ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ | ᠣᠶ ᠰᠢᠭᠤᠶ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠢ ᠳᠡᠯᠭᠡᠷᠡᠭᠦᠯᠬᠦ ᠠᠵᠢᠯ ᠳᠤ ᠬᠤᠪᠢ ᠨᠡᠮᠡᠷᠢ | ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠰᠠᠶᠢᠰᠢᠶᠠᠨ ᠬᠦᠬᠢᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ ᠤᠨ | ᠱᠠᠩᠨᠠᠬᠤ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ ᠢ ᠬᠢᠨᠠᠨ ᠰᠢᠯᠭᠠᠷᠠᠭᠤᠯᠵᠤ ᠱᠠᠩᠨᠠᠬᠤ ᠺᠣᠮᠢᠰ | ᠠᠴᠠ 2017—2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ ᠢ ᠬᠢᠨᠠᠨ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ | ᠪᠡᠶᠡᠯᠡᠭᠦᠯᠪᠡ᠂ ᠡᠳᠦᠭᠡ ᠨᠡᠶᠢᠲᠡᠯᠡᠪᠡ᠄ | ︽ᠯᠢ ᠾᠧ 1 ᠡᠷᠳᠡᠨᠢ ᠰᠢᠰᠢ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠ ᠳᠡᠯᠭᠡᠷᠡᠭᠦᠯᠬᠦ︾ | ᠵᠡᠷᠭᠡ 38 ᠲᠥᠷᠥᠯ ᠵᠦᠶᠯ ᠳᠤ ︽2017— 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ︾ ︵ᠳᠣᠷᠣᠭᠰᠢ ᠡᠯᠪᠡᠭ | ᠬᠤᠷᠢᠶᠠᠯᠲᠠ ᠶᠢᠨ ᠱᠠᠩᠨᠠᠯ ᠭᠡᠵᠦ ᠲᠣᠪᠴᠢᠯᠠᠨ᠎ᠠ︶ ᠤᠨ ᠨᠢᠭᠡᠳᠦᠭᠡᠷ ᠳᠡᠰ ᠤᠨ ᠱᠠᠩᠨᠠᠯ ᠣᠯᠭᠤᠵᠣ᠂ ︽ᠡᠷᠳᠡᠨᠢ ᠰᠢᠰᠢ | ᠶᠢᠨ ᠰᠢᠨ᠎ᠡ ᠡᠭᠦᠯᠳᠡᠷ ᡂᠢ ᠳ᠋ᠠᠨ 208᠂ ᡂᠢ ᠳ᠋ᠠᠨ 218 ᠪᠠ ᡂᠢ ᠳ᠋ᠠᠨ 228 ᠶᠢ ᠢᠵᠢ ᠲᠥᠬᠦᠷᠵᠢᠭᠦᠯᠦᠨ | ᠳᠠᠷᠢᠵᠤ ᠪᠣᠶᠢᠵᠢᠭᠤᠯᠬᠤ ᠮᠡᠷᠭᠡᠵᠢᠯ ᠢ ᠡᠮᠬᠢᠳᠭᠡᠬᠦ ᠪᠠ ᠶᠡᠭᠡ ᠲᠠᠯᠠᠪᠠᠶ ᠪᠠᠷ ᠵᠢᠱᠢᠶ᠎ᠡ ᠦᠵᠡᠭᠦᠯᠵᠦ ᠳᠡᠯᠭᠡᠷᠡᠭᠦᠯᠬᠦ︾ ᠵᠡᠷᠭᠡ | 36 ᠲᠥᠷᠥᠯ ᠵᠦᠶᠯ ᠳᠤ ᠡᠯᠪᠡᠭ ᠬᠤᠷᠢᠶᠠᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠣᠯᠭᠤᠵᠣ᠂ | ︽ᠥᠨᠳᠥᠷ ᠤᠨᠠᠯᠲᠠ ᠲᠠᠢ ᠴᠢᠨᠠᠷ ᠰᠠᠶᠢᠲᠠᠶ ᠡᠷᠳᠡᠨᠢ ᠰᠢᠰᠢ ᠶᠢᠨ ᠰᠢᠨ᠎ᠡ ᠡᠭᠦᠯᠳᠡᠷ ᠤᠨ ᠺᠧ ᠾᠧ 28 ᠶᠢ ᠰᠣᠩᠭᠤᠨ | ᠪᠣᠶᠢᠵᠢᠭᠤᠯᠬᠤ ᠪᠠ ᠶᠡᠭᠡ ᠲᠠᠯᠠᠪᠠᠶ ᠪᠠᠷ ᠳᠡᠯᠭᠡᠷᠡᠭᠦᠯᠬᠦ︾ ᠵᠡᠷᠭᠡ 45 ᠲᠥᠷᠥᠯ ᠵᠦᠶᠯ ᠳᠤ ᠡᠯᠪᠡᠭ ᠬᠤᠷᠢᠶᠠᠯᠲᠠ ᠶᠢᠨ | ᠱᠠᠩᠨᠠᠯ ᠤᠨ ᠭᠤᠷᠪᠠᠳᠤᠭᠠᠷ ᠳᠡᠰ ᠤᠨ ᠱᠠᠩᠨᠠᠯ ᠣᠯᠭᠤᠵᠠᠶ᠃ ︵ᠱᠠᠩᠨᠠᠯ ᠬᠦᠷᠲᠡᠭᠰᠡᠳ ᠤᠨ ᠨᠡᠷᠡᠰ ᠢ ᠳᠠᠭᠠᠯᠳᠤᠭᠤᠯᠤᠯ | ᠳᠤ ᠦᠵᠡᠭᠡᠷᠡᠶ︶᠃ | ᠱᠠᠩᠨᠠᠯ ᠬᠦᠷᠲᠡᠭᠰᠡᠨ ᠨᠢᠭᠡᠴᠢ᠂ ᠬᠤᠪᠢ ᠬᠥᠮᠦᠨ ᠵᠢᠴᠢ ᠥᠷᠭᠡᠨ ᠣᠯᠠᠨ ᠲᠠᠷᠢᠶᠠᠯᠠᠩ ᠮᠠᠯ ᠠᠵᠤ ᠠᠬᠤᠶ ᠣᠶ | ᠰᠢᠭᠤᠶ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ | ᠦᠨᠳᠦᠰᠦᠨ ᠱᠠᠲᠤᠨ ᠳᠤ ᠬᠠᠨᠳᠤᠭᠤᠯᠬᠤ᠂ ᠠᠵᠤ ᠦᠶᠯᠡᠰ ᠲᠤ ᠦᠢᠯᠡᠴᠢᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ | ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠴᠢᠳᠠᠪᠤᠷᠢ | ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠨ ᠪᠤᠲᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠭᠰᠠᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃ | | ᠳᠠᠭᠠᠯᠳᠤᠭᠤᠯᠤᠯ᠄ 2017— 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ ᠬᠦᠷᠲᠡᠭᠰᠡᠳ ᠤᠨ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠡᠯᠪᠡᠭ ᠬᠤᠷᠢᠶᠠᠯᠲᠠ ᠶᠢᠨ ᠱᠠᠩᠨᠠᠯ ᠢ ᠬᠢᠨᠠᠨ ᠰᠢᠯᠭᠠᠷᠠᠭᠤᠯᠵᠤ ᠱᠠᠩᠨᠠᠬᠤ ᠺᠣᠮᠢᠰ | 2020 ᠣᠨ ᠤ 12 ᠰᠠᠷ᠎ᠠ ᠶᠢᠨ 17 ᠤ ᠡᠳᠦᠷ |