2020 ᠣᠨ ᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠡᠪᠬᠡᠮᠡᠯ ᠢ ᠦᠨᠡᠯᠡᠨ ᠪᠠᠶᠢᠴᠠᠭᠠᠬᠤ ᠵᠢᠴᠢ ᠵᠤᠬᠢᠶᠠᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/10/30
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠄      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ  ᠲᠢᠩᠬᠢᠮ 9 ᠰᠠᠷ᠎ᠠ ᠶᠢᠨ ᠬᠤᠷᠢᠳ ᠢᠶᠠᠷ 2020 ᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠡᠪᠬᠡᠮᠡᠯ ᠢ ᠦᠨᠡᠯᠡᠨ ᠪᠠᠶᠢᠴᠠᠭᠠᠬᠤ ᠵᠢᠴᠢ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ ᠪᠣᠯᠪᠠᠰᠤᠷᠠᠭᠤᠯᠤᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠦᠨᠡᠯᠡᠨ ᠪᠠᠶᠢᠴᠠᠭᠠᠬᠤ ᠪᠤᠯᠪᠠᠰᠤᠷᠠᠭᠤᠯᠤᠯ ᠤᠨ ᠴᠠᠭ᠂ ᠭᠠᠵᠠᠷ      ᠦᠨᠡᠯᠡᠨ ᠪᠠᠶᠢᠴᠠᠭᠠᠬᠤ ᠪᠣᠯᠪᠠᠰᠤᠷᠠᠭᠤᠯᠤᠯ ᠤᠨ ᠴᠠᠭ᠄ 2020 ᠣᠨ ᠤ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠃ 9 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠨᠡᠷ᠎ᠡ ᠮᠡᠳᠡᠭᠦᠯᠵᠦ᠂ 9 ᠰᠠᠷ᠎ᠠ ᠶᠢᠨ 30 ᠤ ᠡᠳᠦᠷ ᠪᠤᠴᠠᠨ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠠᠢ ᠵᠢᠩ ᠣᠯᠠᠨ ᠤᠯᠤᠰ ᠤᠨ ᠪᠠᠭᠤᠳᠠᠯ      ᠡᠮᠦᠨ᠎ᠡ ᠲᠠᠪᠴᠠᠩ ᠤᠨ ᠤᠲᠠᠰᠤ᠄ 0471 — 4625555 ︵ᠪᠣᠳᠠᠲᠠᠶ ᠭᠠᠵᠠᠷ ᠢ ᠠᠰ ᠲᠤ ᠨᠢ ᠮᠡᠳᠡᠭᠳᠡᠨ᠎ᠡ︶      ᠬᠤᠶᠠᠷ᠂ ᠣᠷᠣᠯᠴᠠᠭᠴᠢ      ︵ᠨᠢᠭᠡ︶ ᠡᠯ᠎ᠡ ᠠᠶᠢᠮᠠᠭ ᠬᠤᠲᠠ ᠨᠤᠭᠤᠳ ᠤᠭ ᠤᠨ ᠲᠠᠨᠢᠯᠴᠠᠭᠤᠯᠤᠭᠰᠠᠨ ᠬᠦᠮᠦᠰ ᠢᠶᠠᠨ ᠪᠤᠯᠪᠠᠰᠤᠷᠠᠭᠤᠯᠤᠯ ᠤᠨ ᠭᠠᠵᠠᠷ ᠲᠤ ᠦᠪᠡᠰᠦᠪᠡᠨ ᠬᠦᠷᠴᠦ ᠤᠴᠢᠬᠤ ᠪᠠᠷ ᠲᠤᠬᠢᠷᠠᠭᠤᠯᠵᠦ᠂ ᠲᠤᠭᠲᠠᠭᠰᠠᠨ ᠪᠤᠯᠪᠠᠰᠤᠷᠠᠭᠤᠯᠤᠯ ᠤᠨ ᠲᠤᠭ᠎ᠠ ᠶᠤᠰᠤᠭᠠᠷ ᠬᠤᠷᠠᠯ ᠳᠤ ᠤᠷᠤᠯᠴᠠᠭᠤᠯᠬᠤ ᠬᠡᠷᠡᠭᠲᠡᠶ᠃      ︵ᠬᠤᠶᠠᠷ︶ ᠬᠤᠷᠠᠯ ᠳᠤ ᠣᠷᠣᠯᠴᠠᠭᠰᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠬᠠᠷᠭᠤᠭᠤᠯᠤᠨ ᠪᠠᠶᠢᠴᠠᠭᠠᠬᠤ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠤᠯᠪᠠᠰᠤᠷᠠᠭᠤᠯᠤᠯ ᠤᠨ ᠬᠤᠭᠤᠴᠠᠭᠠᠨ ᠳᠤ ᠠᠮᠠᠪᠴᠢ ᠵᠡᠭᠦᠬᠦ ᠬᠡᠷᠡᠭᠲᠡᠶ᠃ ᠬᠡᠷᠪᠡ ᠬᠤᠷᠠᠯ ᠳᠤ ᠣᠷᠣᠯᠴᠠᠬᠤ ᠠᠴᠠ ᠡᠮᠦᠨ᠎ᠡ 14 ᠡᠳᠦᠷ ᠤᠨ ᠳᠣᠲᠣᠷ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠰᠡᠵᠢᠭᠲᠦ ᠰᠢᠨᠵᠢ ᠲᠡᠮᠳᠡᠭ ᠲᠠᠢ᠂ ᠬᠢᠵᠢᠭ ᠤᠨ ᠪᠠᠶᠢᠳᠠᠯ ᠢᠶᠠᠷ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠦᠮᠦᠨ ᠲᠠᠢ ᠬᠦᠷᠦᠯᠴᠡᠭᠰᠡᠨ ᠦᠩᠭᠡᠷᠡᠯᠲᠡ ᠲᠠᠢ᠂ ᠬᠢᠵᠢᠭ ᠤᠨ ᠪᠠᠶᠢᠳᠠᠯ ᠢᠶᠠᠷ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠤᠷᠤᠨ ᠳᠤ ᠤᠷᠤᠰᠢᠨ ᠰᠠᠭᠤᠵᠤ ᠦᠩᠭᠡᠷᠡᠭᠰᠡᠨ ᠪᠤᠰᠤᠳ ᠶᠠᠮᠠᠷᠪᠠ ᠰᠡᠵᠢᠭ ᠲᠠᠢ ᠪᠠᠶᠢᠳᠠᠯ ᠲᠠᠢ ᠪᠠᠶᠢᠪᠠᠯ᠂ ᠬᠤᠷᠠᠯ ᠳᠤ ᠣᠷᠣᠯᠴᠠᠵᠤ ᠪᠣᠯᠬᠤ ᠦᠭᠡᠶ᠃      ︵ᠭᠤᠷᠪᠠ︶ ᠡᠯ᠎ᠡ ᠠᠶᠢᠮᠠᠭ ᠬᠤᠲᠠ ᠨᠤᠭᠤᠳ 2020 ᠣᠨ ᠤ 9 ᠰᠠᠷ᠎ᠠ ᠶᠢᠨ 21 ᠤ ᠡᠳᠦᠷ ᠠᠴᠠ ᠡᠮᠦᠨ᠎ᠡ ᠬᠠᠷᠢᠭᠤ ᠪᠠᠷᠢᠮᠲᠠ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠤᠨ ᠰᠢᠤᠳᠠᠨ ᠬᠠᠶᠢᠷᠴᠠᠭ ︵ᠳᠠᠭᠠᠯᠳᠤᠭᠤᠯᠤᠯ︶ ᠲᠤ ᠮᠡᠳᠡᠭᠦᠯᠦᠨ ᠬᠦᠷᠭᠡᠭᠡᠷᠡᠢ᠃      ᠬᠠᠷᠢᠯᠴᠠᠬᠤ ᠬᠥᠮᠦᠨ᠄ ᠪᠠᠶ ᠸᠧᠨ ᡁᠢ      ᠤᠲᠠᠰᠤ 0471 — 6652081     13644841879                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                               ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ                               ᠤᠷᠤᠨ ᠤ ᠲᠢᠩᠬᠢᠮ ᠤᠨ ᠠᠯᠪᠠᠨ ᠭᠡᠷ                                                2020 ᠣᠨ ᠤ 9 ᠰᠠᠷ᠎ᠠ ᠶᠢᠨ 22 ᠤᠨ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号