ᠳᠣᠯᠤᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ | ᠬᠥᠳᠡᠯᠮᠦᠷᠢ ᠶᠢᠨ ᠭᠡᠷ᠎ᠡ ᠲᠣᠭᠲᠠᠬᠤ ᠴᠢᠬᠤᠯᠠᠲᠠᠢ ᠦᠦ︖ | ᠬᠠᠷᠢᠭᠤᠯᠲᠠ᠄ ᠬᠥᠳᠡᠯᠮᠦᠷᠢ ᠶᠢᠨ ᠭᠡᠷ᠎ᠡ ᠪᠣᠯ ᠬᠥᠳᠡᠯᠮᠦᠷᠢᠯᠡᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ | ᠬᠥᠳᠡᠯᠮᠦᠷᠢ ᠶᠢᠨ ᠬᠠᠷᠢᠴᠠᠭ᠎ᠠ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠪᠠᠨ ᠲᠣᠳᠣᠷᠬᠠᠶᠢᠯᠠᠬᠤ | ᠬᠡᠯᠡᠯᠴᠡᠭᠡᠷ ᠪᠣᠯᠣᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ | ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ᠂ ᠡᠷᠬᠡᠪᠰᠢ ᠬᠥᠳᠡᠯᠮᠦᠷᠢ ᠶᠢᠨ ᠭᠡᠷ᠎ᠡ ᠲᠣᠭᠲᠠᠬᠤ ᠬᠡᠷᠡᠭᠲᠡᠢ᠃ ᠬᠥᠮᠥᠨ | ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠪᠠᠷ ᠳᠠᠮᠵᠢᠭᠤᠯᠤᠨ ᠠᠵᠢᠯᠲᠠᠳ ᠢᠶᠠᠨ ᠬᠠᠮᠢᠶᠠᠷᠤᠨ᠂ ᠦᠢᠯᠡᠳᠪᠦᠷᠢᠯᠡᠯ | ᠪᠠ ᠠᠵᠢᠯ ᠤᠨ ᠡᠭᠦᠷᠭᠡ ᠪᠠᠨ ᠪᠡᠶᠡᠯᠡᠭᠦᠯᠦᠨ᠎ᠡ︔ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠬᠥᠳᠡᠯᠮᠦᠷᠢ ᠶᠢᠨ | ᠭᠡᠷ᠎ᠡ ᠪᠠᠷ ᠦᠨᠳᠦᠰᠦᠯᠡᠯ ᠪᠣᠯᠭᠠᠵᠤ᠂ ᠥᠪᠡᠷ ᠤᠨ ᠬᠥᠳᠡᠯᠮᠦᠷᠢ ᠶᠢᠨ ᠡᠷᠬᠡ ᠠᠰᠢᠭ ᠤᠨ ᠢᠶᠠᠨ ᠬᠠᠤᠯᠢ ᠪᠤᠰᠤ | ᠬᠠᠯᠳᠠᠯᠭ᠎ᠠ ᠳᠤ ᠤᠴᠠᠷᠠᠬᠤ ᠠᠴᠠ ᠵᠠᠶᠢᠯᠠᠰᠬᠢᠵᠦ ᠪᠣᠯᠣᠨ᠎ᠠ᠃ ᠠᠵᠢᠯᠲᠠᠨ ᠬᠡᠷᠡᠭᠯᠡᠬᠦ ᠨᠢᠭᠡᠴᠢ ᠬᠢᠭᠡᠳ ᠮᠠᠯᠴᠢᠨ | ᠲᠠᠷᠢᠶᠠᠴᠢᠨ ᠬᠦᠴᠦ ᠶᠠᠪᠤᠭᠴᠢᠳ ᠤᠨ ᠬᠤᠭᠤᠷᠣᠨᠳᠤ ᠮᠠᠷᠭᠤᠯᠳᠤᠭᠠᠨ ᠡᠭᠦᠰᠬᠦ ᠦᠶ᠎ᠡ ᠳᠤ᠂ ᠬᠥᠳᠡᠯᠮᠦᠷᠢ ᠶᠢᠨ | ᠭᠡᠷ᠎ᠡ ᠨᠢ ᠳᠠᠷᠤᠢ ᠬᠤᠶᠠᠷ ᠲᠠᠯ᠎ᠠ ᠶᠢᠨ ᠬᠢᠨ ᠤ ᠵᠢᠭᠤᠷᠠᠯᠳᠤᠭᠠᠨ ᠢ ᠰᠢᠢᠳᠪᠦᠷᠢᠯᠡᠬᠦ ᠴᠢᠬᠤᠯᠠ ᠬᠠᠤᠯᠢ ᠴᠠᠭᠠᠵᠠ ᠶᠢᠨ | ᠪᠢᠴᠢᠭ ᠮᠠᠲ᠋ᠧᠷᠢᠶᠠᠯ ᠪᠣᠯᠳᠠᠭ᠃ ᠡᠶᠢᠮᠦ ᠠᠴᠠ᠂ ᠬᠥᠳᠡᠯᠮᠦᠷᠢ ᠶᠢᠨ ᠭᠡᠷ᠎ᠡ ᠲᠣᠭᠲᠠᠬᠤ ᠨᠢ ᠲᠣᠭᠲᠠᠪᠠᠴᠤ ᠪᠣᠯᠬᠤ | ᠲᠣᠭᠲᠠᠬᠤ ᠦᠭᠡᠢ ᠪᠣᠯᠪᠠᠴᠤ ᠪᠣᠯᠬᠤ ᠶᠠᠪᠤᠳᠠᠯ ᠪᠢᠰᠢ᠂ ᠬᠠᠷᠢᠨ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠨ ᠬᠠᠤᠯᠢ | ᠶᠣᠰᠣᠭᠠᠷ ᠠᠵᠢᠯ ᠬᠡᠷᠡᠭ ᠭᠦᠢᠴᠡᠳᠬᠡᠬᠦ ᠶᠢᠨ ᠱᠠᠭᠠᠷᠳᠠᠯᠭ᠎ᠠ ᠪᠣᠯᠣᠨ᠎ᠠ᠃ | ᠨᠠᠢᠮᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ | ᠬᠥᠳᠡᠯᠮᠦᠷᠢ ᠶᠢᠨ ᠭᠡᠷ᠎ᠡ ᠲᠣᠭᠲᠠᠬᠤ ᠳᠤ ᠪᠡᠶ᠎ᠡ ᠶᠢᠨ ᠦᠨᠡᠮᠯᠡᠯ ᠪᠤᠶᠤ ᠪᠤᠰᠤᠳ ᠭᠡᠷᠡᠴᠢ ᠦᠨᠡᠮᠯᠡᠯ ᠢᠶᠠᠷ ᠪᠠᠷᠢᠴᠠᠭ᠎ᠠ | ᠬᠢᠬᠦ ᠴᠢᠬᠤᠯᠠᠲᠠᠢ ᠦᠦ︖ | ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠶᠢᠨ ᠲᠣᠭᠲᠠᠭᠠᠯ ᠢ ᠦᠨᠳᠦᠰᠦᠯᠡᠪᠡᠯ᠂ ᠠᠵᠢᠯᠲᠠᠨ ᠬᠡᠷᠡᠭᠯᠡᠬᠦ | ᠨᠢᠭᠡᠴᠢ ᠠᠴᠠ ᠬᠥᠳᠡᠯᠮᠦᠷᠢᠯᠡᠭᠴᠢ ᠡᠯᠰᠡᠨ ᠬᠡᠷᠡᠭᠯᠡᠬᠦ ᠳᠤ᠂ ᠬᠥᠳᠡᠯᠮᠦᠷᠢᠯᠡᠭᠴᠢᠳ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠪᠠ ᠪᠤᠰᠤᠳ ᠭᠡᠷᠡᠴᠢ ᠦᠨᠡᠮᠯᠡᠯ ᠢ ᠦᠯᠡᠳᠡᠭᠡᠨ ᠪᠠᠷᠢᠴᠠᠭᠠᠯᠠᠵᠤ ᠪᠣᠯᠬᠤ ᠦᠭᠡᠢ᠂ | ᠬᠥᠳᠡᠯᠮᠦᠷᠢᠯᠡᠭᠴᠢᠳ ᠢ ᠳᠠᠭᠠᠭᠠᠯᠲᠠ ᠬᠠᠩᠭᠠᠯᠭᠠᠬᠤ ᠪᠠᠷ ᠱᠠᠭᠠᠷᠳᠠᠬᠤ ᠪᠤᠶᠤ ᠪᠤᠰᠤᠳ ᠬᠡᠯᠪᠡᠷᠢ ᠪᠠᠷ | ᠬᠥᠳᠡᠯᠮᠦᠷᠢᠯᠡᠭᠴᠢᠳ ᠠᠴᠠ ᠡᠳ᠋ ᠪᠣᠳᠠᠰ ᠬᠤᠷᠢᠶᠠᠵᠤ ᠪᠣᠯᠬᠤ ᠦᠭᠡᠢ᠃ ᠡᠶᠢᠮᠦ ᠠᠴᠠ᠂ ᠮᠠᠯᠴᠢᠨ ᠲᠠᠷᠢᠶᠠᠴᠢᠨ ᠬᠦᠴᠦ | ᠶᠠᠪᠤᠭᠴᠢᠳ ᠬᠢᠭᠡᠳ ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠲᠣᠭᠲᠠᠬᠤ ᠳᠤ ᠪᠡᠶ᠎ᠡ ᠶᠢᠨ ᠦᠨᠡᠮᠯᠡᠯ | ᠪᠤᠶᠤ ᠪᠤᠰᠤᠳ ᠭᠡᠷᠡᠴᠢ ᠦᠨᠡᠮᠯᠡᠯ ᠢᠶᠠᠷ ᠪᠠᠷᠢᠴᠠᠭ᠎ᠠ ᠬᠢᠬᠦ ᠴᠢᠬᠤᠯᠠ ᠦᠭᠡᠢ᠃ | ᠶᠢᠰᠦ᠂ ᠬᠥᠳᠡᠯᠮᠦᠷᠢ ᠶᠢᠨ ᠭᠡᠷ᠎ᠡ ᠶᠢ ᠬᠡᠷᠬᠢᠨ ᠲᠣᠭᠲᠠᠬᠤ ᠪᠣᠢ︖ | ᠬᠠᠷᠢᠭᠤᠯᠲᠠ᠄ ᠬᠥᠳᠡᠯᠮᠦᠷᠢ ᠶᠢᠨ ᠭᠡᠷ᠎ᠡ ᠲᠣᠭᠲᠠᠬᠤ ᠭᠡᠳᠡᠭ ᠪᠣᠯ ᠬᠥᠳᠡᠯᠮᠦᠷᠢ ᠶᠢᠨ ᠭᠡᠷ᠎ᠡ ᠲᠣᠭᠲᠠᠬᠤ ᠬᠤᠶᠠᠷ | ᠲᠠᠯ᠎ᠠ ᠶᠢᠨ ᠲᠤᠬᠠᠶᠢᠲᠠᠢ ᠬᠥᠮᠥᠨ ᠠᠴᠠ ᠨᠢᠭᠡᠨᠲᠡ ᠰᠠᠨᠠᠯ ᠨᠢᠭᠡᠳᠦᠭᠰᠡᠨ ᠵᠤᠷᠪᠤᠰ ᠵᠦᠢᠯ ᠤᠨ ᠲᠤᠬᠠᠢ ᠭᠠᠷ ᠤᠨ | ᠦᠰᠦᠭ ᠵᠢᠷᠤᠵᠤ᠂ ᠬᠥᠳᠡᠯᠮᠦᠷᠢ ᠶᠢᠨ ᠭᠡᠷ᠎ᠡ ᠲᠣᠭᠲᠠᠬᠤ ᠶᠢ ᠵᠢᠭᠠᠵᠤ ᠪᠠᠶᠢᠨ᠎ᠠ᠃ ᠬᠥᠳᠡᠯᠮᠦᠷᠢ ᠶᠢᠨ ᠭᠡᠷ᠎ᠡ ᠶᠢ | ᠲᠣᠭᠲᠠᠭᠠᠬᠤ ᠪᠠ ᠪᠠᠶᠢᠭᠤᠯᠬᠤ ᠳᠤ᠂ ᠬᠠᠤᠯᠢ ᠶᠣᠰᠣᠨ ᠤ᠂ ᠲᠥᠪ ᠭᠤᠣᠯᠴᠢ᠂ ᠡᠷᠬᠡ ᠲᠡᠭᠰᠢ ᠪᠥᠭᠡᠳ ᠰᠠᠶᠢᠨ | ᠳᠤᠷ᠎ᠠ ᠶᠢᠨ᠂ ᠵᠥᠪᠳᠡᠯᠴᠡᠨ ᠨᠢᠭᠡᠳᠴᠦ᠂ ᠦᠨᠡᠨᠴᠢ ᠢᠲᠡᠭᠡᠮᠵᠢᠲᠡᠢ ᠵᠠᠷᠴᠢᠮ ᠢ ᠵᠢᠷᠤᠮᠯᠠᠵᠤ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠳᠦᠷᠢᠮ ᠤᠨ ᠲᠣᠭᠲᠠᠭᠠᠯ ᠠᠴᠠ ᠵᠥᠷᠢᠴᠡᠵᠦ ᠪᠣᠯᠬᠤ ᠦᠭᠡᠢ᠃ ᠬᠥᠳᠡᠯᠮᠦᠷᠢ ᠶᠢᠨ ᠭᠡᠷ᠎ᠡ ᠶᠢ | ᠪᠢᠴᠢᠭ ᠤᠨ ᠬᠡᠯᠪᠡᠷᠢ ᠪᠠᠷ ᠲᠣᠭᠲᠠᠬᠤ ᠬᠡᠷᠡᠭᠲᠡᠢ᠃ ᠠᠵᠢᠯᠲᠠᠨ ᠬᠡᠷᠡᠭᠯᠡᠬᠦ ᠨᠢᠭᠡᠴᠢ ᠠᠴᠠ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠠᠩᠭᠠᠭᠰᠠᠨ ᠬᠥᠳᠡᠯᠮᠦᠷᠢ ᠶᠢᠨ ᠭᠡᠷ᠎ᠡ ᠶᠢ ᠬᠡᠷᠡᠭᠯᠡᠨ | ᠵᠢᠱᠢᠶ᠎ᠡ ᠪᠢᠴᠢᠭ ᠮᠠᠲ᠋ᠧᠷᠢᠶᠠᠯ ᠪᠣᠯᠭᠠᠵᠤ ᠪᠣᠯᠣᠨ᠎ᠠ᠃ ᠬᠥᠳᠡᠯᠮᠦᠷᠢ ᠶᠢᠨ ᠭᠡᠷ᠎ᠡ ᠲᠣᠭᠲᠠᠬᠤ ᠶᠠᠪᠤᠴᠠ ᠳᠤ᠂ ᠲᠤᠬᠠᠶᠢᠲᠠᠢ | ᠬᠤᠶᠠᠷ ᠲᠠᠯ᠎ᠠ ᠪᠠᠷ ᠢᠶᠠᠨ ᠬᠥᠳᠡᠯᠮᠦᠷᠢ ᠶᠢᠨ ᠭᠡᠷ᠎ᠡ ᠳᠤ ᠬᠤᠯᠪᠣᠭᠳᠠᠭᠰᠠᠨ ᠠᠭᠤᠯᠭ᠎ᠠ ᠶᠢᠨ ᠲᠤᠬᠠᠢ ᠵᠥᠪᠳᠡᠯᠴᠡᠭᠡᠷ | ᠬᠢᠵᠦ᠂ ᠰᠠᠨᠠᠯ ᠨᠢᠭᠡᠳᠦᠭᠰᠡᠨ ᠤ ᠳᠠᠷᠠᠭ᠎ᠠ᠂ ᠬᠥᠳᠡᠯᠮᠦᠷᠢ ᠶᠢᠨ ᠭᠡᠷ᠎ᠡ ᠶᠢ ᠪᠦᠷᠢᠨ ᠭᠦᠢᠴᠡᠳ ᠲᠤᠭᠤᠷᠪᠢᠨ ᠪᠢᠴᠢᠬᠦ ᠶᠢᠨ | ᠬᠠᠮᠲᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ᠃ |