ᠤᠷᠠᠤᠨ ᠤᠨ ᠳᠤᠮᠳᠠᠳᠤ ᠬᠤᠰᠢᠭᠤ ᠨᠤᠳᠤᠭ ᠪᠡᠯᠴᠢᠬᠡᠷ ᠤᠨ ᠠᠮᠢ ᠠᠬᠤᠶ ᠶᠢᠨ ᠨᠥᠬᠦᠪᠥᠷᠢ ᠶᠢᠨ ᠱᠠᠩᠨᠠᠯ ᠬᠦᠷᠳᠡᠭᠰᠡᠡ ᠲᠠᠯᠠᠪᠠᠶ 2535.8 ᠲᠦᠮᠡᠨ ᠮᠥ ᠬᠦᠷᠪᠡ
ᠨᠡᠶᠢᠲᠡᠯᠡᠭᠰᠡᠨ ᠴᠠᠭ᠄
2020/11/24
     ᠬᠠᠯᠢᠭᠤᠳᠤ ᠶᠢᠨ ᠮᠡᠳᠡᠭᠡ ᠤᠷᠠᠳ ᠤᠨ ᠳᠤᠮᠳᠠᠳᠤ ᠬᠤᠰᠢᠭᠤ ᠦᠵᠡᠰᠬᠦᠯᠡᠩᠲᠦ ᠰᠠᠶᠢᠬᠠᠨ ᠨᠤᠲᠤᠭ ᠪᠡᠯᠴᠢᠭᠡᠷ ᠢᠶᠠᠨ ᠬᠠᠮᠠᠭᠠᠯᠠᠨ ᠰᠡᠷᠬᠦᠬᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠬᠦᠷᠢᠳᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠥ ᠮᠠᠯᠴᠢᠳ ᠲᠤ ᠪᠤᠳᠠᠳᠠᠢ ᠠᠰᠢᠭ ᠬᠦᠷᠳᠡᠬᠡᠵᠥ ᠪᠠᠶᠢᠨ᠎ᠠ᠃      ᠲᠤᠰ ᠬᠤᠰᠢᠭᠤ ︽ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠳᠦᠷᠢᠮ︾ ᠲᠣᠭᠲᠠᠭᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠤᠭᠰᠠᠨ ᠲᠠᠯᠠᠪᠠᠢ 2535.8 ᠲᠦᠮᠡᠨ ᠮᠦ ᠬᠦᠷᠪᠡ᠂ ᠡᠭᠦᠨ ᠳᠤ ᠮᠠᠯᠵᠢᠬᠤ ᠶᠢ ᠵᠣᠭᠰᠣᠭᠠᠭᠰᠠᠨ ᠲᠠᠯᠠᠪᠠᠢ 1461 ᠡᠷᠤᠬᠡ ᠶᠢᠨ 829.9 ᠲᠦᠮᠡᠨ ᠮᠦ ᠪᠠᠶᠢᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠰᠠᠨ ᠲᠠᠯᠠᠪᠠᠢ 4552 ᠡᠷᠦᠬᠡ ᠶᠢᠨ 1705.9 ᠲᠦᠮᠡᠨ ᠮᠦ ᠪᠠᠶᠢᠵᠤ᠂ ᠭᠠᠭᠴᠠᠮᠤᠳᠤ ᠪᠠᠯᠭᠠᠰᠤ᠂ ᠪᠠᠶᠠᠨ᠋ᠤ᠋ᠯᠠᠭᠠᠨ ᠰᠤᠮᠤ᠂ ᠴᠤᠩᠵᠢ ᠰᠤᠮᠤ᠂ ᠬᠤᠯᠤᠰᠤᠲᠠᠶ ᠰᠤᠮᠤ᠂ ᠤᠩᠭᠤᠨ ᠪᠠᠯᠭᠠᠰᠤ᠂ ᠰᠢᠨᠡᠬᠦ᠋ᠷᠢᠶ᠎ᠡ ᠰᠤᠮᠤ᠂ ᠲᠤᠭᠤᠯᠳᠠᠢ ᠮᠠᠯᠵᠢᠯ ᠤᠨ ᠲᠠᠯᠠᠪᠠᠢ ᠵᠡᠷᠭᠡ ᠭᠠᠵᠠᠷ ᠤᠷᠤᠨ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号