ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠶᠠᠳᠤᠭᠠᠷ ᠶᠡᠭᠡ ᠠᠩᠭᠢ ᠲᠡᠵᠢᠭᠡᠯ ᠪᠣᠷᠳᠤᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/10/29
     ᠣᠶᠢᠷ᠎ᠠ ᠳᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ ᠨᠢ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠲᠣᠬᠢᠷᠠᠭᠤᠯᠤᠯᠲᠠ ᠪᠠᠷ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠲᠡᠵᠢᠭᠡᠯ ᠪᠣᠷᠳᠣᠭᠠᠨ ᠤ ᠰᠠᠯᠠᠭᠠᠨ ᠤ ᠠᠵᠢᠯᠲᠠᠨ ᠲᠠᠢ ᠬᠠᠮᠲᠤᠷᠠᠨ᠂ ᠵᠢᠦ᠋ᠶᠤᠸᠠᠨ ᠲᠣᠭᠤᠷᠢᠭ ᠤᠨ ᠮᠠ ᡂᠢ ᠪᠠᠯᠭᠠᠰᠤᠨ ᠳᠤ ᠭᠦᠨᠵᠡᠭᠡᠶᠢᠷᠡᠵᠦ᠂ ᠶᠠᠮᠠᠷ ᠨᠢᠭᠡᠨ ᠢᠯᠡᠴᠢᠯᠡᠨ ᠮᠡᠳᠡᠭᠦᠯᠦᠭᠰᠡᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠦᠢᠯᠡᠳᠪᠦᠷᠢ ᠶᠢᠨ ᠦᠢᠯᠡᠳᠪᠦᠷᠢᠯᠡᠭᠰᠡᠨ ᠪᠦᠲᠦᠭᠡᠭᠳᠡᠬᠦᠨ ᠳᠤ ᠭᠤᠤᠯᠳᠠᠯᠭ᠎ᠠ ᠲᠠᠢ ᠴᠢᠭᠯᠡᠭᠦᠯᠦᠨ᠂ ᠲᠡᠵᠢᠭᠡᠯ ᠪᠣᠷᠳᠣᠭᠠᠨ ᠤ ᠡᠵᠡᠩᠨᠡᠯᠲᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠮᠲᠤᠷᠠᠨ ᠦᠷᠨᠢᠭᠦᠯᠵᠦ᠂ ᠨᠡᠶᠢᠲᠡ 6 ᠲᠡᠵᠢᠭᠡᠯ ᠪᠣᠷᠳᠣᠭᠠᠨ ᠤ ᠡᠵᠡᠩᠨᠡᠯᠲᠡ ᠶᠢᠨ ᠳᠡᠯᠭᠡᠭᠦᠷ ᠲᠤ ᠵᠢᠭᠰᠠᠭᠠᠵᠤ ᠬᠠᠷᠭᠤᠭᠤᠯᠬᠤ ᠪᠠᠶᠢᠴᠠᠭᠠᠯᠲᠠ ᠬᠢᠪᠡ᠃      ᠡᠵᠡᠩᠨᠡᠯᠲᠡ ᠶᠢᠨ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠳᠠᠩᠰᠠ ᠶᠢ ᠪᠠᠶᠢᠴᠠᠭᠠᠬᠤ᠂ ᠡᠵᠡᠩᠨᠡᠯᠲᠡ ᠶᠢᠨ ᠪᠦᠲᠦᠭᠡᠭᠳᠡᠬᠦᠨ ᠤ ᠱᠣᠰᠢᠭ᠎ᠠ ᠪᠠ ᠪᠤᠭᠤᠳᠠᠯ ᠢ ᠬᠠᠷᠭᠤᠭᠤᠯᠬᠤ᠂ ᠡᠵᠡᠩᠨᠡᠭᠴᠢ ᠠᠴᠠ ᠨᠠᠷᠢᠨ ᠯᠠᠪᠯᠠᠨ ᠠᠰᠠᠭᠤᠬᠤ᠂ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠵᠢᠴᠢ ᠪᠦᠲᠦᠭᠡᠭᠳᠡᠬᠦᠨ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠲᠡᠵᠢᠭᠡᠯ ᠪᠣᠷᠳᠤᠭ᠎ᠠ ᠡᠵᠡᠩᠨᠡᠬᠦ ᠳᠡᠯᠭᠡᠭᠦᠷ ᠤᠨ ᠡᠵᠡᠩᠨᠡᠵᠦ ᠪᠠᠶᠢᠭ᠎ᠠ ᠲᠥᠷᠥᠯ ᠪᠦᠷᠢ ᠶᠢᠨ ᠪᠦᠲᠦᠭᠡᠭᠳᠡᠬᠦᠨ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠪᠠ᠃ ᠨᠠᠷᠢᠨ ᠨᠢᠮᠪᠠᠶ ᠪᠠᠶᠢᠴᠠᠭᠠᠯᠲᠠ ᠪᠠᠷ ᠳᠠᠮᠵᠢᠨ᠂ 2 ᠲᠡᠵᠢᠭᠡᠯ ᠪᠣᠷᠳᠤᠭ᠎ᠠ ᠶᠢᠨ ᠡᠵᠡᠩᠨᠡᠯᠲᠡ ᠶᠢᠨ ᠳᠡᠯᠭᠡᠭᠦᠷ ᠨᠢ ᠢᠯᠡᠴᠢᠯᠡᠨ ᠮᠡᠳᠡᠭᠦᠯᠦᠭᠰᠡᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠦᠢᠯᠡᠳᠪᠦᠷᠢ ᠶᠢᠨ ᠦᠢᠯᠡᠳᠪᠦᠷᠢᠯᠡᠭᠰᠡᠨ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠢ ᠪᠤᠷᠤᠯᠠᠭᠤᠯᠵᠤ ᠪᠠᠶᠢᠬᠤ ᠶᠢ ᠢᠯᠡᠷᠡᠭᠦᠯᠵᠡᠶ᠃ ᠳᠠᠷᠠᠭ᠎ᠠ ᠨᠢ᠂ ᠬᠤᠶᠠᠳᠤᠭᠠᠷ ᠶᠡᠭᠡ ᠠᠩᠭᠢ ᠶᠢᠨ ᠬᠠᠤᠯᠢ ᠬᠡᠷᠡᠭᠵᠢᠭᠦᠯᠦᠭᠴᠢ ᠳᠠᠷᠤᠶ ᠲᠦᠷᠭᠡᠨ ᠲᠤᠬᠠᠶ ᠶᠢᠨ ᠭᠠᠵᠠᠷ ᠲᠤ ᠪᠠᠨ ᠳᠠᠩᠰᠠᠯᠠᠨ ᠬᠠᠳᠠᠭᠠᠯᠠᠬᠤ᠂ ᠲᠡᠵᠢᠭᠡᠯ ᠪᠣᠷᠳᠤᠭ᠎ᠠ ᠶᠢᠨ ᠡᠵᠡᠩᠨᠡᠯᠲᠡ ᠶᠢᠨ ᠳᠡᠯᠭᠡᠭᠦᠷ ᠤᠨ ᠪᠣᠷᠣᠯᠠᠭᠤᠯᠭ᠎ᠠ ᠶᠢ ᠨᠢ ᠲᠦᠷ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠪᠥᠭᠡᠳ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠤᠷᠢᠳᠤᠯᠭ᠎ᠠ ᠳᠤ ᠲᠡᠵᠢᠭᠡᠯ ᠪᠣᠷᠳᠤᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠬᠢᠵᠦ᠂ ᠰᠠᠯᠪᠤᠷᠢ ᠠᠩᠭᠢ ᠶᠢᠨ ᠳᠠᠷᠠᠭ᠎ᠠ ᠠᠯᠬᠤᠮ ᠤᠨ ᠠᠵᠢᠯ ᠳᠤ ᠨᠠᠶᠢᠳᠠᠪᠤᠷᠢᠲᠠᠶ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ ᠬᠠᠩᠭᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号