ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠤ ᠮᠡᠳᠡᠭᠳᠡᠯ ᠢ ᠤᠯᠠᠮᠵᠢᠯᠠᠨ ᠶᠠᠪᠤᠭᠤᠯᠬᠤ ᠤᠴᠢᠷ
ᠨᠡᠶᠢᠲᠡᠯᠡᠭᠰᠡᠨ ᠴᠠᠭ᠄
2020/7/31
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ  ᠮᠠᠯᠵᠢᠬᠤ ᠤᠷᠤᠨ ᠤ ᠲᠣᠪᠴᠢᠶ᠎ᠠ ᠳᠤ᠄      ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠤ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠲᠠᠷᠢᠶᠠᠯᠠᠩ ᠬᠠᠤᠯᠢ ᠲᠠᠷᠬᠠᠭᠠᠭᠰᠠᠨ ﹇2020﹈ 3 ᠳ᠋ᠤᠭᠠᠷ ᠲᠣᠭᠠᠲᠤ︶ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠪᠠ᠃ ᠡᠯ᠎ᠡ ᠭᠠᠵᠠᠷ ᠤᠨ ᠬᠢᠨ ᠪᠢᠴᠢᠭ ᠮᠠᠲ᠋ᠧᠷᠢᠶᠠᠯ ᠤᠨ ᠡᠯ᠎ᠡ ᠵᠦᠢᠯ ᠤᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠳᠤᠲᠠᠭᠤᠳᠠᠯ ᠢᠶᠠᠨ ᠲᠥᠪᠯᠡᠷᠡᠭᠦᠯᠦᠨ᠂ ᠪᠠᠭᠤᠷᠠᠶ ᠲᠠᠯ᠎ᠠ ᠲᠡᠶᠢᠰᠢ ᠬᠦᠴᠦᠯᠡᠵᠦ᠂ ᠭᠤᠤᠯᠳᠠᠯᠭ᠎ᠠ ᠪᠠᠨ ᠳᠣᠪᠤᠶᠢᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃      ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ ᠲᠥᠪ ᠠᠴᠠ ᠱᠠᠭᠠᠷᠳᠠᠭᠰᠠᠨ ᠨᠢ᠂ 2020 ᠤᠨ ᠤ ᠵᠢᠯ ᠤᠨ  ᠡᠴᠦᠰ ᠠᠴᠠ ᠡᠮᠦᠨ᠎ᠡ᠂ ᠡᠯ᠎ᠡ ᠭᠠᠵᠠᠷ ᠤᠨ ᠬᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ︽ᠭᠤᠷᠪᠠ ᠶᠢ ᠲᠤᠭᠲᠠᠭᠠᠬᠤ︾ ᠲᠥᠰᠦᠯ ᠢ ᠪᠦᠬᠦᠨ ᠢ ᠳᠠᠷᠤᠮᠠᠯᠯᠠᠨ ᠲᠠᠷᠬᠠᠭᠠᠵᠤ᠂ ᠡᠭᠦᠷᠭᠡ ᠴᠢᠳᠠᠪᠤᠷᠢ᠂ ᠣᠷᠣᠨ ᠲᠤᠭ᠎ᠠ ᠪᠠ ᠠᠵᠢᠯᠲᠠᠨ ᠢ ᠡᠷᠬᠡᠪᠰᠢ ᠡᠮᠬᠢᠯᠡᠨ ᠨᠡᠶᠢᠯᠡᠭᠦᠯᠵᠦ ᠪᠣᠳᠠᠳᠠᠶᠢᠵᠢᠭᠤᠯᠤᠨ᠂ ᠪᠠᠶᠢᠭᠤᠯᠤᠮᠵᠢ ᠶᠢᠨ ᠫᠠᠶᠢᠰᠠ ᠡᠯᠭᠦᠨ ᠠᠵᠢᠯᠯᠠᠬᠤ ᠬᠡᠷᠡᠭᠲᠡᠢ ᠭᠡᠪᠡ᠃ ᠣᠳᠣᠬᠠᠨ ᠳᠤ᠂ ᠮᠠᠨ ᠤ ᠣᠷᠣᠨ ᠤ ᠠᠶᠢᠮᠠᠭ ᠬᠤᠲᠠ ᠶᠢᠨ ᠨᠢᠭᠡᠳᠦᠭᠡᠷ ᠳᠡᠰ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠨᠢᠭᠡᠨᠲᠡ ᠪᠠᠶᠢᠭᠤᠯᠤᠭᠳᠠᠵᠤ᠂ ᠣᠯᠠᠩᠬᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠴᠦ ᠳᠠᠭᠤᠰᠬᠤ ᠰᠢᠬᠠᠪᠠ᠂ ᠭᠡᠪᠡᠴᠦ ᠬᠡᠰᠡᠭ ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠫᠠᠶᠢᠰᠠ ᠪᠠᠨ ᠡᠯᠭᠦᠭᠡ ᠦᠭᠡᠢ᠂ ᠡᠭᠦᠷᠭᠡ ᠴᠢᠳᠠᠪᠤᠷᠢ ᠠᠵᠢᠯᠲᠠᠨ ᠢᠶᠠᠨ ᠡᠮᠬᠢᠯᠡᠨ ᠨᠡᠶᠢᠯᠡᠭᠦᠯᠵᠦ ᠳᠠᠭᠤᠰᠤᠭᠠᠳᠤᠶ᠂ ᠴᠢᠨᠠᠭᠰᠢᠯᠠᠪᠠᠯ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠢᠶᠠᠨ ᠴᠤ ᠨᠡᠶᠢᠲᠡᠯᠡᠭᠡᠳᠦᠶ ᠪᠠᠶᠢᠭᠰᠠᠭᠠᠷ ᠪᠠᠶᠢᠨ᠎ᠠ᠃ ᠳᠠᠷᠠᠭᠠᠴᠢ ᠶᠢᠨ ᠠᠯᠬᠤᠮ ᠳᠤ ᠡᠯ᠎ᠡ ᠭᠠᠵᠠᠷ ᠤᠨ ᠬᠢᠨ ᠰᠢᠮᠳᠠᠭᠤᠯᠤᠨ ᠪᠠᠶᠢᠴᠠᠭᠠᠬᠤ ᠪᠠ ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠪᠠᠶᠢᠭᠤᠯᠤᠮᠵᠢ ᠶᠢᠨ ᠫᠠᠶᠢᠰᠠ ᠡᠯᠭᠦᠬᠦ᠂ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ ᠪᠠ ᠠᠵᠢᠯᠲᠠᠨ ᠢ ᠪᠣᠳᠠᠲᠠᠶᠢᠵᠢᠭᠤᠯᠬᠤ ᠠᠵᠢᠯ ᠢ ᠰᠠᠶᠢᠲᠤᠷ ᠬᠢᠯᠭᠡᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠ ᠠᠵᠢᠯ ᠲᠥᠷᠥᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠪᠥᠬᠦ ᠲᠠᠯ᠎ᠠ ᠪᠠᠷ ᠰᠢᠯᠤᠭᠤᠳᠬᠠᠵᠤ᠂ ᠠᠶᠢᠮᠠᠭ ᠬᠤᠲᠠ ᠬᠤᠰᠢᠭᠤ ᠰᠢᠶᠠᠨ ᠤ ᠨᠢᠭᠡ ᠰᠠᠯᠪᠤᠷᠢ ᠡᠩᠨᠡᠭᠡ ᠨᠢ ᠬᠠᠤᠯᠢ ᠬᠡᠷᠡᠭᠵᠢᠭᠦᠯᠬᠦ ᠶᠢ ᠬᠠᠮᠢᠶᠠᠷᠬᠤ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠦᠨ᠂ ᠡᠨᠡ ᠵᠢᠯ ᠤᠨ ᠡᠴᠦᠰ ᠠᠴᠠ ᠡᠮᠦᠨ᠎ᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠭᠠᠵᠠᠷ ᠣᠷᠣᠨ ᠬᠤᠪᠢᠶᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠣᠯ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠤᠯᠢ ᠶᠣᠰᠣᠭᠠᠷ ᠲᠠᠷᠢᠶᠠᠯᠠᠩ ᠢ ᠵᠠᠰᠠᠬᠤ᠂ ᠬᠠᠤᠯᠢ ᠶᠣᠰᠣᠭᠠᠷ ᠲᠠᠷᠢᠶᠠᠯᠠᠩ ᠢ ᠬᠠᠮᠠᠭᠠᠯᠠᠬᠤ᠂ ᠬᠠᠤᠯᠢ ᠶᠣᠰᠣᠭᠠᠷ ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠭᠠᠵᠠᠷ ᠤᠨ ᠬᠢᠨ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠯ᠎ᠡ ᠵᠦᠢᠯ ᠤᠨ ᠱᠠᠭᠠᠷᠳᠠᠯᠭ᠎ᠠ ᠠᠴᠠ ᠡᠭᠦᠰᠴᠦ᠂ ᠪᠠᠷᠢᠮᠵᠢᠶ᠎ᠠ ᠪᠣᠯᠣᠨ ᠱᠠᠭᠠᠷᠳᠠᠯᠭ᠎ᠠ ᠯᠤᠭ᠎ᠠ ᠬᠠᠷᠢᠴᠠᠭᠤᠯᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠡᠨᠡ ᠵᠢᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠲᠤᠰ ᠲᠤᠰ ᠲᠤᠭᠲᠠᠭᠠᠬᠤ ᠶᠢᠨ ᠬᠠᠮᠲᠤ ᠡᠭᠦᠨ ᠤ ᠬᠠᠮᠲᠤ ᠭᠦᠨᠵᠡᠭᠡᠶ ᠪᠥᠭᠡᠳ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠨᠠᠷᠢᠯᠢᠭᠵᠢᠭᠤᠯᠤᠭᠰᠠᠨ ᠲᠥᠰᠦᠯ ᠢ 7 ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠳᠠᠩᠰᠠᠯᠠᠭᠤᠯᠵᠤ᠂ ᠵᠢᠯ ᠤᠨ ᠡᠴᠦᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳ᠋ᠦᠩᠨᠡᠯᠲᠡ ᠳᠤ᠂ ᠡᠷᠬᠡᠪᠰᠢ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠠᠭᠤᠯᠭ᠎ᠠ ᠶᠢ ᠪᠠᠭᠲᠠᠭᠠᠬᠤ ᠬᠡᠷᠡᠭᠲᠡᠢ᠃      ᠭᠤᠷᠪᠠ᠂ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠦᠭᠡᠷᠡᠴᠢᠯᠡᠭᠰᠡᠨ ᠤ ᠳᠠᠷᠠᠭ᠎ᠠ᠂ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠪᠦᠷ ᠵᠣᠬᠢᠬᠤ ᠬᠡᠮᠵᠢᠶᠡᠨ ᠤ ᠨᠢᠭᠡ ᠪᠦᠯᠦᠭ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠪᠤᠰᠤ ᠪᠤᠶᠤ ᠬᠠᠤᠯᠢ ᠬᠡᠷᠡᠭᠵᠢᠭᠦᠯᠬᠦ ᠲᠤᠷᠰᠢᠯᠭ᠎ᠠ ᠥᠬᠡᠶ ᠠᠵᠢᠯᠲᠠᠨ ᠬᠠᠤᠯᠢ ᠬᠡᠷᠡᠭᠵᠢᠭᠦᠯᠬᠦ ᠡᠩᠨᠡᠭᠡ ᠳᠤ ᠣᠷᠣᠵᠣ ᠢᠷᠡᠬᠦ ᠪᠣᠯᠣᠨ᠎ᠠ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠦᠪᠯᠡᠷᠡᠭᠦᠯᠦᠨ᠂ ᠪᠣᠯᠪᠠᠰᠤᠷᠠᠭᠤᠯᠤᠯ ᠢ ᠴᠢᠩᠭᠠᠳᠬᠠᠵᠤ᠂ ᠰᠦᠯᠵᠢᠶᠡᠨ ᠤ ᠵᠢᠭᠠᠨ ᠰᠤᠷᠭᠠᠯᠲᠠ᠂ ᠲᠦᠪᠯᠡᠷᠡᠭᠰᠡᠨ ᠡᠭᠡᠯᠵᠢ ᠶᠢᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠯᠤᠰ ᠠᠴᠠ ᠲᠣᠭᠲᠠᠭᠠᠭᠰᠠᠨ ᠪᠣᠯᠪᠠᠰᠤᠷᠠᠭᠤᠯᠤᠯ ᠤᠨ ᠡᠭᠦᠷᠭᠡ ᠪᠠ ᠬᠢᠴᠢᠶᠡᠯ ᠤᠨ ᠴᠠᠭ ᠤᠨ ᠱᠠᠭᠠᠷᠳᠠᠯᠭ᠎ᠠ ᠶᠢ ᠪᠡᠶᠡᠯᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠭᠴᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠡᠷᠡᠭ ᠰᠢᠢᠳᠪᠦᠷᠢᠯᠡᠬᠦ ᠴᠤᠪᠤᠷᠠᠯ ᠢ ᠵᠢᠷᠤᠮᠵᠢᠭᠤᠯᠵᠤ᠂ ᠬᠡᠷᠡᠭ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠳᠦᠷᠪᠡ᠂ ᠬᠠᠤᠯᠢ ᠬᠡᠷᠡᠭᠵᠢᠭᠦᠯᠬᠦ ᠵᠠᠷᠤᠳᠠᠯ ᠪᠣᠯᠤᠨ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠤ ᠨᠢᠭᠡᠨᠲᠡ ᠲᠣᠳᠣᠷᠬᠠᠶ ᠲᠣᠭᠲᠠᠭᠠᠯ ᠭᠠᠷᠭᠠᠵᠤ᠂ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠤ ᠵᠠᠷᠤᠳᠠᠯ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠵᠠᠷᠤᠳᠠᠯ᠂ ᠲᠤᠷᠠᠭᠠᠨ ᠬᠤᠷᠢᠶᠠᠵᠤ ᠠᠪᠤᠭᠰᠠᠨ ᠬᠤᠣᠷ ᠬᠥᠨᠥᠭᠡᠯ ᠲᠠᠢ ᠪᠣᠳᠠᠰ ᠢ ᠰᠢᠢᠳᠪᠦᠷᠢᠯᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠣ᠂ ᠬᠠᠤᠯᠢ ᠬᠡᠷᠡᠭᠵᠢᠭᠦᠯᠬᠦ ᠠᠵᠢᠯ ᠤᠨ ᠬᠡᠷᠡᠭᠴᠡᠭᠡ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠢ︾ ᠭᠡᠪᠡ᠃ ᠵᠦᠢᠯ ᠵᠦᠢᠯ ᠤᠨ ᠰᠢᠯᠲᠠᠭᠠᠨ ᠠᠴᠠ ᠪᠣᠯᠵᠤ᠂ ᠡᠯ᠎ᠡ ᠭᠠᠵᠠᠷ ᠤᠨ ᠬᠢᠨ ᠡᠨᠡ ᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠬᠡᠮᠵᠢᠶ᠎ᠡ ᠨᠢ ᠠᠳᠠᠯᠢ ᠦᠭᠡᠢ᠂ ᠵᠠᠷᠢᠮ ᠭᠠᠵᠠᠷ ᠤᠨ ᠬᠠᠤᠯᠢ ᠬᠡᠷᠡᠭᠵᠢᠭᠦᠯᠬᠦ ᠵᠠᠷᠤᠳᠠᠯ ᠨᠢ ᠬᠦᠨᠳᠦ ᠨᠣᠴᠢᠲᠠᠶ ᠬᠦᠷᠦᠯᠴᠡᠬᠦ ᠦᠭᠡᠢ ᠪᠠᠶᠢᠵᠤ᠂ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠨᠢ ᠬᠤᠴᠣᠷᠤᠩᠭᠤᠶ ᠪᠠᠶᠢᠨ᠎ᠠ᠃ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠪ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠰᠠᠨᠠᠭᠠᠴᠢᠯᠠᠭᠠᠲᠤ ᠪᠠᠶᠢᠯᠳᠤᠭᠠᠨ ᠢ ᠰᠠᠶᠢᠲᠤᠷ ᠬᠢᠬᠦ ᠬᠡᠷᠡᠭᠲᠡᠢ᠂ ᠡᠩ ᠲᠡᠷᠢᠭᠦᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠤᠨ ᠳᠣᠲᠣᠷᠠᠬᠢ ᠤᠤᠯ ᠤᠨ ᠬᠠᠤᠯᠢ ᠬᠡᠷᠡᠭᠵᠢᠭᠦᠯᠬᠦ ᠵᠠᠷᠤᠳᠠᠯ ᠤᠨ ᠬᠡᠰᠡᠭ ᠢ ᠡᠭᠦᠷᠭᠡ ᠴᠢᠳᠠᠪᠤᠷᠢ ᠶᠢᠨ ᠰᠢᠯᠵᠢᠯᠲᠡ ᠲᠠᠢ ᠬᠠᠮᠲᠤ ᠳᠤ ᠨᠢ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠰᠢᠯᠵᠢᠭᠦᠯᠵᠦ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠂ ᠬᠠᠤᠯᠢ ᠬᠡᠷᠡᠭᠵᠢᠭᠦᠯᠬᠦ ᠦᠨᠳᠦᠰᠦᠨ ᠠᠵᠢᠯᠯᠠᠭᠠᠨ ᠤ ᠵᠠᠷᠤᠳᠠᠯ ᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠳᠠᠷᠠᠭ᠎ᠠ ᠨᠢ᠂ ᠠᠳᠠᠯᠢ ᠱᠠᠲᠤᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠪᠠᠲᠤᠯᠠᠭ᠎ᠠ ᠪᠠ ᠲᠤᠷᠠᠭᠠᠨ ᠬᠤᠷᠢᠶᠠᠵᠤ ᠠᠪᠤᠭᠰᠠᠨ ᠬᠤᠤᠷ ᠬᠥᠨᠥᠭᠡᠯ ᠲᠠᠢ ᠡᠳ᠋ ᠪᠣᠳᠠᠰ ᠢ ᠬᠠᠳᠠᠭᠠᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠡᠭᠦᠨ ᠤ ᠲᠤᠯᠠ ᠤᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠲᠠᠷᠢᠶᠠᠯᠠᠩ ᠬᠠᠤᠯᠢ ᠲᠠᠷᠬᠠᠭᠠᠭᠰᠠᠨ ﹇2020﹈ 3 ᠳ᠋ᠤᠭᠠᠷ ᠲᠣᠭᠠᠲᠤ︶                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                              ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                                  2020 ᠣᠨ ᠤ 7 ᠰᠠᠷ᠎ᠠ ᠶᠢᠨ 7 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号