ᠲᠠᠷᠢᠶᠠᠨ ᠦᠷ᠎ᠡ ᠰᠤᠩᠭᠤᠬᠤ
ᠨᠡᠶᠢᠲᠡᠯᠡᠭᠰᠡᠨ ᠴᠠᠭ᠄
2020/11/3
     ᠲᠠᠷᠢᠶᠠᠯᠠᠬᠤ ᠠᠵᠢᠯ ᠡᠬᠢᠯᠡᠬᠦ ᠠᠴᠠ ᠡᠮᠦᠨ᠎ᠡ᠂ ᠲᠦᠷᠦᠭᠦᠦ ᠵᠢᠯ ᠤᠨ ᠦᠯᠡᠳᠡᠭᠡᠭᠰᠡᠨ ᠲᠠᠷᠢᠶᠠᠨ ᠦᠷ᠎ᠡ ᠪᠠᠨ ᠰᠢᠯᠢᠵᠦ ᠰᠤᠩᠭᠤᠬᠤ ᠠᠵᠢᠯ ᠬᠢᠳᠡᠭ᠃ ᠲᠠᠷᠢᠶᠠᠨ ᠦᠷ᠎ᠡ ᠶᠢ ᠰᠠᠶᠢᠨ ᠰᠤᠩᠭᠤᠬᠤ ᠨᠢ ᠲᠡᠷᠢᠶᠡᠯᠡᠩ ᠤᠨ ᠬᠤᠷᠢᠶᠠᠯᠲᠠ  ᠲᠠᠢ ᠰᠢᠭᠤᠳ ᠬᠤᠯᠪᠤᠭᠳᠠᠬᠤ ᠤᠴᠢᠷ ᠠᠴᠠ ᠦᠷ᠎ᠡ ᠰᠤᠩᠭᠤᠬᠤ ᠠᠵᠢᠯ ᠢ ᠴᠠᠭ ᠬᠤᠭᠤᠴᠠᠭ᠎ᠠ ᠳᠤ ᠨᠢ ᠲᠤᠬᠢᠷᠠᠭᠤᠯᠵᠤ᠂ ᠨᠠᠷᠢᠨ ᠬᠢᠨᠠᠮᠠᠭᠠᠢ ᠭᠦᠢᠴᠡᠳᠭᠡᠳᠡᠭ ᠪᠠᠶᠢᠨ᠎ᠠ᠃ ᠲᠠᠷᠢᠶᠠᠨ ᠦᠷ᠎ᠡ ᠰᠤᠩᠭᠤᠬᠤ ᠳᠤ ᠪᠠᠨ ᠦᠷ᠎ᠡ ᠲᠠᠷᠢᠶᠠᠨ ᠤ ᠤᠬᠢ ᠰᠢᠯᠢᠳᠡᠭ ᠠᠴᠠ ᠰᠢᠯᠢᠵᠦ ᠰᠤᠩᠭᠤᠬᠤ᠂ ᠬᠤᠷᠤᠬᠠᠶᠢᠰᠢᠵᠤ ᠭᠡᠮᠳᠦᠭᠰᠡᠨ᠂ ᠢᠯᠵᠢᠷᠡᠵᠦ ᠮᠠᠭᠤᠲᠠᠭᠰᠠᠨ ᠢ ᠨᠢ ᠢᠯᠭᠠᠵᠤ ᠠᠪᠤᠭᠠᠳ᠂ ᠲᠠᠷᠢᠬᠤ ᠦᠷ᠎ᠡ ᠪᠠᠨ ᠴᠢᠭᠢᠭ ᠰᠠᠯᠬᠢ ᠲᠠᠢ ᠭᠠᠵᠠᠷ ᠲᠠᠯᠪᠢᠬᠤ᠂ ᠨᠠᠷᠠ ᠦᠵᠡᠭᠦᠯᠬᠦ ᠮᠡᠲᠦ ᠪᠠᠷ ᠪᠡᠯᠡᠳᠭᠡᠯ ᠬᠢᠳᠡᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号