠠᠬᠤ︾ ᠪᠣᠯᠤᠨ᠎ᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ 27 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ 2020 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ ᠢ ᠤᠯᠠᠮᠵᠢᠯᠠᠨ ᠰᠤᠷᠤᠯᠴᠠᠪᠠ᠃      ᠬᠤᠶᠠᠳᠤᠭᠠᠷ ᠱᠠᠲᠤ ᠨᠢ ︽ᠲᠤᠰᠬᠠᠶ ᠰᠡᠳᠦᠪ ᠢ ᠰᠤᠷᠤᠯᠴᠠᠬᠤ ᠤᠬᠠᠭᠠᠨ︾ ᠪᠤᠯᠤᠨ᠎ᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ︵ᠭᠤᠷᠪᠠᠳᠤᠭᠠᠷ ᠪᠣᠳᠢ︶ ᠭᠡᠬᠦ ᠨᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠬᠠᠶ ᠠᠭᠤᠯᠭ᠎ᠠ ᠶᠢᠨ ᠬᠡᠰᠡᠭᠯᠡᠯ ᠢ ᠲᠤᠰᠬᠠᠢ ᠰᠡᠳᠦᠪ ᠢᠶᠠᠷ ᠰᠤᠷᠤᠯᠴᠠᠨ᠂ ᠨᠠᠮ ᠤᠨ ᠭᠡᠰᠢᠭᠦᠨ ᠠᠴᠠ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ︵ᠭᠤᠷᠪᠠᠳᠤᠭᠠᠷ ᠪᠣᠳᠢ︶ ᠭᠡᠬᠦ ᠨᠤᠮ ᠤᠨ ᠨᠠᠢᠮᠠᠳᠤᠭᠠᠷ ᠲᠤᠰᠬᠠᠶ ᠰᠡᠳᠦᠪ ᠤᠨ ᠬᠡᠰᠡᠭ ᠢ ᠳᠠᠭᠠᠭᠤᠯᠤᠨ ᠰᠤᠷᠤᠯᠴᠠᠪᠠ᠃ ᠬᠡᠰᠡᠭ ᠨᠥᠬᠦᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡᠨ ᠲᠦᠢᠯ ᠤᠨ ᠴᠢᠬᠤᠯᠠ ᠠᠵᠢᠯ ᠮᠥᠨ᠂ ᠲᠡᠷᠡ ᠨᠢ ᠲᠤᠭ ᠲᠡᠮᠳᠡᠭ ᠲᠠᠢ ᠬᠤᠯᠪᠣᠭᠳᠠᠵᠤ᠂ ᠵᠠᠮ ᠮᠦᠷ ᠲᠠᠢ ᠬᠤᠯᠪᠣᠭᠳᠠᠵᠤ᠂ ᠤᠯᠤᠰ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠦᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠬᠠᠲᠠᠭᠤᠵᠢᠯᠲᠠᠢ ᠴᠢᠨᠠᠷ ᠨᠠᠷᠢᠨ ᠪᠤᠳᠤᠯᠢᠶᠠᠨᠲᠤ ᠴᠢᠨᠠᠷ ᠢ ᠨᠡᠩ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠰᠡᠷᠭᠡᠭ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠤᠯᠭᠠᠨ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠢᠲᠠᠨ ᠤ ᠡᠷᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ ᠤᠨ ᠢᠶᠠᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠤᠯᠤᠰ ᠲᠥᠷᠥ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠨᠠᠮ ᠤᠨ ᠭᠡᠰᠢᠭᠦᠨ ᠺᠠᠲᠠᠷᠴᠤᠳ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠠᠵᠢᠯ ᠤᠨ ᠡᠭᠦᠷᠭᠡ ᠴᠢᠳᠠᠪᠤᠷᠢ ᠶᠢᠨ ᠶᠣᠰᠣᠭᠠᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠮᠥᠷᠥᠨ ᠳᠡᠭᠡᠷ᠎ᠡ ᠪᠠᠨ ᠡᠭᠦᠷᠭᠡᠯᠡᠨ᠂ ᠭᠠᠷ ᠲᠤ ᠪᠠᠨ ᠠᠳᠬᠤᠵᠤ᠂ ᠠᠵᠢᠯᠯᠠᠭ᠎ᠠ ᠳᠤ ᠪᠠᠨ ᠨᠠᠶᠢᠳᠠᠪᠤᠷᠢᠵᠢᠭᠤᠯᠵᠤ᠂ ᠲᠥᠪ ᠰᠤᠷᠲᠠᠯ ᠢ ᠪᠠᠳᠠᠷᠠᠭᠤᠯᠤᠨ᠂ ᠢᠳᠡᠪᠬᠢ ᠬᠦᠴᠦᠨ ᠢ ᠬᠥᠭᠵᠢᠭᠡᠵᠦ᠂ ᠪᠤᠭᠤᠲᠤ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠦᠢᠯᠡᠰ ᠤᠨ ᠡᠷᠡᠭᠦᠯ ᠢᠶᠠᠷ ᠲᠦᠷᠭᠡᠨ ᠦᠷᠭᠦᠯᠵᠢᠯᠡᠨ ᠬᠥᠭᠵᠢᠬᠦ ᠶᠢ ᠬᠦᠴᠦᠲᠡᠶ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号