2020 ᠣᠨ ᠤ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠤᠬᠠᠭᠤᠯᠬᠤ︾ ᠭᠤᠤᠯ ᠰᠡᠳᠦᠪᠲᠦ ᠠᠵᠢᠯᠯᠠᠭ᠎ᠠ ᠶᠢ ᠦᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/3
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ ᠳᠤ᠄      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠠᠶᠢᠯ ᠡᠷᠦᠬᠡ ᠳᠤ ᠤᠷᠤᠵᠤ ᠦᠨᠳᠦᠰᠦᠨ ᠬᠠᠤᠯᠢ ᠬᠠᠤᠯᠢ ᠴᠠᠭᠠᠵᠠ ᠶᠢ ᠤᠬᠠᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠶᠢᠨ ᠲᠤᠰᠠᠳᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ︽2020 ᠣᠨ ᠤ ︿ᠦᠨᠳᠦᠰᠦᠨ ᠬᠠᠤᠯᠢ ᠶᠢ ᠬᠥᠳᠡᠭᠡ ᠲᠤᠰᠬᠤᠨ ᠳᠤ ᠤᠬᠠᠭᠤᠯᠬᠤ﹀ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ 12 ᠰᠠᠷ᠎ᠠ ᠶᠢᠨ 1 ᠤ ᠡᠳᠦᠷ᠂ ᠮᠠᠨ ᠤ ᠲᠢᠩᠬᠢᠮ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠪᠠ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠯᠤᠭ᠎ᠠ ᠭᠤᠷᠪᠠᠨ ᠱᠠᠲᠤ ᠪᠠᠷ ᠢᠶᠠᠨ ᠬᠤᠯᠪᠣᠭᠠᠯᠠᠨ ᠬᠦᠳᠡᠯᠦᠯᠴᠡᠵᠦ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠤᠬᠠᠭᠤᠯᠬᠤ︾ ᠭᠤᠤᠯ ᠰᠡᠳᠦᠪᠲᠦ ᠡᠳᠦᠷᠯᠢᠭ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠪᠣᠢ᠃ ᠲᠤᠰ ᠣᠳᠠᠭ᠎ᠠ ᠶᠢᠨ ᠠᠵᠢᠯᠯᠠᠭ᠎ᠠ ᠶᠢᠨ ᠭᠤᠣᠯ ᠰᠡᠳᠦᠪ ᠨᠢ ︽ᠦᠨᠳᠦᠰᠦᠨ ᠬᠠᠤᠯᠢ ᠤᠨ ᠭᠤᠣᠯ ᠬᠥᠭ ᠠᠶᠠᠰ ᠢ ᠬᠠᠩᠭᠢᠨᠠᠭᠤᠯᠤᠨ᠂ ᠬᠠᠤᠯᠢ ᠪᠠᠷ ᠵᠠᠰᠠᠬᠤ ᠠᠮᠤᠷ ᠠᠮᠤᠭᠤᠯᠠᠩ ᠲᠣᠰᠬᠤᠨ ᠢ ᠬᠠᠮᠲᠤ ᠪᠠᠷ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠪᠠᠲᠤᠯᠠᠭ᠎ᠠ ᠬᠠᠩᠭᠠᠶ᠎ᠠ︾ ᠪᠣᠯᠣᠨ᠎ᠠ᠃      ᠲᠣᠰ ᠤᠳᠠᠭ᠎ᠠ ᠶᠢᠨ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ  ᠤᠬᠠᠭᠤᠯᠬᠤ︾ ᠭᠤᠤᠯ ᠰᠡᠳᠦᠪᠲᠦ ᠠᠵᠢᠯᠯᠠᠭ᠎ᠠ ᠶᠢ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ᠪᠣᠳᠠᠲᠠᠶ ᠳᠠᠭᠠᠭᠠᠴᠢᠯᠠᠨ ᠡᠷᠭᠢᠯᠡᠨ᠎ᠡ᠃ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ ᠨᠤᠭᠤᠳ ᠢᠳᠡᠪᠬᠢᠲᠡᠢ ᠤᠷᠤᠯᠴᠠᠬᠤ ᠶᠢᠨ ᠬᠠᠮᠲᠤ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠦᠨ᠎ᠡ᠃      ᠳᠡᠭᠡᠷ᠎ᠡ ᠳᠣᠣᠷ᠎ᠠ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠯ᠎ᠡ ᠠᠶᠢᠮᠠᠭ ᠬᠤᠲᠠ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠣᠰ ᠤᠨ ᠣᠨᠴᠠᠯᠢᠭ ᠲᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠠᠵᠢᠯᠯᠠᠭ᠎ᠠ ᠶᠢᠨ ᠪᠠᠶᠢᠳᠠᠯ ᠢᠶᠠᠨ 2020 ᠣᠨ ᠤ 12 ᠰᠠᠷ᠎ᠠ ᠶᠢᠨ 10 ᠤ ᠡᠳᠦᠷ ᠠᠴᠠ ᠡᠮᠦᠨ᠎ᠡ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠲᠤ ᠮᠡᠳᠡᠭᠦᠯᠦᠨ ᠬᠦᠷᠭᠡᠨ᠎ᠡ᠃      ᠬᠠᠷᠢᠯᠴᠠᠬᠤ ᠬᠥᠮᠦᠨ᠄ ᠵᠧᠤ ᠯᠠᠶ ᠱᠦᠨ ᠬᠠᠷᠢᠯᠴᠠᠬᠤ ᠤᠲᠠᠰᠤ᠄ 6652079     ᠳᠠᠭᠠᠯᠳᠤᠭᠤᠯᠤᠯ᠄ 2020 ᠣᠨ ᠤ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠤᠬᠠᠭᠤᠯᠬᠤ︾ ᠭᠤᠤᠯ ᠰᠡᠳᠦᠪᠲᠦ ᠠᠵᠢᠯᠯᠠᠭ᠎ᠠ ᠶᠢᠨ ᠲᠥᠰᠦᠯ                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                                 2020 ᠣᠨ ᠤ 11 ᠰᠠᠷ᠎ᠠ ᠶᠢᠨ 25 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号