ᠨᠠᠢᠮᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯ ᠪᠤᠯᠬᠤ ᠬᠥᠲᠥᠴᠢ ᠠᠵᠤ ᠠᠬᠤᠶᠢᠯᠠᠯ ᠢ ᠬᠢᠨᠠᠨ ᠬᠡᠮᠵᠢᠬᠦ ᠪᠠ ᠦᠨᠡᠮᠰᠢᠨ ᠲᠣᠭᠲᠠᠭᠠᠬᠤ ᠳᠤ ᠬᠢᠷᠢ ᠲᠡᠩᠴᠡᠭᠰᠡᠨ ᠠᠵᠤ ᠠᠬᠤᠶᠢᠯᠠᠯ ᠤᠨ ᠨᠡᠷᠡᠰ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2020/12/29
     ︽ᠨᠠᠢᠮᠠᠳᠤᠭᠠᠷ ᠤᠳᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯ ᠪᠤᠯᠬᠤ ᠬᠥᠲᠥᠴᠢ ᠠᠵᠤ ᠠᠬᠤᠶᠢᠯᠠᠯ ᠤᠨ ᠠᠵᠢᠯᠯᠠᠭᠠᠨ ᠢ ᠬᠢᠨᠠᠨ ᠬᠡᠮᠵᠢᠬᠦ ᠪᠠ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠲᠠᠷᠬᠠᠭᠠᠭᠰᠠᠨ ﹇2020﹈ 72 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯ ᠪᠤᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠬᠤ ᠲᠤᠬᠠᠶ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ  ᠡᠳ᠋ ᠤᠨ ᠵᠠᠰᠠᠭ ᠤᠨ ᠲᠢᠩᠬᠢᠮ  ᠬᠤᠳᠠᠯᠳᠤᠭᠠᠨ ᠤ ᠶᠠᠪᠤᠳᠠᠯ ᠤᠨ ᠲᠢᠩᠬᠢᠮ ᠭᠠᠶᠢᠯᠢ ᠶᠢᠨ ᠶᠠᠪᠤᠳᠠᠯ ᠤᠨ ᠲᠣᠪᠴᠢᠶ᠎ᠠ  ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠦᠪᠦᠷ ᠮᠤᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠮᠡᠳᠡᠭᠳᠡᠯ︾ ︵ᠥᠪᠥᠷ ᠲᠠᠷᠢᠶᠠᠯᠠᠩ ᠮᠠᠯ ᠬᠠᠤᠯᠢ ᠲᠣᠭᠲᠠᠭᠠᠯ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠬᠤᠰᠢᠭᠤ ᠰᠢᠶᠠᠨ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠠ ᠶᠢ ᠠᠬᠢᠭᠤᠯᠬᠤ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ ᠪᠣᠳᠠᠲᠠᠶ ᠭᠠᠵᠠᠷ ᠲᠤ ᠨᠢ ᠰᠤᠭᠤᠴᠢᠨ ᠪᠠᠶᠢᠴᠠᠭᠠᠬᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ᠬᠢᠨᠠᠨ ᠬᠠᠷᠭᠤᠭᠤᠯᠬᠤ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ ᠬᠢᠨᠠᠨ ᠬᠡᠮᠵᠢᠬᠦ ᠳᠤ ᠬᠢᠷᠢ ᠲᠡᠩᠴᠡᠭᠰᠡᠨ ᠢᠶᠠᠷ ᠲᠤᠭᠲᠠᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠳᠠᠭᠠᠯᠳᠤᠭᠤᠯᠤᠯ ᠨᠢᠭᠡ ᠳᠤ ᠦᠵᠡᠭᠡᠷᠡᠢ᠂ ᠦᠨᠡᠮᠰᠢᠨ ᠲᠣᠭᠲᠠᠭᠠᠬᠤ ᠳᠤ ᠬᠢᠷᠢ ᠲᠡᠩᠴᠡᠭᠰᠡᠨ ᠢᠶᠠᠷ ᠲᠤᠭᠲᠠᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠳᠠᠭᠠᠯᠳᠤᠭᠤᠯᠤᠯ ᠬᠤᠶᠠᠷ ᠲᠤ ᠦᠵᠡᠭᠡᠷᠡᠢ᠃ ᠡᠳᠦᠭᠡ ᠬᠢᠨᠠᠨ ᠬᠡᠮᠵᠢᠬᠦ ᠪᠠ ᠦᠨᠡᠮᠰᠢᠨ ᠲᠤᠭᠲᠠᠭᠠᠬᠤ ᠳᠤ ᠬᠢᠷᠢ ᠲᠡᠩᠴᠡᠭᠰᠡᠨ ᠠᠵᠤ ᠠᠬᠤᠶᠢᠯᠠᠯ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 3 ᠠᠯᠪᠠᠯᠠᠬᠤ ᠡᠳᠦᠷ ︵12 ᠰᠠᠷ᠎ᠠ ᠶᠢᠨ 22 ᠤᠨ ᠡᠳᠦᠷ - 24 ᠤ ᠡᠳᠦᠷ︶ ᠪᠣᠯᠤᠨ᠎ᠠ᠂ ᠣᠨᠳᠣᠤ ᠰᠠᠨᠠᠯ ᠲᠠᠢ ᠪᠤᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠤᠰᠬᠠᠭᠠᠷᠠᠢ᠂ ᠬᠠᠷᠢᠯᠴᠠᠬᠤ ᠤᠲᠠᠰᠤ᠄ 0471 - 6652297︔ ᠬᠡᠷᠪᠡ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠪᠠᠶᠢᠪᠠᠯ᠂ ᠬᠠᠮᠢᠶ᠎ᠠ ᠪᠥᠬᠦᠶ ᠭᠡᠷᠡᠴᠢ ᠪᠠᠷᠢᠮᠲᠠ ᠬᠠᠩᠭᠠᠵᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠲᠤᠰᠬᠠᠭᠠᠷᠠᠶ᠂ ᠤᠲᠠᠰᠤ᠄ 0471 - 6651837᠃ᠳᠠᠭᠠᠯᠳᠤᠭᠤᠯᠤᠯ᠄ 1 . ᠨᠠᠢᠮᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯ ᠪᠤᠯᠬᠤ ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠡᠷᠡᠰ 2 . ᠨᠠᠢᠮᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯ ᠪᠤᠯᠬᠤ ᠬᠥᠲᠥᠴᠢ ᠠᠵᠤ ᠠᠬᠤᠶᠢᠯᠠᠯ ᠤᠨ ᠮᠠᠭᠠᠳᠯᠠᠨ ᠲᠤᠭᠲᠠᠭᠠᠯᠲᠠ ᠳᠤ ᠬᠢᠷᠢ ᠲᠡᠩᠴᠡᠭᠰᠡᠨ ᠨᠡᠷᠡᠰ                            ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ                            ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                         2020 ᠣᠨ ᠤ 12 ᠰᠠᠷ᠎ᠠ ᠶᠢᠨ 22 ᠤᠨ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号