ᠰᠢ ᠶᠢᠨ ᠫᠢᠩ ᠡᠸᠦ᠋ᠷᠦᠫᠡ ᠲᠢᠪ ᠤᠨ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ ᠤᠨ ᠤᠯᠤᠰ ᠤᠳ ᠤᠨ ᠬᠤᠯᠪᠤᠭᠠᠨ ᠤ ᠵᠦᠪᠯᠡᠯ ᠤᠨ ᠲᠡᠷᠢᠭᠦᠯᠡᠭᠴᠢ ᠹᠧᠩᠳᠧᠯᠠᠶᠢ᠊ ᠊ ᠧᠨ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2020/6/29
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 22 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 22 ᠤᠨ ᠤᠷᠤᠢ ᠪᠡᠭᠡᠵᠢᠩ ᠳᠤ ᠸᠢᠳᠢᠣ᠋ ᠬᠡᠯᠪᠡᠷᠢ ᠪᠠᠷ ᠧᠦ᠋ᠷᠦᠫᠠ ᠲᠢᠪ ᠤᠨ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ ᠤᠨ ᠤᠯᠤᠰ ᠤᠳ ᠤᠨ ᠬᠤᠯᠪᠤᠭᠠᠨ ᠤ ᠵᠦᠪᠯᠡᠯ ᠤᠨ ᠲᠡᠷᠢᠭᠦᠯᠡᠭᠴᠢ ᠹᠧᠩᠳᠧᠯᠠᠶᠢ᠊ ᠊ ᠧᠨ ᠲᠠᠢ ᠠᠭᠤᠯᠵᠠᠪᠠ᠃      ᠰᠢ ᠶᠢᠨ ᠫᠢᠩ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠳᠤᠮᠳᠠᠳᠤ ᠤᠯᠤᠰ ᠪᠠ ᠧᠦ᠋ᠷᠦᠫᠠ ᠲᠢᠪ ᠤᠨ ᠤᠯᠤᠰ ᠤᠳ ᠤᠨ ᠬᠤᠯᠪᠤᠭ᠎ᠠ ᠬᠠᠷᠢᠯᠴᠠᠨ ᠳᠡᠮᠵᠢᠵᠦ ᠬᠠᠷᠢᠯᠴᠠᠨ ᠬᠠᠪᠰᠤᠷᠤᠯᠴᠠᠪᠠ᠃ ᠳᠤᠮᠳᠠᠳᠤ ᠶᠢᠨ ᠳᠠᠯ᠎ᠠ ᠳᠤᠷᠠᠳᠠᠶ᠎ᠠ ᠧᠦ᠋ᠷᠦᠫᠠ ᠶᠢᠨ ᠲᠠᠯ᠎ᠠ ᠶᠢᠨ ᠬᠢᠨ ᠲᠠᠢ ᠭᠠᠷ ᠬᠤᠯᠪᠤᠯᠴᠠᠨ ᠬᠠᠮᠳᠤ ᠪᠠᠷ ᠴᠢᠷᠮᠠᠶᠢᠵᠤ ᠪᠠᠶᠢᠭᠠᠤᠨ ︽ᠬᠢᠵᠢᠭ ᠤᠨ ᠳᠠᠷᠠᠭᠠᠬᠢ ᠴᠠᠭ ᠦᠶ᠎ᠠ︾ ᠶᠢᠨ ᠳᠤᠮᠳᠠᠳᠤ ᠧᠦ᠋ᠷᠦᠫᠠ ᠶᠢᠨ ᠬᠠᠷᠢᠯᠴᠠᠭᠠᠨ ᠤ ᠨᠡᠩ ᠯᠠᠪᠳᠠᠭᠤᠨ ᠪᠤᠯᠪᠠᠰᠤᠷᠠᠩᠭᠤᠢ ᠪᠤᠯᠵᠤ᠂ ᠨᠡᠩ ᠦᠨᠳᠦᠷ ᠲᠦᠪᠰᠢᠨ ᠳᠤ ᠳᠠᠪᠰᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠤᠯᠤᠰ ᠪᠤᠯ ᠦᠨᠢ ᠤᠳᠠᠭᠠᠨ ᠲᠡᠦᠬᠡ ᠲᠠᠢ ᠡᠷᠳᠡᠨ ᠤ ᠤᠯᠤᠰ ᠪᠤᠯᠬᠤ ᠪᠦᠭᠡᠳ

ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠦᠭᠵᠢᠵᠦ ᠪᠠᠶᠢᠭ᠎ᠠ ᠤᠯᠤᠰ ᠪᠤᠯᠤᠨ᠎ᠠ᠃ ᠳᠤᠮᠳᠠᠳᠤ ᠤᠯᠤᠰ ᠡᠩᠬᠡ

