2020 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠵᠥᠪᠳᠡᠯᠴᠡᠨ ᠵᠠᠳᠠᠯᠬᠤ ᠬᠤᠷᠠᠯ ᠢ ᠬᠤᠷᠠᠯᠳᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/3
ᠡᠯ᠎ᠡ ᠠᠶᠢᠮᠠᠭ ᠬᠤᠲᠠ᠂ ᠲᠤᠰᠬᠠᠢ ᠲᠦᠯᠦᠪᠯᠡᠭᠡᠲᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ᠂ ᠬᠤᠯᠪᠤᠭᠳᠠᠯ ᠪᠦᠬᠦᠢ ᠭᠠᠵᠠᠷ ᠲᠠᠰᠤᠭ ᠲᠤᠪᠴᠢᠶ᠎ᠠ᠂ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠲᠢᠩᠬᠢᠮ ᠤᠨ ᠬᠠᠷᠢᠶ᠎ᠠ ᠬᠤᠯᠪᠤᠭᠳᠠᠯ ᠪᠦᠬᠦᠢ ᠨᠢᠭᠡᠴᠢ ᠳᠤ᠄      ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠣᠷᠣᠨ ᠤ 2020 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠴᠡᠭ ᠢ ᠡᠵᠡᠮᠳᠡᠬᠦ ᠶᠢᠨ ᠲᠤᠰᠠᠳᠠ᠂ ᠪᠦᠬᠦ ᠵᠢᠯ ᠤᠨ ᠠᠵᠢᠯ ᠪᠣᠯᠤᠨ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭᠠᠨ ᠤ ᠲᠦᠯᠦᠪᠯᠡᠭᠡ ᠶᠢᠨ ᠲᠣᠬᠢᠷᠠᠭᠤᠯᠤᠯᠲᠠ ᠶᠣᠰᠣᠭᠠᠷ᠂ 2020 ᠣᠨ ᠤ 12 ᠰᠠᠷ᠎ᠠ ᠶᠢᠨ 9 ᠤ ᠡᠳᠦᠷ ᠬᠦᠬᠡᠬᠤᠲᠠ ᠳᠤ 2020 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠵᠥᠪᠳᠡᠯᠴᠡᠨ ᠵᠠᠳᠠᠯᠬᠤ ᠬᠤᠷᠠᠯ ᠬᠤᠷᠠᠯᠳᠤᠭᠤᠯᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠬᠤᠷᠠᠯ ᠤᠨ ᠠᠭᠤᠯᠭ᠎ᠠ      2020 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠭᠰᠡᠨ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ︔ 2020 ᠣᠨ ᠤ ᠮᠠᠯ ᠤᠨ ᠠᠰᠢᠭ ᠰᠢᠮ᠎ᠡ ︵ᠲᠦᠭᠦᠬᠡᠶ ᠰᠦ︶ ᠲᠠᠷᠢᠶᠠᠯᠠᠩ ᠤᠨ ᠪᠦᠲᠦᠭᠡᠭᠳᠡᠭᠦᠨ ᠪᠠ ᠤᠰᠤᠨ ᠭᠠᠷᠤᠯᠲᠠ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠨ᠎ᠠ︔ ᠮᠠᠯ ᠤᠨ ᠠᠰᠢᠭ ᠰᠢᠮ᠎ᠡ ᠲᠠᠷᠢᠶᠠᠯᠠᠩ  ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠰᠤᠯᠢᠯᠴᠠᠨ᠎ᠠ︔ 2021 ᠣᠨ ᠤ ᠭᠤᠤᠯᠳᠠᠯᠭ᠎ᠠ ᠲᠠᠢ ᠬᠢᠨᠠᠨ ᠬᠠᠮᠢᠶᠠᠷᠴᠤ ᠪᠠᠶᠢᠴᠠᠭᠠᠨ ᠬᠡᠮᠵᠢᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃      ᠬᠤᠶᠠᠷ᠂ ᠴᠠᠭ ᠬᠤᠭᠤᠴᠠᠭ᠎ᠠ ᠪᠠ ᠭᠠᠵᠠᠷ      2020 ᠣᠨ ᠤ 12 ᠰᠠᠷ᠎ᠠ ᠶᠢᠨ 8 ᠤ ᠡᠳᠦᠷ ᠨᠡᠷ᠎ᠡ ᠮᠡᠳᠡᠭᠦᠯᠦᠨ᠂ 9 ᠤ ᠡᠳᠦᠷ ᠬᠤᠷᠠᠯ ᠬᠤᠷᠠᠯᠳᠤᠭᠤᠯᠵᠤ᠂ 10 ᠤ ᠡᠳᠦᠷ ᠤᠨ ᠦᠳᠡ ᠶᠢᠨ ᠡᠮᠦᠨ᠎ᠡ ᠬᠤᠷᠠᠯ ᠲᠠᠷᠬᠠᠨ᠎ᠠ᠃ ᠬᠤᠷᠠᠯ ᠵᠢᠴᠢ ᠬᠤᠭᠤᠯᠠ ᠬᠤᠨᠤᠭ ᠤᠨ ᠭᠠᠵᠠᠷ ᠢ ᠶᠢᠨ ᠾᠧ ᠶᠡᠭᠡ ᠪᠠᠭᠤᠳᠠᠯ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ ᠳ᠋ᠢᠩ ᠰᠢᠶᠠᠩ ᠡᠮᠦᠨ᠎ᠡ ᠵᠠᠮ ᠤᠨ 6 ᠳ᠋ᠤᠭᠠᠷ ᠨᠣᠮᠧᠷ︶ ᠳᠤ ᠳᠣᠭᠢᠷᠠᠭᠤᠯᠪᠠ᠃      ᠭᠤᠷᠪᠠ᠂ ᠬᠤᠷᠠᠯ ᠳᠤ ᠣᠷᠣᠯᠴᠠᠭᠰᠠᠳ      ᠡᠯ᠎ᠡ ᠠᠶᠢᠮᠠᠭ ᠬᠤᠲᠠ᠂ ᠲᠤᠰᠬᠠᠢ ᠲᠦᠯᠦᠪᠯᠡᠭᠡᠲᠦ ᠬᠤᠲᠠ ᠶᠢᠨ ᠬᠢᠨᠠᠨ ᠬᠠᠮᠢᠶᠠᠷᠤᠯᠲᠠ ᠶᠢᠨ ᠰᠠᠯᠠᠭᠠᠨ ᠳᠠᠷᠤᠭ᠎ᠠ᠂ ᠠᠮᠤᠷ ᠲᠦᠪᠰᠢᠨ ᠤ ᠲᠥᠪ ᠤᠨ ᠡᠷᠬᠢᠯᠡᠭᠴᠢ᠂ ᠪᠤᠭᠤᠲᠤ ᠬᠤᠲᠠ᠂ ᠬᠥᠯᠥᠨ ᠪᠣᠶᠢᠷ ᠬᠤᠲᠠ ᠪᠠ ᠬᠢᠩᠭᠠᠨ ᠠᠶᠢᠮᠠᠭ ᠤᠨ ᠪᠠᠶᠢᠴᠠᠭᠠᠨ ᠬᠡᠮᠵᠢᠬᠦ ᠲᠥᠪ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠶᠢ ᠰᠢᠯᠭᠠᠨ ᠪᠠᠶᠢᠴᠠᠭᠠᠬᠤ ᠲᠦᠪ᠂ ᠤᠰᠤᠨ ᠭᠠᠷᠤᠯᠲᠠ ᠶᠢ ᠰᠢᠯᠭᠠᠨ ᠬᠡᠮᠵᠢᠬᠦ ᠲᠥᠪ᠂ ᠡᠪᠡᠰᠦ ᠪᠤᠷᠳᠤᠭ᠎ᠠ ᠡᠪᠡᠰᠦᠨ ᠦᠷ᠎ᠡ ᠶᠢ ᠬᠢᠨᠠᠨ ᠪᠠᠶᠢᠴᠠᠭᠠᠵᠤ ᠪᠠᠶᠢᠴᠠᠭᠠᠨ ᠰᠢᠯᠭᠠᠬᠤ ᠥᠷᠲᠡᠭᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠳ ᠪᠠ ᠬᠠᠷᠢᠭᠤ ᠮᠡᠳᠡᠭᠦᠯᠦᠭᠴᠢ ᠠᠴᠠ ᠲᠤᠰ ᠲᠤᠰ 1 ᠬᠦᠮᠦᠨ ᠤᠷᠤᠯᠴᠠᠵᠤ᠂ ᠲᠦᠩᠯᠢᠶᠣᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠲᠥᠪ ᠤᠨ 1 ᠬᠠᠷᠢᠭᠤ ᠮᠡᠳᠡᠭᠦᠯᠦᠭᠴᠢ ᠬᠤᠷᠠᠯ ᠳᠤ ᠤᠷᠤᠯᠴᠠᠨ᠎ᠠ᠃ ᠲᠠᠷᠢᠮᠠᠯ ᠤᠨ ᠦᠢᠯᠡᠰ ᠤᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠠᠵᠤ ᠠᠬᠤᠢ ᠶᠢᠨ ᠲᠣᠪᠴᠢᠶ᠎ᠠ᠂ ᠡᠪᠡᠰᠦ ᠪᠣᠷᠳᠤᠭ᠎ᠠ ᠶᠢᠨ ᠭᠠᠵᠠᠷ᠂ ᠠᠮᠤᠷ ᠲᠦᠪᠰᠢᠨ ᠤ ᠲᠥᠪ ᠪᠠ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠭᠠᠵᠠᠷ ᠤᠨ ᠬᠢᠨ ᠲᠣᠰ ᠲᠤᠰ 1 ᠭᠦᠮᠦᠨ ᠬᠤᠷᠠᠯ ᠳᠤ ᠤᠷᠤᠯᠴᠠᠨ᠎ᠠ᠃      ᠳᠦᠷᠪᠡ᠂ ᠪᠣᠳᠠᠲᠠᠶ ᠱᠠᠭᠠᠷᠳᠠᠯᠭ᠎ᠠ      ︵ᠨᠢᠭᠡ︶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ      1. ᠥᠪᠡᠷᠲᠡᠭᠡᠨ ᠵᠠᠰᠠᠬᠤ ᠣᠷᠣᠨ ᠤ ᠵᠤᠷᠰᠢᠯᠲᠤ ᠬᠢᠨᠠᠨ ᠬᠡᠮᠵᠢᠬᠦ ᠡᠭᠦᠷᠭᠡ ᠶᠢ ᠡᠭᠦᠷᠭᠡᠯᠡᠵᠦ ᠪᠦᠬᠦᠢ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠪᠥᠬᠦ ᠵᠢᠯ ᠤᠨ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠵᠢᠴᠢ ᠵᠠᠳᠠᠯᠤᠯᠲᠠ ᠶᠢᠨ ᠮᠡᠳᠡᠭᠦᠯᠦᠯᠲᠡ ᠪᠠᠨ ᠲᠥᠷᠥᠯ ᠬᠤᠪᠢᠶᠠᠨ ᠲᠦᠩᠯᠢᠶᠣᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠲᠥᠪ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠲᠥᠪ ᠪᠠ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠲᠥᠪ ᠲᠤ 11 ᠰᠠᠷ᠎ᠠ ᠶᠢᠨ 30 ᠤ ᠡᠳᠦᠷ ᠠᠴᠠ ᠡᠮᠦᠨ᠎ᠡ ᠮᠡᠳᠡᠭᠦᠯᠬᠦ ᠬᠡᠷᠡᠭᠲᠡᠶ᠃ ᠭᠤᠷᠪᠠᠨ ᠲᠦᠷᠦᠭᠦᠯᠡᠬᠦ ᠨᠢᠭᠡᠴᠢ ᠨᠢ ᠪᠦᠬᠦ ᠲᠤᠭ᠎ᠠ ᠪᠠᠷᠢᠮᠲᠠ ᠶᠢ ᠬᠤᠷᠢᠶᠠᠩᠭᠤᠶᠢᠯᠠᠭᠰᠠᠨ ᠤ ᠳᠠᠷᠠᠭ᠎ᠠ ᠲᠥᠷᠥᠯ ᠬᠤᠪᠢᠶᠠᠭᠰᠠᠨ ᠵᠠᠳᠠᠯᠤᠯᠲᠠ ᠶᠢᠨ ᠮᠡᠳᠡᠭᠦᠯᠦᠯᠲᠡ ᠪᠦᠷᠢᠯᠳᠦᠭᠦᠯᠵᠦ᠂ 12 ᠰᠠᠷ᠎ᠠ ᠶᠢᠨ 3 ᠤ ᠡᠳᠦᠷ ᠠᠴᠠ ᠡᠮᠦᠨ᠎ᠡ ᠲᠢᠩᠬᠢᠮ ᠤᠨ ᠬᠢᠨᠠᠨ ᠬᠠᠮᠢᠶᠠᠷᠬᠤ ᠭᠠᠵᠠᠷ ᠲᠤ ᠮᠡᠳᠡᠭᠦᠯᠬᠦ ᠶᠢᠨ ᠬᠠᠮᠲᠤ ᠬᠠᠷᠢᠭᠤ ᠮᠡᠳᠡᠭᠦᠯᠦᠯᠲᠡ ᠳᠤ ᠬᠡᠷᠡᠭᠯᠡᠬᠦ PPT ᠶᠢ ᠮᠡᠳᠡᠭᠦᠯᠦᠨ ᠬᠦᠷᠭᠡᠬᠦ ᠬᠡᠷᠡᠭᠲᠡᠢ᠃      ᠲᠦᠩᠯᠢᠶᠣᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠲᠥᠪ᠄ ᠯᠢᠦ ᠬᠤᠤ᠂ ᠬᠠᠷᠢᠯᠴᠠᠬᠤ ᠤᠲᠠᠰᠤ᠄ 15848758099᠂ ᠢᠮᠧᠯ᠄ jczxlh@163.com      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠲᠥᠪ ᠤᠨ ᠬᠠᠷᠢᠯᠴᠠᠬᠤ ᠬᠥᠮᠦᠨ᠄ ᠯᠢᠶᠠᠨ ᠶᠢᠨ᠂ ᠬᠠᠷᠢᠯᠴᠠᠬᠤ ᠠᠷᠭ᠎ᠠ ᠬᠡᠯᠪᠡᠷᠢ᠄ 13704789110᠂ ᠢᠮᠧᠯ᠄nmglianyin@163.com
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号