ᠡᠨᠡ ᠵᠢᠯ ᠮᠠᠨ ᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠤᠷᠤᠭᠰᠢᠲᠠᠶ ᠳᠠᠭᠤᠰᠪᠠ
ᠨᠡᠶᠢᠲᠡᠯᠡᠭᠰᠡᠨ ᠴᠠᠭ᠄
2020/10/29
     4 ᠰᠠᠷ᠎ᠠ ᠶᠢᠨ 3 ᠤ ᠡᠳᠦᠷ ᠠᠴᠠ ᠨᠠᠭᠠᠰᠢ᠂ ᠮᠠᠨ ᠤ ᠣᠷᠣᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠥᠷᠨᠢᠭᠦᠯᠵᠦ᠂ ᠵᠢᠷᠭᠤᠭᠠᠨ ᠰᠠᠷ᠎ᠠ ᠭᠠᠷᠤᠶ ᠶᠢᠨ ᠬᠤᠭᠤᠴᠠᠭᠠᠨ ᠳᠤ ᠨᠡᠶᠢᠲᠡ ᠭᠤᠷᠪᠠᠨ ᠪᠦᠯᠦᠭ ᠤᠳᠠᠭ᠎ᠠ ᠶᠢᠨ ᠨᠥᠬᠦᠪᠥᠷᠢ ᠶᠢᠨ ᠦᠢᠯᠡᠳᠬᠦᠨ ᠢ ᠳᠠᠩᠰᠠ ᠡᠪᠬᠡᠮᠡᠯ ᠳᠤ ᠤᠷᠤᠭᠤᠯᠵᠦ᠂ ᠳᠠᠩᠰᠠ ᠡᠪᠬᠡᠮᠡᠯ ᠳᠤ ᠣᠷᠣᠭᠤᠯᠬᠤ ᠪᠠᠷ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ 1370 ᠭᠠᠷᠤᠶ ᠪᠠᠶᠢᠵᠤ᠂ ᠭᠤᠶᠤᠴᠢᠯᠠᠨ ᠮᠡᠳᠡᠭᠦᠯᠦᠭᠰᠡᠨ ᠦᠢᠯᠡᠳᠬᠦᠨ ᠨᠢ 11267 ᠪᠠᠶᠢᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠤᠷᠤᠭᠰᠢᠲᠠᠶ ᠪᠡᠶᠡᠯᠡᠭᠦᠯᠦᠭᠰᠡᠨ ᠨᠢ ᠮᠠᠨ ᠤ ᠣᠷᠣᠨ ᠤ ᠡᠨᠡ ᠵᠢᠯ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号