2020 ᠣᠨ ᠤ ᠠᠮᠢᠳᠣ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠪᠠ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠵᠢᠯ ᠢ ᠪᠠᠶᠢᠴᠠᠭᠠᠨ ᠰᠤᠳᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/7/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ  ᠪᠠ ᠤᠰᠤᠨ ᠶᠠᠪᠤᠳᠠᠯ ᠤᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠳᠤ᠄      ︽ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠬᠡᠯᠪᠡᠷᠢ ᠶᠢ ᠨᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2019  ﹈  44 ᠳ᠋ᠦ᠋ᠭᠡᠷ ᠲᠣᠭᠠᠲᠤ︶ ᠪᠠ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ︽2020 ᠣᠨ ᠤ ᠦᠢᠯᠡᠳᠪᠦᠷᠢᠯᠡᠯ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠲᠠᠷᠢᠶᠠᠯᠠᠩ  ᠢᠯᠡ ᠥᠰᠥᠭ  ﹇2020  ﹈ 56 ᠳ᠋ᠤᠭᠠᠷ ᠲᠣᠭᠠᠲᠤ︶ ᠢ ᠭᠦᠨᠵᠡᠭᠡᠶ ᠳᠤᠭᠤᠰᠢᠯᠠᠭᠤᠯᠤᠨ᠂ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠦᠷᠭᠡᠳᠭᠡᠨ ᠰᠡᠷᠭᠦᠭᠡᠬᠦ ᠶᠢ ᠠᠬᠢᠭᠤᠯᠵᠤ᠂ ᠭᠠᠭ᠋ᠠᠶ ᠶᠢᠨ ᠮᠢᠬ᠎ᠠ ᠶᠢᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠬᠡᠬᠤᠲᠠ ᠪᠣᠭᠤᠮᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠠᠴᠠ 2020 ᠣᠨ ᠤ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠬᠠᠩᠭᠠᠯᠭ᠎ᠠ ᠶᠢ ᠪᠠᠲᠤᠯᠠᠬᠤ ᠠᠵᠢᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ  ᠰᠤᠳᠤᠯᠬᠤ ᠪᠠᠷ ᠪᠣᠢ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃      ᠨᠢᠭᠡ᠂ ᠪᠠᠶᠢᠴᠠᠭᠠᠨ ᠰᠤᠳᠤᠯᠬᠤ ᠠᠭᠤᠯᠭ᠎ᠠ      1. ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ᠃      2. ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠤᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠶᠢᠮᠠᠭ ᠬᠤᠲᠠ ᠶᠢᠨ ᠶᠡᠷᠦᠩᠬᠡᠶ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ᠃      3. ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ᠃      4. ᠲᠥᠪ ᠤᠨ ᠪᠠ ᠣᠷᠣᠨ ᠨᠤᠲᠤᠭ ᠤᠨ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃      5. ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ᠃      ᠭᠤᠷᠪᠠ᠂ ᠪᠠᠶᠢᠴᠠᠭᠠᠨ ᠰᠤᠳᠤᠯᠬᠤ ᠠᠶᠢᠮᠠᠭ ᠬᠤᠲᠠ᠂ ᠠᠷᠭ᠎ᠠ ᠬᠡᠯᠪᠡᠷᠢ ᠪᠠ ᠴᠠᠭ ᠬᠤᠭᠤᠴᠠᠭᠠᠨ ᠤ ᠲᠣᠬᠢᠷᠠᠭᠤᠯᠤᠯᠲᠠ      ︵ᠨᠢᠭᠡ︶ 6 ᠰᠠᠷ᠎ᠠ ᠶᠢᠨ 16 — 18 ᠤ ᠡᠳᠦᠷ ᠪᠣᠯᠲᠠᠯ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠬᠥᠬᠡᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ 6 ᠠᠶᠢᠮᠠᠭ ᠬᠤᠲᠠ ᠳᠤ ᠬᠦᠷᠴᠦ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠨ᠎ᠡ᠃ ᠪᠣᠳᠠᠲᠠᠶ ᠴᠠᠭ ᠢ ᠠᠩᠭᠢ ᠳᠠᠭᠠᠭᠤᠯᠬᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠠᠶᠢᠮᠠᠭ ᠬᠤᠲᠠ ᠯᠤᠭ᠎ᠠ ᠵᠦᠪᠳᠡᠯᠴᠡᠨ ᠲᠣᠭᠲᠠᠭᠠᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠮᠢᠳᠤ ᠭᠠᠭ᠋ᠠᠶ ᠲᠡᠵᠢᠭᠡᠨ ᠦᠷᠡᠵᠢᠭᠦᠯᠬᠦ ᠲᠣᠮᠣ ᠰᠢᠶᠠᠨ ᠢ ᠲᠠᠰᠢᠷᠠᠮ ᠢᠶᠠᠷ ᠰᠤᠭᠤᠴᠢᠵᠤ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠨ᠎ᠡ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠶᠢ ᠰᠤᠷᠪᠤᠯᠵᠢᠯᠠᠬᠤ  ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠤᠨ᠎ᠠ᠃ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠬᠠᠮᠲᠤᠷᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠶᠢᠨ ᠰᠠᠨᠠᠯ ᠰᠠᠨᠠᠭᠤᠯᠭ᠎ᠠ ᠶᠢ ᠰᠤᠨᠤᠰᠤᠨ᠎ᠠ᠃      ︵ᠬᠤᠶᠠᠷ︶ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ ᠳᠤ ᠣᠷᠣᠭᠤᠯᠤᠭᠰᠠᠨ ᠥᠬᠡᠶ ᠪᠤᠭᠤᠲᠤ ᠬᠤᠲᠠ᠂ ᠦᠬᠠᠶ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ᠂ ᠣᠷᠳᠣᠰ ᠬᠤᠲᠠ᠂ ᠠᠯᠠᠱᠠ ᠠᠶᠢᠮᠠᠭ᠂ ᠡᠷᠢᠶᠡᠨ ᠬᠤᠲᠠ᠂ ᠮᠠᠨᠵᠤᠤᠷ ᠬᠤᠲᠠ ᠵᠡᠷᠭᠡ 8 ᠠᠶᠢᠮᠠᠭ ᠬᠤᠲᠠ᠂ ᠲᠤᠰᠬᠠᠢ ᠲᠦᠯᠦᠪᠯᠡᠭᠡᠲᠦ ᠬᠤᠲᠠ ᠨᠢ ᠪᠠᠶᠢᠴᠠᠭᠠᠨ ᠰᠤᠳᠤᠯᠬᠤ ᠠᠭᠤᠯᠭ᠎ᠠ ᠯᠤᠭ᠎ᠠ ᠬᠠᠷᠢᠴᠠᠭᠤᠯᠤᠨ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠬᠢᠬᠦ ᠬᠡᠷᠡᠭᠲᠡᠢ᠃ ᠡᠭᠦᠨ ᠳᠤ ᠠᠵᠢᠯ ᠤᠨ ᠠᠬᠢᠴᠠ ᠵᠢᠴᠢ ᠦᠷ᠎ᠡ ᠪᠦᠲᠦᠮᠵᠢ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠪᠠᠭᠲᠠᠨ᠎ᠠ᠃      ︵ᠭᠤᠷᠪᠠ︶ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠢ ᠳᠠᠭᠠᠯᠳᠤᠭᠤᠯᠤᠯ ︽ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ ᠳᠤᠭᠤᠶᠢᠯᠠᠩ ᠢ ᠬᠤᠪᠢᠶᠠᠨ ᠲᠤᠬᠢᠷᠠᠭᠤᠯᠤᠭᠰᠠᠨ ᠬᠦᠰᠦᠨᠦᠭ︾ ᠠᠴᠠ ᠦᠵᠡᠭᠡᠷᠡᠢ᠃      ᠳᠥᠷᠪᠡ᠂ ᠪᠠᠶᠢᠴᠠᠭᠠᠨ ᠰᠤᠳᠤᠯᠬᠤ ᠱᠠᠭᠠᠷᠳᠠᠯᠭ᠎ᠠ      ︵ᠨᠢᠭᠡ︶ ᠪᠠᠶᠢᠴᠠᠭᠠᠨ ᠰᠤᠳᠤᠯᠬᠤ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯ ᠰᠡᠳᠦᠪ ᠲᠤ ᠰᠢᠭᠤᠳ ᠬᠦᠷᠴᠦ᠂ ᠠᠰᠠᠭᠤᠳᠠᠯ ᠳᠤ ᠰᠢᠭᠤᠳ ᠬᠠᠨᠳᠤᠨ ᠪᠠᠶᠢᠴᠠᠭᠠᠨ ᠰᠤᠳᠤᠯᠤᠯᠲᠠ ᠥᠷᠨᠢᠭᠦᠯᠦᠨ᠎ᠡ᠃      ︵ᠬᠤᠶᠠᠷ︶ ᠪᠠᠶᠢᠴᠠᠭᠠᠨ ᠰᠤᠳᠤᠯᠬᠤ ᠳᠤ ᠣᠷᠣᠨ ᠨᠤᠲᠤᠭ ᠤᠨ ᠬᠢᠨ ᠢ ᠱᠠᠲᠤ ᠱᠠᠲᠤ ᠪᠠᠷ ᠪᠠᠷ᠎ᠠ ᠪᠣᠯᠬᠤ᠂ ᠱᠠᠲᠤ ᠱᠠᠲᠤ ᠪᠠᠷ ᠬᠠᠷᠢᠭᠤ ᠮᠡᠳᠡᠭᠦᠯᠬᠦ ᠪᠠᠷ ᠱᠠᠭᠠᠷᠳᠠᠵᠤ ᠪᠣᠯᠬᠤ ᠥᠬᠡᠶ︔ ᠪᠠᠶᠢᠴᠠᠭᠠᠨ ᠰᠤᠳᠤᠯᠤᠯᠲᠠ ᠶᠢᠨ ᠭᠤᠤᠯ ᠰᠡᠳᠦᠪ ᠯᠦᠭᠡ ᠬᠤᠯᠪᠣᠭᠳᠠᠯ ᠦᠭᠡᠢ ᠪᠤᠰᠤᠳ ᠠᠵᠢᠯᠯᠠᠭ᠎ᠠ ᠶᠢ ᠲᠣᠬᠢᠷᠠᠭᠤᠯᠵᠤ ᠪᠣᠯᠬᠤ ᠦᠭᠡᠢ᠃      ︵ᠭᠤᠷᠪᠠ︶ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠬᠡᠯᠪᠡᠷᠢᠴᠢ ᠦᠵᠡᠯ ᠢ ᠴᠡᠭᠡᠷᠯᠡᠨ᠂ ᠪᠠᠶᠢᠴᠠᠭᠠᠨ ᠰᠤᠳᠤᠯᠬᠤ ᠡᠭᠦᠷᠭᠡ ᠪᠠᠨ ᠨᠠᠷᠢᠨ ᠬᠢᠨᠠᠮᠠᠭᠠᠢ ᠪᠠᠶᠠᠯᠠᠭᠦᠯᠬᠦ ᠬᠡᠷᠡᠭᠲᠡᠢ᠃      ︵ᠳᠦᠷᠪᠡ︶ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠤᠪᠢ ᠬᠥᠮᠦᠨ ᠤ ᠠᠮᠤᠷ ᠲᠦᠪᠰᠢᠨ ᠤ ᠬᠠᠮᠠᠭᠠᠯᠠᠯᠲᠠ ᠰᠡᠷᠭᠡᠶᠢᠯᠡᠯᠲᠡ ᠪᠠᠨ ᠰᠠᠶᠢᠲᠤᠷ ᠬᠢᠬᠦ ᠬᠡᠷᠡᠭᠲᠡᠢ᠃      ᠲᠠᠪᠤ᠂ ᠪᠤᠰᠤᠳ ᠵᠦᠢᠯᠡᠰ      ︵ᠨᠢᠭᠡ︶ ᠡᠯ᠎ᠡ ᠠᠶᠢᠮᠠᠭ ᠬᠤᠲᠠ ᠶᠢᠨ ᠬᠢᠨ ᠮᠡᠳᠡᠭᠳᠡᠯ ᠢ ᠣᠯᠤᠭᠰᠠᠨ ᠤ ᠳᠠᠷᠠᠭ᠎ᠠ᠂ ᠨᠢᠭᠡᠨ ᠬᠠᠷᠢᠯᠴᠠᠬᠤ ᠬᠥᠮᠦᠨ ᠢ ᠲᠣᠳᠣᠷᠬᠠᠶᠢᠯᠠᠵᠤ᠂ 6 ᠰᠠᠷ᠎ᠠ ᠶᠢᠨ 16 ᠤ ᠡᠳᠦᠷ ᠤᠨ ᠠᠵᠢᠯ ᠠᠴᠠ ᠪᠠᠭᠤᠬᠤ ᠠᠴᠠ ᠡᠮᠦᠨ᠎ᠡ ᠣᠪᠣᠭ ᠨᠡᠷ᠎ᠡ ᠪᠣᠯᠤᠨ ᠬᠠᠷᠢᠯᠴᠠᠬᠤ ᠠᠷᠭ᠎ᠠ ᠮᠠᠶ᠋ᠢᠭ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ ᠠᠴᠠ ᠡᠮᠦᠨ᠎ᠡ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠡᠯ᠎ᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠤᠯᠪᠣᠭ᠎ᠠ ᠠᠪᠤᠭᠴᠢ ᠶᠢ ᠪᠠᠶᠢᠴᠠᠭᠠᠨ ᠰᠤᠳᠤᠯᠬᠤ ᠠᠶᠢᠮᠠᠭ ᠬᠤᠲᠠ ᠳᠤ ᠮᠡᠳᠡᠭᠳᠡᠵᠦ᠂ ᠬᠠᠮᠢᠶ᠎ᠠ ᠪᠦᠬᠦᠢ ᠠᠶᠢᠮᠠᠭ ᠬᠤᠲᠠ ᠨᠤᠭᠤᠳ ᠪᠠᠶᠢᠴᠠᠭᠠᠨ ᠰᠤᠳᠤᠯᠬᠤ ᠳᠤᠭᠤᠶᠢᠯᠠᠩ ᠯᠤᠭ᠎ᠠ ᠰᠠᠶᠢᠲᠤᠷ ᠵᠤᠯᠭᠠᠯᠳᠤᠭᠤᠯᠵᠤ᠂ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠤᠳᠤᠯᠬᠤ ᠠᠵᠢᠯ ᠤᠨ ᠲᠣᠬᠢᠷᠠᠭᠤᠯᠤᠯᠲᠠ ᠶᠢ ᠬᠠᠮᠵᠢᠨ ᠰᠠᠶᠢᠲᠤᠷ ᠬᠢᠲᠦᠭᠡᠢ᠃      ︵ᠬᠤᠶᠠᠷ︶ ᠡᠯ᠎ᠡ ᠠᠶᠢᠮᠠᠭ ᠬᠤᠲᠠ ᠨᠤᠭᠤᠳ 6 ᠰᠠᠷ᠎ᠠ ᠶᠢᠨ 17 ᠤ ᠡᠳᠦᠷ ᠠᠴᠠ ᠡᠮᠦᠨ᠎ᠡ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢᠨ ᠡᠯᠧᠺᠲᠷᠣᠨ ᠪᠢᠴᠢᠭ ᠮᠠᠲ᠋ᠧᠷᠢᠶᠠᠯ ᠢᠶᠠᠨ ᠲᠣᠭᠲᠠᠭᠰᠠᠨ ᠢᠮᠧᠯ ᠳᠤ ᠶᠠᠪᠤᠭᠤᠯᠤᠭᠠᠷᠠᠶ᠃      ᠬᠠᠷᠢᠯᠴᠠᠬᠤ ᠬᠥᠮᠦᠨ ᠵᠢᠴᠢ ᠤᠲᠠᠰᠤ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠠᠯ ᠠᠵᠤ ᠠᠬᠤᠶ ᠶᠢᠨ ᠲᠣᠪᠴᠢᠶ᠎ᠠ ᠶᠢᠨ ᠯᠢᠦ ᠶᠦᠩ ᠴᠢᠶᠠᠩ 0471 — 6651713      ᠢᠮᠧᠯ᠄ 2997585902@qq.com      ᠳᠠᠭᠠᠯᠳᠤᠭᠤᠯᠤᠯ᠄ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ ᠳᠤᠭᠤᠶᠢᠯᠠᠩ ᠢ ᠬᠤᠪᠢᠶᠠᠨ ᠲᠤᠬᠢᠷᠠᠭᠤᠯᠤᠭᠰᠠᠨ ᠬᠦᠰᠦᠨᠦᠭ                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                              ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                               2020 ᠣᠨ ᠤ 6 ᠰᠠᠷ᠎ᠠ ᠶᠢᠨ 16 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号