ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠡᠭᠦᠷ ᠤᠨ ᠳᠡᠳ᠋ ᠱᠦᠵᠢ ᠵᠧᠤ ᠹᠧᠩ ᠯᠢᠨ ᠨᠥᠬᠦᠷ ᠠᠴᠠ ᠲᠠᠶᠢᠯᠪᠤᠷᠢᠯᠠᠭᠰᠠᠨ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︾ ᠭᠡᠰᠡᠨ ᠭᠠᠷᠴᠠᠭ ᠲᠠᠢ ᠨᠠᠮ ᠤᠨ ᠬᠢᠴᠢᠶᠡᠯ ᠢ ᠰᠣᠨᠣᠰᠴᠠᠶ᠃ ᠬᠤᠷᠠᠯ ᠢ ᠨᠠᠮ ᠤᠨ ᠡᠭᠦᠷ ᠤᠨ ᠱᠦᠵᠢ ᠰᠤᠷᠤᠨ᠎ᠠ ᠨᠥᠬᠦᠷ ᠡᠷᠬᠢᠯᠡᠵᠦ᠂ ᠪᠦᠬᠦ ᠨᠠᠮ ᠤᠨ ᠭᠡᠰᠢᠭᠦᠳ ᠪᠣᠯᠤᠨ ᠨᠠᠮ ᠳᠤ ᠤᠷᠤᠬᠤ ᠢᠳᠡᠪᠬᠢᠲᠡᠨ ᠣᠷᠣᠯᠴᠠᠪᠠ᠃

     ᠨᠠᠮ ᠤᠨ ᠬᠢᠴᠢᠶᠡᠯ ᠢ ᠳᠥᠷᠪᠡᠨ ᠬᠡᠰᠡᠭ ᠬᠤᠪᠢᠶᠠᠪᠠ᠂ ᠨᠢᠭᠡᠳᠦᠭᠡᠷ ᠬᠡᠰᠡᠭ ᠨᠢ ᠰᠢᠨ᠎ᠡ ᠬᠥᠭᠵᠢᠯᠲᠡ ᠶᠢᠨ

ᠤᠨᠤᠯᠵᠢᠬᠤᠨ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ︔ ᠬᠤᠶᠠᠳᠤᠭᠠᠷ

ᠬᠡᠰᠡᠭ ᠨᠢ ᠣᠷᠣᠨ ᠪᠦᠰᠡ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠬᠦᠴᠦᠨ ᠵᠦᠢᠯ᠂ ᠴᠢᠨᠠᠷ ᠰᠠᠶᠢᠲᠠᠢ

ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ᠂ ᠲᠠᠷᠢᠶᠠᠯᠠᠩ ᠮᠠᠯ ᠠᠵᠤ

ᠠᠬᠤᠶ ᠶᠢᠨ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ᠂ ᠬᠥᠭᠵᠢᠯᠲᠡ ᠶᠢᠨ ᠭᠤᠤᠯ ᠴᠤᠭᠴᠠ ᠵᠡᠷᠭᠡ ᠬᠡᠳᠦᠨ

ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠷᠢ

ᠲᠣᠭᠲᠠᠭᠠᠯᠲᠠ ᠶᠢ ᠲᠣᠳᠣᠷᠬᠠᠶᠢᠯᠠᠨ ᠦᠭᠦᠯᠡᠪᠡ︔ ᠭᠤᠷᠪᠠᠳᠤᠭᠠᠷ ᠬᠡᠰᠡᠭ ᠨᠢ ᠬᠥᠳᠡᠭᠡ ᠠᠵᠤ ᠠᠬᠤᠶ ᠶᠢᠨ

ᠮᠠᠰᠢᠨᠴᠢᠯᠠᠯᠲᠠ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠬᠦ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠠᠴᠠ ᠡᠭᠦᠰᠴᠦ᠂ ︽ᠲᠠᠷᠢᠶᠠᠯᠠᠩ ᠤᠨ

ᠦᠨᠳᠦᠰᠦᠨ ᠭᠠᠷᠬᠤ ᠵᠠᠮ ᠨᠢ ᠮᠠᠰᠢᠨᠴᠢᠯᠠᠯᠲᠠ ᠳᠤ ᠪᠤᠢ︾ ᠭᠡᠬᠦ ᠤᠨᠤᠯᠵᠢᠬᠤᠨ ᠢ ᠬᠡᠷᠡᠭᠵᠢᠭᠦᠯᠬᠦ ᠪᠠᠷ ᠳᠤᠷᠠᠳᠪᠠ︔

ᠳᠥᠷᠪᠡᠳᠦᠭᠡᠷ ᠬᠡᠰᠡᠭ ᠨᠢ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠭᠡᠷᠡᠴᠢᠯᠡᠯᠲᠡ ᠶᠢ

ᠬᠡᠷᠡᠭᠵᠢᠭᠦᠯᠵᠦ ᠪᠠᠶᠢᠭ᠎ᠠ ᠠᠬᠢᠴᠠ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ

ᠪᠣᠯᠤᠨ᠎ᠠ᠃ ᠨᠠᠮ ᠤᠨ ᠬᠢᠴᠢᠶᠡᠯ ᠨᠢ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠠᠭᠤᠯᠭ᠎ᠠ ᠪᠦᠬᠦ ᠲᠠᠯ᠎ᠠ ᠶᠢ

ᠬᠠᠮᠤᠷᠴᠤ᠂ ᠣᠨᠣᠯ ᠭᠦᠨᠵᠡᠭᠡᠢ ᠪᠠᠶᠢᠵᠤ᠂ ᠪᠦᠬᠦ ᠨᠠᠮ ᠤᠨ ᠭᠡᠰᠢᠭᠦᠨ ᠺᠠᠲᠠᠷᠴᠤᠳ ᠮᠠᠰᠢ ᠭᠦᠨ ᠠᠰᠢᠭ ᠬᠦᠷᠲᠡᠪᠡ᠃

     ᠨᠠᠮ ᠤᠨ ᠡᠭᠦᠷ ᠤᠨ ᠱᠦᠵᠢ ᠰᠤᠷᠤᠨ᠎ᠠ ᠨᠥᠬᠦᠷ ᠳ᠋ᠦᠩᠨᠡᠯᠲᠡ ᠶᠢᠨ ᠦᠭᠡ ᠬᠡᠯᠡᠪᠡ᠃

 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号