ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢᠨ ᠭᠠᠵᠠᠷ ᠣᠷᠣᠨ ᠤ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠲᠤᠬᠠᠶ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ‌‍ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2020/11/25
     ᠲᠠᠷᠢᠶᠠᠯᠠᠩ ᠤᠨ ᠶᠠᠮᠤᠨ ᠤ ︽ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠬᠢᠷᠢ ᠭᠡᠮ ᠢ ᠨᠤᠲᠠᠯᠠᠵᠤ ᠦᠨᠡᠯᠡᠨ ᠲᠣᠭᠲᠠᠭᠠᠬᠤ ᠵᠢᠷᠤᠮᠵᠢᠯ︾ ᠪᠣᠯᠤᠨ ︽ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠶᠢ ᠬᠢᠨᠠᠨ ᠪᠠᠶᠢᠴᠠᠭᠠᠬᠤ ᠪᠠᠷᠢᠮᠵᠢᠶ᠎ᠠ︾ ᠵᠢᠴᠢ ︽ᠭᠠᠷᠴᠠᠭ ᠠᠴᠠ ᠭᠠᠳᠠᠨᠠᠬᠢ ᠪᠦᠲᠦᠭᠡᠭᠳᠡᠬᠦᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠶᠢ ᠭᠤᠶᠤᠴᠢᠯᠠᠬᠤ ᠬᠤᠯᠪᠣᠭᠳᠠᠯ ᠪᠦᠬᠦᠢ ᠬᠢᠨᠠᠨ ᠲᠣᠭᠲᠠᠭᠠᠬᠤ ᠱᠠᠭᠠᠷᠳᠠᠯᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠭᠠᠳ ᠦᠨᠡᠯᠡᠨ ᠲᠣᠭᠲᠠᠭᠠᠬᠤ ᠪᠠ ᠲᠤᠬᠠᠶ ᠶᠢᠨ ᠭᠠᠵᠠᠷ ᠲᠤ ᠨᠢ ᠬᠢᠨᠠᠨ ᠲᠣᠭᠲᠠᠭᠠᠵᠤ ᠨᠤᠲᠠᠯᠠᠭᠠᠳ᠂ ᠡᠳᠦᠭᠡ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ︾ ᠤᠨ ᠬᠤᠯᠪᠤᠭᠳᠠᠯ ᠪᠦᠬᠦᠢ ᠪᠠᠶᠢᠳᠠᠯ ᠢ ᠢᠯᠡ ᠨᠡᠶᠢᠲᠡᠯᠡᠪᠡ᠄      ᠨᠢᠭᠡ᠂ ᠳᠠᠩᠰᠠᠯᠠᠭᠤᠯᠬᠤ ᠪᠠᠷ ᠭᠤᠶᠤᠴᠢᠯᠠᠭᠴᠢ      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠰᠢᠯᠭᠠᠨ ᠪᠠᠶᠢᠴᠠᠭᠠᠬᠤ ᠥᠷᠲᠡᠭᠡ      ᠬᠤᠶᠠᠷ᠂ ᠬᠠᠮᠠᠭᠠᠯᠠᠬᠤ ᠬᠡᠪᠴᠢᠶ᠎ᠡ ᠵᠢᠴᠢ ᠲᠠᠯᠠᠪᠠᠶ      ᠣᠨᠴᠠ ᠲᠣᠭᠲᠠᠭᠰᠠᠨ ᠪᠠᠶᠢᠭᠠᠯᠢ ᠶᠢᠨ ᠭᠠᠵᠠᠷ ᠣᠷᠣᠨ ᠪᠠ ᠤᠨᠴᠠᠯᠢᠭᠲᠤ ᠠᠭᠤᠷ ᠠᠮᠢᠰᠬᠤᠯ ᠤᠨ ᠨᠥᠬᠦᠴᠡᠯ ᠠᠴᠠ ᠰᠢᠯᠲᠠᠭᠠᠯᠠᠭᠳᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ  ᠨᠢ ᠥᠪᠡᠷᠮᠢᠴᠡ ᠳᠤᠲᠤᠭᠠᠳᠤ ᠴᠢᠨᠠᠷ ᠴᠢᠨᠰᠠᠭ᠎ᠠ ᠲᠠᠢ ᠪᠤᠯᠵᠠᠢ᠂ ᠣᠳᠣ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ ᠤᠨ ᠦᠢᠯᠡᠳᠪᠦᠷᠢᠯᠡᠯ ᠤᠨ ᠭᠠᠵᠠᠷ ᠣᠷᠣᠨ ᠤ ᠬᠦᠷᠢᠶ᠎ᠡ ᠬᠡᠪᠴᠢᠶ᠎ᠡ ᠶᠢ ᠵᠡᠭᠦᠨ ᠤᠷᠲᠤᠷᠢᠭ ᠤᠨ 111°55′45〃~112°49′5〃᠂ ᠤᠮᠠᠷᠠᠲᠤ ᠥᠷᠭᠡᠷᠢᠭ ᠤᠨ 41°6′~41°29′24〃 ᠤᠨ ᠬᠤᠭᠤᠷᠣᠨᠳᠣ ᠲᠤᠭᠲᠠᠭᠠᠵᠤ᠂ ᠶᠡᠷᠦᠩᠬᠡᠶ ᠲᠠᠯᠠᠪᠠᠶ ᠨᠢ 1789.6 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠮᠠᠭᠠᠯᠠᠬᠤ ᠲᠠᠯᠠᠪᠠᠶ ᠨᠢ 10 ᠲᠦᠮᠡᠨ ᠮᠦ ᠪᠣᠯᠤᠨ᠎ᠠ᠃      ᠭᠤᠷᠪᠠ᠂ ᠬᠠᠮᠠᠭᠠᠯᠠᠯᠲᠠ ᠶᠢᠨ ᠭᠠᠵᠠᠷ ᠣᠷᠣᠨ      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ ᠢ ᠬᠠᠮᠠᠭᠠᠯᠠᠬᠤ ᠣᠷᠣᠨ ᠨᠢ ᠬᠥᠬᠡᠪᠦᠷ ᠪᠠᠯᠭᠠᠰᠤ᠂ ᠬᠤᠸᠠᠩ ᠶᠠᠩ ᠴᠧᠩ ᠪᠠᠯᠭᠠᠰᠤ᠂ ᠲᠠᠰᠭᠢ ᠪᠠᠯᠭᠠᠰᠤ᠂ ᠤᠰᠤᠲᠤ ᠪᠠᠯᠭᠠᠰᠤ᠂ ᠭᠤᠸᠠᠩ ᠢ ᠯᠦᠩ ᠪᠠᠯᠭᠠᠰᠤ᠂ ᠬᠤᠩ ᠫᠠᠨ ᠰᠢᠶᠠᠩ᠂ ᠪᠠᠶᠠᠨ ᠰᠢᠶᠠᠩ᠂ ᠳ᠋ᠠ ᠲᠠᠨ ᠰᠢᠶᠠᠩ᠂ ᠲᠥ᠋ ᠴᠧᠩ ᠽᠢ ᠰᠢᠶᠠᠩ᠂ ᠤᠯᠠᠭᠠᠨ ᠰᠤᠮᠤ᠂ ᠬᠦᠷᠢᠶ᠎ᠡ ᠰᠤᠮᠤ᠂ ᠬᠦᠢᠲᠡᠨ ᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ 9 ᠰᠢᠶᠠᠩ ᠪᠠᠯᠭᠠᠰᠤ᠂ 2 ᠰᠤᠮᠤ ᠪᠠ 1 ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ 178 ᠵᠠᠰᠠᠭ ᠵᠠᠬᠢᠷᠭᠠᠨ ᠤ ᠭᠠᠴᠠᠭᠠᠨ ᠤ ᠬᠦᠷᠢᠶ᠎ᠡ ᠬᠡᠪᠴᠢᠶᠡᠨ ᠳᠤ ᠲᠠᠷᠬᠠᠵᠤ ᠪᠠᠶᠢᠨ᠎ᠠ᠃      ᠳᠥᠷᠪᠡ᠂ ᠬᠠᠮᠠᠭᠠᠯᠠᠬᠤ ᠬᠡᠪᠴᠢᠶ᠎ᠡ      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ ᠤᠨ ᠵᠢᠯ ᠤᠨ ᠭᠠᠷᠤᠯᠲᠠ ᠨᠢ 40 ᠲᠦᠮᠡᠨ ᠲᠣᠨ ᠪᠣᠯᠤᠨ᠎ᠠ᠃ᠳᠠᠭᠠᠯᠳᠤᠭᠤᠯᠤᠯ᠄ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠬᠤᠤ ᠯᠤᠤᠪᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠣᠷᠣᠨ ᠤ ᠲᠠᠷᠬᠠᠯᠲᠠ ᠶᠢᠨ ᠵᠢᠷᠤᠭ︾      ᠲᠤᠰ ᠤᠳᠠᠭ᠎ᠠ ᠶᠢᠨ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ᠪᠤᠯᠤᠨ᠎ᠠ᠂ ᠬᠤᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠦᠨ ᠬᠤᠯᠪᠣᠭᠳᠠᠯ ᠪᠦᠬᠦᠢ ᠪᠠᠶᠢᠳᠠᠯ ᠳᠤ ᠣᠨᠳᠣᠤ ᠰᠠᠨᠠᠯ ᠲᠠᠢ ᠪᠣᠯ 2020 ᠣᠨ ᠤ 12 ᠰᠠᠷ᠎ᠠ ᠶᠢᠨ 11 ᠤ ᠡᠳᠦᠷ ᠠᠴᠠ ᠡᠮᠦᠨ᠎ᠡ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠪᠢᠴᠢᠭ ᠢᠶᠠᠷ ᠲᠤᠰᠬᠠᠭᠠᠬᠤ ᠶᠢᠨ ᠬᠠᠮᠲᠤ ᠣᠨᠳᠣᠤ ᠰᠠᠨᠠᠯ ᠤᠨ ᠪᠣᠳᠠᠲᠠᠶ ᠠᠭᠤᠯᠭ᠎ᠠ ᠪᠠ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠣᠮᠣ ᠠᠰᠠᠷ ᠤᠨ 212 ᠲᠠᠰᠤᠭ︔ ᠬᠠᠷᠢᠯᠴᠠᠬᠤ ᠤᠲᠠᠰᠤ᠄ 15848048185︔ ᠹᠠᠺᠰ᠄ 0474-5902563᠃                    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ                    ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ                                  2020 ᠣᠨ ᠤ 11 ᠰᠠᠷ᠎ᠠ ᠶᠢᠨ 12 ᠤᠨ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号