ᠲᠠᠷᠢᠶᠠᠯᠠᠩ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/11/16
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠶᠠᠪᠤᠳᠠᠯ ᠤᠨ ᠲᠣᠪᠴᠢᠶ᠎ᠠ ᠳᠤ᠄      ᠡᠨᠡ ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠦᠬᠦ ᠲᠠᠯ᠎ᠠ ᠪᠠᠷ ᠳᠤᠪᠤᠶᠢᠯᠭᠠᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭ᠎ᠠ ᠠᠳᠬᠤᠭᠠᠳ ᠵᠣᠬᠢᠬᠤ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠨᠡᠶᠢᠲᠡᠯᠢᠭ ᠬᠡᠷᠡᠭ ᠤᠨ ᠵᠢᠱᠢᠶ᠎ᠡ ᠶᠢ ᠬᠤᠶᠠᠷ ᠪᠦᠯᠦᠭ ᠨᠡᠶᠢᠲᠡᠯᠡᠵᠦ᠂ ᠰᠦᠷ ᠦᠵᠡᠭᠦᠯᠬᠦ ᠬᠦᠴᠦᠨ ᠢ ᠪᠦᠲᠦᠮᠵᠢᠲᠠᠢ ᠪᠣᠶ ᠪᠣᠯᠭᠠᠪᠠ᠃ ᠭᠡᠪᠡᠴᠦ ᠣᠳᠣᠬᠠᠨ ᠤ ᠡᠵᠡᠮᠰᠢᠭᠰᠡᠨ ᠪᠠᠶᠢᠳᠠᠯ ᠠᠴᠠ ᠦᠵᠡᠪᠡᠯ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠤ ᠮᠥᠨ ᠬᠦ ᠵᠣᠬᠢᠬᠤ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠣᠨᠴᠠ ᠵᠠᠷᠢᠮ ᠭᠠᠵᠠᠷ ᠣᠷᠣᠨ ᠤ ᠠᠵᠢᠯ ᠲᠥᠷᠥᠯ ᠤᠨ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠨᠢ ᠵᠢᠷᠤᠮᠵᠢᠭᠤᠨ ᠪᠣᠰᠣ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠢ ᠬᠠᠷᠠᠬᠠᠨ ᠪᠦᠷᠢᠮᠦᠰᠦᠨ ᠨᠠᠶᠢᠳᠠᠪᠣᠷᠢᠵᠢᠭᠤᠯᠤᠭᠠᠳᠤᠢ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠨᠢ ᠮᠥᠨ ᠬᠦ ᠬᠤᠴᠤᠷᠤᠩᠭᠤᠢ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠢ ᠦᠨᠡᠯᠡᠨ ᠵᠦᠪᠳᠡᠯᠴᠡᠵᠦ ᠬᠢᠨᠠᠨ ᠰᠢᠯᠭᠠᠬᠤ ᠱᠠᠭᠠᠷᠳᠠᠯᠭ᠎ᠠ ᠯᠤᠭ᠎ᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ᠂ ᠤᠨᠴᠠᠭᠠᠶᠢᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ  ᠬᠤᠯᠪᠤᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠪᠡ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠭᠠᠷᠠᠢ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ      ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠶ᠃ ᠠᠵᠢᠯ ᠤᠨ ᠰᠡᠳᠬᠢᠬᠦᠢ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠪᠠᠷ ᠠᠬᠢᠭᠤᠯᠬᠤ ᠶᠢ ᠴᠢᠬᠤᠯᠠᠴᠢᠯᠠᠵᠤ ᠪᠠᠶᠢᠭᠰᠠᠨ ᠠᠴᠠ ᠲᠥᠷᠥ ᠶᠢᠨ ᠪᠣᠳᠣᠯᠭ᠎ᠠ ᠪᠠᠷ ᠠᠬᠢᠭᠤᠯᠬᠤ ᠪᠠ ᠬᠠᠤᠯᠢ ᠪᠠᠷ ᠵᠠᠰᠠᠬᠤ ᠪᠠᠷ ᠠᠬᠢᠭᠤᠯᠬᠤ ᠶᠢ ᠵᠡᠷᠭᠡ ᠳᠤ ᠨᠢ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢ ᠴᠢᠬᠤᠯᠠᠴᠢᠯᠠᠵᠤ ᠪᠠᠶᠢᠭᠰᠠᠨ ᠠᠴᠠ ᠠᠵᠤ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠪᠠ ᠮᠠᠯᠴᠢᠨ ᠲᠠᠷᠢᠶᠠᠴᠢᠳ ᠤᠨ ᠡᠷᠬᠡ ᠠᠰᠢᠭ ᠢ ᠪᠠᠲᠤᠯᠠᠬᠤ ᠶᠢ ᠵᠡᠷᠭᠡ ᠳᠤ ᠨᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠬᠡᠷᠡᠭᠲᠡᠶ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠳᠤ ᠴᠢᠭᠯᠡᠭᠦᠯᠦᠨ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ︽ᠳᠥᠷᠪᠡᠨ ᠬᠠᠮᠤᠭ ᠤᠨ ᠴᠢᠩᠭ᠎ᠠ︾᠂ ︽ᠦᠢᠯᠡᠳᠪᠦᠷᠢᠯᠡᠵᠦ ᠭᠠᠷᠭᠠᠬᠤ︾᠂ ︽ᠬᠠᠮᠢᠶᠠᠷᠴᠤ ᠭᠠᠷᠭᠠᠬᠤ︾᠂ ︽ᠲᠥᠷᠥ ᠪᠠᠷᠢᠬᠤ ᠰᠢᠯᠭᠠᠯᠲᠠ︾ ᠵᠡᠷᠭᠡ ᠴᠢᠬᠤᠯᠠ ᠵᠢᠭᠠᠪᠤᠷᠢ ᠭᠠᠷᠭᠠᠪᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯ᠂ ᠴᠢᠬᠤᠯᠠ ᠪᠦᠬᠦᠢ ᠠᠵᠤ ᠠᠬᠤᠢ ᠶᠢᠨ ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠮᠥᠷᠲᠡᠭᠡᠨ ᠨᠡᠩ ᠴᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠤᠨ ᠵᠠᠶᠢᠯᠠᠭᠤᠯᠵᠤ ᠪᠣᠯᠤᠰᠢ ᠦᠭᠡᠢ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠶᠤᠮ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠨᠢ ᠠᠷᠠᠳ ᠤᠯᠠᠨ ᠤ ᠡᠷᠡᠭᠦᠯ ᠮᠡᠨᠳᠦ ᠠᠮᠤᠷ ᠲᠦᠪᠰᠢᠨ ᠲᠠᠢ ᠰᠢᠭᠤᠳ ᠬᠤᠯᠪᠣᠭᠳᠠᠬᠤ ᠪᠥᠭᠡᠳ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠬᠤᠯᠪᠣᠭᠳᠠᠬᠤ ᠶᠤᠮ᠃ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠠᠰᠠᠭᠤᠳᠠᠯ ᠢ ᠢᠯᠡᠷᠡᠭᠦᠯᠬᠦ ᠪᠣᠯ ᠠᠮᠵᠢᠯᠲᠠ ᠪᠦᠲᠦᠮᠵᠢ ᠮᠥᠨ᠂ ᠠᠰᠠᠭᠤᠳᠠᠯ ᠢ ᠰᠢᠢᠳᠪᠦᠷᠢᠯᠡᠬᠦ ᠪᠣᠯ ᠠᠵᠢᠯ ᠤᠨ ᠪᠦᠲᠦᠮᠵᠢ ᠮᠥᠨ︾ ᠭᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠬᠡᠷᠡᠭ ᠪᠠᠶᠢᠪᠠᠯ ᠵᠠᠪᠠᠯ ᠪᠠᠶᠢᠴᠠᠭᠠᠵᠤ᠂ ᠪᠠᠶᠢᠴᠠᠭᠠᠪᠠᠯ ᠵᠠᠪᠠᠯ ᠡᠴᠦᠰ ᠲᠤ ᠨᠢ ᠲᠤᠯᠲᠠᠯ᠎ᠠ ᠬᠢᠬᠦ ᠬᠡᠷᠡᠭᠲᠡᠶ᠃ ᠡᠯ᠎ᠡ ᠠᠶᠢᠮᠠᠭ ᠬᠤᠲᠠ ᠨᠤᠭᠤᠳ ᠮᠠᠨ ᠤ ᠲᠢᠩᠬᠢᠮ ᠤᠨ ᠵᠢᠯ ᠤᠨ ᠡᠬᠢᠨ ᠳᠤ ᠲᠣᠭᠲᠠᠭᠠᠭᠰᠠᠨ ︽ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠤᠳᠤᠷᠢᠳᠬᠤ ᠺᠠᠳ᠋ᠷ ᠵᠢᠴᠢ ᠰᠠᠯᠠᠭ᠎ᠠ ᠮᠦᠴᠢᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠲᠠᠢ ᠬᠠᠷᠢᠴᠠᠭᠤᠯᠤᠨ᠂ ᠰᠢᠰᠲ᠋ᠧᠮ ᠤᠨ ᠳᠣᠲᠣᠭᠠᠳᠤ ᠶᠢᠨ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃      ᠬᠤᠶᠠᠷ᠂ ᠬᠠᠷᠠᠯᠲᠠ ᠶᠢᠨ ᠤᠳᠤᠷᠢᠳᠤᠮᠵᠢ ᠪᠠᠨ ᠳᠣᠪᠤᠶᠢᠯᠭᠠᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠴᠢᠩᠭ᠎ᠠ ᠠᠳᠬᠤᠬᠤ ᠬᠡᠷᠡᠭᠲᠡᠶ      ᠡᠨᠡ ᠵᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠠᠴᠠ ᠡᠯ᠎ᠡ ᠮᠤᠵᠢ ᠣᠷᠣᠨ ᠤ ᠢᠳᠡᠭᠡᠨ ᠤ ᠠᠮᠤᠷ ᠲᠦᠪᠰᠢᠨ ᠢ ᠦᠨᠡᠯᠡᠨ ᠵᠦᠪᠳᠡᠯᠴᠡᠵᠦ ᠬᠢᠨᠠᠨ ᠰᠢᠯᠭᠠᠬᠤ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠨᠠᠨ ᠰᠢᠯᠭᠠᠬᠤ ᠳᠤ ᠴᠥᠮ ᠵᠣᠬᠢᠴᠠᠩᠭᠤᠶ ᠬᠦᠢᠴᠡᠳᠭᠡᠯ ᠲᠤᠭ᠎ᠠ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠬᠤᠰᠢᠭᠤ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︵ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠᠭᠲᠠᠬᠤ ᠦᠭᠡᠶ︶ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠰᠢᠶᠠᠨ ᠤ ᠳᠤᠮᠳᠠᠴᠢ ᠥᠷᠲᠡᠭ ᠢ 2 ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯᠯᠠᠬᠤ ᠴᠠᠭ ᠤᠨ ᠵᠠᠩᠭᠢᠶᠠᠰᠤ ᠶᠢ ᠪᠠᠲᠤ ᠡᠵᠡᠮᠳᠡᠵᠦ᠂ ᠭᠤᠤᠯᠳᠠᠯᠭ᠎ᠠ ᠲᠠᠢ ᠦᠢᠯᠡᠳᠭᠦᠨ ᠪᠠ ᠪᠠᠭᠤᠷᠠᠶ ᠭᠤᠭᠴᠤᠭ᠎ᠠ ᠳᠤ ᠴᠢᠭᠯᠡᠭᠦᠯᠦᠨ ᠬᠢᠨᠠᠨ ᠬᠠᠮᠢᠶᠠᠷᠴᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠦᠯᠢᠭᠡᠷ ᠠᠪᠬᠤ ᠠᠵᠢᠯ ᠢ ᠬᠠᠮᠵᠢᠯᠴᠠᠨ ᠰᠠᠶᠢᠲᠤᠷ ᠥᠷᠨᠢᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠬᠤᠷᠢᠭᠠᠲᠠᠢ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠭᠰᠡᠨ᠂ ᠳᠠᠯᠳᠠᠭᠤᠷ ᠠᠯᠠᠵᠤ ᠳᠤᠷ᠎ᠠ ᠪᠠᠷ ᠢᠶᠠᠨ ᠨᠢᠲᠤᠯᠬᠤ᠂ ᠡᠮ ᠵᠣᠭᠰᠣᠭᠠᠬᠤ ᠬᠤᠭᠤᠴᠠᠭᠠᠨ ᠤ ᠵᠠᠪᠰᠠᠷ ᠤᠨ ᠬᠤᠭᠤᠴᠠᠭᠠᠨ ᠤ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠢ ᠪᠠ ᠦᠢᠯᠡᠳᠪᠦᠷᠢᠯᠡᠯ ᠤᠨ ᠳᠠᠩᠰᠠ ᠡᠪᠬᠡᠮᠡᠯ ᠤᠨ ᠲᠡᠮᠳᠡᠭᠯᠡᠯ ᠨᠢ ᠵᠢᠷᠤᠮᠵᠢᠭᠤᠨ ᠪᠣᠰᠤ᠂ ᠪᠦᠷᠢᠨ ᠪᠤᠰᠤ ᠵᠡᠷᠭᠡ ᠠᠰᠠᠭᠤᠳᠠᠯ ᠤᠳ ᠢ ᠦᠨᠳᠦᠰᠦᠨ ᠠᠴᠠ ᠨᠢ ᠵᠠᠰᠠᠬᠤ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭᠠᠨ ᠤ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠡᠷᠡᠰ ᠲᠠᠰᠤ ᠪᠠᠷ ᠬᠡᠷᠡᠭ ᠪᠣᠯᠭᠠᠨ ᠳᠠᠩᠰᠠᠯᠠᠵᠤ᠂ ᠰᠦᠷ ᠦᠵᠡᠭᠦᠯᠬᠦ ᠬᠦᠴᠦᠨ ᠢ ᠪᠤᠢ ᠪᠣᠯᠭᠠᠬᠤ ᠬᠡᠷᠡᠭᠲᠡᠶ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠰᠢᠯᠵᠢᠭᠦᠯᠦᠨ ᠲᠤᠰᠢᠶᠠᠭᠰᠠᠨ ᠬᠡᠷᠡᠭ ᠤᠨ ᠪᠠᠶᠢᠴᠠᠭᠠᠨ ᠰᠢᠢᠳᠪᠦᠷᠢᠯᠡᠭᠰᠡᠨ ᠠᠬᠢᠴᠠ ᠶᠢ ᠴᠠᠭ ᠲᠤᠬᠠᠶ ᠳᠤ ᠨᠢ ᠮᠥᠷᠳᠡᠬᠦ ᠬᠡᠷᠡᠭᠲᠡᠶ᠃      ᠭᠤᠷᠪᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠵᠢᠷᠤᠮᠵᠢᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠶᠢ ᠴᠢᠩᠭᠠᠳᠬᠠᠬᠤ ᠬᠡᠷᠡᠭᠲᠡᠢ      ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠨᠢ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠵᠢᠷᠣᠮᠯᠠᠨ᠂ 2020 ᠣᠨ ᠤ ᠡᠴᠦᠰ ᠪᠣᠯᠬᠤ ᠳᠤ᠂ ᠠᠵᠢᠯ ᠲᠥᠷᠥᠯ ᠤᠨ ᠪᠠᠶᠢᠴᠠᠭᠠᠯᠲᠠ ᠶᠢᠨ ︽ᠬᠤᠶᠠᠷ ᠢ ᠲᠠᠰᠢᠷᠠᠮ ᠢᠶᠠᠷ ᠭᠦᠢᠴᠡᠳᠭᠡᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠲᠤᠰ ᠰᠠᠯᠠᠭ᠎ᠠ ᠮᠥᠴᠢᠷ ᠤᠨ ᠢᠶᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠲᠠᠪᠴᠠᠩ ᠳᠤ ᠲᠣᠰ ᠰᠠᠯᠠᠭ᠎ᠠ ᠮᠥᠴᠢᠷ ᠤᠨ ᠢᠶᠠᠨ ︽ᠬᠤᠶᠠᠷ ᠬᠥᠮᠥᠷᠭᠡ︾ ᠶᠢ ᠰᠢᠨᠡᠴᠢᠯᠡᠨ ᠲᠡᠭᠦᠯᠳᠡᠷᠵᠢᠭᠦᠯᠵᠦ᠂ ᠲᠣᠰ ᠰᠠᠯᠠᠭ᠎ᠠ ᠮᠥᠴᠢᠷ ᠤᠨ ᠢᠶᠠᠨ ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠳᠦᠷᠢᠮ ᠢᠶᠠᠨ ᠲᠣᠭᠲᠠᠭᠠᠵᠤ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠳᠦᠷᠢᠮ︾ ᠤᠨ ᠪᠦᠷᠢᠨ ᠪᠦᠲᠦᠨ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠢ᠃ ︽ᠬᠡᠨ ᠬᠢᠨᠠᠨ ᠵᠥᠪᠰᠢᠶᠡᠷᠡᠪᠡᠯ ᠲᠡᠷᠡ ᠬᠢᠨᠠᠨ ᠬᠠᠮᠢᠶᠠᠷᠴᠤ᠂ ᠬᠡᠨ ᠭᠤᠣᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠢ ᠦᠨᠳᠦᠰᠦᠯᠡᠨ ᠡᠯ᠎ᠡ ᠠᠵᠢᠯ ᠲᠥᠷᠥᠯ ᠤᠨ ᠰᠤᠭᠤᠴᠢᠨ ᠪᠠᠶᠢᠴᠠᠭᠠᠭᠰᠠᠨ ᠪᠠ ᠬᠠᠮᠲᠤᠷᠠᠨ ᠰᠤᠭᠤᠴᠢᠨ ᠪᠠᠶᠢᠴᠠᠭᠠᠭᠰᠠᠨ ᠪᠠᠶᠢᠴᠠᠭᠠᠯᠲᠠ ᠶᠢᠨ ᠦᠷ᠎ᠡ ᠳ᠋ᠦᠩ ᠢ ᠴᠠᠭ ᠲᠤᠬᠠᠶ ᠳᠤ ᠨᠢ  ᠴᠤᠭᠯᠠᠭᠤᠯᠬᠤ ᠶᠢᠨ ᠬᠠᠮᠲᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠵᠡᠷᠭᠡ ᠲᠠᠪᠴᠠᠩ ᠢᠶᠠᠷ ᠳᠠᠮᠵᠢᠭᠤᠯᠤᠨ ᠴᠠᠭ ᠲᠤᠬᠠᠶ ᠳᠤ ᠨᠢ ᠢᠯᠡ ᠨᠡᠶᠢᠲᠡᠯᠡᠬᠦ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠭᠰᠡᠳ ᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠢᠲᠡᠭᠡᠯ ᠠᠯᠳᠠᠭᠰᠠᠳ ᠲᠤ ᠢᠲᠡᠭᠡᠮᠵᠢ ᠶᠢᠨ ᠬᠠᠮᠲᠤᠷᠠᠭᠰᠠᠨ ᠵᠠᠯᠭᠠᠬᠠᠯ ᠴᠡᠭᠡᠷᠯᠡᠯ ᠢ ᠬᠡᠷᠡᠭᠵᠢᠭᠦᠯᠦᠨ᠎ᠡ᠃ ᠡᠭᠦᠨ ᠤ ᠬᠠᠮᠲᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠤᠣᠰ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠬᠡᠪᠰᠢᠭᠰᠡᠨ ᠵᠠᠭᠪᠤᠷ ᠢ ᠪᠠᠶᠢᠭᠤᠯᠬᠤ ᠬᠡᠷᠡᠭᠲᠡᠢ᠃      ᠳᠦᠷᠪᠡ᠂ ᠴᠠᠭ ᠤᠨ ᠵᠠᠩᠭᠢᠶᠠᠰᠤ ᠶᠢ ᠴᠢᠩᠳᠠᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠡᠶᠠᠯᠡᠭᠦᠯᠬᠦ ᠬᠡᠷᠡᠭᠲᠡᠢ      ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠭᠡᠷᠡᠴᠢᠯᠡᠯᠲᠡ ᠶᠢ ᠨᠢᠳᠤᠨᠤᠨ ᠠᠴᠠ ᠡᠬᠢᠯᠡᠨ ᠬᠡᠷᠡᠭᠵᠢᠭᠦᠯᠵᠦ᠂ ᠠᠶᠢᠮᠠᠭ ᠬᠤᠲᠠ ᠶᠢᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠨᠢᠭᠡᠨᠲᠡ ᠦᠨᠳᠦᠰᠦᠨ ᠳᠤ ᠪᠠᠨ ᠪᠠᠶᠢᠭᠤᠯᠤᠭᠳᠠᠵᠤ᠂ ᠬᠡᠰᠡᠭ ᠠᠶᠢᠮᠠᠭ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠡᠰᠯᠡᠬᠦ ᠭᠠᠵᠠᠷ ᠤᠨ ᠳᠡᠰ  ᠪᠣᠯᠣᠨ ᠲᠠᠰ ᠳᠡᠪᠰᠢᠪᠡ᠃ 90% ᠠᠴᠠ ᠳᠡᠭᠡᠭᠰᠢᠬᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠴᠤ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢᠶᠠᠨ ᠳᠠᠷᠤᠮᠠᠯᠯᠠᠨ ᠲᠠᠷᠬᠠᠭᠠᠪᠠ᠃ ᠲᠥᠪ ᠤᠨ ᠱᠠᠭᠠᠷᠳᠠᠯᠭ᠎ᠠ ᠶᠣᠰᠣᠭᠠᠷ᠂ 2020 ᠣᠨ ᠤ  ᠵᠢᠯ ᠤᠨ ᠡᠴᠦᠰ ᠠᠴᠠ ᠡᠮᠦᠨ᠎ᠡ᠂ ᠡᠯ᠎ᠡ ᠭᠠᠵᠠᠷ ᠤᠨ ᠬᠢᠨ ᠡᠷᠬᠡᠪᠰᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ︽ᠭᠤᠷᠪᠠ ᠶᠢ ᠲᠤᠭᠲᠠᠭᠠᠬᠤ︾ ᠲᠥᠰᠦᠯ ᠢᠶᠠᠨ ᠪᠦᠬᠦᠨ ᠢ ᠳᠠᠷᠤᠮᠠᠯᠯᠠᠨ ᠲᠠᠷᠬᠠᠭᠠᠵᠤ᠂ ᠡᠭᠦᠷᠭᠡ ᠴᠢᠳᠠᠪᠤᠷᠢ᠂ ᠣᠷᠣᠨ ᠲᠤᠭ᠎ᠠ ᠪᠠ ᠠᠵᠢᠯᠲᠠᠨ ᠢᠶᠠᠨ ᠡᠮᠬᠢᠯᠡᠨ ᠨᠡᠶᠢᠯᠡᠭᠦᠯᠵᠦ ᠪᠤᠳᠠᠳᠠᠶᠢᠵᠢᠭᠤᠯᠤᠨ᠂ ᠪᠠᠶᠢᠭᠤᠯᠤᠮᠵᠢ ᠶᠢᠨ ᠢᠯᠡᠷᠬᠡᠶᠢᠯᠡᠯ ᠢᠶᠠᠨ ᠡᠯᠭᠦᠨ ᠠᠵᠢᠯᠯᠠᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠰᠢᠮᠳᠠᠭᠤᠯᠤᠨ ᠪᠠᠶᠢᠴᠠᠭᠠᠬᠤ ᠪᠠ ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠢ ᠰᠢᠮᠳᠠᠭᠤᠯᠵᠤ ᠪᠠᠶᠢᠭᠠᠳ ᠪᠠᠶᠢᠭᠤᠯᠤᠮᠵᠢ ᠶᠢᠨ ᠢᠯᠡᠷᠬᠡᠶᠢᠯᠡᠯ ᠡᠯᠭᠦᠬᠦ᠂ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ ᠪᠠ ᠠᠵᠢᠯᠲᠠᠨ ᠢ ᠪᠣᠳᠠᠲᠠᠶᠢᠵᠢᠭᠤᠯᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠶ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                              ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                                  2020 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号