ᠥᠪᠥᠷ ᠮᠣᠩᠭᠤᠯ ᠤᠨ ᠲᠦᠮᠦᠰᠦ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠣᠨᠴᠠᠯᠢᠭᠲᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠢᠶᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2020/11/18
     ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠤᠢᠢᠷ᠎ᠠ ᠳᠤ ᠦᠪᠤᠷ ᠮᠤᠩᠭᠤᠯ ᠤᠨ ᠲᠦᠮᠦᠰᠤ ᠶᠢᠨ ᠴᠠᠭ ᠠᠭᠤᠷ ᠤᠨ ᠤᠢᠢᠯᠡᠴᠢᠯᠡᠬᠡᠨ ᠤ ᠲᠦᠪ ᠨᠢ ᠲᠤᠮᠳᠠᠳᠤ ᠤᠯᠤᠰ ᠤᠨ ᠴᠠᠭ ᠠᠭᠤᠷ ᠤᠨ ᠲᠤᠪᠴᠢᠶ᠎ᠠ ᠪᠤᠯᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠠᠴᠠ ᠲᠤᠭᠳᠠᠭᠠᠭᠰᠠᠨ ᠬᠤᠶᠠᠳᠤᠭᠠᠷ ᠪᠦᠯᠦᠭ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠨᠡᠷᠡᠰ ᠲᠤ ᠵᠢᠭᠰᠠᠭᠠᠭᠳᠠᠵᠡᠢ᠃      ᠲᠤᠰ ᠲᠥᠪ ᠪᠤᠯ ᠴᠠᠭ ᠠᠭᠤᠷ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠦᠢᠯᠡᠴᠢᠯᠡᠭᠡᠨ ᠤ ᠲᠠᠪᠴᠠᠩ ᠪᠣᠯᠤᠨ᠎ᠠ᠃ ᠦᠢᠷ᠎ᠡ ᠶᠢᠨ ᠵᠢᠯ ᠠᠴᠠ ᠨᠠᠭᠠᠰᠢ᠂ ᠮᠠᠨ ᠤ ᠤᠷᠤᠨ ᠲᠦᠮᠦᠰᠤ ᠶᠢᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠲᠥᠮᠥᠰᠥᠨ ᠤ ᠤᠷᠭᠤᠯᠳᠠ ᠶᠢ ᠬᠡᠮᠵᠢᠬᠦ ᠥᠷᠲᠡᠭᠡ 11 ᠶᠢ ᠪᠠᠶᠢᠭᠤᠯᠵᠤ᠂ ᠲᠥᠮᠥᠰᠥ ᠳᠠᠷᠢᠵᠦ ᠬᠤᠷᠢᠶᠠᠬᠤ ᠪᠦᠬᠦ ᠶᠠᠪᠤᠴᠠ ᠳᠤ ᠬᠠᠨᠳᠤᠭᠤᠯᠤᠭᠰᠠᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠠᠢ᠃ ᠤᠳᠤᠬᠠᠨ ᠳᠤ᠂ ᠪᠦᠬᠦ ᠣᠷᠣᠨ ᠤ ᠲᠦᠮᠦᠰᠤ ᠶᠢᠨ ᠣᠶᠤᠨᠴᠢ ᠲᠠᠷᠢᠶᠠᠯᠠᠩ ᠤᠨ ᠴᠠᠭ ᠠᠭᠤᠷ ᠤᠨ ᠬᠡᠷᠡᠭᠯᠡᠭᠡᠨ ᠤ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠲᠦᠮᠦᠰᠦᠨ ᠤ ᠤᠷᠭᠤᠴᠠ ᠶᠢᠨ ᠪᠠᠶᠢᠳᠠᠯ ᠢ ᠬᠢᠨᠠᠨ ᠬᠡᠮᠵᠢᠬᠦ ᠵᠢᠴᠢ ᠴᠠᠭ ᠠᠭᠤᠷ ᠤᠨ ᠭᠠᠮᠰᠢᠭ ᠤᠨ ᠲᠥᠮᠥᠰᠥ ᠳᠤ ᠦᠵᠡᠭᠦᠯᠬᠦ ᠨᠥᠯᠥᠭᠡ ᠶᠢ ᠨᠠᠷᠢᠯᠢᠭᠵᠢᠭᠤᠯᠤᠨ ᠦᠨᠡᠯᠡᠨ ᠵᠢᠱᠢᠬᠦ᠂ ᠲᠦᠮᠦᠰᠤ ᠶᠢᠨ ᠭᠠᠷᠤᠯᠲᠠ ᠶᠢ ᠬᠥᠳᠡᠯᠦᠩᠭᠦᠶ ᠪᠠᠷ ᠤᠷᠢᠳᠴᠢᠯᠠᠨ ᠮᠡᠳᠡᠭᠡᠯᠡᠬᠦ ᠵᠡᠷᠭᠡ ᠬᠦᠷᠢᠶᠡᠨ ᠳᠤ ᠣᠯᠠᠨ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠢ ᠤᠯᠵᠡᠢ᠃      ᠲᠠᠷᠠᠭᠠᠴᠢ ᠪᠠᠷ᠂ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠲᠣᠪᠴᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠣᠰ ᠲᠥᠪ ᠤᠨ ᠲᠥᠮᠥᠰᠥ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠬᠢᠬᠡᠳ ᠦᠢᠯᠡᠴᠢᠯᠡᠭᠡᠨ ᠤ ᠲᠠᠯ᠎ᠠ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠬᠠᠮᠳᠤᠷᠠᠨ ᠠᠬᠢᠭᠤᠯᠵᠤ᠂ ᠲᠥᠮᠥᠰᠥᠨ ᠤ ᠲᠠᠷᠢᠶᠠᠯᠠᠩ ᠤᠨ ᠴᠠᠭ ᠠᠭᠤᠷ ᠢ ᠠᠵᠢᠬᠯᠠᠨ ᠬᠡᠮᠵᠢᠬᠦ ᠲᠤᠷᠰᠢᠯᠲᠠ ᠶᠢᠨ ᠴᠢᠳᠠᠪᠤᠷᠢ᠂ ᠲᠥᠮᠥᠰᠥᠨ ᠤ ᠴᠠᠭ ᠠᠭᠤᠷ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠴᠢᠳᠠᠪᠤᠷᠢ᠂ ᠲᠥᠮᠥᠰᠥᠨ ᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ᠂ ᠲᠥᠮᠥᠰᠥᠨ ᠤ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠪᠣᠯᠤᠨ ᠲᠥᠮᠥᠰᠥᠨ ᠤ ᠴᠠᠭ ᠠᠭᠤᠷ ᠤᠨ ᠤᠶᠤᠨᠴᠢᠯᠠᠭᠰᠠᠨ ᠦᠶ᠋ᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠬᠦᠯᠵᠤ᠂ ᠲᠥᠮᠥᠰᠥᠨ ᠤ ᠴᠠᠭ ᠠᠭᠤᠷ ᠤᠨ ᠦᠢᠯᠡᠴᠢᠯᠡᠭᠡᠨ ᠤ ᠲᠥᠪ ᠢ ᠣᠨᠴᠠᠯᠢᠭ ᠲᠠᠢ᠂ ᠪᠣᠳᠠᠲᠤ ᠬᠦᠴᠦᠨ ᠲᠠᠢ᠂ ᠨᠥᠯᠥᠭᠡᠯᠡᠬᠦ ᠬᠦᠴᠦᠨ ᠲᠠᠢ᠂ ᠪᠦᠬᠦ ᠤᠯᠤᠰ ᠤᠨ ᠲᠥᠮᠥᠰᠥᠨ ᠤ ᠠᠵᠤ ᠦᠢᠯᠡᠰ ᠲᠤ ᠦᠢᠯᠡᠴᠢᠯᠡᠬᠦ ᠲᠠᠪᠴᠠᠩ ᠪᠣᠯᠭᠠᠨ ᠪᠦᠳᠦᠭᠡᠨ ᠪᠠᠶᠢᠭᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号