ᠠᠮᠲᠠᠯᠢᠭ ᠠᠮᠲᠠᠲᠠᠢ᠂ ᠪᠦᠯᠢᠶᠡᠨ ᠴᠢᠨᠠᠷᠲᠠᠢ᠃ ᠢᠩᠭᠡᠨ ᠰᠦᠨ ᠳᠤ ᠡᠯᠪᠡᠭ ᠳᠡᠯᠪᠡᠭ ᠰᠢᠮ᠎ᠡ ᠲᠡᠵᠢᠭᠡᠯᠲᠦ | ᠪᠤᠳᠠᠰ ᠠᠭᠤᠯᠤᠭᠳᠠᠵᠤ ᠪᠠᠶᠢᠬᠤ ᠪᠠᠷ ᠪᠠᠷᠠᠬᠤ ᠦᠭᠡᠢ ᠲᠡᠭᠦᠨ ᠤ ᠡᠮᠲᠦ ᠦᠢᠯᠡᠳᠦᠯ ᠨᠢ ᠴᠤ ᠪᠤᠰᠤᠳ ᠵᠦᠢᠯ ᠠᠴᠠ | ᠳᠤᠪᠤᠶᠢᠮ᠎ᠠ ᠪᠠᠶᠢᠳᠠᠭ᠃ | ᠢᠩᠭᠡᠨ ᠰᠦ ᠶᠢᠨ ᠤᠭᠤᠷᠠᠭ ᠨᠢ ᠦᠳᠭᠡᠨ ᠮᠦᠷᠲᠡᠭᠡᠨ ᠰᠢᠮ᠎ᠡ ᠲᠡᠵᠢᠭᠡᠯ ᠢᠶᠠᠷ ᠰᠠᠶᠢᠨ ᠪᠠᠶᠢᠳᠠᠭ᠃ ᠦᠭᠡᠬᠦᠨ | ᠪᠦᠮᠪᠦᠭᠡᠯᠢᠭ ᠪᠠᠭ᠎ᠠ ᠪᠣᠯᠬᠤᠷ ᠠᠮᠠᠷᠬᠠᠨ ᠰᠢᠩᠭᠡᠭᠡᠳᠡᠭ᠃ ᠲᠡᠭᠦᠨ ᠳᠤ ᠬᠠᠭᠤᠷᠠᠢ ᠪᠤᠳᠠᠰ 19%᠂ ᠤᠭᠤᠷᠠᠭ 3.8%᠂ | ᠦᠭᠡᠬᠦ 54% ᠠᠭᠤᠯᠤᠭᠳᠠᠵᠤ ᠺᠢᠯᠦᠭᠷᠡᠮ ᠪᠦᠷᠢ ᠶᠢᠨ ᠶᠡᠷᠦᠩᠬᠡᠢ ᠡᠨᠧᠷᠭᠢ ᠨᠢ 620 ᠲᠦᠮᠡᠨ ᠺᠠᠯᠤᠷᠢ ᠬᠦᠷᠳᠡᠭ | ᠪᠦᠭᠡᠳ ᠸᠢᠲ᠋ᠠᠮᠢᠨ C ᠶᠢᠨ ᠠᠭᠤᠯᠤᠭᠳᠠᠴᠠ ᠨᠢ 10% ᠳᠤ ᠬᠦᠷᠴᠦ᠂ ᠦᠨᠢᠶᠡᠨ ᠰᠦ ᠬᠢᠭᠡᠳ ᠬᠦᠮᠦᠨ ᠤ | ᠰᠦ ᠠᠴᠠ ᠲᠤᠰ ᠪᠦᠷᠢ ᠭᠤᠷᠪᠠ ᠳᠠᠬᠢᠨ ᠪᠠ ᠬᠤᠶᠠᠷ ᠳᠠᠬᠢᠨ ᠪᠠᠶᠢᠵᠤ᠂ ᠺᠠᠯᠼ᠂ ᠹᠣᠰᠹᠣᠷ ᠪᠣᠯᠣᠨ ᠸᠢᠲ᠋ᠠᠮᠢᠨA᠂ | ᠸᠢᠲ᠋ᠠᠮᠢᠨ B1᠂ ᠸᠢᠲ᠋ᠠᠮᠢᠨ B12 ᠤᠨ ᠠᠭᠤᠯᠤᠭᠳᠠᠴᠠ ᠴᠤ ᠮᠠᠰᠢ ᠦᠨᠳᠦᠷ ᠪᠠᠶᠢᠳᠠᠭ᠃ 1800 ᠭᠷᠡᠮ ᠢᠩᠭᠡᠨ | ᠰᠦ ᠨᠢ ᠨᠠᠰᠤᠨ ᠳᠤ ᠬᠦᠷᠦᠭᠰᠡᠳ ᠤᠨ ᠨᠢᠭᠡ ᠡᠳᠦᠷ ᠤᠨ ᠤᠭᠤᠷᠠᠭ ᠤᠨ ᠬᠡᠷᠡᠭᠴᠡᠭᠡ ᠶᠢ ᠬᠠᠩᠭᠠᠵᠤ ᠳᠡᠶᠢᠯᠳᠡᠭ᠃ | ᠲᠡᠷᠡ ᠨᠢ ᠨᠢᠭᠡ ᠵᠦᠢᠯ ᠤᠨ ᠰᠢᠮ᠎ᠡ ᠲᠡᠵᠢᠭᠡᠯ ᠰᠠᠶᠢᠲᠠᠢ ᠴᠠᠭᠠᠨ ᠢᠳᠡᠭᠡᠨ ᠪᠣᠯᠬᠤ ᠪᠠᠷ ᠪᠠᠷᠠᠬᠤ ᠦᠭᠡᠢ᠂ ᠠᠭᠤᠰᠬᠢᠨ | ᠦᠷᠪᠢᠰᠦᠯ᠂ ᠡᠯᠢᠭᠡᠨ ᠦᠷᠪᠢᠰᠦᠯ ︵ᠡᠯᠢᠭᠡ ᠬᠠᠲᠠᠭᠤᠷᠠᠬᠤ ᠵᠡᠷᠭᠡ︶᠂ ᠶᠠᠰᠤ ᠵᠦᠭᠡᠯᠡᠷᠡᠬᠦ ᠡᠪᠡᠳᠴᠢᠨ᠂ ᠠᠮᠢᠰᠬᠤᠭᠠᠳᠠᠬᠤ᠂ | ᠴᠢᠰᠤᠨ ᠳᠠᠷᠤᠯᠲᠠ ᠳᠤᠤᠷ᠎ᠠ ᠵᠡᠷᠭᠡ ᠡᠪᠡᠳᠴᠢᠨ ᠢ ᠬᠤᠷᠢᠭᠯᠠᠵᠤ ᠴᠢᠳᠠᠬᠤ ᠪᠠᠷ ᠪᠠᠷᠠᠬᠤ ᠦᠭᠡᠢ ᠦᠯᠦ ᠬᠠᠯᠳᠠᠭᠠᠬᠤ | ᠴᠢᠳᠠᠪᠤᠷᠢ ᠶᠢ ᠨᠡᠮᠡᠭᠳᠡᠭᠦᠯᠵᠦ᠂ ᠡᠪᠡᠳᠴᠢᠨ ᠤ ᠪᠠᠺᠲ᠋ᠧᠷᠢ ᠶᠢ ᠡᠰᠡᠷᠭᠦᠴᠡᠬᠦ ᠴᠢᠳᠠᠪᠬᠢ ᠲᠠᠢ ᠪᠠᠶᠢᠵᠤ᠂ ᠰᠢᠬᠢᠷ ᠰᠢᠵᠢᠩ | ᠡᠪᠡᠳᠴᠢᠲᠡᠨ ᠤ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ᠃ | ᠡᠯ᠎ᠡ ᠵᠦᠢᠯ ᠤᠨ ᠣᠳᠠᠭᠠᠨ ᠴᠢᠨᠠᠷᠲᠠᠢ ᠡᠪᠡᠳᠴᠢᠨ ᠢ ᠴᠤ ᠢᠩᠭᠡᠨ ᠰᠦ ᠪᠠᠷ ᠡᠮᠴᠢᠯᠡᠵᠦ ᠪᠣᠯᠳᠠᠭ᠃ | ᠡᠶᠢᠮᠦ ᠠᠴᠠ ᠢᠩᠭᠡᠨ ᠰᠦ ᠪᠣᠯ ᠦᠷᠭᠡᠨ ᠬᠡᠷᠡᠭᠴᠡᠭᠡ ᠲᠠᠢ ᠢᠳᠡᠭᠡᠨ ᠤᠮᠳᠠᠭᠠᠨ ᠤ ᠴᠢᠬᠤᠯᠠ ᠦᠢᠯᠡᠳᠦᠯ ᠲᠠᠢ | ᠪᠠᠶᠢᠳᠠᠭ᠃ | | ︵ᠢᠷᠡᠯᠲᠡ᠄ ᠴᠤᠶᠢ᠊· ᠷᠢᠨᠴᠢᠨ ᠤ ᠨᠠᠶᠢᠷᠠᠭᠤᠯᠤᠯᠭᠰᠠᠨ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ | ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾ ᠭᠡᠬᠦ ᠨᠤᠮ ᠠᠴᠠ ᠰᠣᠩᠭᠤᠨ ᠰᠡᠶᠢᠷᠡᠭᠦᠯᠪᠡ᠃︶ | |