ᠲᠠᠷᠢᠶᠠᠨ ᠪᠤᠷᠳᠤᠭᠤᠷ ᠤᠷᠤᠭᠤᠯᠬᠤ
ᠨᠡᠶᠢᠲᠡᠯᠡᠭᠰᠡᠨ ᠴᠠᠭ᠄
2020/11/16
     ᠪᠤᠷᠳᠤᠭᠤᠷ ᠪᠣᠯ ᠬᠦᠷᠦᠰᠦ ᠰᠢᠷᠤᠢ ᠳᠤ ᠰᠢᠮ᠎ᠡ ᠲᠡᠵᠢᠭᠡᠯ ᠬᠠᠩᠭᠠᠵᠤ᠂ ᠬᠦᠷᠦᠰᠦᠨ ᠤ ᠴᠢᠨᠠᠷ ᠢ ᠰᠠᠶᠢᠵᠢᠷᠠᠭᠤᠯᠵᠤ᠂ ᠬᠤᠷᠢᠶᠠᠯᠲᠠ ᠶᠢ ᠨᠡᠮᠡᠭᠳᠡᠭᠦᠯᠬᠦ ᠲᠠᠢ ᠬᠤᠯᠪᠤᠭᠳᠠᠬᠤ ᠪᠤᠯᠬᠤᠷ᠂ ᠲᠠᠷᠢᠶᠠᠨ ᠳᠤ ᠪᠤᠷᠳᠤᠭᠤᠷ ᠤᠷᠤᠭᠤᠯᠬᠤ ᠨᠢ ᠲᠠᠷᠢᠶᠠᠯᠠᠩ ᠤᠨ ᠠᠷᠠᠴᠢᠯᠠᠭ᠎ᠠ ᠶᠢᠨ ᠴᠢᠬᠤᠯᠠ ᠨᠢᠭᠡᠨ ᠠᠵᠢᠯ ᠶᠣᠮ᠃ ᠲᠠᠷᠢᠶᠠᠨ ᠪᠤᠷᠳᠤᠭᠤᠷ ᠢ ᠭᠤᠣᠯᠳᠠᠭᠤ ᠭᠡᠷ ᠤᠨ ᠲᠡᠵᠢᠭᠡᠪᠦᠷᠢ ᠶᠢᠨ ᠪᠠᠭᠠᠰᠤ᠂ ᠬᠤᠷᠭᠤᠯ ᠬᠤᠮᠤᠭ᠂ ᠦᠨᠡᠰᠦ᠂ ᠪᠠᠭᠤᠷᠢ ᠶᠢᠨ ᠰᠢᠷᠤᠢ᠂ ᠬᠠᠨᠵᠤᠨ ᠤ ᠰᠢᠷᠤᠢ᠂ ᠲᠠᠷᠢᠶᠠᠨ ᠡᠪᠡᠰᠦ ᠵᠡᠷᠭᠡ ᠶᠢ ᠤᠪᠤᠭᠠᠯᠠᠬᠤ ᠪᠣᠶᠣ ᠨᠦᠬᠡᠨ ᠳᠤ ᠳᠠᠷᠤᠰᠢᠭᠤᠯᠵᠤ᠂ ᠳᠡᠭᠡᠷ᠎ᠡ ᠠᠴᠠ ᠨᠢ ᠤᠰᠤ ᠬᠢᠵᠦ ᠢᠰᠭᠡᠵᠦ ᠪᠤᠯᠪᠠᠰᠤᠷᠠᠭᠤᠯᠳᠠᠭ᠃ ᠢᠩᠭᠢᠵᠦ ᠪᠣᠯᠪᠠᠰᠤᠷᠠᠭᠤᠯᠵᠤ ᠴᠤᠭᠯᠠᠭᠤᠯᠤᠭᠰᠠᠨ ᠪᠤᠷᠳᠤᠭᠤᠷ ᠢᠶᠠᠨ ᠡᠪᠦᠯ ᠤᠨ ᠤᠯᠠᠷᠢᠯ ᠳᠤ ᠲᠠᠷᠢᠶᠠᠨ ᠭᠠᠵᠠᠷ ᠤᠪᠤᠭᠠᠯᠠᠵᠤ᠂ ᠬᠠᠪᠤᠷ ᠤᠨ ᠲᠠᠷᠢᠶᠠᠯᠠᠩ ᠡᠬᠢᠯᠡᠬᠦ ᠦᠶ᠎ᠡ ᠳᠤ ᠲᠠᠷᠢᠶᠠᠨ ᠳᠤ ᠪᠠᠨ ᠤᠷᠤᠭᠤᠯᠳᠠᠭ᠃ ᠵᠤᠨ ᠤ ᠤᠯᠠᠷᠢᠯ ᠳᠤ ᠲᠠᠷᠢᠶ᠎ᠠ ᠤᠷᠭᠤᠭᠰᠠᠨ ᠬᠤᠶᠢᠨ᠎ᠠ ᠬᠤᠶᠠᠳᠡᠬᠢ ᠤᠳᠠᠭ᠎ᠠ ᠪᠤᠷᠳᠤᠭᠤᠷ ᠤᠷᠤᠭᠤᠯᠬᠤ ᠴᠤ ᠪᠣᠢ᠃ ᠡᠭᠦᠨ ᠢ ᠲᠠᠷᠢᠶᠠᠨ ᠪᠤᠷᠳᠤᠭᠤᠷ ᠨᠡᠮᠡᠬᠦ ᠭᠡᠳᠡᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号