ᠲᠠᠶᠢᠪᠤᠩ ᠢ ᠡᠷᠬᠢᠮᠯᠡᠵᠦ ᠡᠵᠡᠷᠬᠡᠭᠯᠡᠯ ᠢ ᠡᠰᠡᠷᠭᠦᠴᠡᠨ᠎ᠠ᠃ ᠪᠢᠳᠡᠨ ᠤ ᠠᠯᠢᠪᠠ ᠲᠦᠷᠦ ᠶᠢᠨ ᠪᠤᠳᠤᠯᠭ᠎ᠠ ᠪᠠ ᠠᠵᠢᠯ ᠪᠦ᠋ᠷ

ᠳᠤᠮᠳᠠᠳᠤ ᠤᠯᠤᠰ ᠤᠨ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠬᠤ ᠶᠢᠨ ᠲᠦᠯᠦᠭᠡ ᠪᠠᠶᠢᠳᠠᠭ᠃ ᠪᠢᠳᠡ

ᠡᠩᠬᠡ ᠲᠠᠶᠢᠪᠤᠩ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃ ᠳᠤᠮᠳᠠᠳᠤ ᠤᠯᠤᠰ ᠪᠤᠯ ᠠᠵᠠ

ᠳᠤᠬᠢᠶᠠᠯ ᠮᠦᠨ ᠬᠠᠷᠢᠨ ᠰᠦᠷᠳᠡᠭᠦᠯᠦᠯ ᠪᠢᠰᠢ᠃ ᠳᠤᠮᠳᠠᠳᠤ ᠤᠯᠤᠰ ᠦᠷᠭᠦᠯᠵᠢᠯᠡᠨ ᠦᠭᠡᠷᠡᠴᠢᠯᠡᠯᠳᠡ ᠪᠠᠨ

ᠭᠦᠨᠵᠡᠭᠡᠶᠢᠷᠡᠭᠦᠯᠵᠦ᠂ ᠨᠡᠭᠡᠭᠡᠯᠳᠡ ᠪᠠᠨ ᠦᠷᠭᠡᠳᠭᠡᠨ᠎ᠠ᠂ ᠡᠨᠡ ᠨᠢ ᠧᠦ᠋ᠷᠦᠫᠠ ᠲᠢᠪ ᠤᠨ ᠬᠢᠨ ᠳᠤ ᠰᠢᠨ᠎ᠠ ᠨᠢᠭᠡᠨ

ᠡᠭᠡᠯᠵᠢ ᠶᠢᠨ ᠬᠠᠮᠳᠤᠷᠠᠯᠴᠠᠭᠠᠨ ᠤ ᠠᠵᠠ ᠳᠤᠬᠢᠶᠠᠯ ᠪᠠ ᠬᠦᠭᠵᠢᠯᠳᠡ ᠵᠨ ᠤᠷᠤᠨ ᠵᠠᠢ ᠬᠠᠩᠭᠠᠬᠤ ᠪᠤᠯᠤᠨ᠎ᠠ᠃

ᠳᠤᠮᠳᠠᠳᠤ ᠤᠯᠤᠰ ᠪᠤᠯ ᠬᠠᠨᠢᠳᠠᠨ ᠮᠦᠨ ᠬᠠᠷᠢᠨ ᠳᠠᠶᠢᠰᠦᠨ ᠪᠢᠰᠢ᠃ ᠳᠤᠮᠳᠠᠳᠤ ᠤᠯᠤᠰ ᠪᠠ ᠧᠦ᠋ᠷᠦᠫᠠ

ᠲᠢᠪ ᠤᠨ ᠬᠢᠨ ᠦᠨᠳᠦᠰᠦᠨ ᠠᠰᠢᠭ ᠲᠤᠰᠠ ᠶᠢᠨ ᠮᠦᠷᠭᠦᠯᠳᠦᠭᠡᠨ ᠪᠠᠶᠢᠬᠤ ᠦᠭᠡᠢ᠂ ᠬᠠᠮᠳᠤᠷᠠᠯᠴᠠᠬᠤ ᠨᠢ

ᠦᠷᠢᠰᠦᠯᠳᠦᠬᠦ ᠠᠴᠠ ᠬᠤᠯᠠ ᠳᠠᠪᠠᠵᠤ᠂ ᠬᠠᠮᠳᠤ ᠶᠢᠨ ᠲᠠᠨᠢᠯᠳᠠ ᠨᠢ ᠵᠦᠷᠢᠯᠳᠦᠭᠡᠨ ᠠᠴᠠ ᠬᠤᠯᠠ ᠳᠠᠪᠠᠨ᠎ᠠ᠃ ᠬᠤᠶᠠᠷ

ᠲᠠᠯ᠎ᠠ ᠪᠠᠷ ᠢᠶᠠᠨ ᠬᠠᠷᠢᠯᠴᠠᠨ ᠬᠦᠨᠳᠤᠳᠭᠡᠬᠦ᠂ ᠠᠳᠠᠯᠢ ᠲᠠᠯ᠎ᠠ ᠪᠠᠨ ᠡᠷᠢᠵᠦ ᠵᠦᠷᠢᠶ᠎ᠠ ᠪᠠᠨ ᠦᠯᠡᠳᠡᠭᠡᠬᠦ᠂ ᠨᠠᠶᠢᠷᠠᠮᠳᠠᠭᠤ

