ᠲᠠᠷᠢᠶᠠᠯᠠᠩ ᠤᠨ ᠠᠷᠠᠴᠢᠯᠠᠭ᠎ᠠ
ᠨᠡᠶᠢᠲᠡᠯᠡᠭᠰᠡᠨ ᠴᠠᠭ᠄
2020/12/31
     ᠲᠠᠷᠢᠶᠠᠯᠠᠩ ᠦᠢᠯᠡᠳᠪᠦᠷᠢᠯᠡᠯ ᠨᠢ ᠤᠯᠠᠷᠢᠯ ᠤᠨ ᠴᠢᠨᠠᠷᠲᠠᠢ ᠶᠠᠪᠤᠭᠳᠠᠬᠤ ᠪᠦᠭᠡᠳ ᠴᠠᠭ ᠲᠤᠬᠢᠶᠠᠯ ᠢ ᠲᠤᠩ ᠴᠢᠬᠤᠯᠠᠴᠢᠯᠠᠳᠠᠭ᠃ ᠡᠭᠦᠨ ᠳᠤ᠂ ᠲᠠᠷᠢᠶᠠᠨ ᠭᠠᠵᠠᠷ ᠢ ᠰᠤᠩᠭᠤᠬᠤ᠂ ᠡᠭᠡᠯᠵᠢᠯᠡᠵᠦ ᠲᠠᠷᠢᠬᠤ ᠪᠠ ᠭᠤᠣᠷᠰᠣ ᠰᠣᠯᠢᠬᠤ ᠶᠢ ᠲᠤᠭᠲᠠᠭᠠᠬᠤ᠂ ᠤᠬᠢ ᠰᠢᠯᠢᠳᠡᠭ ᠲᠠᠷᠢᠶᠠᠨ ᠦᠷ᠎ᠡ ᠰᠤᠩᠭᠤᠬᠤ᠂ ᠴᠠᠭ ᠲᠤᠬᠢᠶᠠᠯ ᠳᠤ ᠨᠢ ᠵᠤᠬᠢᠴᠠᠭᠤᠯᠵᠤ ᠪᠤᠷᠳᠤᠭᠤᠷ ᠤᠷᠤᠭᠤᠯᠬᠤ᠂ ᠲᠠᠷᠢᠬᠤ᠂ ᠠᠷᠴᠢᠬᠤ᠂ ᠤᠰᠤᠯᠠᠬᠤ᠂ ᠲᠠᠩᠨᠠᠬᠤ᠂ ᠬᠠᠳᠤᠵᠤ ᠬᠤᠷᠢᠶᠠᠬᠤ ᠮᠡᠲᠦ ᠡᠭᠡᠯᠵᠢ ᠳᠠᠷᠠᠭ᠎ᠠ ᠲᠠᠢ ᠠᠵᠢᠯᠯᠠᠭ᠎ᠠ ᠪᠠᠭᠲᠠᠳᠠᠭ ᠪᠠᠶᠢᠨ᠎ᠠ᠃ ᠡᠶᠢᠮᠦᠷᠬᠦᠦ ᠲᠠᠷᠢᠶᠠᠯᠠᠩ ᠤᠨ ᠠᠷᠠᠴᠢᠯᠠᠭ᠎ᠠ ᠶᠢᠨ ᠠᠵᠢᠯᠯᠠᠭ᠎ᠠ ᠨᠢ ᠡᠮᠬᠢ ᠳᠠᠷᠠᠭ᠎ᠠ  ᠲᠠᠢ ᠶᠠᠪᠤᠭᠳᠠᠬᠤ ᠳᠤ ᠪᠠᠨ ᠪᠠᠶᠢᠭᠠᠯᠢ ᠶᠢᠨ ᠨᠦᠭᠦᠴᠡᠯ ᠪᠣᠯᠣᠨ ᠲᠠᠷᠢᠶᠠᠨ ᠤ ᠤᠷᠭᠤᠴᠠ ᠶᠢ ᠦᠨᠳᠦᠰᠦᠯᠡᠵᠦ᠂ ᠵᠣᠬᠢᠮᠵᠢᠲᠡᠢ ᠠᠷᠭ᠎ᠠ ᠬᠡᠮᠵᠢᠶ᠎ᠡ ᠪᠠᠷ ᠠᠷᠠᠴᠢᠯᠠᠨ ᠳᠤᠲᠤᠮᠳᠠᠬᠤ ᠪᠣᠯᠬᠤᠷ᠂ ᠦᠪᠡᠷᠮᠢᠴᠡ ᠤᠨᠴᠠᠯᠢᠭ ᠲᠠᠢ ᠲᠠᠷᠢᠶᠠᠯᠠᠩ ᠠᠷᠠᠴᠢᠯᠠᠭ᠎ᠠ ᠶᠢᠨ ᠵᠠᠩ ᠦᠢᠯᠡ ᠶᠢ ᠪᠦᠷᠢᠯᠳᠦᠭᠦᠯᠦᠭᠰᠡᠨ ᠪᠠᠶᠢᠳᠠᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号