2020 ᠣᠨ ᠤ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ︽ᠵᠠᠭᠤᠨ ᠨᠡᠷᠡᠰ ᠰᠢᠯᠢᠳᠡᠭ ᠰᠤᠷᠤᠭᠴᠢ︾ ᠶᠢᠨ ᠶᠠᠳᠠᠭᠤ ᠶᠢ ᠲᠡᠳᠬᠦᠬᠦ ᠬᠤᠰᠢᠭᠤᠴᠢ ᠶᠢᠨ ᠵᠢᠱᠢᠭᠳᠡᠭᠰᠡᠳ ᠢ ᠰᠣᠩᠭᠤᠨ ᠲᠠᠨᠢᠯᠴᠠᠭᠤᠯᠬᠤ ᠭᠡᠵᠦ ᠪᠠᠶᠢᠭ᠎ᠠ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2020/8/11
     ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠤ ︽2020 ᠣᠨ ᠤ ᠲᠠᠷᠢᠶᠠᠴᠢᠳ ᠤᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ︿ᠵᠠᠭᠤᠨ ᠰᠢᠯᠢᠳᠡᠭ ᠰᠤᠷᠤᠭᠴᠢ﹀ ᠶᠢᠨ ᠶᠠᠳᠠᠭᠤ ᠶᠢ ᠲᠡᠳᠬᠦᠬᠦ ᠬᠤᠰᠢᠭᠤᠴᠢ ᠵᠢᠱᠢᠭᠳᠡᠭᠰᠡᠳ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠲᠤᠬᠠᠶ ᠮᠡᠳᠡᠭᠳᠡᠯ︾ ︵ᠲᠠᠷᠢᠶᠠᠯᠠᠩ ᠰᠢᠨᠵᠢᠯᠡᠬᠦ ᠤᠬᠠᠭᠠᠨ ︵ᠰᠤᠷᠭᠠᠨ ᠬᠥᠮᠦᠵᠢᠯ︶ ᠵᠠᠬᠢᠳᠠᠯ ﹇2020﹈ 88 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠱᠠᠲᠤ ᠳᠠᠷᠠᠭᠠᠯᠠᠨ ᠰᠢᠯᠢᠨ ᠰᠣᠩᠭᠤᠬᠤ᠂ ᠲᠠᠨᠢᠯᠴᠠᠭᠤᠯᠬᠤ᠂ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ᠂ ᠰᠢᠯᠭᠠᠷᠠᠭᠤᠯᠤᠨ ᠰᠣᠩᠭᠤᠬᠤ ᠵᠢᠴᠢ ᠢᠯᠡ ᠨᠡᠶᠢᠲᠡᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠱᠢ ᠶᠢᠨ ᠰᠢᠨ ᠵᠡᠷᠭᠡ 7 ᠬᠥᠮᠦᠨ ᠢ 2020 ᠤᠨ ᠤ ᠲᠠᠷᠢᠶᠠᠴᠢᠳ ᠤᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ︽ᠵᠠᠭᠤᠨ ᠰᠢᠯᠢᠳᠡᠭ ᠰᠤᠷᠤᠭᠴᠢ︾ ᠶᠢᠨ ᠶᠠᠳᠠᠭᠤ ᠶᠢ ᠲᠡᠳᠬᠦᠬᠦ ᠬᠤᠰᠢᠭᠤᠴᠢ ᠵᠢᠱᠢᠭᠳᠡᠭᠴᠢ ᠪᠠᠷ ᠲᠠᠨᠢᠯᠴᠠᠭᠤᠯᠬᠤ ᠪᠠᠷ ᠪᠠᠶᠢᠨ᠎ᠠ᠂ ᠡᠳᠦᠭᠡ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ ︵2020 ᠣᠨ ᠤ 8 ᠰᠠᠷ᠎ᠠ ᠶᠢᠨ 6 ᠤ ᠡᠳᠦᠷ ᠠᠴᠠ 12 ᠤᠨ ᠡᠳᠦᠷ ᠪᠣᠯᠲᠠᠯ᠎ᠠ︶᠃ ᠬᠡᠷᠪᠡ ᠣᠨᠳᠣᠤ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠤᠲᠠᠰᠤ ᠪᠤᠶᠤ ᠹᠠᠺᠰ ᠢᠶᠠᠷ ᠦᠨᠡᠨ ᠨᠡᠷ᠎ᠡ ᠪᠠᠷ ᠲᠤᠰᠬᠠᠭᠠᠷᠠᠢ᠃      ᠬᠠᠷᠢᠯᠴᠠᠬᠤ ᠠᠷᠭ᠎ᠠ ᠬᠡᠯᠪᠡᠷᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠤᠲᠠᠰᠤ᠄ 0471 — 6652032᠂ 6652036 ︵ᠹᠠᠺᠰ︶᠃      2020 ᠣᠨ ᠤ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ︽ᠵᠠᠭᠤᠨ ᠰᠢᠯᠢᠳᠡᠭ ᠰᠤᠷᠤᠭᠴᠢ︾ ᠶᠢᠨ ᠶᠠᠳᠠᠭᠤ ᠶᠢ ᠲᠡᠳᠬᠦᠬᠦ ᠬᠤᠰᠢᠭᠤᠴᠢ ᠵᠢᠱᠢᠭᠳᠡᠭᠴᠢ ᠶᠢᠨ ᠨᠡᠷᠡᠰ      ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠱᠢ ᠶᠢᠨ ᠰᠢᠨ ︵ᠡᠮᠡᠭᠲᠡᠶ︶      ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠴᠧᠨ ᠵᠢᠶᠠᠨ ᠵᠢᠶᠦ᠋ᠨ      ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠫᠠᠩ ᠯᠦᠩ      ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠱᠠᠩ ᠢᠦᠶ ᠰᠢᠨ ︵ᠡᠮᠡᠭᠲᠡᠶ︶      ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠱᠤᠤ ᠬᠠᠶ ᠯᠢᠶᠠᠩ      ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠤ ᠸᠠᠩ ᠴᠢᠩ ᠭᠦᠸᠧ      ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠵᠣᠣ ᠯᠧ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ                       ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                                                                         2020 ᠣᠨ ᠤ 8 ᠰᠠᠷ᠎ᠠ ᠶᠢᠨ 6 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号