ᠪᠤᠯᠪᠠᠴᠤ ᠶᠠᠭ ᠠᠳᠠᠯᠢ ᠪᠤᠯᠬᠤ ᠶᠢ ᠬᠦᠭᠡᠭᠡᠴᠡᠯᠳᠦᠬᠦ ᠦᠭᠡᠢ ᠪᠠᠶᠢᠵᠤ᠂ ᠤᠢᠢᠯᠠᠭᠠᠯᠴᠠᠭ᠎ᠠ ᠪᠠ ᠢᠳᠡᠭᠡᠯᠴᠡᠭᠡ ᠪᠠᠨ

ᠲᠠᠰᠤᠷᠠᠯᠳᠠ ᠦᠭᠡᠢ ᠨᠡᠮᠡᠭᠳᠡᠭᠦᠯᠵᠦ᠂ ᠬᠠᠮᠳᠤᠷᠠᠯᠴᠠᠬᠤ ᠳᠤᠮᠳᠠ ᠬᠠᠮᠳᠤ ᠶᠢᠨ ᠠᠰᠢᠭ ᠲᠤᠰᠠ ᠪᠠᠨ ᠦᠷᠭᠡᠳᠭᠡᠵᠦ᠂

ᠬᠦᠭᠵᠢᠬᠦ ᠳᠤᠮᠳᠠ ᠬᠦᠴᠢᠷ ᠠᠰᠠᠭᠤᠳᠠᠯ ᠢ ᠰᠢᠢᠳᠪᠤᠷᠢᠯᠡᠨ᠂ ᠨᠡᠩ ᠢᠯᠡᠭᠦᠦ ᠳᠡᠯᠡᠬᠡᠢ ᠶᠢᠨ ᠨᠦᠯᠦᠭᠡᠯᠡᠬᠦ ᠬᠦᠴᠦᠨ

ᠪᠦᠬᠦᠢ ᠳᠤᠮᠳᠠᠳᠤ ᠧᠦ᠋ᠷᠦᠫᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ

ᠪᠠᠶᠢᠭᠤᠯᠤᠶ᠎ᠠ ᠭᠡᠵᠦ ᠴᠢᠬᠤᠯᠠᠴᠢᠯᠠᠪᠠ᠃  

     ᠰᠢ ᠶᠢᠨ ᠫᠢᠩ᠂ ᠬᠢᠵᠢᠭ ᠤᠨ ᠪᠠᠶᠢᠳᠠᠯ ᠤᠨ ᠲᠠᠭᠠᠷᠢᠯᠳᠠ ᠳᠣᠣᠷᠠᠬᠢ ᠳᠡᠯᠡᠬᠡᠢ ᠳ᠋ᠠᠬᠢᠨ ᠶᠠᠭ ᠭᠦᠨᠵᠡᠭᠡᠢ

ᠬᠤᠪᠢᠷᠠᠯᠳᠠ ᠡᠭᠦᠰᠴᠤ᠂ ᠨᠡᠩ ᠤᠯᠠᠨ ᠲᠣᠭᠲᠠᠭᠤᠨ ᠪᠤᠰᠤ ᠲᠣᠭᠲᠠᠪᠤᠷᠢ ᠦᠭᠡᠢ ᠬᠦᠴᠦᠨ ᠵᠦᠢᠯ ᠳᠤ ᠲᠤᠯᠭᠠᠷᠠᠵᠤ

ᠪᠠᠶᠢᠨ᠎ᠠ᠃ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠪᠤᠢ ᠪᠤᠯᠭᠠᠬᠤ ᠪᠠᠷ ᠴᠢᠷᠮᠠᠶᠢᠵᠤ᠂ ᠬᠤᠪᠢᠰᠤᠯᠲᠠ ᠶᠢᠨ

ᠳᠤᠮᠳᠠ ᠰᠢᠨ᠎ᠡ ᠪᠠᠶᠢᠳᠠᠯ ᠢ ᠨᠡᠭᠡᠭᠡᠬᠦ ᠪᠠᠷ ᠴᠢᠷᠮᠠᠶᠢᠬᠤ ᠬᠡᠷᠡᠭᠲᠡᠶ ᠭᠡᠵᠦ ᠪᠢ ᠳᠤᠷᠠᠳᠴᠤ ᠥᠩᠭᠡᠷᠡᠭᠰᠡᠨ ᠪᠢᠯᠡ᠃

ᠡᠨᠡ ᠨᠢ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠳᠤ ᠴᠤ ᠲᠤᠬᠢᠷᠠᠨ᠎ᠠ᠃ ᠳᠤᠮᠳᠠᠳᠤ ᠤᠯᠤᠰ ᠪᠠ

ᠧᠦ᠋ᠷᠣᠫᠠ ᠶᠢᠨ ᠬᠢᠨ ᠳᠡᠯᠡᠬᠡᠶ ᠶᠢᠨ ᠬᠤᠶᠠᠷ ᠶᠡᠭᠡ ᠬᠦᠴᠦᠨ᠂ ᠬᠤᠶᠠᠷ ᠶᠡᠭᠡ ᠵᠠᠬ᠎ᠠ ᠳᠡᠯᠭᠡᠭᠦᠷ᠂ ᠬᠤᠶᠠᠷ ᠶᠡᠭᠡ

ᠪᠣᠯᠪᠠᠰᠤᠨ ᠪᠣᠯᠤᠭᠰᠠᠨ ᠤ ᠬᠤᠪᠢ ᠳᠤ᠂ ᠶᠠᠭᠤ ᠶᠢ ᠵᠣᠷᠢᠵᠤ᠂ ᠶᠠᠭᠤ ᠶᠢ ᠡᠰᠡᠷᠭᠦᠴᠡᠬᠦ᠂ ᠶᠠᠭᠤᠨ ᠳᠡᠭᠡᠷ᠎ᠠ

ᠬᠠᠮᠳᠤᠷᠠᠯᠴᠠᠬᠤ ᠨᠢ ᠳᠡᠯᠡᠬᠡᠶ ᠶᠢᠨ ᠠᠴᠢ ᠬᠤᠯᠪᠣᠭᠳᠠᠯ ᠲᠠᠢ ᠶᠤᠮ ᠬᠡᠵᠥ ᠴᠢᠬᠤᠯᠠᠴᠢᠯᠠᠪᠠ᠃

     ᠳᠤᠮᠳᠠᠳᠤ ᠤᠯᠤᠰ ᠪᠠ ᠧᠦ᠋ᠷᠣᠫᠠ ᠶᠢᠨ ᠬᠢᠨ ᠪᠦᠬᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠢ

ᠬᠠᠮᠠᠭᠠᠯᠠᠬᠤ ᠬᠤᠶᠠᠷ ᠶᠡᠭᠡ ᠬᠦᠴᠦᠨ ᠪᠣᠯᠬᠤ ᠬᠡᠷᠡᠭᠲᠡᠢ᠃ ᠳᠤᠮᠳᠠᠳᠤ ᠤᠯᠤᠰ ᠳᠤᠷᠠᠳᠠᠶ᠎ᠠ ᠴᠢᠬᠤᠯᠠ ᠶᠡᠭᠡ

ᠠᠰᠠᠭᠤᠳᠠᠯ ᠤᠨ ᠲᠤᠬᠠᠶ ᠧᠦ᠋ᠷᠣᠫᠠ ᠶᠢᠨ ᠲᠠᠯ᠎ᠠ ᠶᠢᠨ ᠬᠢᠨ ᠲᠠᠢ ᠰᠣᠯᠢᠯᠴᠠᠭ᠎ᠠ ᠬᠢᠨ᠎ᠡ᠂ ᠧᠦ᠋ᠷᠣᠫᠠ ᠳᠢᠪ ᠤᠨ

ᠤᠯᠤᠰ ᠤᠳ ᠤᠨ ᠬᠤᠯᠪᠣᠭ᠎ᠠ ᠪᠦᠯᠬᠦᠮᠳᠡᠯ᠂ ᠲᠣᠭᠲᠠᠭᠤᠨ᠂ ᠨᠡᠭᠡᠭᠡᠯᠲᠡ᠂ ᠬᠥᠭᠵᠢᠯᠲᠡ ᠶᠢᠨ ᠴᠢᠭᠯᠡᠯ ᠢᠶᠠᠷ ᠲᠠᠰᠤᠷᠠᠯᠲᠠ

ᠦᠭᠡᠶ ᠤᠷᠤᠭᠰᠢᠯᠠᠬᠤ ᠶᠢ ᠢᠳᠡᠭᠡᠵᠦ ᠪᠠᠶᠢᠨ᠎ᠠ᠂ ᠧᠦ᠋ᠷᠣᠫᠠ ᠶᠢᠨ ᠲᠠᠯ᠎ᠠ ᠶᠢᠨ ᠬᠢᠨ ᠳᠡᠯᠡᠬᠡᠶ ᠶᠢᠨ ᠡᠩᠬᠡ ᠲᠠᠶᠢᠪᠤᠩ

ᠲᠣᠭᠲᠠᠭᠤᠨ ᠳᠤ ᠪᠦᠲᠦᠭᠡᠯᠴᠢ ᠴᠢᠨᠠᠷᠲᠠᠶ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠂ ᠳᠤᠷᠠᠳᠠᠶ᠎ᠠ

ᠧᠦ᠋ᠷᠣᠫᠠ ᠶᠢᠨ ᠲᠠᠯ᠎ᠠ ᠶᠢᠨ ᠬᠢᠨ ᠲᠠᠢ ᠪᠠᠶᠢᠯᠳᠤᠬᠤ ᠪᠣᠳᠣᠯᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠪᠦᠬᠦ

ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠬᠠᠮᠳᠤ ᠪᠠᠷ ᠠᠷᠭᠠᠴᠠᠭᠠᠨ᠎ᠠ᠃

     ᠳᠤᠮᠳᠠᠳᠤ ᠤᠯᠤᠰ ᠪᠠ ᠧᠦ᠋ᠷᠣᠫᠠ ᠶᠢᠨ ᠬᠢᠨ ᠪᠦᠬᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠬᠤ

ᠬᠤᠶᠠᠷ ᠶᠡᠭᠡ ᠵᠠᠬ᠎ᠠ ᠳᠡᠯᠭᠡᠭᠦᠷ ᠪᠣᠯᠬᠤ ᠬᠡᠷᠡᠭᠲᠡᠢ᠃ ᠳᠤᠮᠳᠠᠳᠤ ᠧᠦ᠋ᠷᠣᠫᠠ ᠬᠤᠶᠠᠷ ᠶᠡᠭᠡ ᠠᠵᠤ ᠠᠬᠤᠶ ᠶᠢᠨ ᠴᠣᠭᠴᠠ

ᠳᠡᠯᠡᠬᠡᠶ ᠶᠢᠨ ᠠᠵᠤ ᠠᠬᠤᠶ ᠶᠢᠨ ︽ᠬᠤᠤᠰ ᠬᠥᠳᠡᠯᠭᠡᠭᠦᠷ︾ ᠤᠨ ᠦᠢᠯᠡᠳᠦᠯ ᠢ ᠪᠠᠳᠠᠷᠠᠭᠤᠯᠵᠥ᠂ ᠳᠡᠯᠡᠬᠡᠶ ᠶᠢᠨ ᠠᠵᠤ

ᠠᠬᠤᠢ ᠶᠢᠨ ᠰᠡᠷᠭᠦᠯᠲᠡ ᠶᠢ ᠳᠠᠶᠢᠴᠢᠯᠠᠵᠤ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠵᠢᠯ

ᠦᠢᠯᠡᠳᠪᠦᠷᠢᠯᠡᠯ ᠢᠶᠠᠨ ᠰᠡᠷᠭᠦᠭᠡᠬᠦ ᠶᠢ ᠬᠠᠮᠲᠤ ᠪᠠᠷ ᠳᠠᠮᠵᠢᠵᠤ᠂ ᠬᠤᠷᠸ᠎ᠠ ᠠᠵᠤ ᠠᠬᠤᠶ ᠶᠢᠨ ᠲᠦᠷᠦ ᠶᠢᠨ

ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ

ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠪᠠᠯ ᠵᠤᠬᠢᠨ᠎ᠠ᠃

ᠬᠤᠶᠠᠷ ᠲᠠᠯ᠎ᠠ ᠪᠠᠷ ᠢᠶᠠᠨ ᠵᠠᠬ᠎ᠠ ᠳᠡᠯᠭᠡᠭᠦᠷ ᠢᠶᠠᠨ ᠬᠠᠷᠢᠯᠴᠠᠨ ᠨᠡᠭᠡᠭᠡᠯᠳᠡ ᠲᠠᠢ ᠪᠠᠶᠢᠯᠭᠠᠬᠤ ᠶᠢ ᠪᠠᠲᠤᠯᠠᠵᠤ᠂ ᠳᠤᠮᠳᠠᠳᠤ

ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠵᠦᠪᠳᠡᠯᠴᠡᠭᠡ ᠶᠢ ᠲᠦᠷᠭᠡᠳᠭᠡᠨ ᠠᠬᠢᠭᠤᠯᠵᠥ᠂

ᠳᠤᠮᠳᠠᠳᠤ ᠧᠦ᠋ᠷᠣᠫᠠ ᠶᠢᠨ ᠪᠣᠬᠢᠷᠲᠤᠯ ᠦᠭᠡᠢ ᠪᠠ ᠲᠣᠭᠠᠴᠢᠯᠠᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠶᠢ

ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠠᠨᠢᠲᠠᠨ ᠪᠠᠶᠢᠭᠤᠯᠤᠶ᠎ᠠ᠃ ᠬᠤᠶᠠᠷ ᠲᠠᠯ᠎ᠠ ᠪᠠᠷ ᠢᠶᠠᠨ

ᠠᠹᠷᠢᠺᠠ ᠳᠤ ᠬᠠᠨᠳᠤᠭᠤᠯᠤᠬᠰᠠᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠶ᠎ᠠ᠃

     ᠳᠤᠮᠳᠠᠳᠤ ᠤᠯᠤᠰ ᠪᠠ ᠧᠦ᠋ᠷᠣᠫᠠ ᠶᠢᠨ ᠬᠢᠨ ᠤᠯᠠᠨ ᠲᠠᠯᠠᠲᠤ ᠦᠵᠡᠯ ᠢ ᠪᠠᠷᠢᠮᠲᠠᠯᠠᠬᠤ᠂ ᠪᠦᠬᠦ

ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠬᠤᠶᠠᠷ ᠶᠡᠭᠡ ᠪᠣᠯᠪᠠᠰᠤᠨ ᠪᠣᠯᠬᠤ ᠬᠡᠷᠡᠭᠲᠡᠢ᠃ ᠳᠡᠯᠡᠬᠡᠢ ᠶᠢᠨ

ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠴᠦᠮ ᠤᠯᠠᠨ ᠲᠠᠯᠠᠲᠤ ᠦᠵᠡᠯ ᠤᠨ ᠲᠠᠯ᠎ᠠ ᠳᠤ

ᠵᠣᠭᠰᠣᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ

ᠵᠠᠰᠠᠯᠲᠠ ᠶᠢᠨ ᠦᠵᠡᠯᠲᠡ ᠶᠢ ᠪᠠᠷᠢᠮᠲᠠᠯᠠᠬᠤ ᠪᠣᠯᠤᠨ᠎ᠠ᠃ ᠳᠤᠮᠳᠠᠳᠤ ᠤᠯᠤᠰ ᠧᠦ᠋ᠷᠣᠫᠠ ᠳᠢᠪ ᠤᠨ ᠤᠯᠤᠰ ᠤᠳ ᠤᠨ

ᠬᠤᠯᠪᠣᠭᠠᠨ ᠤ ᠣᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠣᠯᠠᠨ ᠤᠯᠤᠰ ᠤᠨ ᠬᠢᠵᠢᠭ ᠲᠠᠢ ᠳᠡᠮᠡᠴᠡᠬᠦ

ᠬᠠᠮᠳᠤᠷᠠᠯᠴᠠᠭ᠎ᠠ ᠳᠤ ᠣᠷᠣᠯᠴᠠᠭᠰᠠᠨ ᠪᠦᠬᠡᠳ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠵᠡᠷᠭᠡ

ᠣᠯᠠᠨ ᠤᠯᠤᠰ ᠤᠨ ᠪᠠᠶᠢᠭᠤᠯᠤᠮᠵᠢ ᠳᠠᠬᠢ ᠣᠷᠣᠭᠤᠯᠤᠯᠲᠠ ᠪᠠᠨ ᠨᠡᠮᠡᠭᠳᠡᠭᠦᠯᠦᠭᠰᠡᠨ ᠢ ᠮᠠᠭᠲᠠᠨ ᠰᠠᠶᠢᠰᠢᠶᠠᠵᠤ ᠪᠠᠶᠢᠨ᠎ᠠ᠂

ᠳᠤᠷᠠᠳᠠᠶ᠎ᠠ ᠧᠦ᠋ᠷᠣᠫᠠ ᠶᠢᠨ ᠲᠠᠯ᠎ᠠ ᠯᠤᠭ᠎ᠠ ᠳᠡᠯᠡᠬᠡᠶ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ

ᠲᠤᠬᠠᠶ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠥ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ

ᠬᠠᠮᠠᠭᠠᠯᠠᠯ ᠤᠨ ᠵᠠᠰᠠᠯᠲᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠮᠦᠨ ᠲᠥᠷᠥᠯᠬᠢᠲᠡᠨ ᠤ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃

     ᠰᠢ ᠶᠢᠨ ᠫᠢᠩ᠂ ᠪᠢ ᠳᠤᠷᠠᠲᠠᠶ᠎ᠠ ᠬᠤᠶᠠᠷ ᠲᠡᠷᠢᠭᠦᠯᠡᠭᠴᠢ ᠲᠠᠢ ᠨᠢᠭᠲᠠ ᠤᠯᠤᠯᠴᠠᠭ᠎ᠠ ᠪᠠᠨ ᠪᠠᠲᠤᠯᠠᠵᠤ᠂

ᠳᠤᠮᠳᠠᠳᠤ ᠧᠦ᠋ᠷᠣᠫᠠ ᠶᠢᠨ ᠠᠯᠢ ᠤᠯᠠᠨ ᠴᠢᠬᠤᠯᠠ ᠶᠡᠭᠡ ᠤᠯᠤᠰ ᠲᠦᠷᠦ ᠶᠢᠨ ᠵᠥᠪᠯᠡᠬᠦ ᠵᠦᠢᠯ ᠢ ᠠᠬᠢᠭᠤᠯᠵᠤ᠂

ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠬᠡᠵᠥ ᠴᠢᠬᠤᠯᠠᠴᠢᠯᠠᠪᠠ᠃

     

     ᠮᠢᠰᠢᠶᠧᠷ ᠪᠣᠯᠤᠨ ᠹᠧᠩᠳᠧᠯᠠᠶᠢ᠊ ᠊ ᠧᠨ᠂ ᠧᠦ᠋ᠷᠣᠫᠠ ᠪᠠ ᠳᠤᠮᠳᠠᠳᠤ ᠤᠯᠤᠰ ᠳᠡᠯᠡᠬᠡᠢ ᠶᠢᠨ ᠬᠤᠶᠠᠷ ᠶᠡᠭᠡ

ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠬᠤᠶᠠᠷ ᠲᠠᠯ᠎ᠠ ᠶᠢᠨ ᠬᠠᠷᠢᠯᠴᠠᠭ᠎ᠠ ᠠᠮᠢᠵᠢᠷᠠᠯ ᠤᠨ

