ᠦᠪᠦᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ︽ᠮᠣᠩᠭᠤᠯ ᠬᠤᠨᠢ ᠶᠢ ᠨᠡᠬᠡᠬᠡᠨ ᠠᠰᠢᠭᠯᠠᠬᠤ ᠵᠢᠴᠢ ᠰᠢᠨ᠎ᠡ ᠡᠭᠦᠯᠳᠡᠷ ᠢ ᠪᠤᠶᠢᠵᠢᠭᠤᠯᠬᠤ︾ ᠲᠥᠷᠥᠯ ᠵᠦᠢᠯ ᠤᠨ ᠠᠵᠢᠯᠲᠠᠳ ᠣᠷᠳᠣᠰ ᠬᠤᠲᠠ ᠳᠤ ᠬᠦᠷᠴᠦ ᠲᠤᠷᠰᠢᠯᠲᠠ ᠶᠢᠨ ᠦᠯᠢᠭᠡᠷ ᠡᠳ᠋ ᠴᠤᠭᠯᠠᠭᠤᠯᠪᠠ
ᠨᠡᠶᠢᠲᠡᠯᠡᠭᠰᠡᠨ ᠴᠠᠭ᠄
2020/11/20

     ᠤᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ

ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠭᠦᠷᠭᠡᠯᠡᠵᠦ ᠪᠦᠬᠦᠢ ᠥᠪᠥᠷ ᠮᠣᠩᠭᠤᠯ ᠤᠨ ᠰᠢᠨᠵᠢᠯᠡᠭᠡ

ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ︽ᠮᠣᠩᠭᠤᠯ ᠬᠤᠨᠢ ᠶᠢ ᠨᠡᠭᠡᠭᠡᠨ ᠠᠰᠢᠭᠯᠠᠬᠤ ᠵᠢᠴᠢ ᠰᠢᠨ᠎ᠡ

ᠡᠭᠦᠯᠳᠡᠷ ᠢ ᠪᠣᠶᠢᠵᠢᠭᠤᠯᠬᠤ︾ ᠲᠥᠷᠥᠯ ᠵᠦᠢᠯ ᠤᠨ ᠠᠵᠢᠯᠲᠠᠳ ᠣᠷᠳᠣᠰ ᠬᠤᠲᠠ ᠳᠤ ᠬᠦᠷᠴᠦ ᠪᠠᠶᠢᠴᠠᠭᠠᠨ

ᠰᠤᠳᠤᠯᠬᠤ ᠵᠢᠴᠢ ᠲᠤᠷᠰᠢᠯᠲᠠ ᠶᠢᠨ ᠦᠯᠢᠭᠡᠷ ᠡᠳ᠋ ᠴᠤᠭᠯᠠᠭᠤᠯᠬᠤ ᠠᠵᠢᠯ ᠦᠷᠨᠢᠭᠦᠯᠪᠡ᠂ ᠲᠥᠷᠥᠯ ᠵᠦᠢᠯ ᠤᠨ

ᠳᠤᠭᠤᠶᠢᠯᠠᠩ ᠬᠢᠭᠡᠳ ᠤᠷᠳᠤᠰ ᠬᠤᠲᠠ ᠶᠢᠨ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠠᠵᠢᠯᠲᠠᠳ ᠨᠢ

ᠬᠤᠶᠠᠷ ᠳᠤᠭᠤᠶᠢᠯᠠᠩ ᠬᠤᠪᠢᠶᠠᠨ ᠪᠦᠬᠦ ᠬᠤᠲᠠ ᠶᠢᠨ 7 ᠬᠤᠰᠢᠭᠤ ᠲᠣᠭᠤᠷᠢᠭ ᠲᠤ  ᠬᠦᠷᠴᠦ᠂ 11 ᠦᠷ᠎ᠡ ᠶᠢᠨ

ᠬᠤᠨᠢᠨ ᠤ ᠲᠠᠯᠠᠪᠠᠢ ᠪᠠ 5 ᠲᠡᠵᠢᠭᠡᠨ ᠦᠷᠡᠵᠢᠭᠦᠯᠬᠦ ᠲᠣᠮᠣ ᠡᠷᠦᠬᠡ ᠠᠴᠠ ᠴᠢᠰᠤᠨ ᠤ ᠭᠧᠨ ᠤ ᠡᠬᠢ ᠪᠠᠶᠠᠯᠢᠭ ᠢ

ᠴᠤᠭᠯᠠᠭᠤᠯᠬᠤ ᠪᠠ ᠵᠢᠷᠤᠭ ᠳᠦᠷᠰᠦ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠨᠡᠶᠢᠲᠡ 603

ᠦᠷ᠎ᠡ ᠶᠢᠨ ᠬᠤᠴᠠ ᠶᠢᠨ ᠴᠢᠰᠤᠨ ᠤ ᠶᠠᠩᠵᠤ ᠶᠢ 673 ᠬᠤᠪᠢ᠂ ᠬᠠᠮᠠᠷ ᠤᠨ ᠲᠤᠷᠰᠢᠭᠤᠯ ︵鼻试子︶ 57

ᠬᠤᠪᠢ ᠴᠤᠭᠯᠠᠭᠤᠯᠪᠠ᠃ ᠡᠨᠡ ᠨᠢ ᠪᠥᠬᠦ ᠣᠷᠣᠨ ᠤ ᠲᠠᠷᠠᠭᠠᠴᠢ ᠶᠢᠨ ᠠᠯᠬᠤᠮ ᠳᠤ ᠭᠧᠨ ᠤ ᠴᠠᠬᠢᠮ ᠮᠡᠷᠭᠡᠵᠢᠯ ᠢᠶᠠᠷ

ᠳᠠᠮᠵᠢᠭᠤᠯᠤᠨ ᠤᠯᠤᠰ ᠤᠨ ᠲᠠᠰ ᠤᠨ ᠲᠣᠤᠷᠵᠢᠭᠤᠯᠤᠭᠰᠠᠨ ᠬᠤᠴᠠ ᠶᠢ ᠮᠥᠷᠳᠡᠨ ᠤᠬᠤᠴᠢᠯᠠᠬᠤ ᠰᠢᠰᠲ᠋ᠧᠮ ᠢ

ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠪᠤᠯᠤᠨ᠎ᠠ᠃

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号