ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠬᠡᠰᠡᠭ ᠮᠠᠰᠢᠨ ᠪᠠᠭᠠᠵᠢ ᠶᠢᠨ ᠨᠡᠮᠡᠭᠦᠷᠢ ᠶᠢᠨ ᠲᠤᠭ᠎ᠠ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ  ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/12/15
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠤᠯᠪᠣᠭᠳᠠᠯ ᠪᠥᠬᠦᠶ ᠲᠠᠷᠢᠶᠠᠯᠠᠩ ᠤᠨ ᠮᠠᠰᠢᠨ ᠦᠶᠯᠡᠳᠪᠦᠷᠢᠯᠡᠬᠦ ᠪᠠ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠦᠨ᠎ᠡ ᠬᠠᠩᠰᠢ ᠶᠢᠨ ᠬᠥᠳᠡᠯᠦᠩᠭᠦᠶ ᠬᠤᠪᠢᠷᠠᠯᠲᠠ ᠶᠢᠨ ᠪᠠᠶᠢᠳᠠᠯ ᠪᠣᠯᠤᠨ 2020 ᠣᠨ ᠤ ᠮᠠᠨ ᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠵᠢᠴᠢ 2021 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠪᠠᠯᠠ ᠮᠥᠩᠭᠦ ᠶᠢᠨ ᠲᠤᠭ᠎ᠠ ᠬᠡᠮᠵᠢᠶ᠎ᠡ ᠪᠠᠷ ᠦᠨᠳᠦᠰᠦᠯᠡᠯ ᠪᠣᠯᠭᠠᠬᠤ ᠶᠢᠨ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠵᠤᠷᠭᠠᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠮᠠᠨ ᠤ ᠣᠷᠣᠨ ᠤ 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠮᠠᠰᠢᠨ ᠪᠠᠭᠠᠵᠢ ᠶᠢᠨ ᠨᠡᠮᠡᠭᠦᠷᠢ ᠶᠢᠨ ᠲᠤᠭ᠎ᠠ ᠬᠡᠮᠵᠢᠶ᠎ᠡ ᠶᠢᠨ ᠨᠠᠷᠢᠨ ᠬᠦᠰᠦᠨᠦᠭ ᠲᠠᠬᠢ ᠬᠡᠰᠡᠭ ᠲᠠᠷᠢᠶᠠᠯᠠᠩ ᠤᠨ ᠮᠠᠰᠢᠨ ᠪᠠᠭᠠᠵᠢ ᠶᠢᠨ ᠨᠠᠮᠡᠭᠦᠷᠢ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠳᠣᠭᠢᠷᠠᠭᠤᠯᠤᠨ ᠬᠠᠰᠤᠬᠤ ᠪᠠᠷ ᠲᠣᠭᠲᠠᠪᠠ᠃ 2020 ᠣᠨ ᠤ 12 ᠰᠠᠷ᠎ᠠ ᠶᠢᠨ 14 ᠤ ᠡᠳᠦᠷ ︵12 ᠰᠠᠷ᠎ᠠ ᠶᠢᠨ 14 ᠤ ᠡᠳᠦᠷ ᠢ ᠪᠠᠭᠲᠠᠭᠠᠨ᠎ᠠ︶ ᠠᠴᠠ ᠡᠮᠦᠨ᠎ᠡ ᠬᠤᠳᠠᠯᠳᠤᠨ ᠠᠪᠤᠭᠰᠠᠨ ᠲᠠᠷᠢᠶᠠᠯᠠᠩ ᠤᠨ ᠮᠠᠰᠢᠨ ᠪᠠᠭᠠᠵᠢ ︵ᠪᠠᠷᠢᠮᠲᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠳᠤ ᠤᠤᠯ ᠤᠨ ᠨᠡᠮᠡᠭᠦᠷᠢ ᠶᠢᠨ ᠲᠤᠭ᠎ᠠ ᠪᠠᠷ ᠨᠡᠮᠡᠭᠦᠷᠢ ᠥᠭᠭᠦᠨ᠎ᠡ᠂ 2020 ᠣᠨ ᠤ 12 ᠰᠠᠷ᠎ᠠ ᠶᠢᠨ 14 ᠤ ᠡᠳᠦᠷ ᠠᠴᠠ ᠰᠡᠭᠦᠯᠡᠷ ᠬᠤᠳᠠᠯᠳᠤᠨ ᠠᠪᠤᠭᠰᠠᠨ ᠲᠠᠷᠢᠶᠠᠯᠠᠩ ᠤᠨ ᠮᠠᠰᠢᠨ ᠪᠠᠭᠠᠵᠢ ᠳᠤ ᠰᠢᠨ᠎ᠡ ᠨᠡᠮᠡᠭᠦᠷᠢ ᠶᠢᠨ ᠲᠤᠭ᠎ᠠ ᠶᠢ ᠬᠡᠷᠡᠭᠵᠢᠭᠦᠯᠬᠦ ᠪᠣᠯᠣᠨ᠎ᠠ᠃ ᠰᠢᠨ᠎ᠡ ᠨᠡᠮᠡᠭᠦᠷᠢ ᠶᠢᠨ ᠨᠠᠷᠢᠨ ᠬᠦᠰᠦᠨᠦᠭ ᠢ ᠠᠰᠲᠠᠭᠠᠨ ᠶᠠᠪᠤᠭᠤᠯᠤᠨ᠎ᠠ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠨᠤᠭᠤᠳ ᠬᠠᠷᠢᠶ᠎ᠠ ᠪᠦᠬᠦᠢ ᠬᠤᠰᠢᠭᠤ ᠰᠢᠶᠠᠨ ︵ᠲᠣᠭᠤᠷᠢᠭ︶ ᠤ ᠪᠠᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠳᠤ ᠴᠠᠭ ᠲᠤᠬᠠᠶ ᠳᠤ ᠨᠢ ᠮᠡᠳᠡᠭᠳᠡᠬᠦ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ ᠪᠠ ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠮᠠᠨ ᠤ ᠣᠷᠣᠨ ᠤ ᠰᠢᠨ᠎ᠡ ᠨᠡᠮᠡᠭᠦᠷᠢ ᠲᠤᠭ᠎ᠠ ᠶᠢᠨ ᠨᠠᠷᠢᠨ ᠬᠦᠰᠦᠨᠦᠭ ᠢ ᠲᠣᠭᠲᠠᠭᠠᠭᠰᠠᠨ ᠤ ᠳᠠᠷᠠᠭ᠎ᠠ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠳᠠᠪᠠᠭᠤᠯᠤᠨ ᠭᠤᠶᠤᠴᠢᠯᠠᠬᠤ ᠴᠢᠳᠠᠮᠵᠢ ᠶᠢ ᠳᠠᠬᠢᠨ ᠡᠬᠢᠯᠠᠭᠦᠯᠦᠨ᠎ᠡ᠂ ᠬᠤᠯᠪᠣᠭᠳᠠᠯ ᠪᠥᠬᠦᠶ ᠲᠠᠷᠢᠶᠠᠯᠠᠩ ᠤᠨ ᠮᠠᠰᠢᠨ ᠦᠶᠯᠡᠳᠪᠦᠷᠢᠯᠡᠬᠦ ᠪᠠ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠨᠢ ᠰᠢᠨ᠎ᠡ ᠨᠡᠮᠡᠭᠦᠷᠢ ᠲᠤᠭ᠎ᠠ ᠶᠢᠨ ᠬᠤᠪᠢᠷᠠᠯᠲᠠ ᠶᠢ ᠦᠨᠳᠦᠰᠦᠯᠡᠨ᠂ ᠵᠠᠬ᠎ᠠ ᠳᠡᠯᠭᠡᠭᠦᠷ ᠲᠤ ᠪᠠᠶᠢᠴᠠᠭᠠᠨ ᠰᠤᠳᠤᠯᠤᠯᠲᠠ ᠬᠢᠵᠦ ᠤᠷᠢᠳᠴᠢᠯᠠᠨ ᠮᠠᠭᠠᠳᠯᠠᠬᠤ ᠪᠠ ᠦᠶᠯᠡᠳᠪᠦᠷᠢᠯᠡᠵᠦ ᠪᠣᠷᠣᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                 2020 ᠣᠨ ᠤ 12 ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号