ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠬᠢᠨᠠᠨ ᠵᠦᠪᠯᠡᠭᠡᠳ | ᠪᠠᠲᠤᠯᠠᠭᠰᠠᠨ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ | ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤᠬᠠᠢ ᠳᠠᠳᠬᠠᠯ ᠢ ᠠᠷᠢᠯᠭᠠᠬᠤ᠂ ᠠᠷᠠᠳ ᠲᠦᠮᠡᠨ ᠤ ᠠᠮᠢ ᠨᠠᠰᠤ | ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠠᠴᠠ ᠬᠡᠷᠡᠭᠵᠢᠭᠦᠯᠬᠦ | ᠲᠥᠰᠦᠯ ᠢ ᠰᠤᠳᠤᠯᠤᠨ ᠲᠣᠭᠲᠠᠭᠠᠵᠤ᠂ ᠵᠢᠷᠭᠤᠭᠠᠨ ᠵᠦᠢᠯ ᠤᠨ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ᠨᠢᠭᠡ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠵᠢᠴᠢ ᠤᠰᠤᠨ ᠤ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠬᠡᠷᠡᠭᠵᠢᠭᠦᠯᠬᠦ ᠳᠦᠷᠢᠮ ᠳᠠᠬᠢ ᠤᠰᠤᠨ ᠤ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ | ᠲᠡᠭᠡᠭᠡᠪᠦᠷᠢᠯᠡᠬᠦ ᠪᠠ ᠢᠳᠡᠬᠦ ᠶᠢ ᠴᠠᠭᠠᠵᠠᠯᠠᠬᠤ ᠲᠤᠬᠠᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ | ᠴᠠᠭᠠᠵᠠ ᠶᠢᠨ ᠰᠠᠭᠤᠷᠢᠨ ᠳᠡᠭᠡᠷ᠎ᠡ ᠬᠦᠨᠳᠦᠷᠡᠭᠦᠯᠦᠨ ᠰᠢᠢᠳᠭᠡᠨ᠎ᠡ᠃ | ᠬᠤᠶᠠᠷ ᠲᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠲᠦᠷᠭᠡᠪᠴᠢᠯᠡᠨ ᠲᠣᠭᠲᠠᠭᠠᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠶᠢᠨ ᠲᠣᠭᠲᠠᠭᠠᠯ ᠢ | ᠦᠨᠳᠦᠰᠦᠯᠡᠵᠦ᠂ ᠨᠡᠯᠢᠶᠡᠳ ᠦᠷᠭᠦᠯᠵᠢ ᠬᠠᠷᠠᠭᠳᠠᠳᠠᠭ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ︵ᠵᠢᠱᠢᠶᠡᠯᠡᠪᠡᠯ | ᠭᠠᠭ᠋ᠠᠶ᠂ ᠦᠬᠡᠷ᠂ ᠬᠤᠨᠢ᠂ ᠲᠠᠬᠢᠶ᠎ᠠ᠂ ᠨᠤᠭᠤᠰᠤ᠂ ᠭᠠᠯᠠᠭᠤ︶ ᠵᠡᠷᠭᠡ ᠶᠢ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠤᠨ ᠭᠠᠷᠴᠠᠭ ᠲᠤ ᠵᠢᠭᠰᠠᠭᠠᠨ ᠣᠷᠣᠭᠤᠯᠵᠤ᠂ ᠮᠠᠯ ᠠᠵᠤ ᠠᠬᠤᠢ ᠶᠢᠨ ᠬᠠᠤᠯᠢ ᠶᠢᠨ ᠲᠣᠭᠲᠠᠭᠠᠯ ᠶᠣᠰᠣᠭᠠᠷ | ᠬᠠᠮᠢᠶᠠᠷᠤᠨ᠎ᠠ᠃ | ᠭᠤᠷᠪᠠ ᠳᠤ ᠤᠰᠤᠨ ᠤ ᠬᠡᠭᠡᠷ᠎ᠡ ᠶᠢᠨ ᠠᠮᠢᠲᠠᠨ ᠤ ᠭᠠᠷᠴᠠᠭ ᠲᠤ ᠵᠠᠰᠠᠪᠤᠷᠢ ᠣᠷᠣᠭᠤᠯᠬᠤ ᠶᠢ ᠲᠦᠷᠭᠡᠪᠴᠢᠯᠡᠨ | ᠲᠦᠯᠬᠢᠨ ᠠᠬᠢᠭᠤᠯᠤᠨ᠎ᠠ᠃ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠯᠤᠭ᠎ᠠ ᠶᠢᠨ | ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠰᠤᠨ ᠤ ᠬᠡᠭᠡᠷ᠎ᠡ ᠶᠢᠨ ᠠᠮᠢᠲᠠᠨ ᠪᠠ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠠᠮᠢᠶ᠎ᠠ ᠪᠦᠬᠦᠢ ᠭᠠᠷᠴᠠᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠲᠤᠳᠤᠷᠬᠠᠶᠢᠯᠠᠨ᠎ᠠ᠃ | ︽ᠲᠣᠭᠲᠠᠭᠠᠯ︾ ᠤᠨ ᠲᠣᠭᠲᠠᠭᠠᠯ ᠶᠣᠰᠣᠭᠠᠷ᠂ ᠵᠢᠭᠠᠰᠤᠨ ᠤ ᠲᠥᠷᠥᠯ ᠵᠡᠷᠭᠡ ᠤᠰᠤᠨ ᠤ ᠬᠡᠭᠡᠷ᠎ᠡ ᠶᠢᠨ ᠠᠮᠢᠲᠠᠨ ᠢ | ᠢᠳᠡᠬᠦ ᠶᠢ ᠴᠠᠭᠠᠵᠠᠯᠠᠬᠤ ᠬᠡᠪᠴᠢᠶᠡᠨ ᠳᠤ ᠤᠷᠤᠭᠤᠯᠬᠤ ᠥᠬᠡᠶ᠂ ᠵᠢᠭᠠᠰᠤᠨ ᠠᠵᠤ ᠦᠢᠯᠡᠰ ᠤᠨ ᠬᠠᠤᠯᠢ ᠶᠢᠨ | ᠲᠣᠭᠲᠠᠭᠠᠯ ᠶᠣᠰᠣᠭᠠᠷ ᠬᠠᠮᠢᠶᠠᠷᠤᠨ᠎ᠠ᠃ | ᠲᠦᠷᠪᠡ ᠳᠤ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷᠲᠠᠢ ᠠᠰᠢᠭᠯᠠᠬᠤ ᠶᠢᠨ ᠬᠢᠨᠠᠨ ᠵᠦᠪᠰᠢᠶᠡᠷᠡᠯ | ᠪᠠ ᠰᠢᠯᠭᠠᠨ ᠪᠠᠶᠢᠴᠠᠭᠠᠬᠤ᠂ ᠬᠢᠵᠢᠭ ᠪᠠᠶᠢᠴᠠᠭᠠᠬᠤ ᠵᠡᠷᠭᠡ ᠬᠠᠮᠢᠶᠠᠷᠤᠯᠲᠠ ᠶᠢ ᠴᠢᠩᠭᠠᠳᠬᠠᠨ᠎ᠠ᠃ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠬᠠᠤᠯᠢ᠂ ᠬᠢᠲᠠᠳ ᠡᠮ ᠡᠮᠨᠡᠯᠭᠡ ᠶᠢᠨ ᠬᠠᠤᠯᠢ᠂ ᠲᠤᠷᠰᠢᠯᠲᠠ ᠶᠢᠨ ᠠᠮᠢᠲᠠᠨ ᠤ ᠬᠠᠮᠢᠶᠠᠷᠤᠯᠲᠠ | ᠶᠢᠨ ᠳᠦᠷᠢᠮ᠂ ᠬᠤᠲᠠ ᠶᠢᠨ ᠠᠮᠢᠲᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠲᠣᠭᠲᠠᠭᠠᠯ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨ ᠤ | ᠰᠤᠳᠤᠯᠭᠠᠨ᠂ ᠡᠮ ᠳᠤ ᠬᠡᠷᠡᠭᠯᠡᠬᠦ᠂ ᠦᠵᠡᠭᠦᠯᠭᠡ ᠵᠡᠷᠭᠡ ᠣᠨᠴᠠᠭᠠᠢ ᠪᠠᠶᠢᠳᠠᠯ ᠠᠴᠠ ᠪᠣᠯᠵᠤ ᠬᠡᠭᠡᠷ᠎ᠡ ᠶᠢᠨ ᠠᠮᠢᠲᠠᠨ ᠢ | ᠢᠳᠡᠭᠡᠨ ᠤ ᠪᠤᠰᠤ ᠴᠢᠨᠠᠷᠲᠠᠢ ᠠᠰᠢᠭᠯᠠᠬᠤ ᠶᠢᠨ ᠬᠢᠨᠠᠨ ᠵᠦᠪᠰᠢᠶᠡᠷᠡᠯ ᠪᠠ ᠬᠢᠵᠢᠭ ᠤᠨ ᠪᠠᠶᠢᠴᠠᠭᠠᠯᠲᠠ ᠶᠢ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ | ᠲᠠᠪᠤ ᠳᠤ ᠬᠠᠤᠯᠢ ᠬᠡᠷᠡᠭᠵᠢᠭᠦᠯᠦᠯᠲᠡ ᠳᠠᠬᠢ ᠬᠢᠨᠠᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ | ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠤᠯ | ᠴᠣᠭᠴᠠ ᠶᠢ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ︽ᠲᠣᠭᠲᠠᠭᠠᠯ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠠᠴᠠ | ᠵᠥᠷᠢᠴᠡᠵᠦ ᠡᠵᠡᠩᠨᠡᠭᠰᠡᠨ ᠲᠠᠯᠠᠪᠤᠷ ᠭᠠᠵᠠᠷ ᠪᠠ ᠬᠠᠤᠯᠢ ᠠᠴᠠ ᠵᠦᠷᠢᠴᠡᠭᠰᠡᠨ ᠡᠵᠡᠩᠨᠡᠭᠴᠢ ᠶᠢ ᠬᠠᠤᠯᠢ ᠶᠤᠰᠤᠭᠠᠷ | ᠬᠦᠴᠦᠨ ᠦᠭᠡᠢ ᠪᠣᠯᠭᠠᠬᠤ ᠪᠤᠶᠤ ᠪᠠᠶᠢᠴᠠᠭᠠᠨ ᠪᠢᠲᠡᠭᠦᠮᠵᠢᠯᠡᠵᠦ᠂ ᠡᠭᠦᠳᠡ ᠶᠢ ᠨᠢ ᠬᠠᠭᠠᠯᠭᠠᠨ᠎ᠠ᠃ | ᠵᠢᠷᠭᠤᠭ᠎ᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠦᠷᠨᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠢ ᠵᠣᠬᠢᠶᠠᠨ ᠪᠠᠶᠢᠭᠤᠯᠤᠨ ︽ᠲᠣᠭᠲᠠᠭᠠᠯ︾ ᠢ ᠨᠡᠶᠢᠲᠡᠯᠡᠭᠰᠡᠨ ᠴᠢᠬᠤᠯᠠ | ᠠᠴᠢ ᠬᠤᠯᠪᠣᠭᠳᠠᠯ ᠪᠣᠯᠤᠨ ᠭᠤᠤᠯ ᠠᠭᠤᠯᠭ᠎ᠠ ᠶᠢ ᠵᠥᠪ ᠢᠶᠠᠷ ᠣᠶᠢᠯᠠᠭᠠᠵᠤ᠂ ᠥᠷᠭᠡᠨ ᠢᠶᠠᠷ ᠤᠬᠠᠭᠤᠯᠬᠤ ᠶᠢ | ᠳᠠᠶᠢᠴᠢᠯᠠᠵᠤ᠂ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠢᠨᠵᠢᠯᠡᠬᠦ ᠤᠬᠠᠭᠠᠨ ᠤ ᠮᠡᠳᠡᠯᠭᠡ ᠶᠢ ᠶᠡᠬᠡᠪᠡᠷ | ᠲᠦᠭᠡᠮᠡᠯᠵᠢᠭᠦᠯᠵᠦ᠂ ︽ᠲᠣᠭᠲᠠᠭᠠᠯ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠳᠤᠭᠤᠰᠢᠯᠠᠭᠤᠯᠤᠨ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠦᠭᠭᠦᠨ᠎ᠡ᠃ |