ᠡᠯ᠎ᠡ ᠬᠤᠯᠪᠣᠭᠳᠠᠯ ᠪᠦᠬᠦᠢ ᠨᠢᠭᠡᠴᠢ᠄ | ︽ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠠᠷᠭ᠎ᠠ︾ ᠶᠢᠨ ᠲᠣᠭᠲᠠᠭᠠᠯ ᠢ | ᠦᠨᠳᠦᠰᠦᠯᠡᠵᠦ᠂ ᠮᠠᠨ ᠤ ᠥᠷᠲᠡᠭᠡᠨ ᠤ ᠬᠢᠨᠠᠨ ᠲᠣᠭᠲᠠᠭᠠᠯᠲᠠ ᠪᠠᠷ ᠳᠡᠮᠵᠢᠨ᠂ 13 ᠠᠵᠤ ᠠᠬᠤᠶᠢᠯᠠᠯ ᠤᠨ | ᠦᠢᠯᠡᠳᠪᠦᠷᠢᠯᠡᠭᠰᠡᠨ 25 ᠵᠦᠢᠯ ᠤᠨ ᠦᠢᠯᠡᠳᠭᠦᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠳᠤ ᠪᠠᠲᠤᠯᠠᠭᠳᠠᠭᠰᠠᠨ ᠲᠤᠯᠠ ᠲᠠᠷᠢᠶᠠᠯᠠᠩ ᠤᠨ | ᠮᠠᠰᠢᠨ ᠢ ᠲᠤᠷᠰᠢᠯᠲᠠ ᠪᠠᠷ ᠬᠢᠨᠠᠨ ᠲᠤᠭᠲᠠᠭᠠᠭᠰᠠᠨ ᠦᠨᠡᠮᠯᠡᠯ ᠢ ᠬᠠᠷᠭᠤᠭᠤᠯᠤᠨ ᠣᠯᠭᠤᠬᠤ ᠶᠢ ᠵᠦᠪᠰᠢᠶᠡᠷᠡᠪᠡ | ︵ᠳᠠᠭᠠᠯᠳᠤᠭᠤᠯᠤᠯ 1 ᠶᠢ ᠦᠵᠡᠭᠡᠷᠡᠢ︶᠃ | ᠬᠢᠨᠠᠨ ᠬᠠᠷᠭᠤᠭᠤᠯᠬᠤ ᠪᠠᠷ ᠳᠠᠮᠵᠢᠭᠠᠳ᠂ 1 ᠠᠵᠤ ᠠᠬᠤᠶᠢᠯᠠᠯ ᠤᠨ ᠦᠢᠯᠡᠳᠪᠦᠷᠢᠯᠡᠭᠰᠡᠨ 2 ᠵᠦᠢᠯ ᠤᠨ | ᠦᠢᠯᠡᠳᠭᠦᠨ ᠤ ᠳᠡᠯᠭᠡᠷᠡᠭᠦᠯᠬᠦ ᠶᠢ ᠬᠢᠨᠠᠨ ᠲᠣᠭᠲᠠᠭᠠᠭᠰᠠᠨ ᠦᠨᠡᠮᠯᠡᠯ ᠢᠶᠠᠨ ᠰᠤᠯᠢᠬᠤ ᠶᠢ ᠨᠢ ᠵᠦᠪᠰᠢᠶᠡᠷᠡᠪᠡ | ︵ᠳᠠᠭᠠᠯᠳᠤᠭᠤᠯᠤᠯ 2 ᠢ ᠦᠵᠡᠭᠡᠷᠡᠢ︶᠃ | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ | ᠳᠡᠯᠭᠡᠷᠡᠭᠦᠯᠬᠦ ᠪᠠᠷ ᠬᠢᠨᠠᠨ ᠲᠤᠭᠲᠠᠭᠠᠭᠰᠠᠨ ᠦᠨᠡᠮᠯᠡᠯ ᠣᠯᠭᠤᠭᠰᠠᠨ ᠦᠢᠯᠡᠳᠭᠦᠨ ᠵᠢᠴᠢ ᠲᠡᠭᠦᠨ ᠢ | ᠦᠢᠯᠡᠳᠪᠦᠷᠢᠯᠡᠭᠰᠡᠨ ᠠᠵᠤ ᠠᠬᠤᠶᠢᠯᠠᠯ ᠤᠨ ᠭᠠᠷᠴᠠᠭ ︵2020 ᠣᠨ ᠤ ᠬᠤᠶᠠᠳᠤᠭᠠᠷ ᠪᠦᠯᠦᠭ︶ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠳᠡᠯᠭᠡᠷᠡᠭᠦᠯᠬᠦ ᠶᠢ | ᠬᠢᠨᠠᠨ ᠲᠣᠭᠲᠠᠭᠠᠭᠰᠠᠨ ᠦᠨᠡᠮᠯᠡᠯ ᠢᠶᠠᠨ ᠰᠤᠯᠢᠬᠤ ᠦᠢᠯᠡᠳᠭᠦᠨ ᠵᠢᠴᠢ ᠲᠡᠭᠦᠨ ᠢ ᠦᠢᠯᠡᠳᠪᠦᠷᠢᠯᠡᠭᠰᠡᠨ ᠠᠵᠤ | ᠠᠬᠤᠶᠢᠯᠠᠯ ᠤᠨ ᠭᠠᠷᠴᠠᠭ ︵2020 ᠣᠨ ᠤ ᠬᠤᠶᠠᠳᠤᠭᠠᠷ ᠪᠦᠯᠦᠭ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠷᠲᠡᠭᠡ | 2020 ᠣᠨ ᠤ 7 ᠰᠠᠷ᠎ᠠ ᠶᠢᠨ 10 ᠤ ᠡᠳᠦᠷ | ︵ᠳᠠᠭᠠᠯᠳᠤᠭᠤᠯᠤᠯ ᠤᠨ ᠨᠠᠷᠢᠨ ᠠᠭᠤᠯᠭ᠎ᠠ ᠶᠢ http://nmt.nmg.gov. | cn/gk/zfxxgk/xxgkml/xztz/202007/t20200710_172055.html ᠠᠴᠠ | ᠯᠠᠪᠯᠠᠭᠠᠷᠠᠢ᠃︶ |