ᠳᠥᠷᠪᠡᠳ ᠬᠤᠰᠢᠭᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠣᠯᠪᠠᠰᠣᠷᠠᠭᠤᠯᠤᠯ ᠤᠨ ᠠᠩᠭᠢ ᠡᠷᠬᠢᠯᠡᠵᠦ ᠪᠣᠢ
ᠨᠡᠶᠢᠲᠡᠯᠡᠭᠰᠡᠨ ᠴᠠᠭ᠄
2020/11/25
     2020 ᠣᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠳᠥᠷᠪᠡᠳ ᠬᠤᠰᠢᠭᠤᠨ ᠤ ᠮᠠᠯᠴᠢᠨ ᠲᠠᠷᠢᠶᠠᠴᠢᠳ ᠤᠨ ᠳᠠᠷᠢᠵᠤ ᠲᠡᠵᠢᠭᠡᠨ ᠦᠷᠡᠵᠢᠭᠦᠯᠬᠦ ᠤᠷ᠎ᠠ ᠮᠡᠷᠭᠡᠰᠢᠯ ᠤᠨ ᠪᠣᠯᠪᠠᠰᠣᠷᠠᠭᠤᠯᠤᠯ ᠤᠨ ᠠᠩᠭᠢ ᠶᠠᠭ ᠬᠥᠷ ᠬᠥᠭᠵᠢᠶᠡᠨ ᠲᠠᠢ ᠶᠠᠪᠤᠭᠳᠠᠵᠤ ᠪᠣᠢ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠣᠯᠪᠠᠰᠣᠷᠠᠭᠤᠯᠤᠯ ᠪᠣᠯ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠥᠯᠥᠪᠯᠡᠭᠡ ᠶᠢᠨ ᠴᠢᠬᠤᠯᠠ ᠠᠭᠤᠯᠭ᠎ᠠ ᠪᠣᠯᠤᠨ᠎ᠠ᠂ ᠡᠨᠡ ᠵᠢᠯ ᠤᠨ ᠳᠦᠷᠪᠡᠳ ᠬᠤᠰᠢᠭᠤᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠣᠯᠪᠠᠰᠣᠷᠠᠭᠤᠯᠤᠯ ᠢ ᠳᠦᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠠᠴᠠ ᠡᠭᠦᠷᠭᠡᠯᠡᠨ᠂ ᠲᠠᠷᠢᠶᠠᠯᠠᠩ ᠤᠨ ᠷᠠᠳᠢᠣ᠋ ᠲᠧᠯᠧᠰ ᠰᠤᠷᠭᠠᠭᠤᠯᠢ ᠠᠴᠠ ᠪᠣᠳᠠᠲᠠᠶ ᠬᠡᠷᠡᠭᠵᠢᠭᠦᠯᠵᠦ᠂ ᠰᠢᠶᠠᠩ ᠪᠠᠯᠭᠠᠰᠤ ᠰᠤᠮᠤ ᠪᠦᠷᠢ ᠳᠤ ᠨᠢᠭᠡ ᠬᠤᠭᠤᠴᠠᠭ᠎ᠠ ᠡᠷᠬᠢᠯᠡᠬᠦ ᠪᠣᠯᠣᠨ᠎ᠠ᠃ ᠪᠣᠯᠪᠠᠰᠤᠷᠠᠭᠤᠯᠤᠯ ᠳᠤ ᠤᠷᠤᠯᠴᠠᠬᠤ ᠰᠤᠷᠤᠭᠴᠢᠳ ᠢ ᠭᠤᠣᠯᠳᠠᠭᠤ ᠪᠦᠬᠦ ᠬᠤᠰᠢᠭᠤᠨ ᠤ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠳᠤᠮᠳᠠ ᠠᠴᠠ ᠰᠢᠯᠢᠨ ᠰᠣᠩᠭᠤᠵᠤ᠂ ᠰᠤᠷᠣᠭᠴᠢᠳ ᠤᠨ ᠲᠤᠭ᠎ᠠ 1400 ᠳᠤ ᠬᠦᠷᠴᠦ᠂ 8 ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ ᠪᠠᠭᠰᠢ ᠶᠢᠨ ᠪᠦᠯᠬᠦᠮ ᠢ ᠪᠦᠷᠢᠯᠳᠦᠭᠦᠯᠪᠡ᠃ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠭᠰᠡᠨ ᠨᠢ ᠮᠠᠯᠴᠢᠨ ᠲᠠᠷᠢᠶᠠᠴᠢᠳ ᠤᠨ ᠲᠠᠷᠢᠵᠤ ᠲᠡᠵᠢᠭᠡᠨ ᠦᠷᠡᠵᠢᠭᠦᠯᠬᠦ ᠤᠷ᠎ᠠ ᠮᠡᠷᠭᠡᠰᠢᠯ ᠢ ᠨᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号