ᠠᠮᠢᠳᠤ ᠭᠠᠭ᠋ᠠᠶ ᠶᠢ ᠨᠢᠲᠤᠯᠬᠤ ᠬᠠᠤᠯᠢ ᠪᠤᠰᠤ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/12/21
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠶᠠᠪᠤᠳᠠᠯ ᠤᠨ ᠲᠣᠪᠴᠢᠶ᠎ᠠ᠄      ︽ᠠᠮᠢᠳᠤ ᠭᠠᠭ᠋ᠠᠶ ᠶᠢ ᠨᠢᠲᠤᠯᠬᠤ ᠬᠠᠤᠯᠢ ᠪᠤᠰᠤ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠠᠷᠢᠶᠠᠯᠠᠩ ᠠᠯᠪᠠᠨ ᠮᠠᠯ ﹇2020﹈ 57 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠮᠢᠳᠤ ᠭᠠᠭ᠋ᠠᠶ ᠨᠢᠲᠤᠯᠬᠤ ᠠᠵᠢᠯ ᠲᠥᠷᠥᠯ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠵᠤ᠂ ᠠᠮᠢᠳᠤ ᠭᠠᠭ᠋ᠠᠶ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠭ᠋ᠠᠶ ᠶᠢᠨ ᠮᠢᠬᠠᠨ ᠤ ᠬᠡᠷᠡᠭᠯᠡᠭᠡᠨ ᠤ ᠠᠮᠤᠷ ᠲᠦᠪᠰᠢᠨ ᠪᠠ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2020 ᠣᠨ ᠤ 12 ᠰᠠᠷ᠎ᠠ ᠶᠢᠨ ᠳᠤᠮᠳᠠᠴᠢ ᠠᠴᠠ 2021 ᠣᠨ ᠤ 2 ᠰᠠᠷ᠎ᠠ ᠶᠢᠨ ᠳᠤᠮᠳᠠᠴᠢ ᠪᠣᠯᠲᠠᠯ᠎ᠠ᠂ ᠪᠥᠬᠦ ᠣᠷᠣᠨ ᠳᠤ 2 ᠰᠠᠷ᠎ᠠ ᠶᠢᠨ ᠬᠤᠭᠤᠴᠠᠭ᠎ᠠ ᠲᠠᠢ ᠠᠮᠢᠳᠤ ᠭᠠᠭ᠋ᠠᠶ ᠶᠢ ᠨᠢᠲᠤᠯᠬᠤ ᠬᠠᠤᠯᠢ ᠪᠤᠰᠤ ᠶᠢᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ  ᠶᠢ ᠥᠷᠨᠢᠭᠦᠯᠬᠦ ᠪᠠᠷ ᠲᠣᠭᠲᠠᠪᠠ᠃ ᠡᠳᠦᠭᠡ ︽ᠠᠮᠢᠳᠤ ᠭᠠᠭ᠋ᠠᠶ ᠶᠢ ᠬᠠᠤᠯᠢ ᠠᠴᠠ ᠵᠦᠷᠢᠴᠡᠨ ᠨᠢᠲᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠳᠤᠭᠤᠰᠢᠯᠠᠭᠤᠯᠤᠨ ᠬᠡᠷᠡᠭᠵᠢᠭᠦᠯᠦᠲᠦᠭᠡᠢ᠃                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                  2020 ᠣᠨ ᠤ 12 ᠰᠠᠷ᠎ᠠ ᠶᠢᠨ 21 ᠤ ᠡᠳᠦᠷ ᠳᠠᠭᠠᠯᠳᠤᠭᠤᠯᠤᠯ᠄ ᠠᠮᠢᠳᠤ ᠭᠠᠭ᠋ᠠᠶ ᠶᠢ ᠨᠢᠲᠤᠯᠬᠤ ᠬᠠᠤᠯᠢ ᠪᠤᠰᠤ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号