ᠬᠦᠴᠦᠨ ᠢᠶᠠᠷ ᠪᠢᠯᠬᠠᠮ᠎ᠠ ᠪᠠᠶᠢᠨ᠎ᠠ᠃ ᠣᠳᠣᠬᠠᠨ ᠤ ᠳᠡᠯᠡᠬᠡᠶ ᠳ᠋ᠠᠬᠢᠨ ᠳᠤ ᠮᠠᠰᠢ ᠶᠡᠭᠡ ᠲᠣᠭᠲᠠᠪᠤᠷᠢ ᠦᠭᠡᠢ ᠴᠢᠨᠠᠷ

ᠲᠤᠯᠭᠠᠷᠠᠵᠤ ᠪᠠᠶᠢᠨ᠎ᠠ᠂ ᠭᠠᠭᠴᠠ ᠬᠦ ᠣᠯᠠᠨ ᠤᠯᠤᠰ ᠤᠨ ᠬᠠᠮᠲᠤᠷᠠᠯᠴᠠᠭ᠎ᠠ ᠰᠠᠶ᠋ᠢ ᠪᠦᠬᠦ ᠪᠥᠮᠪᠥᠷᠴᠡᠭ ᠤᠨ ᠴᠢᠨᠠᠷᠲᠠᠶ

ᠥᠷᠢᠰᠥᠯᠳᠦᠭᠡᠨ ᠢ ᠠᠷᠭᠠᠴᠠᠭᠠᠵᠤ ᠴᠢᠳᠠᠵᠥ᠂ ᠭᠠᠭᠴᠠ ᠬᠦ ᠶᠠᠷᠢᠯᠴᠠᠭ᠎ᠠ ᠵᠥᠪᠳᠡᠯᠴᠡᠭᠡ ᠬᠢᠪᠡᠯ ᠰᠠᠶ᠋ᠢ ᠵᠥᠷᠢᠴᠡᠯ

ᠮᠥᠷᠭᠦᠯᠳᠦᠭᠡᠨ ᠢ ᠰᠢᠢᠳᠪᠦᠷᠢᠯᠡᠵᠦ᠂ ᠭᠠᠵᠠᠷ ᠣᠷᠣᠨ ᠤ ᠲᠣᠭᠲᠠᠭᠤᠨ ᠪᠤᠰᠤ ᠪᠠᠶᠢᠳᠠᠯ ᠢ ᠠᠷᠢᠯᠭᠠᠵᠥ ᠴᠢᠳᠠᠨ᠎ᠠ᠃

ᠧᠦ᠋ᠷᠣᠫᠠ ᠶᠢᠨ ᠲᠠᠯ᠎ᠠ ᠳᠤᠷᠠᠳᠠᠶ᠎ᠠ ᠦᠨᠡᠨᠴᠢ ᠣᠪᠣᠷ ᠢᠶᠠᠷ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ

ᠶᠠᠷᠢᠯᠴᠠᠭ᠎ᠠ ᠥᠷᠨᠢᠭᠦᠯᠵᠦ᠂ ᠬᠠᠮᠲᠤ ᠶᠢᠨ ᠲᠠᠨᠢᠯᠲᠠ ᠪᠠᠨ ᠥᠷᠭᠡᠳᠬᠡᠨ᠎ᠡ᠃ ᠧᠦ᠋ᠷᠣᠫᠠ ᠶᠢᠨ ᠲᠠᠯ᠎ᠠ ᠳᠤᠷᠠᠲᠠᠶ᠎ᠠ

ᠳᠤᠮᠳᠠᠳᠤ ᠶᠢᠨ ᠲᠠᠯ᠎ᠠ ᠯᠤᠭ᠎ᠠ ᠸᠠᠺᠼᠢᠨ ᠰᠤᠳᠤᠯᠤᠨ ᠦᠢᠯᠡᠳᠬᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ

ᠲᠠᠯ᠎ᠠ ᠪᠠᠷ ᠬᠢ ᠬᠠᠮᠳᠤᠷᠠᠯᠴᠠᠭ᠎ᠠ ᠪᠠᠨ ᠴᠢᠩᠭᠠᠳᠬᠠᠵᠥ᠂ ᠬᠤᠶᠠᠷ ᠲᠠᠯ᠎ᠠ ᠶᠢᠨ ᠠᠷᠠᠯᠵᠢᠶᠠᠨ ᠤ ᠬᠡᠪᠴᠢᠶ᠎ᠡ ᠶᠢ

ᠥᠷᠭᠡᠳᠬᠡᠵᠦ᠂ ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭᠠᠴᠢᠯᠠᠭᠰᠠᠨ ᠠᠵᠤ ᠠᠬᠤᠶ

