ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠨ ᠬᠠᠮᠢᠶᠠᠷᠬᠤ ᠭᠠᠵᠠᠷ ᠯᠤᠭ᠎ᠠ ᠬᠠᠮᠲᠤᠷᠠᠨ ᠰᠢᠨ᠎ᠡ ᠲᠢᠳᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2020/10/29
     ᠣᠶᠢᠷ᠎ᠠ ᠳᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠨ ᠬᠠᠮᠢᠶᠠᠷᠬᠤ ᠭᠠᠵᠠᠷ ᠯᠤᠭ᠎ᠠ ᠬᠠᠮᠲᠤᠷᠠᠨ ᠰᠢᠨ᠎ᠡ ᠲᠢᠳᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠪ ᠤᠨ ᠪᠦᠬᠦ ᠨᠠᠮ ᠤᠨ ᠭᠡᠰᠢᠭᠦᠨ᠂ ᠺᠠᠳ᠋ᠷ ᠠᠵᠢᠯᠲᠠᠳ ᠣᠷᠣᠯᠴᠠᠪᠠ᠃ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠪᠤᠯᠪᠠᠰᠤᠷᠠᠭᠤᠯᠤᠯ ᠤᠨ ᠲᠦᠪ ᠤᠨ ᠰᠤᠷᠭᠠᠭᠴᠢ ᠷᠧᠨ ᠵᠢᠶᠧ ᠵᠤᠯᠠ ᠰᠡᠭᠦᠳᠡᠷ ᠤᠨ ᠹᠢᠯᠢᠮ ᠪᠣᠯᠤᠨ ᠸᠢᠳᠢᠤ᠋ ᠶᠢ ᠠᠰᠢᠭᠯᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠠᠮᠢᠳᠤᠯᠢᠭ ᠳᠦᠷᠰᠦᠯᠢᠭ ᠢᠶᠠᠷ ᠢᠯᠡᠷᠡᠭᠦᠯᠪᠡ︔ ᠬᠡᠳᠦ ᠤᠳᠠᠭ᠎ᠠ ᠶᠢᠨ ᠣᠨᠴᠠ ᠶᠡᠭᠡ ᠭᠠᠯ ᠲᠦᠢᠮᠡᠷ ᠤᠨ ᠠᠳᠡᠯ ᠤᠨ ᠸᠢᠳᠢᠤ᠋ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ ᠭᠠᠯ ᠤᠨ ᠠᠶᠤᠯ ᠡᠭᠦᠰᠦᠭᠰᠡᠨ ᠰᠢᠯᠲᠠᠭᠠᠨ ᠢ ᠭᠦᠨᠵᠡᠭᠡᠶ ᠵᠠᠳᠠᠯᠤᠭᠰᠠᠨ ᠤ ᠬᠠᠮᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠳᠠᠯᠳᠠ ᠭᠡᠮ ᠢ ᠰᠢᠢᠳᠪᠦᠷᠢᠯᠡᠬᠦ ᠪᠣᠳᠠᠲᠠᠶ ᠠᠷᠭ᠎ᠠ ᠶᠢᠨ ᠲᠤᠬᠠᠶ ᠨᠠᠷᠢᠨ ᠲᠠᠶᠢᠯᠪᠤᠷᠢᠯᠠᠯᠲᠠ ᠬᠢᠵᠦ᠂ ᠭᠠᠯ ᠤᠨᠲᠠᠷᠠᠭᠠᠭᠤᠷ ᠪᠠ ᠭᠠᠯ ᠤᠨᠲᠠᠷᠠᠭᠠᠬᠤ ᠬᠡᠪᠢᠰ ᠵᠡᠷᠭᠡ ᠶᠢ ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠠᠢ ᠳᠤ ᠨᠢ ᠲᠠᠶᠢᠯᠪᠤᠷᠢᠯᠠᠪᠠ᠃      ᠲᠤᠰ ᠤᠳᠠᠭ᠎ᠠ ᠶᠢᠨ ᠲᠠᠶᠢᠯᠤᠮᠵᠢ ᠪᠠᠷ ᠳᠠᠮᠵᠢᠭᠤᠯᠤᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠨᠠᠮ ᠤᠨ ᠭᠡᠰᠢᠭᠦᠨ᠂ ᠺᠠᠳ᠋ᠷ ᠠᠵᠢᠯᠲᠠᠳ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠨᠡᠩ ᠰᠠᠶᠢᠲᠤᠷ ᠤᠶᠢᠯᠠᠭᠠᠵᠤ᠂ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠢ ᠪᠠᠭᠠᠰᠬᠠᠬᠤ ᠳᠤ ᠲᠤᠰᠠᠲᠠᠶ ᠪᠠᠶᠢᠵᠤ᠂ ᠭᠠᠯ ᠤᠨ ᠠᠶᠤᠯ ᠤᠨ ᠳᠠᠯᠳᠠ ᠭᠡᠮ ᠢ ᠡᠷᠢᠬᠦ ᠵᠢᠴᠢ ᠳᠠᠯᠳᠠ ᠭᠡᠮ ᠢ ᠢᠯᠡᠷᠡᠭᠦᠯᠦᠭᠰᠡᠨ ᠤ ᠳᠠᠷᠠᠭ᠎ᠠ ᠰᠢᠢᠳᠪᠦᠷᠢᠯᠡᠬᠦ ᠠᠷᠭ᠎ᠠ ᠶᠢ ᠰᠤᠷᠴᠤ᠂ ᠠᠮᠤᠷ ᠲᠦᠪᠰᠢᠨ ᠡᠷᠡᠭᠦᠯ ᠡᠩᠬᠡ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠠᠶ᠂ ᠮᠦᠨ ᠴᠤ ᠡᠶ᠎ᠡ ᠵᠣᠬᠢᠴᠠᠩᠭᠤᠶ ᠵᠣᠯ ᠵᠢᠷᠭᠠᠯᠲᠤ ᠭᠡᠷ ᠤᠷᠤᠨ ᠢ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号