ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢᠨ ᠮᠢᠬ᠎ᠠ᠂ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠦᠬᠡᠷ ᠤᠨ ᠮᠢᠬ᠎ᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠢ ᠬᠦᠯᠢᠶᠡᠨ ᠠᠪᠴᠤ ᠰᠢᠢᠳᠪᠦᠷᠢᠯᠡᠬᠦ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2020/12/15
     ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢᠨ ᠮᠢᠬ᠎ᠠ᠂ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠦᠬᠡᠷ ᠤᠨ ᠮᠢᠬ᠎ᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠢ ᠬᠦᠯᠢᠶᠡᠨ ᠠᠪᠴᠤ ᠰᠢᠢᠳᠪᠦᠷᠢᠯᠡᠬᠦ ᠲᠤᠬᠠᠶ ᠢᠯᠡ ᠨᠡᠶᠢᠲᠡᠯᠡᠯ      ᠲᠠᠷᠢᠶᠠᠯᠠᠩ ᠤᠨ ᠶᠠᠮᠤᠨ ᠤ ︽ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠶᠢ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠬᠢᠷᠢ ᠭᠡᠮ ᠢ ᠨᠤᠲᠠᠯᠠᠵᠤ ᠦᠨᠡᠯᠡᠨ ᠲᠣᠭᠲᠠᠭᠠᠬᠤ ᠵᠢᠷᠤᠮᠵᠢᠯ︾ ᠪᠠ ︽ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠶᠢ ᠳᠠᠩᠰᠠᠯᠠᠭᠤᠯᠵᠤ ᠬᠢᠨᠠᠨ ᠪᠠᠶᠢᠴᠠᠭᠠᠬᠤ ᠪᠠᠷᠢᠮᠵᠢᠶ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠭᠠᠳ ᠦᠨᠡᠯᠡᠨ ᠲᠣᠭᠲᠠᠭᠠᠬᠤ ᠪᠠ ᠲᠤᠬᠠᠶ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ ᠨᠤᠲᠠᠯᠠᠭᠠᠳ᠂ ᠡᠳᠦᠭᠡ ᠬᠦᠯᠢᠶᠡᠨ ᠠᠪᠴᠤ ᠰᠢᠢᠳᠪᠦᠷᠢᠯᠡᠭᠰᠡᠨ ᠬᠤᠯᠪᠣᠭᠳᠠᠯ ᠪᠦᠬᠦᠢ ᠪᠠᠶᠢᠳᠠᠯ ᠢ ᠢᠯᠡ ᠨᠡᠶᠢᠲᠡᠯᠡᠪᠡ᠄      ᠨᠢᠭᠡ᠂ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢᠨ ᠮᠢᠬ᠎ᠠ      ᠲᠤᠭᠲᠠᠭᠠᠬᠤ ᠪᠠᠷ ᠪᠠᠶᠢᠭ᠎ᠠ ᠳᠠᠩᠰᠠᠯᠠᠭᠤᠯᠬᠤ ᠭᠤᠶᠤᠴᠢᠯᠠᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠥᠷᠲᠡᠭᠡ᠃      ᠬᠠᠮᠠᠭᠠᠯᠠᠬᠤ ᠪᠠᠷ ᠪᠠᠶᠢᠭ᠎ᠠ ᠭᠠᠵᠠᠷ ᠣᠷᠣᠨ ᠤ ᠬᠦᠷᠢᠶ᠎ᠡ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠷᠢᠶ᠎ᠠ ᠳᠠᠬᠢ ᠪᠠᠲᠤᠬᠠᠭᠠᠯᠭ᠎ᠠ ᠪᠠᠯᠭᠠᠰᠤ᠂ ᠦᠬᠡᠷ ᠪᠠᠯᠭᠠᠰᠤ᠂ ᠮᠠᠨᠳᠤᠯ ᠪᠠᠯᠭᠠᠰᠤ᠂ ᠪᠠᠶᠠᠨ ᠬᠤᠸᠠ ᠪᠠᠯᠭᠠᠰᠤ᠂ ᠮᠢᠩᠭᠠᠨ ᠪᠠᠯᠭᠠᠰᠤ᠂ ᠰᠢᠷᠠᠮᠥ᠋ᠷᠡᠨ ᠪᠠᠯᠭᠠᠰᠤ᠂ ᠪᠠᠶᠠᠨ ᠣᠪᠣᠭ᠎ᠠ ᠰᠤᠮᠤ᠂ ᠴᠠᠭᠠᠨ ᠬᠠᠳᠠ ᠰᠤᠮᠤ᠂ ᠳᠠᠷᠬᠠᠨ ᠰᠤᠮᠤ ᠪᠤᠯᠤᠨ᠎ᠠ᠂ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 41°20′~ 42°40′᠂ ᠵᠡᠭᠦᠨ ᠤᠷᠲᠤᠷᠢᠭ ᠤᠨ 109°16′~ 111°25′ ᠪᠤᠯᠤᠨ᠎ᠠ᠂ ᠬᠠᠮᠠᠭᠠᠯᠠᠬᠤ ᠬᠡᠪᠴᠢᠶ᠎ᠡ ᠨᠢ 600000 ᠲᠤᠯᠤᠭᠠᠢ ᠪᠠᠶᠢᠵᠤ᠂ ᠵᠢᠯ ᠤᠨ ᠭᠠᠷᠤᠯᠲᠠ ᠨᠢ 12000 ᠲᠣᠨ ᠪᠣᠯᠤᠨ᠎ᠠ᠃      ᠬᠤᠶᠠᠷ᠂ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠦᠬᠡᠷ ᠤᠨ ᠮᠢᠬ᠎ᠠ      ᠲᠤᠭᠲᠠᠭᠠᠬᠤ ᠪᠠᠷ ᠪᠠᠶᠢᠭ᠎ᠠ ᠳᠠᠩᠰᠠᠯᠠᠭᠤᠯᠬᠤ ᠭᠤᠶᠤᠴᠢᠯᠠᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠥᠷᠲᠡᠭᠡ      ᠬᠠᠮᠠᠭᠠᠯᠠᠬᠤ ᠪᠠᠷ ᠪᠠᠶᠢᠭ᠎ᠠ ᠭᠠᠵᠠᠷ ᠣᠷᠣᠨ ᠤ ᠬᠦᠷᠢᠶ᠎ᠡ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠷᠢᠶ᠎ᠠ ᠳᠠᠬᠢ ᠪᠠᠲᠤᠬᠠᠭᠠᠯᠭ᠎ᠠ ᠪᠠᠯᠭᠠᠰᠤ᠂ ᠦᠬᠡᠷ ᠪᠠᠯᠭᠠᠰᠤ᠂ ᠮᠠᠨᠳᠤᠯ ᠪᠠᠯᠭᠠᠰᠤ᠂ ᠪᠠᠶᠠᠨ ᠬᠤᠸᠠ ᠪᠠᠯᠭᠠᠰᠤ᠂ ᠮᠢᠩᠭᠠᠨ ᠪᠠᠯᠭᠠᠰᠤ᠂ ᠰᠢᠷᠠᠮᠥ᠋ᠷᠡᠨ ᠪᠠᠯᠭᠠᠰᠤ᠂ ᠪᠠᠶᠠᠨ ᠣᠪᠣᠭ᠎ᠠ ᠰᠤᠮᠤ᠂ ᠴᠠᠭᠠᠨ ᠬᠠᠳᠠ ᠰᠤᠮᠤ᠂ ᠳᠠᠷᠬᠠᠨ ᠰᠤᠮᠤ ᠪᠤᠯᠤᠨ᠎ᠠ᠂ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 41°20′~ 42°40′᠂ ᠵᠡᠭᠦᠨ ᠤᠷᠲᠤᠷᠢᠭ ᠤᠨ 109°16′~ 111°25′ ᠪᠤᠯᠤᠨ᠎ᠠ᠂ ᠬᠠᠮᠠᠭᠠᠯᠠᠬᠤ ᠬᠡᠪᠴᠢᠶ᠎ᠡ ᠨᠢ 10000 ᠲᠣᠯᠣᠭᠠᠶ ᠪᠠᠶᠢᠵᠤ᠂ ᠵᠢᠯ ᠤᠨ ᠭᠠᠷᠤᠯᠲᠠ ᠨᠢ 1700 ᠲᠣᠨ ᠪᠣᠯᠤᠨ᠎ᠠ᠃      ᠲᠤᠰ ᠤᠳᠠᠭ᠎ᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠨᠢ 30 ᠡᠳᠦᠷ ᠪᠣᠯᠤᠨ᠎ᠠ᠃ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠣᠨᠳᠣᠤ ᠰᠠᠨᠠᠯ ᠲᠠᠢ ᠪᠠᠶᠢᠪᠠᠯ᠂ 2020 ᠣᠨ ᠤ 5 ᠰᠠᠷ᠎ᠠ ᠶᠢᠨ 6 ᠤ ᠡᠳᠦᠷ ᠠᠴᠠ ᠡᠮᠦᠨ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠥᠷᠲᠡᠭᠡ ᠳᠤ ᠪᠢᠴᠢᠭ ᠢᠶᠠᠷ ᠬᠠᠷᠢᠭᠤ ᠲᠤᠰᠬᠠᠭᠠᠬᠤ ᠶᠢᠨ ᠬᠠᠮᠲᠤ ᠣᠨᠳᠣᠤ ᠰᠠᠨᠠᠯ ᠤᠨ ᠪᠣᠳᠠᠲᠠᠶ ᠠᠭᠤᠯᠭ᠎ᠠ ᠪᠠ ᠰᠢᠯᠲᠠᠭᠠᠨ ᠢᠶᠠᠨ ᠲᠣᠳᠣᠷᠬᠠᠶᠢᠯᠠᠭᠠᠷᠠᠶ᠃      ᠬᠠᠷᠢᠯᠴᠠᠬᠤ ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠪᠠᠢ ᠯᠢᠠᠩ ᠶᠡᠭᠡ ᠵᠡᠭᠡᠯᠢ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠭ᠎ᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭᠡᠨ ᠤ ᠠᠯᠪᠠᠨ ᠭᠡᠷ︔ ᠬᠠᠷᠢᠯᠴᠠᠬᠤ ᠤᠲᠠᠰᠤ᠄ 0472 — 8422815᠂ ᠹᠠᠺᠰ᠄ 0472 — 8422512᠃                      ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠲᠠᠷᠢᠶᠠᠯᠠᠩ ᠮᠠᠯ                      ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ                                    2020 ᠣᠨ ᠤ 4 ᠰᠠᠷ᠎ᠠ ᠶᠢᠨ 7 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号