ᠵᠡᠷᠭᠡ ᠥᠷᠭᠡᠨ ᠬᠦᠷᠢᠶᠡᠨ ᠤ ᠬᠠᠮᠳᠤᠷᠠᠯᠴᠠᠭ᠎ᠠ ᠶᠢᠨ ᠨᠡᠩ ᠶᠡᠭᠡ ᠠᠬᠢᠴᠠ ᠲᠠᠢ ᠪᠣᠯᠬᠤ ᠶᠢ ᠠᠬᠢᠭᠤᠯᠵᠤ᠂ ᠧᠦ᠋ᠷᠣᠫᠠ

ᠳᠤᠮᠳᠠᠳᠤ ᠶᠢᠨ ᠪᠡᠯᠡ ᠣᠷᠣᠭᠤᠯᠤᠯᠲᠠ ᠶᠢᠨ ᠵᠥᠪᠳᠡᠯᠴᠡᠬᠡᠷ ᠢ ᠳᠠᠷᠤᠶ ᠳᠦᠷᠬᠡᠨ ᠲᠣᠬᠢᠷᠠᠯᠴᠠᠵᠥ᠂ ᠬᠢᠵᠢᠭ ᠤᠨ

ᠪᠠᠶᠢᠳᠠᠯ ᠤᠨ ᠨᠥᠯᠥᠭᠡ ᠶᠢ ᠡᠷᠳᠡᠬᠡᠨ ᠢᠯᠠᠨ ᠳᠠᠪᠠᠭ᠋ᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢ ᠠᠬᠢᠭᠤᠯᠬᠤ

ᠲᠠᠯ᠎ᠠ ᠪᠠᠷ ᠴᠢᠷᠮᠠᠶᠢᠨ᠎ᠠ᠃ ᠧᠦ᠋ᠷᠣᠫᠠ ᠶᠢᠨ ᠳᠠᠯ᠎ᠠ ᠤᠯᠠᠨ ᠲᠠᠯᠠᠲᠤ ᠦᠵᠡᠯ ᠢ ᠪᠠᠷᠢᠮᠲᠠᠯᠠᠨ᠎ᠠ᠂ ᠳᠤᠷᠠᠲᠠᠶ᠎ᠠ ᠳᠤᠮᠳᠠᠳᠤ

ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ

ᠪᠠᠶᠢᠭᠤᠯᠤᠯᠲᠠ᠂ ᠬᠤᠷᠢᠨ ᠤᠯᠤᠰ ᠤᠨ ᠪᠦᠯᠦᠭᠯᠡᠯ ᠵᠡᠷᠭᠡ ᠪᠣᠷᠣ ᠲᠥᠯᠥᠪ ᠤᠨ ᠳᠣᠲᠣᠷ᠎ᠠ ᠤᠯᠠᠨ ᠨᠡᠶᠢᠲᠡ ᠶᠢᠨ ᠡᠷᠡᠭᠦᠯ

ᠬᠠᠮᠠᠭᠠᠯᠠᠯ ᠤᠨ ᠠᠮᠤᠷ ᠲᠦᠪᠰᠢᠨ᠂ ᠠᠭᠤᠷ ᠠᠮᠢᠰᠬᠤᠯ ᠤᠨ ᠬᠤᠪᠢᠷᠠᠯᠲᠠ᠂ ᠦᠷᠭᠦᠯᠵᠢᠯᠡᠬᠦ ᠬᠥᠭᠵᠢᠯᠲᠡ᠂ ᠠᠹᠷᠢᠺᠠ ᠳᠤ

ᠬᠠᠨᠳᠤᠭᠤᠯᠤᠬᠰᠠᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ

ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠧᠦ᠋ᠷᠣᠫᠠ ᠶᠢᠨ ᠲᠠᠯ᠎ᠠ ᠳᠤᠷᠠᠳᠠᠶ᠎ᠠ ᠳᠤᠮᠳᠠᠳᠤ

ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠧᠦ᠋ᠷᠣᠫᠠ ᠳᠤᠮᠳᠠᠳᠤ ᠶᠢᠨ ᠵᠥᠪᠳᠡᠯᠴᠡᠨ ᠲᠣᠭᠲᠠᠭᠠᠭᠰᠠᠨ ᠴᠢᠬᠤᠯᠠ ᠶᠡᠭᠡ

ᠤᠯᠤᠰ ᠲᠥᠷᠥ ᠶᠢᠨ ᠵᠥᠪᠯᠡᠬᠦ ᠵᠦᠢᠯ ᠤᠨ ᠠᠮᠵᠢᠯᠲᠠ ᠣᠯᠬᠤ ᠶᠢ ᠠᠬᠢᠭᠤᠯᠤᠨ᠎ᠠ ᠬᠡᠵᠥ ᠢᠯᠡᠳᠬᠡᠪᠡ᠃

     ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ ᠣᠷᠣᠯᠴᠠᠵᠠᠢ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号